ᠦᠨᠳᠦᠰᠦᠨ ᠱᠠᠲᠤᠨ ᠤ ᠭᠤᠣᠯᠯᠠᠭᠴᠢ ᠬᠦᠴᠦᠨ ᠢ ᠬᠥᠮᠦᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ - ᠨᠡᠭᠡᠭᠡᠯᠲᠡᠲᠦ ᠶᠡᠭᠡ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠵᠢᠴᠢ ︽ᠨᠢᠭᠡ ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢ ᠬᠡᠷᠡᠭᠵᠢᠭᠦᠯᠵᠦ ᠪᠠᠶᠢᠭ᠎ᠠ ᠬᠡᠰᠡᠭ ᠣᠷᠣᠨ ᠤ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/9/5
      8 ᠰᠠᠷ᠎ᠠ ᠶᠢᠨ 27 - 30 ᠤ ᠡᠳᠦᠷ᠂ ᠨᠡᠭᠡᠭᠡᠯᠲᠡᠲᠦ ᠶᠡᠭᠡ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠵᠢᠴᠢ ︽ᠨᠢᠭᠡ ᠲᠣᠰᠬᠤᠨ ᠳᠤ ᠨᠢᠭᠡ ᠣᠶᠤᠲᠠᠨ ᠤ           ᠲᠥᠯᠥᠪᠯᠡᠭᠡ︾ ᠶᠢ ᠬᠡᠷᠡᠭᠵᠢᠭᠦᠯᠵᠦ ᠪᠠᠶᠢᠭ᠎ᠠ ᠬᠡᠰᠡᠭ ᠣᠷᠣᠨ ᠤ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠰᠢᠯᠢ  ᠶᠢᠨ ᠬᠤᠲᠠ ᠳᠤ ᠶᠠᠪᠤᠭᠳᠠᠭᠤᠯᠪᠠ᠃

1.png

      ᠡᠨᠡ ᠤᠳᠠᠭᠠᠨ ᠤ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭᠠᠨ ᠤ ᠵᠣᠷᠢᠯᠲᠠ ᠪᠣᠯ ᠨᠠᠮ ᠤᠨ

ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ

ᠬᠥᠮᠦᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢ ᠪᠦᠬᠦ

ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠲᠣᠰᠬᠤᠨ ᠳᠤ ᠨᠢᠭᠡ ᠣᠶᠤᠲᠠᠨ ᠤ          

ᠲᠥᠯᠥᠪᠯᠡᠭᠡ︾ ᠶᠢ ᠬᠡᠷᠡᠭᠵᠢᠭᠦᠯᠦᠭᠰᠡᠨ 20 ᠵᠢᠯ ᠤᠨ ᠳᠤᠷᠰᠢᠬᠢ ᠰᠤᠷᠭᠠᠭᠤᠯᠢ ᠡᠷᠬᠢᠯᠡᠭᠰᠡᠨ ᠦᠢᠯᠡᠳᠦᠯᠭᠡ ᠶᠢ

ᠳ᠋ᠦᠩᠨᠡᠵᠦ᠂ ᠨᠡᠭᠡᠭᠡᠯᠲᠡᠲᠦ ᠶᠡᠭᠡ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠦᠢᠯᠡᠴᠢᠯᠡᠬᠦ ᠪᠠ ︽ᠨᠢᠭᠡ ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢᠨ ᠴᠢᠨᠠᠷᠯᠢᠭ ᠬᠥᠭᠵᠢᠯᠲᠡ ᠶᠢ

ᠨᠢᠭᠡ ᠴᠣᠭᠴᠠᠵᠢᠭᠤᠯᠵᠤ ᠬᠠᠮᠵᠢᠯᠴᠠᠨ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠬᠠᠮᠲᠤ ᠳᠤ ᠪᠠᠨ

ᠰᠦᠪᠡᠭᠴᠢᠯᠡᠨ᠎ᠡ᠃ ᠮᠤᠵᠢ ᠬᠤᠲᠠ ᠶᠢᠨ ᠬᠤᠪᠢᠶᠠᠷᠢ ᠰᠠᠯᠠᠭ᠎ᠠ ᠮᠥᠴᠢᠷ ᠪᠠ ᠬᠤᠪᠢᠶᠠᠷᠢ ᠰᠤᠷᠭᠠᠭᠤᠯᠢ ᠰᠣᠯᠢᠯᠴᠠᠵᠤ

ᠰᠣᠳᠤᠯᠤᠨ ᠶᠠᠷᠢᠯᠴᠠᠬᠤ ᠪᠠ ᠥᠪᠡᠷᠲᠡᠭᠡᠨ ᠵᠠᠰᠠᠬᠤ ᠣᠷᠣᠨ ᠤ ᠲᠥᠷᠦᠯ ᠵᠦᠢᠯ ᠢ ᠬᠡᠷᠡᠭᠵᠢᠭᠦᠯᠬᠦ ᠦᠨᠳᠦᠰᠦᠨ

ᠱᠠᠲᠤᠨ ᠤ ᠨᠢᠭᠡᠴᠢ᠂ ᠲᠡᠭᠦᠰᠦᠭᠰᠡᠳ ᠤᠨ ᠲᠥᠯᠥᠭᠡᠯᠡᠭᠴᠢ ᠪᠠ ᠲᠤᠰᠬᠠᠢ ᠮᠡᠷᠭᠡᠵᠢᠯᠲᠡᠨ ᠭᠦᠢᠴᠡᠳ ᠰᠣᠯᠢᠯᠴᠠᠬᠤ᠂

ᠲᠤᠬᠠᠢ ᠶᠢᠨ ᠭᠠᠵᠠᠷ ᠲᠤ ᠨᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠤᠷᠢᠨ ᠦᠵᠡᠬᠦ ᠪᠠᠷ ᠳᠠᠮᠵᠢᠭᠤᠯᠤᠨ᠂

ᠰᠤᠷᠭᠠᠭᠤᠯᠢ  ᠡᠷᠬᠢᠯᠡᠭᠰᠡᠨ ᠳᠤᠷᠰᠢᠯᠭ᠎ᠠ ᠪᠠ ᠦᠷ᠎ᠡ ᠪᠥᠲᠦᠮᠵᠢ ᠢᠶᠠᠨ ᠤᠯᠠᠮ ᠨᠢᠭᠡ ᠠᠯᠬᠤᠮ ᠳ᠋ᠦᠩᠨᠡᠵᠦ᠂

ᠬᠠᠷᠢᠯᠴᠠᠨ ᠰᠤᠷᠤᠯᠴᠠᠵᠤ ᠲᠣᠯᠢᠯᠠᠭᠤᠯᠤᠨ᠂ ︽ᠨᠢᠭᠡ ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢᠨ

ᠴᠢᠨᠠᠷᠯᠢᠭ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠨᠡᠩ ᠣᠯᠠᠨ ᠨᠤᠲᠤᠭ ᠤᠨ ᠴᠢᠳᠠᠪᠤᠷᠢᠲᠠᠨ ᠢ

ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠬᠦᠴᠦᠨ

ᠨᠡᠮᠡᠷᠢᠯᠡᠨ᠎ᠡ᠃

      2004 ᠣᠨ ᠠᠴᠠ ᠨᠠᠭᠠᠰᠢ᠂ ᠨᠡᠭᠡᠭᠡᠯᠲᠡᠲᠦ ᠶᠡᠭᠡ ᠰᠤᠷᠭᠠᠭᠤᠯᠢ ᠶᠢᠨ ᠳᠣᠭᠲᠠᠯᠴᠠᠭ᠎ᠠ ︽ᠨᠢᠭᠡ

ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠡᠳ ᠡᠯᠪᠡᠭ ᠪᠠᠶᠠᠯᠢᠭ

ᠦᠷ᠎ᠡ ᠪᠦᠲᠦᠭᠡᠯ ᠣᠯᠵᠤ᠂ ᠬᠥᠳᠡᠭᠡ ᠲᠣᠰᠬᠤᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂

ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠢ ᠪᠥᠭᠡᠳ ᠥᠪᠡᠷᠮᠢᠴᠡ ᠬᠤᠪᠢ ᠨᠡᠮᠡᠷᠢ

ᠦᠵᠡᠭᠦᠯᠪᠡ᠃ ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ ᠨᠡᠭᠡᠭᠡᠯᠲᠡᠲᠦ ᠰᠤᠷᠭᠠᠨ ᠬᠥᠮᠥᠵᠢᠯ ᠤᠨ

ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠰᠢᠰᠲ᠋ᠧᠮ ᠤᠨ ᠳᠠᠪᠠᠭᠤᠯᠢᠭ ᠪᠠ ᠦᠢᠯᠡᠴᠢᠯᠡᠭᠡᠨ  ᠤ ᠡᠭᠦᠷᠭᠡ

ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠨ᠂ ᠨᠠᠮ ᠵᠠᠰᠠᠭ ᠴᠢᠬᠤᠯᠠᠴᠢᠯᠠᠵᠤ᠂ ᠳᠡᠭᠡᠳᠦ ᠳᠣᠣᠷᠠᠳᠤ ᠱᠠᠲᠤ

ᠬᠤᠯᠪᠣᠭᠠᠯᠠᠨ ᠬᠥᠳᠡᠯᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ

ᠵᠡᠷᠭᠡ ᠪᠠᠷ ᠬᠡᠷᠡᠭᠯᠡᠨ᠂ ︽ᠨᠢᠭᠡ ᠲᠣᠰᠬᠤᠨ ᠳᠤ ᠨᠢᠭᠡ ᠤᠶᠤᠲᠠᠳ ᠤ ᠲᠥᠯᠥᠪᠯᠡᠭᠡ︾ ᠶᠢ ᠤᠳᠠᠭᠠᠨ ᠳᠠᠭᠠᠭᠠᠮᠠᠭᠠᠢ

ᠶᠠᠪᠤᠭᠳᠠᠭᠤᠯᠬᠤ ᠶᠢ ᠠᠬᠢᠭᠤᠯᠵᠤ᠂ ︽ᠴᠢᠳᠠᠪᠤᠷᠢᠲᠠᠨ ᠢ ᠡᠭᠡᠭᠦᠯᠬᠦ︾ ᠶᠢ ᠪᠦᠷᠢᠯᠳᠦᠭᠦᠯᠪᠡ᠃ ᠠᠩᠬᠠᠳᠠᠭᠴᠢ

ᠪᠦᠯᠦᠭ ᠤᠨ ︽ᠨᠢᠭᠡ ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢᠨ ᠲᠤᠷᠰᠢᠯᠲᠠ ᠶᠢᠨ ᠴᠡᠭ ᠢ

ᠬᠡᠷᠡᠭᠵᠢᠭᠦᠯᠦᠭᠰᠡᠨ ᠳᠡᠭᠡᠳᠦ ᠰᠤᠷᠭᠠᠭᠤᠯᠢ ᠪᠣᠯᠤᠭᠰᠠᠨ ᠤ ᠬᠤᠪᠢ ᠳᠤ᠂ ᠥᠪᠥᠷ ᠮᠣᠩᠭᠤᠯ  ᠤᠨ ᠨᠡᠭᠡᠭᠡᠯᠲᠡᠲᠦ ᠶᠡᠭᠡ

ᠰᠤᠷᠭᠠᠭᠤᠯᠢ ᠢᠮᠠᠭᠲᠠ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ

ᠲᠣᠭᠤᠷᠢᠨ ᠳᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠢᠳᠡᠪᠬᠢᠲᠡᠢ ᠦᠢᠯᠡᠳᠦᠯᠭᠡᠵᠢᠭᠦᠯᠵᠦ᠂ ᠣᠳᠣ

ᠦᠶ᠎ᠡ ᠶᠢᠨ ᠠᠯᠤᠰ ᠡᠵᠡᠮᠰᠢᠯᠲᠦ ᠰᠤᠷᠭᠠᠨ ᠬᠥᠮᠦᠵᠢᠯ ᠪᠠ ᠨᠡᠭᠡᠭᠡᠯᠲᠡᠲᠦ ᠰᠤᠷᠭᠠᠨ ᠬᠥᠮᠦᠵᠢᠯ ᠤᠨ ᠰᠤᠷᠭᠠᠭᠤᠯᠢ

ᠡᠷᠬᠢᠯᠡᠬᠦ ᠰᠢᠰᠲ᠋ᠧᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠳᠤ ᠬᠠᠨᠳᠤᠭᠤᠯᠤᠭᠰᠠᠨ

ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠡᠶᠢᠭᠡᠮ ᠤᠨ ᠬᠠᠷᠢᠭᠤᠴᠠᠯᠭ᠎ᠠ ᠶᠢ

ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ︽ᠨᠢᠭᠡ ᠲᠣᠰᠬᠤᠨ ᠳᠤ ᠨᠢᠭᠡ ᠣᠶᠤᠲᠠᠨ ᠤ ᠲᠥᠯᠥᠪᠯᠡᠭᠡ︾ ᠶᠢ ᠥᠪᠥᠷ

ᠮᠣᠩᠭᠤᠯ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠰᠡᠭ ᠪᠦᠯᠦᠭ ︽ᠨᠤᠲᠤᠭ

ᠤᠰᠤᠨ ᠠᠴᠠ ᠪᠠᠨ ᠰᠠᠯᠬᠤ ᠦᠭᠡᠢ᠂ ᠭᠠᠵᠠᠷ ᠨᠤᠲᠤᠭ ᠠᠴᠠ ᠪᠠᠨ ᠰᠠᠯᠬᠤ ᠦᠭᠡᠢ᠂ ᠦᠯᠡᠳᠡᠭᠡᠵᠦ ᠳᠡᠶᠢᠯᠬᠦ᠂

ᠬᠡᠷᠡᠭᠯᠡᠵᠦ ᠳᠡᠶᠢᠯᠬᠦ︾ ᠣᠶᠤᠲᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ

ᠣᠷᠣᠨ ᠤ ᠪᠦᠲᠦᠭᠡᠨ ᠪᠠᠶᠢᠭᠤᠯᠤᠯᠲᠠ ᠳᠤ ᠣᠶᠤᠨ ᠤ ᠳᠡᠮᠵᠢᠯᠭᠡ ᠪᠠ ᠴᠢᠳᠠᠪᠤᠷᠢᠲᠠᠨ ᠤ ᠲᠤᠯᠭᠠᠭᠤᠷᠢᠯᠠᠯ          

ᠬᠠᠩᠭᠠᠪᠠ᠃ ᠣᠳᠣ ᠪᠣᠯᠲᠠᠯ᠎ᠠ᠂ ᠪᠦᠬᠦ ᠣᠷᠣᠨ ᠤ ᠨᠤᠲᠤᠭ ᠲᠤ ᠪᠠᠨ ᠪᠠᠶᠢᠭ᠎ᠠ ᠰᠤᠷᠤᠭᠴᠢ 9000 ᠰᠢᠬᠠᠮ ᠪᠣᠢ᠂

ᠪᠦᠬᠦ ᠣᠷᠣᠨ ᠤ 12 ᠠᠶᠢᠮᠠᠭ ᠬᠤᠲᠠ ᠶᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠯᠵᠢᠬᠤ

ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠦᠢᠯᠡᠰ ᠲᠤ 2.6 ᠲᠦᠮᠡ ᠭᠠᠷᠤᠢ ᠤᠷ᠎ᠠ ᠴᠢᠳᠠᠪᠤᠷᠢ ᠶᠢᠨ ᠬᠡᠯᠪᠡᠷᠢᠲᠦ᠂ ᠬᠡᠷᠡᠭᠯᠡᠭᠡᠨ ᠤ ᠬᠡᠯᠪᠡᠷᠢᠲᠦ ᠳᠡᠭᠡᠳᠦ

ᠵᠡᠷᠭᠡ ᠶᠢᠨ ᠲᠤᠰᠬᠠᠢ ᠴᠢᠳᠠᠪᠤᠷᠢᠲᠠᠨ ᠢ ᠬᠥᠮᠦᠵᠢᠭᠦᠯᠵᠦ ᠥᠭᠭᠦᠭᠰᠡᠨ ᠪᠠᠶᠢᠨ᠎ᠠ᠃

      ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠠᠯᠳᠠ ᠬᠦᠴᠦᠨ ᠪᠠ ᠳᠠᠪᠠᠭᠤᠯᠢᠭ ᠢᠶᠠᠨ

ᠤᠯᠠᠮ ᠨᠢᠭᠡ ᠠᠯᠬᠤᠮ ᠪᠠᠳᠠᠷᠠᠭᠤᠯᠵᠤ᠂ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠴᠠᠭ ᠦᠶ᠎ᠡ ᠶᠢᠨ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠵᠠᠮ᠂ ᠰᠢᠨ᠎ᠡ

ᠵᠠᠭᠪᠤᠷ᠂ ᠰᠢᠨ᠎ᠡ ᠲᠣᠭᠲᠠᠴᠠ ᠶᠢ ᠬᠠᠮᠲᠤ ᠳᠤ ᠪᠠᠨ ᠰᠦᠪᠡᠭᠴᠢᠯᠡᠵᠦ᠂ ᠨᠡᠭᠡᠭᠡᠯᠲᠡᠲᠦ ᠶᠡᠭᠡ ᠰᠤᠷᠭᠠᠭᠤᠯᠢ ᠶᠢᠨ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤ ᠣᠨᠣᠯ ᠤᠨ ᠵᠢᠯᠣᠭᠤᠳᠤᠮᠵᠢ ᠪᠠ ᠠᠵᠢᠯᠯᠠᠭᠠᠨ ᠤ

ᠵᠠᠮᠴᠢᠯᠠᠭᠤᠷ ᠢ ᠬᠠᠩᠭᠠᠪᠠ᠃

      ᠡᠨᠡ ᠤᠳᠠᠭᠠᠨ ᠤ ᠠᠵᠢᠯᠯᠠᠭ᠎ᠠ ᠶᠢ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ᠂ ᠥᠪᠥᠷ ᠮᠣᠩᠭᠤᠯ ᠤᠨ

ᠨᠡᠭᠡᠭᠡᠯᠲᠡᠲᠦ ᠶᠡᠭᠡ ᠰᠤᠷᠭᠠᠭᠤᠯᠢ ᠬᠠᠮᠲᠤᠷᠠᠨ ᠡᠷᠬᠢᠯᠡᠵᠦ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ︵ᠰᠢᠯᠢ ᠶᠢᠨ ᠭᠤᠣᠯ ᠠᠶᠢᠮᠠᠭ ᠤᠨ ᠨᠡᠭᠡᠭᠡᠯᠲᠡᠲᠦ ᠶᠡᠭᠡ ᠰᠤᠷᠭᠠᠭᠤᠯᠢ︶ ᠳᠠᠭᠠᠭᠠᠴᠢᠯᠠᠨ          

ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ ᠵᠢᠴᠢ

ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠯᠤᠰ ᠤᠨ ᠨᠡᠭᠡᠭᠡᠯᠲᠡᠲᠦ

ᠶᠡᠭᠡ ᠰᠤᠷᠭᠠᠭᠤᠯᠢ ᠶᠢᠨ ᠶᠡᠷᠦᠩᠬᠡᠢ ᠬᠡᠯᠲᠡᠰ ᠵᠢᠴᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ 12

ᠬᠤᠪᠢᠶᠠᠷᠢ ᠬᠡᠯᠲᠡᠰ ᠤᠨ ᠰᠤᠷᠭᠠᠭᠤᠯᠢ ᠶᠢᠨ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠰᠤᠳᠤᠯᠤᠨ ᠶᠠᠷᠢᠯᠴᠠᠬᠤ ᠠᠵᠢᠯᠯᠠᠭ᠎ᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号