ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠠᠴᠢ ᠳᠤ ᠲᠠᠯᠠᠷᠬᠠᠨ ᠡᠷᠡᠮᠡᠬᠡᠶᠢᠯᠡᠵᠦ ᠨᠠᠮ ᠢᠶᠠᠨ ᠲᠠᠭᠠᠨ ᠤᠷᠤᠭᠰᠢᠯᠠᠨᠠᠮ︾ ᠭᠡᠬᠦ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/9/4
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ 8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ 40 ᠭᠠᠷᠤᠢ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ︽ᠠᠴᠢ ᠳᠤ ᠲᠠᠯᠠᠷᠬᠠᠨ ᠡᠷᠡᠮᠡᠬᠡᠶᠢᠯᠡᠵᠦ ᠨᠠᠮ ᠢᠶᠠᠨ ᠲᠠᠭᠠᠨ ᠤᠷᠤᠭᠰᠢᠯᠠᠨᠠᠮ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃      ᠡᠨᠡ ᠤᠳᠠᠭᠠᠨ ᠤ ᠦᠵᠡᠰᠬᠦᠯᠡᠩ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠠᠯᠠᠭᠤᠨ ᠳᠤᠯᠠᠭᠠᠨ ᠬᠠᠶᠢᠷ᠎ᠠ           ᠬᠠᠯᠠᠮᠵᠢ︾᠂ ︽ᠬᠠᠲᠠᠭᠤ ᠪᠡᠷᠬᠡᠰᠢᠶᠡᠯ ᠢ ᠬᠠᠮᠲᠤ ᠳᠤ ᠪᠠᠨ ᠲᠤᠭᠤᠯᠤᠭᠰᠠᠨ ᠥᠯᠢᠭᠡᠷ︾᠂ ︽ᠠᠴᠢ ᠳᠤ ᠲᠠᠯᠠᠷᠬᠠᠨ ᠡᠷᠡᠮᠡᠬᠡᠶᠢᠯᠡᠵᠦ ᠪᠠᠶᠢᠭ᠎ᠠ ᠶᠢ ᠬᠠᠷᠠᠭᠤᠯᠤᠭᠰᠠᠨ ᠡᠪᠬᠡᠮᠡᠯ ᠵᠢᠷᠤᠭ︾ ᠭᠡᠬᠦ ᠭᠤᠷᠪᠠᠨ ᠪᠦᠯᠦᠭ ᠬᠤᠪᠢᠶᠠᠪᠠ᠃ ᠭᠡᠷᠡᠯ ᠵᠢᠷᠤᠭ ᠦᠰᠦᠭ ᠪᠢᠴᠢᠭ ᠤᠨ ᠦᠵᠡᠭᠦᠯᠭᠡ ᠪᠠ ᠠᠬᠤᠢ ᠲᠠᠯᠠᠪᠠᠢ ᠶᠢᠨ ᠠᠮᠢᠳᠤᠯᠢᠭ ᠲᠠᠶᠢᠯᠪᠤᠷᠢᠯᠠᠯᠲᠠ ᠬᠠᠷᠢᠯᠴᠠᠨ ᠲᠣᠬᠢᠷᠠᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠨ ᠬᠦᠴᠦᠷᠬᠡᠭᠵᠢᠭᠰᠡᠨ ᠲᠡᠮᠡᠴᠡᠯ ᠤᠨ ᠥᠩᠭᠡᠷᠡᠯᠲᠡ ᠢ ᠶᠠᠷᠢᠵᠤ ᠥᠭᠪᠡ᠃      ᠣᠯᠠᠨ ᠢᠶᠠᠷ ᠢᠶᠠᠨ᠂ ᠡᠨᠡ ᠤᠳᠠᠭᠠᠨ ᠤ ᠦᠵᠡᠭᠦᠯᠭᠡ ᠪᠣᠯ ᠬᠢᠩᠭᠠᠨ ᠠᠶᠢᠮᠠᠭ ᠤᠨ ᠲᠡᠦᠬᠡ ᠶᠢᠨ ᠤᠯᠠᠷᠢᠯ ᠬᠤᠪᠢᠰᠤᠯᠲᠠ ᠶᠢ ᠪᠦᠬᠦ ᠲᠠᠯ᠎ᠠ ᠪᠠᠷ ᠣᠶᠢᠯᠠᠭᠠᠬᠤ ᠰᠠᠶᠢᠨ ᠠᠵᠠ ᠲᠣᠬᠢᠶᠠᠯ ᠪᠣᠯᠤᠨ᠎ᠠ᠂ ᠨᠠᠮ ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠂ ᠪᠦᠯᠬᠦᠮᠳᠡᠨ ᠲᠡᠮᠡᠴᠡᠵᠦ᠂ ᠬᠢᠩᠭᠠᠨ ᠠᠶᠢᠮᠠᠭ  ᠤᠨ ᠡᠯ᠎ᠡ ᠲᠥᠷᠦᠯ ᠤᠨ ᠠᠵᠢᠯ ᠦᠢᠯᠡᠰ ᠤᠨ ᠯᠤᠲᠤ ᠶᠡᠭᠡ ᠬᠥᠭᠵᠢᠯᠲᠡ ᠪᠠ ᠳᠠᠪᠰᠢᠯᠲᠠ ᠶᠢ ᠠᠬᠢᠭᠤᠯᠤᠭᠰᠠᠨ ᠶᠤᠮ ᠭᠡᠵᠡᠭᠡᠪᠡ᠃ ᠬᠢᠩᠭᠠᠨ ᠠᠶᠢᠮᠠᠭ ᠲᠤ ᠳᠡᠯᠭᠡᠨ ᠦᠵᠡᠭᠦᠯᠦᠭᠰᠡᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠨᠢ ᠣᠯᠠᠨ ᠤ ᠤᠷᠮ᠎ᠠ ᠪᠠᠬ᠎ᠠ ᠶᠢ ᠳᠠᠲᠠᠵᠤ᠂ ᠬᠤᠶᠢᠨ᠎ᠠ ᠬᠤᠶᠢᠨ᠎ᠠ ᠠᠴᠠ ᠪᠠᠨ ᠠᠭᠠᠵᠢᠭᠤ ᠲᠣᠭᠤᠷᠢᠨ ᠦᠵᠡᠵᠦ᠂ ᠬᠤᠳᠠᠯᠳᠤᠨ ᠠᠪᠴᠤ ᠳᠡᠮᠵᠢᠬᠦ ᠰᠠᠨᠠᠭ᠎ᠠ ᠪᠠᠨ ᠢᠯᠡᠳᠬᠡᠪᠡ᠃      ᠥᠪᠥᠷ ᠮᠣᠩᠭᠤᠯ ᠤᠨ ᠬᠥᠭᠵᠢᠯᠲᠡ ᠳᠠᠪᠰᠢᠯᠲᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠠᠴᠠ ᠰᠠᠯᠵᠤ ᠴᠢᠳᠠᠬᠤ ᠦᠭᠡᠢ᠂ ᠬᠥᠮᠦᠨ ᠨᠢᠭᠡ ᠪᠦᠷᠢ ᠶᠢᠨ ᠲᠡᠮᠡᠴᠡᠯ ᠪᠠ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠰᠤᠷᠭᠠᠨ ᠬᠥᠮᠦᠵᠢᠯ ᠤᠨ ᠲᠢᠩᠬᠢᠮ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠴᠢ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃   

W020240902531077396446_ORIGIN.jpg

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号