| | | | | | 9 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ | ᠪᠠᠶᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ | ᠭᠤᠣᠯ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | | ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ | ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠰᠣᠨᠢᠨ ᠮᠡᠳᠡᠭᠡ ᠨᠡᠶᠢᠲᠡᠯᠡᠬᠦ | ᠬᠤᠷᠠᠯ ᠤᠨ ᠨᠡᠶᠢᠲᠡᠯᠡᠯ ᠤᠨ ᠦᠭᠡ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ | ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ ᠯᠢ ᠶᠢᠩ | ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠂ ᠣᠯᠠᠨ ᠳᠤ ᠦᠳᠡ ᠶᠢᠨ ᠠᠮᠤᠷ ᠠᠶᠢᠯᠠᠳᠬᠠᠶ᠎ᠠ︕ ᠤᠳᠠᠯ | ᠦᠭᠡᠢ 40 ᠳᠠᠬᠢ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠪᠣᠯᠤᠨ᠎ᠠ᠃ ᠡᠩ ᠲᠡᠷᠢᠭᠦᠨ ᠳᠤ᠂ ᠪᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠮᠦᠨ᠎ᠡ ᠠᠴᠠ ᠪᠦᠬᠦ ᠣᠷᠣᠨ ᠤ ᠥᠷᠭᠡᠨ | ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠳᠤ ᠪᠠᠶᠠᠷ ᠤᠨ ᠡᠳᠦᠷ ᠤᠨ ᠮᠠᠨᠳᠦᠴᠢᠯᠡᠯ ᠳᠡᠪᠰᠢᠭᠦᠯᠵᠦ | ᠪᠠᠶᠢᠨ᠎ᠠ︕ ᠤᠷᠲᠤ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠥᠨᠳᠥᠷ ᠬᠡᠪ | ᠴᠢᠨᠠᠷ ᠪᠥᠬᠦᠢ ᠳᠤᠰᠬᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠠᠶᠢᠭᠤᠯᠬᠤ ᠲᠤᠬᠠᠢ ᠰᠠᠨᠠᠯ︾ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠤᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ | ᠠᠬᠢᠭᠤᠯᠤᠨ᠂ ᠤᠮᠠᠷᠠᠲᠤ ᠬᠢᠯᠢ ᠳᠤ ᠬᠢᠴᠢᠶᠡᠩᠭᠦᠶᠢᠯᠡᠨ ᠠᠵᠢᠯᠯᠠᠵᠤ᠂ ᠠᠵᠢᠯ ᠳᠤ ᠪᠠᠨ ᠴᠠᠭᠠᠷᠠᠭᠰᠠᠨ ᠥᠨᠳᠥᠷ ᠬᠡᠪ | ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠢᠶᠠᠷ | ᠣᠷᠣᠨ ᠢᠶᠠᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠪᠠ᠃ | 2023 ᠣᠨ ᠤ ᠡᠴᠦᠰ ᠪᠣᠯᠲᠠᠯ᠎ᠠ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ | 41.02 ᠲᠥᠮᠡᠨ ᠬᠥᠮᠦᠨ᠂ ᠲᠤᠰᠬᠠᠢ ᠪᠠᠭᠰᠢ 31.77 ᠲᠥᠮᠡᠨ ᠬᠥᠮᠦᠨ ᠳᠤ ᠬᠦᠷᠴᠦ᠂ ᠡᠭᠦᠨ ᠳᠤ ᠰᠠᠭᠤᠷᠢ | ᠰᠤᠷᠭᠠᠨ ᠬᠥᠮᠦᠵᠢᠯ ᠤᠨ ᠲᠤᠰᠬᠠᠢ ᠪᠠᠭᠰᠢ 27.31 ᠲᠦᠮᠡᠨ ᠬᠥᠮᠦᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠲᠤᠰᠬᠠᠢ ᠪᠠᠭᠰᠢ 1.46 ᠲᠦᠮᠡᠨ ᠬᠥᠮᠦᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠪᠠᠭᠰᠢ 3 | ᠲᠦᠮᠡᠨ ᠬᠥᠮᠦᠨ ᠪᠣᠢ᠂ ᠲᠤᠰᠬᠠᠢ ᠪᠠᠭᠰᠢ ᠶᠢᠨ ᠶᠡᠷᠦᠩᠬᠡᠢ ᠲᠤᠭ᠎ᠠ 2020 ᠣᠨ ︵︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ︶ ᠠᠴᠠ 2.4 ᠲᠦᠮᠡᠨ ᠬᠥᠮᠦᠨ ᠨᠡᠮᠡᠭᠳᠡᠵᠦ᠂ 8.2% | ᠨᠡᠮᠡᠭᠳᠡᠪᠡ᠃ ᠡᠭᠦᠨ ᠳᠤ᠂ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ | ᠡᠵᠡᠯᠡᠬᠦ ᠬᠠᠷᠢᠴᠠᠯ 84.2% ᠬᠦᠷᠴᠦ᠂ 12.8% ᠨᠡᠮᠡᠭᠳᠡᠪᠡ᠃ ᠪᠦᠬᠦ ᠣᠷᠣᠨ ᠤ ᠪᠠᠭᠰᠢ ᠶᠢᠨ ᠡᠩᠨᠡᠭᠡᠨ ᠤ | ᠪᠦᠬᠦᠯᠢ ᠴᠣᠭᠴᠠ ᠶᠢᠨ ᠲᠤᠭ᠎ᠠ ᠪᠠ ᠰᠤᠷᠤᠯᠭ᠎ᠠ ᠶᠢᠨ ᠨᠠᠮᠲᠠᠷ ᠤᠨ ᠪᠦᠲᠦᠴᠡ ᠤᠯᠠᠮ ᠨᠢᠭᠡ ᠠᠯᠬᠤᠮ | ᠳᠡᠭᠡᠭᠰᠢᠯᠡᠪᠡ᠃ ᠡᠳᠦᠭᠡ ᠭᠤᠣᠯᠳᠠᠯᠭ᠎ᠠ ᠶᠢ 5 ᠲᠠᠯ᠎ᠠ ᠠᠴᠠ ᠪᠣᠳᠠᠲᠠᠢ ᠲᠠᠨᠢᠯᠴᠠᠭᠤᠯᠤᠶ᠎ᠠ᠃ | ᠨᠢᠭᠡ ᠳᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠪᠠ᠃ | ᠪᠠᠭᠰᠢ ᠶᠢᠨ ᠮᠣᠷᠠᠯ ᠰᠤᠷᠲᠠᠯ ᠢ ᠢᠮᠠᠭᠲᠠ ᠪᠠᠭᠰᠢ ᠶᠢᠨ ᠡᠩᠨᠡᠭᠡᠨ ᠤ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ | ᠪᠣᠯᠭᠠᠵᠤ᠂ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ᠂ ᠪᠠᠭᠰᠢ ᠰᠤᠷᠭᠠᠭᠤᠯᠢ ᠶᠢᠨ ᠵᠠᠬᠢᠷᠤᠯ ᠢ | ᠪᠣᠯᠪᠠᠰᠤᠷᠠᠭᠤᠯᠬᠤ ᠶᠢ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠪᠠᠭᠰᠢ ᠶᠢᠨ ᠬᠢᠷᠢ ᠭᠡᠮ ᠲᠠᠢ ᠶᠢ ᠵᠥᠪᠰᠢᠶᠡᠷᠡᠨ | ᠣᠷᠣᠭᠤᠯᠬᠤ᠂ ᠤᠷᠢᠵᠤ ᠣᠷᠣᠭᠤᠯᠬᠤ᠂ ᠳᠤᠰᠢᠶᠠᠯ ᠤᠨ ᠴᠣᠯᠠ ᠲᠣᠭᠲᠠᠭᠠᠵᠤ ᠤᠷᠢᠬᠤ᠂ ᠰᠢᠯᠢᠳᠡᠭ ᠢ ᠰᠢᠯᠭᠠᠷᠠᠭᠤᠯᠤᠨ | ᠱᠠᠩᠨᠠᠬᠤ᠂ ᠲᠥᠷᠥᠯ ᠵᠦᠢᠯ ᠮᠡᠳᠡᠭᠦᠯᠬᠦ ᠶᠢᠨ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠪᠠ᠃ ᠪᠠᠭᠰᠢ ᠶᠢᠨ ᠮᠣᠷᠠᠯ | ᠰᠤᠷᠲᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠬᠤ︾ ᠪᠠᠷ ᠭᠤᠣᠯ ᠰᠡᠳᠦᠪ ᠪᠣᠯᠭᠠᠨ᠂ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠲᠠᠪᠴᠠᠩ ᠳᠤ ᠬᠢᠴᠢᠶᠡᠩᠭᠦᠶᠢᠯᠡᠨ | ᠠᠵᠢᠯᠯᠠᠬᠤ︾ ᠪᠠᠭᠰᠢ ᠶᠢᠨ ᠮᠤᠷᠠᠯ ᠤᠨ ᠭᠤᠣᠯ ᠰᠡᠳᠦᠪᠲᠦ ᠬᠥᠮᠦᠵᠢᠯ᠂ ︽ᠰᠤᠷᠭᠠᠨ ᠬᠥᠮᠥᠵᠢᠯᠳᠡᠨ ᠤ ᠵᠣᠷᠢᠭ | ᠰᠠᠨᠠᠭ᠎ᠠ︾ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ᠂ ᠪᠠᠭᠰᠢ ᠶᠢᠨ ᠮᠤᠷᠠᠯ ᠤᠨ ᠰᠢᠯᠢᠳᠡᠭ ᠬᠡᠷᠡᠭ ᠤᠨ ᠵᠢᠱᠢᠶ᠎ᠡ ᠶᠢ | ᠰᠣᠩᠭᠤᠨ ᠪᠣᠢ ᠪᠣᠯᠭᠠᠬᠤ ᠵᠡᠷᠭᠡ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠰᠢᠯᠢᠳᠡᠭ | ᠪᠠᠭᠰᠢ ᠶᠢ ᠰᠣᠩᠭᠤᠨ ᠪᠣᠢ ᠪᠣᠯᠭᠠᠬᠤ ᠡᠷᠴᠢᠮ ᠢ ᠴᠢᠩᠭᠠᠷᠠᠭᠤᠯᠵᠤ᠂ ᠮᠠᠨ ᠤ ᠣᠷᠣᠨ ᠳᠤ ᠬᠡᠰᠡᠭ ᠪᠦᠯᠦᠭ ᠰᠢᠯᠢᠳᠡᠭ | ᠪᠠᠭᠰᠢ ᠴᠣᠯᠭᠤᠷᠠᠪᠠ᠂ ᠵᠢᠱᠢᠶᠡᠯᠡᠪᠡᠯ᠂ ᠪᠦᠬᠦ ᠤᠯᠤᠰ ᠤᠨ ︽ᠬᠠᠮᠤᠭ ᠤᠨ ᠭᠤᠶᠣ ᠪᠠᠭᠰᠢ︾ ᠶᠢᠨ ᠴᠣᠯᠠ ᠶᠢ | ᠬᠦᠷᠲᠡᠭᠰᠡᠨ ᠸᠠᠩ ᠸᠧᠨ ᠱᠠᠨ ᠫᠷᠤᠹᠧᠰᠰᠤᠷ᠂ 2024 ᠣᠨ ᠳᠤ ᠪᠦᠬᠦ ᠤᠯᠤᠰ ᠤᠨ ᠰᠤᠷᠭᠠᠨ ᠬᠥᠮᠦᠵᠢᠯ ᠤᠨ | ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ 13 ᠰᠤᠷᠭᠠᠭᠤᠯᠢ ᠪᠣᠯᠤᠨ ᠲᠡᠷᠢᠭᠦᠨ ᠤ ᠬᠤᠪᠢ ᠬᠥᠮᠦᠨ 44 ᠪᠠᠭᠰᠢ᠂ | 2024 ᠣᠨ ᠳᠤ ᠪᠦᠬᠦ ᠤᠯᠤᠰ ᠤᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠵᠢᠱᠢᠶᠡᠴᠢ ᠶᠢᠨ ᠴᠣᠯᠠ | ᠬᠦᠷᠲᠡᠭᠰᠡᠨ ᠾᠧ ᠯᠠᠢ ᠬᠣ᠋ ᠪᠠᠭᠰᠢ ᠵᠡᠷᠭᠡ ᠪᠣᠢ᠃ ᠪᠠᠭᠰᠢ ᠶᠢᠨ ᠮᠣᠷᠠᠯ ᠢ ᠵᠦᠷᠢᠴᠡᠭᠰᠡᠨ ᠠᠵᠢᠯᠯᠠᠭᠠᠨ ᠤ ᠨᠠᠵᠠᠭᠠᠢ | ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠤᠨ ᠮᠣᠷᠠᠯ ᠠᠴᠠ | ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠳᠦᠷᠢᠮ ᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠤᠨ ᠳᠦᠷᠢᠮ ᠠᠴᠠ ᠵᠥᠷᠢᠴᠡᠭᠰᠡᠨ | ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠳᠤ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ | ᠲᠣᠬᠢᠷᠠᠭᠤᠯᠵᠤ᠂ ᠳᠥᠷᠪᠡᠨ ᠱᠠᠲᠤᠨ ᠤ ᠪᠠᠭᠰᠢ ᠶᠢᠨ ᠮᠣᠷᠠᠯ ᠲᠤ ᠬᠢᠨᠠᠯᠲᠠ ᠲᠠᠯᠪᠢᠭᠴᠢ ᠶᠢᠨ ᠡᠩᠨᠡᠭᠡ ᠶᠢ ᠵᠣᠬᠢᠶᠠᠨ | ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠢ ᠰᠡᠷᠡᠮᠵᠢᠯᠡᠭᠦᠯᠵᠦ | ᠰᠡᠷᠭᠡᠶᠢᠯᠡᠨ ᠡᠵᠡᠮᠳᠡᠬᠦ᠂ ᠵᠢᠷᠤᠮᠵᠢᠭᠤᠯᠵᠤ ᠬᠢᠨᠠᠨ ᠪᠠᠶᠢᠴᠠᠭᠠᠬᠤ᠂ ᠮᠡᠳᠡᠭᠳᠡᠵᠦ ᠵᠠᠯᠬᠠᠭᠠᠨ ᠴᠡᠭᠡᠷᠯᠡᠭᠦᠯᠬᠦ ᠨᠢᠭᠡ | ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ | ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠪᠡ᠃ | ᠬᠤᠶᠠᠷ ᠲᠤ᠂ ᠪᠠᠭᠰᠢ ᠶᠢᠨ ᠬᠠᠮᠢᠶᠠᠷᠤᠯᠲᠠ ᠶᠢᠨ ᠳᠦᠷᠢᠮ ᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ | ᠪᠠᠭᠰᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠪᠠ᠂ ᠰᠠᠭᠤᠷᠢ ᠰᠤᠷᠭᠠᠨ | ᠬᠥᠮᠦᠵᠢᠯ ᠤᠨ ᠲᠠᠯ᠎ᠠ ᠪᠠᠷ᠄ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠬᠤ ᠤᠳᠠᠭᠠᠨ | ᠳᠠᠭᠠᠭᠠᠮᠠᠭᠠᠢ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠣᠷᠣᠨ ᠲᠤᠭ᠎ᠠ ᠶᠢ ᠠᠶᠠᠨᠳᠠᠭᠠᠨ | ᠬᠠᠰᠤᠬᠤ ᠪᠠ ᠤᠷᠢᠵᠤ ᠨᠥᠬᠦᠪᠥᠷᠢᠯᠡᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃ ᠪᠦᠬᠦ ᠣᠷᠣᠨ ᠤ 33 | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢ ᠡᠬᠢᠯᠡᠭᠦᠯᠵᠦ᠂ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠂ | ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ ᠬᠡᠷᠡᠭᠴᠡᠭᠡ ᠶᠣᠰᠣᠭᠠᠷ ᠬᠠᠨᠳᠤᠰᠢ ᠶᠢ ᠲᠣᠬᠢᠷᠠᠭᠤᠯᠬᠤ ᠶᠢ | ᠪᠡᠶᠡᠯᠡᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠳᠣᠭᠲᠠᠭᠠᠵᠤ ᠤᠷᠢᠬᠤ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ | ᠨᠢᠭᠡᠳᠦᠭᠡᠷ ᠹᠷᠣᠨᠲ ᠲᠤ ᠦᠨᠳᠦᠰᠦᠯᠡᠭᠰᠡᠨ ᠪᠠ ᠬᠥᠮᠦᠨ ᠬᠥᠮᠦᠵᠢᠭᠦᠯᠬᠦ ᠦᠷ᠎ᠡ ᠪᠦᠲᠦᠮᠵᠢ ᠪᠠᠷ ᠲᠣᠪᠤᠶᠢᠮ᠎ᠠ ᠪᠠᠭᠰᠢ | ᠲᠡᠶᠢᠰᠢ ᠬᠡᠯᠪᠡᠶᠢᠯᠭᠡᠪᠡ᠃ ᠪᠠᠭᠰᠢ ᠶᠢᠨ ︽ᠣᠷᠣᠬᠤ ᠪᠣᠭᠤᠮᠲᠠ︾ ᠶᠢ ᠴᠢᠩᠭ᠎ᠠ ᠠᠳᠬᠤᠵᠤ᠂ ᠪᠠᠭᠰᠢ ᠶᠢᠨ ᠬᠢᠷᠢ | ᠭᠡᠮ ᠤᠨ ᠰᠢᠯᠭᠠᠯᠲᠠ ᠶᠢ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠭᠤᠯᠵᠤ᠂ ᠪᠠᠭᠰᠢ ᠶᠢᠨ ᠬᠢᠷᠢ ᠭᠡᠮ ᠢ | ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠠᠯ᠎ᠠ ᠪᠠᠷ᠄ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠣᠷᠣᠨ ᠲᠤᠭ᠎ᠠ + ᠬᠢᠵᠠᠭᠠᠷᠯᠠᠬᠤ | ᠲᠤᠭ᠎ᠠ︾ ᠶᠣᠰᠤᠭᠠᠷ 14 ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ | ᠶᠡᠷᠦᠩᠬᠡᠢ ᠲᠤᠭ᠎ᠠ ᠶᠢ 2 ᠲᠦᠮᠡ ᠭᠠᠷᠤᠢ ᠬᠥᠮᠦᠨ ᠢᠶᠠᠷ ᠲᠣᠭᠲᠠᠭᠠᠵᠤ᠂ ᠳᠡᠭᠡᠳᠦ ᠳᠡᠰ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠤᠰᠬᠠᠢ ᠵᠦᠢᠯ ᠤᠨ ᠣᠷᠣᠨ ᠲᠤᠭ᠎ᠠ ᠶᠢ ᠨᠡᠮᠡᠪᠡ᠃ ᠶᠡᠭᠡ ᠳᠡᠭᠡᠳᠦ ᠰᠤᠷᠭᠠᠭᠤᠯᠢ ᠶᠢᠨ | ᠪᠠᠭᠰᠢ ᠶᠢᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠶᠢ ᠡᠵᠡᠨ ᠮᠡᠳᠡᠬᠦ ᠡᠷᠬᠡ ᠶᠢ ᠪᠦᠬᠦ ᠲᠠᠯ᠎ᠠ ᠪᠠᠷ | ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠦᠰᠦᠨ ᠤ ᠳᠦᠷᠢᠮ ᠤᠨ ᠥᠭᠡᠷᠡᠴᠢᠯᠡᠯᠲᠡ ᠶᠢ | ᠠᠬᠢᠭᠤᠯᠤᠨ᠂ ᠳᠣᠲᠣᠭᠠᠳᠤ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠪᠡ᠃ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠣᠷᠣᠬᠤ ᠪᠠᠭᠰᠢ ᠶᠢ ᠲᠤᠰᠠᠯᠠᠬᠤ | ᠳᠦᠷᠢᠮ ᠢ ᠡᠬᠢᠯᠡᠨ ᠬᠡᠷᠡᠭᠵᠢᠭᠦᠯᠵᠦ᠂ ᠰᠢᠨ᠎ᠡ ᠪᠠᠷ ᠲᠤᠰᠢᠶᠠᠯ ᠳᠤ ᠭᠠᠷᠤᠭᠰᠠᠨ ᠪᠠᠭᠰᠢ ᠶᠢᠨ ᠤᠯᠤᠰ ᠲᠥᠷᠥ ᠶᠢᠨ ᠬᠡᠪ | ᠪᠣᠯᠪᠠᠰᠤᠷᠠᠯ᠂ ᠪᠠᠭᠰᠢ ᠶᠢᠨ ᠮᠣᠷᠠᠯ ᠰᠤᠷᠲᠠᠯ᠂ ᠵᠢᠭᠠᠬᠤ ᠴᠢᠳᠠᠪᠤᠷᠢ ᠵᠡᠷᠭᠡ ᠳᠤ ᠲᠣᠳᠣᠷᠬᠠᠢ ᠱᠠᠭᠠᠷᠳᠠᠯᠭ᠎ᠠ | ᠳᠤᠷᠠᠳᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠄ ︽ᠬᠤᠣᠰ ᠬᠡᠯᠪᠡᠷᠢ︾ ᠶᠢᠨ ᠪᠠᠭᠰᠢ ᠶᠢᠨ | ᠡᠩᠨᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠣᠰ ᠬᠡᠯᠪᠡᠷᠢ︾ ᠶᠢᠨ ᠪᠠᠭᠰᠢ ᠶᠢᠨ ᠪᠠᠷᠢᠮᠵᠢᠶ᠎ᠠ ᠪᠠ | ᠮᠠᠭᠠᠳᠯᠠᠨ ᠲᠣᠭᠲᠠᠭᠠᠬᠤ ᠠᠷᠭ᠎ᠠ ᠶᠢ ᠲᠣᠭᠲᠠᠭᠠᠵᠤ᠂ ︽ᠬᠤᠣᠰ ᠬᠡᠯᠪᠡᠷᠢ︾ ᠶᠢᠨ ᠪᠠᠭᠰᠢ ᠶᠢᠨ ᠡᠵᠡᠯᠡᠬᠦ ᠬᠠᠷᠢᠴᠠᠯ ᠢ | 57.8% ᠬᠦᠷᠭᠡᠵᠦ᠂ ᠤᠯᠤᠰ ᠤᠨ ᠲᠣᠭᠲᠠᠭᠠᠭᠰᠠᠨ 50% ᠶᠢᠨ ᠬᠠᠷᠠᠯᠲᠠ ᠪᠠ ᠱᠠᠭᠠᠷᠳᠠᠯᠭ᠎ᠠ ᠶᠢ | ᠳᠠᠪᠠᠭᠤᠯᠪᠠ᠃ ᠰᠤᠷᠭᠠᠭᠤᠯᠢ ᠪᠠ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠵᠥᠪᠬᠡᠨ 2024 ᠣᠨ ᠤ ᠳᠡᠭᠡᠷ᠎ᠡ ᠬᠠᠭᠠᠰ ᠵᠢᠯ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ 1727 ᠬᠥᠮᠦᠨ ᠢ ᠤᠷᠢᠨ ᠰᠤᠷᠭᠠᠭᠤᠯᠢ ᠳᠤ ᠣᠴᠢᠭᠤᠯᠵᠤ᠂ | ᠠᠵᠢᠯ ᠮᠡᠷᠭᠡᠵᠢᠯ ᠤᠨ ᠰᠤᠷᠭᠠᠭᠤᠯᠢ ᠶᠢᠨ 326 ᠪᠠᠭᠰᠢ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠪᠠ᠃ | ᠭᠤᠷᠪᠠ ᠳᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠰᠢᠯᠢᠳᠡᠭᠵᠢᠭᠦᠯᠪᠡ᠃ ᠪᠠᠭᠰᠢ | ᠤᠷᠢᠬᠤ ᠡᠷᠴᠢᠮ ᠢ ᠴᠢᠩᠭᠠᠷᠠᠭᠤᠯᠵᠤ᠂ ᠪᠠᠭᠰᠢ ᠤᠷᠢᠬᠤ ᠬᠡᠯᠪᠡᠷᠢ ᠶᠢᠨ ᠰᠢᠨ᠎ᠡ ᠶᠢ ᠡᠭᠦᠳᠴᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠪᠦᠬᠦ ᠣᠷᠣᠨ ᠳᠤ ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠶᠢ 4.1 ᠲᠦᠮᠡ ᠭᠠᠷᠤᠢ ᠤᠷᠢᠵᠤ᠂ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠬᠢᠴᠢᠶᠡᠯ ᠲᠥᠷᠦᠯ ᠪᠠ ᠦᠨᠳᠦᠰᠦᠨ ᠱᠠᠲᠤᠨ ᠤ ᠪᠠᠭᠰᠢ ᠳᠤ ᠴᠢᠭᠯᠡᠭᠦᠯᠦᠨ ᠪᠢᠷ ᠤᠨ | ᠰᠢᠯᠭᠠᠯᠲᠠ ᠬᠢᠬᠦ ᠬᠠᠷᠢᠴᠠᠯ ᠢ ᠪᠠᠭᠤᠷᠠᠭᠤᠯᠬᠤ᠂ ᠰᠢᠯᠭᠠᠯᠲᠠ ᠬᠢᠬᠦ ᠬᠠᠷᠢᠴᠠᠯ ᠢ ᠲᠣᠬᠢᠷᠠᠭᠤᠯᠬᠤ ᠦᠭᠡᠢ᠂ ᠰᠢᠭᠤᠳ | ᠨᠢᠭᠤᠷᠳᠠᠨ ᠰᠢᠯᠭᠠᠬᠤ ᠲᠡᠶᠢᠰᠢ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠠᠭᠰᠢ ᠶᠢᠨ ᠣᠷᠣᠨ | ᠪᠦᠰᠡ ᠠᠯᠤᠰᠯᠠᠨ ᠰᠣᠯᠢᠯᠴᠠᠬᠤ ᠶᠢ ᠠᠬᠢᠭᠤᠯᠵᠤ᠂ ᠪᠦᠬᠦ ᠣᠷᠣᠨ ᠤ 1.7 ᠲᠦᠮᠡᠨ ᠪᠠᠭᠰᠢ᠂ 2219 | ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠶᠢ ᠪᠡᠶᠡᠯᠡᠭᠦᠯᠪᠡ᠃ ᠨᠠᠮ ᠤᠨ ᠲᠥᠪ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ | ᠲᠡᠳᠬᠦᠬᠦ ᠪᠠᠷ ᠵᠢᠯᠣᠭᠤᠳᠤᠮᠵᠢ ᠪᠣᠯᠭᠠᠵᠤ᠂ ᠢᠳᠡᠷ ᠵᠠᠯᠠᠭᠤ ᠪᠠᠭᠰᠢ ᠨᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ 2022 ᠣᠨ ᠠᠴᠠ ᠨᠠᠭᠠᠰᠢ᠂ ᠬᠤᠲᠠ | ᠶᠢᠨ ᠲᠣᠭᠤᠷᠢᠭ ᠤᠨ ᠰᠢᠯᠢᠳᠡᠭ ᠰᠤᠷᠭᠠᠭᠤᠯᠢ ᠶᠢᠨ 3236 ᠪᠠᠭᠰᠢ ᠶᠢ ᠰᠣᠩᠭᠤᠨ ᠲᠣᠮᠢᠯᠠᠵᠤ ᠬᠥᠳᠡᠭᠡ ᠲᠣᠰᠬᠤᠨ᠂ | ᠪᠠᠭᠤᠷᠠᠢ ᠰᠤᠷᠭᠠᠭᠤᠯᠢ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠭᠦᠯᠵᠦ᠂ 6.5 ᠲᠦᠮᠡ ᠭᠠᠷᠤᠢ ᠤᠳᠠᠭ᠎ᠠ | ᠵᠢᠭᠠᠬᠤ ᠶᠢ ᠰᠤᠳᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠦᠨ᠂ ᠮᠠᠨ ᠤ ᠣᠷᠣᠨ ᠤ 7 ᠠᠶᠢᠮᠠᠭ ᠬᠤᠲᠠ ᠶᠢᠨ 31 ᠬᠤᠰᠢᠭᠤ ᠰᠢᠶᠠᠨ ᠪᠣᠯᠤᠨ ᠪᠡᠭᠡᠵᠢᠩ | ᠬᠤᠲᠠ ᠶᠢᠨ 17 ᠲᠣᠭᠤᠷᠢᠭ ᠬᠤᠷᠰᠢᠶᠠᠯᠠᠵᠤ᠂ ᠪᠡᠭᠡᠵᠢᠩ ᠥᠪᠥᠷ ᠮᠣᠩᠭᠤᠯ ᠤᠨ 486 ᠳᠤᠮᠳᠠᠳᠤ ᠪᠠᠭ᠎ᠠ | ᠰᠤᠷᠭᠠᠭᠤᠯᠢ ᠳᠤ ︽ᠭᠠᠷ ᠬᠤᠯᠪᠤᠨ︾ ᠬᠤᠷᠰᠢᠶᠠᠯᠠᠬᠤ ᠬᠠᠷᠢᠴᠠᠭ᠎ᠠ ᠪᠠᠶᠢᠭᠤᠯᠵᠤ᠂ ᠪᠡᠭᠡᠵᠢᠩ ᠤᠨ ᠶᠡᠭᠡ ᠳᠡᠭᠡᠳᠦ | ᠰᠤᠷᠭᠠᠭᠤᠯᠢ ᠳᠤ ᠨᠠᠶᠢᠳᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯᠯᠠᠭᠴᠢ ᠪᠠᠭᠰᠢ ᠶᠢ 3800 ᠭᠠᠷᠤᠢ ᠬᠥᠮᠦᠨ | ᠤᠳᠠᠭ᠎ᠠ ᠪᠣᠯᠪᠠᠰᠤᠷᠠᠭᠤᠯᠵᠤ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠪᠡᠭᠡᠵᠢᠩ ᠤᠨ | ᠰᠢᠯᠢᠳᠡᠭ ᠰᠤᠷᠭᠠᠭᠤᠯᠢ ᠣᠯᠠᠨ ᠲᠠᠯᠠᠪᠤᠷ ︽ᠢᠵᠢᠯ ᠳᠠᠪᠲᠠᠮᠵᠢ ᠪᠠᠷ ᠦᠢᠯᠡᠳᠦᠯᠴᠡᠬᠦ︾ ᠵᠢᠭᠠᠬᠤ ᠶᠢ ᠰᠤᠳᠤᠯᠬᠤ | ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠣᠷᠣᠯᠴᠠᠵᠠᠢ᠃ ᠪᠠᠭᠰᠢ ᠶᠢ ᠨᠥᠬᠦᠪᠥᠷᠢᠯᠡᠬᠦ᠂ ᠠᠵᠢᠯ ᠤᠨ | ᠪᠠᠶᠢᠷᠢ ᠰᠣᠯᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠰᠠᠶᠢᠨ ᠪᠠᠭᠰᠢ︾ ᠶᠢ ᠨᠥᠬᠦᠪᠦᠷᠢᠯᠡᠵᠦ᠂ ᠰᠢᠯᠵᠢᠭᠦᠯᠵᠦ᠂ | ᠬᠥᠮᠥᠵᠢᠭᠦᠯᠪᠡ᠃ | ᠳᠥᠷᠪᠡ ᠳᠤ᠂ ᠪᠠᠭᠰᠢ ᠶᠢᠨ ᠴᠢᠳᠠᠪᠤᠷᠢ ᠬᠡᠪ ᠪᠣᠯᠪᠠᠰᠤᠷᠠᠯ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠶᠡᠭᠡ | ᠳᠡᠭᠡᠳᠦ ᠰᠤᠷᠭᠠᠭᠤᠯᠢ ᠳᠤ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠡᠷᠡᠴᠢᠯᠡᠯᠲᠡ ᠶᠢ ᠥᠷᠨᠢᠭᠦᠯᠵᠦ᠂ | ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠲᠥᠯᠥᠪᠯᠡᠭᠡ ᠶᠢ ᠠᠬᠢᠭᠤᠯᠵᠤ᠂ ᠪᠠᠭᠰᠢ ᠬᠠᠩᠭᠠᠬᠤ ᠴᠢᠨᠠᠷ ᠴᠢᠨᠰᠠᠭ᠎ᠠ ᠶᠢ ᠡᠬᠢ ᠡᠭᠦᠰᠦᠯ ᠠᠴᠠ ᠨᠢ | ᠳᠡᠭᠡᠭᠰᠢᠯᠡᠭᠦᠯᠪᠡ᠃ ᠠᠯᠪᠠᠨ ᠤ ᠰᠦᠢᠳᠬᠡᠯ ᠢᠶᠠᠷ ᠰᠤᠷᠭᠠᠨ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠠᠯᠪᠠᠨ ᠤ ᠰᠦᠢᠳᠬᠡᠯ ᠢᠶᠠᠷ ᠰᠤᠷᠤᠯᠴᠠᠬᠤ | ᠪᠠᠭᠰᠢ ᠶᠢᠨ ᠮᠡᠷᠭᠡᠵᠢᠯ ᠤᠨ ᠰᠤᠷᠤᠭᠴᠢ ᠶᠢ 2353 ᠬᠥᠮᠦᠵᠢᠭᠦᠯᠪᠡ᠃ ᠪᠠᠭᠰᠢ ᠶᠢᠨ ᠪᠣᠯᠪᠠᠰᠤᠷᠠᠭᠤᠯᠤᠯ ᠢ | ᠴᠢᠩᠭᠠᠳᠬᠠᠨ᠂ ᠪᠠᠭᠰᠢ ᠶᠢᠨ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ︽ᠣᠷᠣᠨ ᠤ | ᠪᠣᠯᠪᠠᠰᠤᠷᠠᠭᠤᠯᠤᠯ ᠤᠨ ᠲᠥᠯᠥᠪᠯᠡᠭᠡ︾ ᠶᠢ ᠬᠡᠷᠡᠭᠵᠢᠭᠦᠯᠵᠦ᠂ ᠵᠢᠯ ᠪᠦᠷᠢ ᠲᠤᠰᠬᠠᠢ ᠪᠡᠯᠡ ᠮᠥᠩᠭᠦ ᠲᠣᠬᠢᠷᠠᠭᠤᠯᠬᠤ ᠶᠢ | ᠪᠠᠲᠤᠯᠠᠪᠠ᠃ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠠᠰᠢᠭᠯᠠᠨ ᠪᠠᠭᠰᠢ ᠶᠢᠨ ᠰᠦᠯᠵᠢᠶᠡᠨ ᠳᠤ ᠰᠤᠳᠤᠯᠤᠨ | ᠰᠤᠷᠤᠯᠴᠠᠬᠤ ᠶᠢ ᠵᠣᠬᠢᠶᠠᠨ ᠪᠠᠶᠢᠭᠤᠯᠵᠤ᠂ 24 ᠲᠦᠮᠡᠨ ᠪᠠᠭᠰᠢ ᠣᠷᠣᠯᠴᠠᠭᠰᠠᠨ ᠪᠠᠶᠢᠨ᠎ᠠ᠃ ᠵᠠᠯᠠᠭᠤ ᠪᠠᠭᠰᠢ ᠶᠢ | ᠬᠥᠮᠦᠵᠢᠭᠦᠯᠬᠦ ᠶᠢ ᠴᠢᠬᠤᠯᠠᠴᠢᠯᠠᠵᠤ᠂ ᠵᠢᠯ ᠪᠦᠷᠢ 200 ᠪᠠᠭᠰᠢ ᠶᠢ ᠰᠣᠩᠭᠤᠨ ᠲᠣᠮᠢᠯᠠᠵᠤ ᠳᠤᠮᠳᠠ ᠪᠠᠷᠠᠭᠤᠨ | ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠪᠠᠭᠰᠢ ᠶᠢᠨ ᠬᠠᠮ ᠬᠡᠯᠪᠡᠷᠢᠲᠦ ᠵᠢᠭᠠᠨ ᠰᠤᠷᠭᠠᠯᠲᠠ ᠶᠢ ᠳᠠᠪᠲᠠᠨ | ᠪᠣᠯᠪᠠᠰᠤᠷᠠᠭᠤᠯᠬᠤ ᠲᠥᠷᠥᠯ ᠵᠦᠢᠯ ᠳᠤ ᠣᠷᠣᠯᠴᠠᠭᠤᠯᠤᠨ᠂ 30 ᠪᠠᠭᠰᠢ ᠶᠢ ᠰᠣᠩᠭᠤᠨ ᠲᠣᠮᠢᠯᠠᠵᠤ ︽ᠵᠠᠯᠠᠭᠤ | ᠭᠤᠣᠯᠯᠠᠭᠴᠢ ᠪᠠᠭᠰᠢ ᠶᠢᠨ ᠤᠯᠤᠰ ᠤᠨ ᠳᠣᠲᠣᠭᠠᠳᠤ ᠳᠤ ᠠᠶᠢᠯᠴᠢᠯᠠᠬᠤ ᠡᠷᠳᠡᠮᠲᠡᠨ︾᠂ ︽ᠪᠠᠷᠠᠭᠤᠨ ᠣᠷᠣᠨ ᠤ | ᠭᠡᠷᠡᠯ︾ ᠠᠶᠢᠯᠴᠢᠯᠠᠬᠤ ᠡᠷᠳᠡᠮᠲᠡᠳ ᠤᠨ ᠲᠥᠷᠥᠯ ᠵᠦᠢᠯ ᠳᠤ ᠣᠷᠣᠯᠴᠠᠭᠤᠯᠪᠠ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠠᠴᠠ ᠨᠠᠭᠠᠰᠢ᠂ 20 ᠰᠤᠷᠭᠠᠭᠤᠯᠢ ᠶᠢᠨ ᠵᠠᠬᠢᠷᠤᠯ ᠤᠯᠤᠰ ᠤᠨ ᠨᠡᠷᠡᠲᠦ ᠪᠠᠭᠰᠢ᠂ | ᠨᠡᠷᠡᠲᠦ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠲᠥᠯᠥᠪᠯᠡᠭᠡ ᠳᠤ ᠰᠣᠩᠭᠤᠭᠳᠠᠵᠤ᠂ 25 ᠪᠠᠭᠰᠢ ᠤᠯᠤᠰ ᠤᠨ | ᠴᠢᠬᠤᠯᠠ ᠶᠡᠭᠡ ᠴᠢᠳᠠᠪᠤᠷᠢᠲᠠᠨ ᠤ ᠲᠥᠷᠥᠯ ᠵᠦᠢᠯ ᠳᠤ ᠰᠣᠩᠭᠤᠭᠳᠠᠨ᠂ 9 ᠪᠦᠯᠬᠦᠮ ᠤᠯᠤᠰ ᠤᠨ ᠳᠡᠰ ᠤᠨ | ᠪᠠᠭᠰᠢ ᠶᠢᠨ ᠵᠢᠭᠠᠨ ᠰᠤᠷᠭᠠᠯᠲᠠ ᠶᠢᠨ ᠪᠦᠯᠬᠦᠮ ᠳᠤ ᠰᠣᠩᠭᠤᠭᠳᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠨᠡᠷᠡᠲᠦ ᠪᠠᠭᠰᠢ ᠨᠡᠷᠡᠲᠦ ᠰᠤᠷᠭᠠᠭᠤᠯᠢ ᠶᠢᠨ ᠵᠠᠬᠢᠷᠤᠯ ᠢ 660 ᠬᠥᠮᠦᠵᠢᠭᠦᠯᠪᠡ᠃ ᠦᠵᠡᠯ ᠰᠠᠨᠠᠭ᠎ᠠ ᠤᠯᠤᠰ | ᠲᠥᠷᠥ ᠶᠢᠨ ᠠᠵᠢᠯ ᠤᠨ ᠡᠩᠨᠡᠭᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠡᠯ᠎ᠡ ᠳᠡᠭᠡᠳᠦ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠤᠰᠬᠠᠢ ᠪᠠᠭᠰᠢ ᠪᠣᠯᠤᠨ ᠬᠠᠪᠰᠤᠷᠤᠨ | ᠵᠢᠯᠣᠭᠤᠳᠤᠭᠴᠢ ᠶᠢ ᠴᠥᠮ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ ᠪᠦᠷᠢᠨ ᠭᠦᠢᠴᠡᠳ | ᠪᠣᠯᠭᠠᠪᠠ᠃ | ᠲᠠᠪᠤ ᠳᠤ᠂ ᠪᠠᠭᠰᠢ ᠶᠢᠨ ᠬᠠᠷᠠᠭᠠᠯᠵᠠᠯ ᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ | ᠲᠤᠬᠠᠢ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠠᠴᠠ ᠥᠨᠳᠥᠷ | ᠪᠣᠯᠭᠠᠨ ᠦᠷ᠎ᠡ ᠪᠥᠲᠦᠮᠵᠢ ᠶᠢ ᠪᠠᠬᠢᠵᠢᠭᠦᠯᠪᠡ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠰᠠᠨᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ | ᠪᠠᠭᠰᠢ ᠶᠢᠨ ᠪᠣᠯᠪᠠᠰᠤᠷᠠᠭᠤᠯᠤᠯ᠂ ᠮᠡᠷᠭᠡᠵᠢᠯ ᠤᠨ ᠴᠣᠯᠠ᠂ ᠬᠠᠷᠠᠭᠠᠯᠵᠠᠯ᠂ ᠬᠥᠬᠢᠭᠦᠯᠵᠦ ᠤᠬᠠᠭᠤᠯᠬᠤ ᠲᠡᠶᠢᠰᠢ | ᠲᠥᠷᠥ ᠶᠢᠨ ᠪᠣᠳᠣᠯᠭ᠎ᠠ ᠶᠢ ᠬᠡᠯᠪᠡᠶᠢᠯᠭᠡᠪᠡ᠃ 2024 ᠣᠨ ᠳᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠶᠢ ᠵᠢᠷᠤᠮᠵᠢᠭᠤᠯᠬᠤ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠳᠠᠷᠤᠭᠠᠰᠤ ᠶᠢ ᠬᠥᠩᠭᠡᠷᠡᠭᠦᠯᠬᠦ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠨᠡᠶᠢᠭᠡᠮ ᠤᠨ ᠬᠡᠷᠡᠭ | ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠨᠡᠶᠢᠲᠡᠯᠡᠨ᠂ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯ ᠢ ᠳᠡᠰ ᠳᠡᠪᠰᠢᠭᠦᠯᠦᠨ ᠬᠢᠨᠠᠨ ᠪᠠᠶᠢᠴᠠᠭᠠᠵᠤ᠂ ᠨᠡᠶᠢᠭᠡᠮ ᠤᠨ | ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠳᠣᠭᠲᠠᠭᠠᠵᠤ᠂ ᠬᠢᠨᠠᠨ | ᠪᠠᠶᠢᠴᠠᠭᠠᠵᠤ ᠰᠢᠯᠭᠠᠨ ᠦᠨᠡᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠤᠨ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ ᠰᠤᠷᠭᠠᠯᠲᠠ ᠶᠢᠨ ᠳᠠᠷᠤᠭᠠᠰᠤ ᠶᠢ ᠦᠨᠡᠨ ᠬᠦ | ᠬᠥᠩᠭᠡᠷᠡᠭᠦᠯᠪᠡ᠃ ᠪᠠᠭᠰᠢ ᠶᠢᠨ ᠠᠵᠢᠯ ᠤᠨ ᠲᠠᠲᠠᠬᠤ ᠬᠦᠴᠦᠨ ᠪᠠ ᠪᠠᠭᠰᠢ ᠨᠠᠷ ᠤᠨ ᠭᠦᠷᠲᠡᠭᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠥᠷᠥᠭᠳᠡᠯ᠂ ᠥᠪᠡᠷ ᠢ ᠪᠠᠨ ᠢᠲᠡᠭᠡᠬᠦ ᠲᠦᠷᠦᠭᠳᠡᠯ᠂ ᠠᠮᠵᠢᠯᠲᠠ ᠪᠦᠲᠦᠮᠵᠢ ᠶᠢᠨ ᠲᠦᠷᠦᠭᠳᠡᠯ ᠢ | ᠢᠯᠡᠳᠲᠡ ᠴᠢᠩᠭᠠᠷᠠᠭᠤᠯᠪᠠ᠃ | ᠳᠠᠷᠠᠭ᠎ᠠ ᠠᠯᠬᠤᠮ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠣᠭᠤᠷᠢᠨ ᠳᠤ᠂ ᠶᠣᠰᠣ ᠰᠤᠷᠲᠠᠬᠤᠨ ᠢ ᠪᠣᠢ | ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠢᠨ᠎ᠡ | ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠳᠤᠰᠬᠠᠢ ᠪᠠᠭᠰᠢ ᠶᠢᠨ ᠡᠩᠨᠡᠭᠡ ᠶᠢ ᠬᠦᠴᠦᠯᠡᠨ ᠰᠠᠶᠢᠲᠤᠷ | ᠪᠠᠶᠢᠭᠤᠯᠵᠤ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠬᠤ ᠪᠤᠶᠤ ᠳᠡᠮᠵᠢᠵᠦ ᠬᠠᠯᠠᠭᠤᠨ ᠰᠡᠳᠬᠢᠯ ᠢᠶᠠᠷ | ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ | ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃ | | | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ | ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠴᠥᠮ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠨᠡᠶᠢᠲᠡᠯᠡᠵᠦ᠂ | ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠢᠷᠤᠮᠵᠢᠭᠤᠯᠬᠤ ᠪᠠᠷ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ ᠪᠣᠢ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠳᠠᠷᠤᠭᠠᠰᠤ ᠶᠢ ᠬᠥᠩᠭᠡᠷᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ ᠣᠳᠣᠬᠠᠨ ᠤ ᠠᠵᠢᠯ ᠤᠨ ᠠᠬᠢᠴᠠ ᠶᠢ | ᠲᠠᠨᠢᠯᠴᠠᠭᠤᠯᠵᠤ ᠥᠭᠭᠦᠨ᠎ᠡ ᠤᠤ︖ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ | ᠨᠢᠭᠡᠳᠦᠭᠡᠷ ᠭᠠᠵᠠᠷ ᠤᠨ ᠳᠠᠷᠤᠭ᠎ᠠ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠰᠢᠩ ᠴᠧᠩ᠄ | ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠤᠨ ᠬᠡᠷᠡᠭ ᠶᠠᠪᠤᠳᠠᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠳᠤ ᠳᠤᠷ᠎ᠠ ᠪᠠᠷ ᠢᠶᠠᠨ ᠣᠷᠣᠭᠤᠯᠵᠤ | ᠪᠠᠭᠰᠢ ᠶᠢᠨ ᠳᠠᠷᠤᠭᠠᠰᠤ ᠶᠢ ᠬᠦᠨᠳᠦᠷᠡᠭᠦᠯᠬᠦ ᠠᠰᠠᠭᠤᠳᠠᠯ ᠢ ᠪᠦᠲᠦᠮᠵᠢᠲᠡᠢ ᠬᠤᠷᠢᠭᠯᠠᠨ᠂ ᠪᠠᠭᠰᠢ ᠶᠢ ᠪᠦᠬᠦ ᠰᠡᠳᠬᠢᠯ | ᠪᠦᠬᠦ ᠵᠣᠷᠢᠭ ᠢᠶᠠᠷ ᠪᠢᠴᠢᠭ ᠵᠢᠭᠠᠵᠤ ᠬᠥᠮᠦᠨ ᠬᠥᠮᠦᠵᠢᠭᠦᠯᠬᠦ ᠠᠵᠢᠯ ᠳᠤ ᠣᠷᠣᠯᠴᠠᠭᠤᠯᠬᠤ ᠶᠢᠨ ᠲᠥᠯᠦᠭᠡ᠂ | ᠲᠥᠪ ᠤᠨ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ | ᠳᠤᠭᠤᠶᠢᠯᠠᠩ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠨᠡᠶᠢᠭᠡᠮ ᠤᠨ ᠬᠡᠷᠡᠭ | ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠳᠠᠷᠤᠭᠠᠰᠤ ᠶᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ | ᠨᠢᠭᠡ ᠳᠤ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠥᠪᠡᠷ ᠢᠶᠠᠨ | ᠪᠠᠶᠢᠴᠠᠭᠠᠬᠤ ᠠᠵᠢᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 3 ᠰᠠᠷ᠎ᠠ ᠠᠴᠠ ᠡᠬᠢᠯᠡᠨ᠂ ᠪᠦᠬᠦ ᠣᠷᠣᠨ ᠤ 12 ᠠᠶᠢᠮᠠᠭ ᠬᠤᠲᠠ ᠳᠤ ᠪᠠᠶᠢᠳᠠᠯ ᠢ ᠣᠶᠢᠯᠠᠭᠠᠬᠤ | ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠲᠣᠭᠤᠷᠢᠭ᠂ ᠪᠠᠯᠭᠠᠰᠤᠨ ᠤ ᠲᠣᠭᠤᠷᠢᠭ᠂ ᠬᠥᠳᠡᠭᠡ ᠲᠣᠰᠬᠤᠨ ᠤ | ᠰᠤᠷᠭᠠᠭᠤᠯᠢ ᠶᠢᠨ ᠪᠠᠭᠰᠢ ᠶᠢᠨ ᠣᠳᠣᠬᠠᠨ ᠤ ᠬᠢᠴᠢᠶᠡᠯ ᠳᠠᠭᠠᠭᠠᠬᠤ ᠠᠩᠭᠢ ᠶᠢᠨ ᠲᠤᠭ᠎ᠠ᠂ ᠭᠠᠷᠠᠭ ᠤᠨ ᠬᠢᠴᠢᠶᠡᠯ ᠤᠨ | ᠴᠠᠭ᠂ ᠬᠢᠴᠢᠶᠡᠯ ᠲᠥᠷᠦᠯ ᠤᠨ ᠵᠢᠭᠠᠨ ᠰᠤᠷᠭᠠᠯᠲᠠ ᠠᠴᠠ ᠭᠠᠳᠠᠨ᠎ᠠ ᠡᠭᠦᠷᠭᠡᠯᠡᠵᠦ ᠪᠠᠶᠢᠭ᠎ᠠ ᠰᠤᠷᠭᠠᠭᠤᠯᠢ ᠶᠢᠨ ᠠᠵᠢᠯ | ᠵᠢᠴᠢ ᠣᠶᠢᠷ᠎ᠠ ᠶᠢᠨ ᠨᠢᠭᠡ ᠵᠢᠯ ᠳᠤ ᠡᠭᠦᠷᠭᠡᠯᠡᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠬᠤᠯᠪᠤᠭᠳᠠᠬᠤ | ᠦᠭᠡᠢ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ | ᠬᠤᠶᠠᠷ ᠲᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠣᠭᠲᠠᠭᠠᠵᠤ᠂ ᠶᠡᠷᠦᠩᠬᠡᠢ ᠲᠤᠭ᠎ᠠ ᠶᠢ ᠴᠢᠩᠭ᠎ᠠ | ᠬᠢᠵᠠᠭᠠᠷᠯᠠᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ | ᠰᠤᠷᠭᠠᠯᠲᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠡᠯ᠎ᠡ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠶᠡᠷᠦᠩᠬᠡᠢ ᠲᠤᠭ᠎ᠠ ᠶᠢ ᠶᠡᠭᠡ ᠪᠠᠷ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠡᠯ᠎ᠡ ᠰᠠᠯᠠᠭ᠎ᠠ ᠮᠥᠴᠢᠷ᠂ ᠨᠢᠭᠡᠴᠢ ᠶᠢ ᠴᠠᠭ ᠲᠤᠬᠠᠢ ᠳᠤ ᠨᠢ ᠵᠣᠬᠢᠴᠠᠭᠤᠯᠵᠤ᠂ | ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠨᠠᠷ ᠲᠤ ᠬᠤᠯᠪᠤᠭᠳᠠᠭᠰᠠᠨ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠪᠠ | ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠨᠢᠭᠡᠳᠦᠯᠲᠡᠢ | ᠵᠢᠷᠤᠮᠵᠢᠭᠤᠯᠵᠤ᠂ ᠬᠦᠴᠦᠨ ᠦᠭᠡᠢ ᠪᠣᠯᠭᠠᠵᠤ ᠪᠣᠯᠬᠤ ᠶᠢ ᠡᠷᠡᠰ ᠬᠦᠴᠦᠨ ᠦᠭᠡᠢ ᠪᠣᠯᠭᠠᠵᠤ᠂ ᠣᠷᠣᠭᠤᠯᠵᠤ ᠪᠣᠯᠬᠤ | ᠣᠷᠣᠭᠤᠯᠵᠤ ᠪᠣᠯᠬᠤ ᠦᠭᠡᠢ ᠶᠢ ᠡᠷᠡᠰ ᠣᠷᠣᠭᠤᠯᠬᠤ ᠦᠭᠡᠢ᠂ ᠮᠡᠳᠡᠭᠦᠯᠦᠭᠰᠡᠨ ᠦᠭᠡᠢ ᠶᠢ ᠪᠥᠬᠦᠨ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠦᠭᠡᠢ ᠵᠠᠷᠴᠢᠮ ᠵᠢᠴᠢ ᠰᠤᠷᠭᠠᠭᠤᠯᠢ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠳᠠᠬᠢ ᠥᠷᠨᠢᠭᠦᠯᠵᠦ ᠪᠣᠯᠬᠤᠶᠢᠴᠠ ᠪᠤᠶᠤ ᠨᠢᠭᠡᠨᠲᠡ | ᠰᠤᠷᠭᠠᠭᠤᠯᠢ ᠳᠤ ᠥᠷᠨᠢᠭᠦᠯᠦᠭᠰᠡᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠠᠭᠠᠨ | ᠨᠡᠷᠡᠰ ᠤᠨ ᠬᠡᠪᠴᠢᠶᠡᠨ ᠳᠤ ᠣᠷᠣᠭᠤᠯᠬᠤ ᠦᠭᠡᠢ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠡᠷᠡᠭ ᠶᠠᠪᠤᠳᠠᠯ ᠢ | ᠪᠦᠬᠦ ᠲᠠᠯ᠎ᠠ ᠪᠠᠷ ᠪᠠᠭᠠᠰᠬᠠᠨ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠶᠢᠭᠡᠮ ᠤᠨ ᠬᠡᠷᠡᠭ | ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠪᠠᠭᠠᠰᠬᠠᠨ 5 ᠵᠦᠢᠯ ᠪᠣᠯᠭᠠᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠪᠠ | ᠤᠬᠠᠭᠤᠯᠭ᠎ᠠ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ | ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠵᠡᠷᠭᠡ 5 | ᠵᠦᠢᠯ ᠤᠨ ᠠᠵᠢᠯᠯᠠᠭ᠎ᠠ ᠶᠢ ᠦᠯᠡᠳᠡᠭᠡᠪᠡ᠃ | ᠭᠤᠷᠪᠠ ᠳᠤ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠶᠢ | ᠴᠢᠩᠭᠠᠳᠬᠠᠪᠠ᠃ 2025 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ | ᠬᠤᠲᠠ ᠶᠢᠨ ᠬᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠨᠡᠶᠢᠭᠡᠮ ᠤᠨ | ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ ᠨᠡᠶᠢᠲᠡᠯᠡᠵᠦ᠂ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠳᠤ ᠨᠡᠶᠢᠴᠡᠬᠦ ᠵᠦᠢᠯ ᠢ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠵᠦ᠂ ᠠᠳᠠᠯᠢ ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ | ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠳᠡᠭᠡᠳᠦ | ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠳᠤ ᠮᠡᠳᠡᠭᠦᠯᠵᠦ | ᠪᠦᠷᠢᠳᠬᠡᠨ ᠳᠠᠩᠰᠠᠯᠠᠭᠤᠯᠵᠤ᠂ ᠡᠯ᠎ᠡ ᠲᠥᠷᠥᠯ ᠤᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠵᠤ ᠳᠡᠰ ᠳᠡᠪᠰᠢᠭᠦᠯᠦᠨ ᠬᠢᠨᠠᠨ ᠪᠠᠶᠢᠴᠠᠭᠠᠪᠠ᠃ ᠬᠥᠳᠡᠯᠦᠩᠭᠦᠢ ᠬᠢᠨᠠᠨ ᠪᠠᠶᠢᠴᠠᠭᠠᠬᠤ | ᠲᠣᠭᠲᠠᠴᠠ ᠶᠢ ᠵᠡᠷᠭᠡ ᠪᠠᠷ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠣᠳᠠᠲᠤ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ | ᠭᠤᠷᠪᠠᠨ ᠰᠠᠷ᠎ᠠ ᠭᠠᠷᠤᠢ ᠶᠢᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ᠂ ᠮᠠᠨ ᠤ ᠣᠷᠣᠨ ᠨᠢᠭᠡᠨᠲᠡ | ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ | ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ | ᠱᠠᠲᠤᠨ ᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠴᠠᠭᠠᠨ ᠨᠡᠷᠡᠰ ᠢ | ᠨᠡᠶᠢᠲᠡᠯᠡᠵᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠬᠠᠢ ᠵᠠᠭᠠᠯᠳᠤᠵᠤ ᠢᠯᠡᠴᠢᠯᠡᠨ | ᠮᠡᠳᠡᠭᠦᠯᠵᠦ ᠬᠢᠨᠠᠯᠲᠠ ᠲᠠᠯᠪᠢᠬᠤ ᠲᠠᠪᠴᠠᠩ ᠢ ᠨᠢᠭᠡᠨᠲᠡ ᠪᠠᠶᠢᠭᠤᠯᠵᠤ᠂ ᠪᠦᠬᠦ ᠣᠷᠣᠨ ᠤ ᠡᠯ᠎ᠡ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠴᠥᠮ ᠳᠠᠷᠤᠭᠠᠰᠤ ᠶᠢ ᠬᠥᠩᠭᠡᠷᠡᠭᠦᠯᠬᠦ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠭᠰᠡᠨ ᠤ ᠬᠠᠮᠲᠤ ᠳᠣᠪᠤᠶᠢᠮ᠎ᠠ ᠠᠰᠠᠭᠤᠳᠠᠯ ᠤᠨ | ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠨᠡᠶᠢᠭᠡᠮ ᠤᠨ ᠬᠡᠷᠡᠭ ᠶᠠᠪᠤᠳᠠᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠮᠥᠷᠳᠡᠬᠦ᠂ ᠪᠠᠶᠢᠴᠠᠭᠠᠬᠤ᠂ ᠲᠤᠰᠬᠠᠬᠤ᠂ ᠮᠡᠳᠡᠭᠳᠡᠬᠦ | ᠠᠵᠢᠯ ᠢ ᠰᠠᠶᠢᠲᠤᠷ ᠠᠳᠬᠤᠪᠠ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯ᠎ᠡ | ᠭᠠᠵᠠᠷ ᠤᠨ ᠴᠠᠭᠠᠨ ᠨᠡᠷᠡᠰ ᠢ ᠨᠡᠶᠢᠲᠡᠯᠡᠭᠰᠡᠨ ᠤ ᠳᠠᠷᠠᠭᠠᠬᠢ ᠠᠵᠢᠯ ᠢ ᠦᠷᠭᠦᠯᠵᠢᠯᠡᠨ ᠬᠢᠨᠠᠨ ᠵᠢᠯᠣᠭᠤᠳᠬᠤ ᠶᠢ ᠤᠯᠠᠮ | ᠨᠢᠭᠡ ᠠᠯᠬᠤᠮ ᠴᠢᠩᠭᠠᠳᠬᠠᠵᠤ᠂ ᠬᠡᠷᠡᠭᠵᠢᠭᠦᠯᠦᠭᠰᠡᠨ ᠨᠢ ᠬᠦᠴᠦᠨ ᠦᠭᠡᠢ᠂ ᠬᠡᠯᠪᠡᠷᠢ ᠶᠢᠨ ᠲᠡᠳᠦᠢ ᠪᠠᠶᠢᠬᠤ ᠶᠢ | ᠰᠡᠷᠭᠡᠶᠢᠯᠡᠵᠦ᠂ ᠪᠠᠭᠰᠢ ᠳᠤ ᠬᠤᠯᠪᠤᠭᠳᠠᠬᠤ ᠵᠦᠢᠯ ᠢ ᠦᠨᠡᠨ ᠬᠦ ᠬᠥᠩᠭᠡᠷᠡᠭᠦᠯᠵᠦ᠂ ᠪᠠᠭᠰᠢ ᠨᠠᠷ ᠭᠤᠣᠯ | ᠬᠠᠷᠢᠭᠤᠴᠠᠯᠭ᠎ᠠ ᠪᠠ ᠭᠤᠣᠯ ᠠᠵᠢᠯ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ ᠢᠶᠠᠷ ᠪᠢᠴᠢᠭ ᠵᠢᠭᠠᠵᠤ | ᠬᠥᠮᠦᠨ ᠬᠥᠮᠦᠵᠢᠭᠦᠯᠬᠦ ᠶᠢ ᠵᠣᠷᠢᠭᠵᠢᠭᠤᠯᠪᠠ᠃ | | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠬᠥᠳᠡᠭᠡ ᠲᠣᠰᠬᠤᠨ ᠤ ᠪᠠᠭᠰᠢ ᠮᠠᠨ ᠤ | ᠣᠷᠣᠨ ᠤ ᠪᠠᠭᠰᠢ ᠶᠢᠨ ᠡᠩᠨᠡᠭᠡᠨ ᠳᠤ ᠴᠢᠬᠤᠯᠠ ᠶᠡᠭᠡ ᠬᠠᠷᠢᠴᠠᠯ ᠢ ᠡᠵᠡᠯᠡᠵᠦ ᠪᠣᠢ᠂ ᠰᠠᠶ᠋ᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠥᠵᠢᠯ ᠤᠨ ᠲᠢᠩᠬᠢᠮ ᠮᠠᠨ ᠤ ᠣᠷᠣᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠡᠯ᠎ᠡ ᠵᠦᠢᠯ ᠤᠨ ᠠᠷᠭ᠎ᠠ ᠶᠢ ᠲᠠᠨᠢᠯᠴᠠᠭᠤᠯᠬᠤ ᠳᠤ ᠪᠠᠨ᠂ ᠣᠶᠢᠷ᠎ᠠ ᠶᠢᠨ ᠵᠢᠯ᠂ ᠮᠠᠨ ᠤ ᠣᠷᠣᠨ | ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠪᠠ | ᠰᠢᠯᠢᠳᠡᠭ ᠢᠳᠡᠷ ᠵᠠᠯᠠᠭᠤ ᠪᠠᠭᠰᠢ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠶᠡᠭᠡ ᠪᠠᠷ ᠴᠢᠩᠭᠠᠳᠬᠠᠪᠠ ᠭᠡᠵᠡᠢ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠨᠡ ᠬᠦ ᠠᠵᠢᠯ ᠢ ᠶᠠᠭᠠᠬᠢᠵᠤ ᠨᠢᠭᠡᠳᠦᠯᠲᠡᠢ ᠲᠥᠯᠥᠪᠯᠡᠨ | ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠨ ᠠᠬᠢᠭᠤᠯᠵᠤ᠂ ᠦᠷ᠎ᠡ ᠪᠦᠲᠦᠮᠵᠢ ᠶᠠᠮᠠᠷ ᠪᠤᠢ︖ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠴᠢᠳᠠᠪᠤᠷᠢᠲᠠᠨ ᠢ ᠬᠥᠭᠵᠢᠭᠦᠯᠬᠦ ᠲᠥᠪ ᠤᠨ ᠳᠡᠳ᠋ ᠡᠷᠬᠢᠯᠡᠭᠴᠢ ᠰᠣ᠋ ᠺᠦᠨ᠄ | ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ | ᠮᠠᠶ᠋ᠢᠭ︾ ᠢᠶᠠᠷ ᠬᠠᠪᠰᠤᠷᠤᠨ ᠲᠡᠳᠬᠦᠬᠦ ᠪᠠᠷ ᠵᠢᠯᠣᠭᠤᠳᠤᠮᠵᠢ ᠪᠣᠯᠭᠠᠵᠤ᠂ ᠥᠨᠳᠥᠷ ᠲᠦᠪᠰᠢᠨ ᠢᠶᠠᠷ ᠠᠬᠢᠭᠤᠯᠬᠤ᠂ | ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠡᠯ᠎ᠡ ᠲᠠᠯ᠎ᠠ ᠶᠢᠨ ᠡᠬᠢ | ᠪᠠᠶᠠᠯᠢᠭ ᠢ ᠢᠳᠡᠪᠬᠢᠲᠡᠢ ᠡᠮᠬᠢᠯᠡᠨ ᠨᠡᠶᠢᠯᠡᠭᠦᠯᠵᠦ᠂ ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠬᠠᠮᠲᠤ ᠳᠤ ᠪᠠᠨ | ᠬᠥᠭᠵᠢᠭᠦᠯᠬᠦ ᠤᠭ ᠰᠠᠨᠠᠭ᠎ᠠ ᠶᠢ ᠪᠦᠲᠦᠮᠵᠢᠲᠡᠢ ᠪᠡᠶᠡᠯᠡᠭᠦᠯᠵᠦ᠂ ᠤᠯᠠᠮᠵᠢᠯᠠᠯᠲᠤ ︽ᠰᠤᠷᠭᠠᠨ ᠬᠥᠮᠦᠵᠢᠯ ᠢ | ᠳᠡᠮᠵᠢᠬᠦ︾ ︽ᠨᠡᠮᠡᠬᠦ ᠠᠷᠭ᠎ᠠ︾ ᠶᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ | ︽ᠦᠷᠡᠵᠢᠭᠦᠯᠬᠦ ᠠᠷᠭ᠎ᠠ︾ ᠪᠣᠯᠭᠠᠨ ᠬᠤᠪᠢᠷᠠᠭᠤᠯᠬᠤ ᠶᠢ ᠪᠦᠲᠦᠮᠵᠢᠲᠡᠢ ᠪᠡᠶᠡᠯᠡᠭᠦᠯᠪᠡ᠃ | ᠦᠵᠦ ᠲᠥᠯᠥᠪᠯᠡᠭᠡ ᠶᠢ ᠰᠠᠶᠢᠲᠤᠷ ᠬᠢᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ | ᠬᠠᠮᠲᠤᠷᠠᠨ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠺᠠᠳ᠋ᠷ ᠴᠢᠳᠠᠪᠤᠷᠢᠲᠠᠨ ᠤ ᠪᠦᠯᠬᠦᠮ ᠪᠠᠶᠢᠭᠤᠯᠬᠤ | ᠮᠠᠶ᠋ᠢᠭ ᠢᠶᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ | ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠤᠯᠤᠰ ᠤᠨ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠠᠴᠠ ᠪᠦᠬᠦ ᠣᠷᠣᠨ ᠤ ᠰᠤᠷᠭᠠᠨ ᠬᠥᠮᠦᠵᠢᠯ ᠤᠨ ᠪᠠᠭᠤᠷᠠᠢ ᠭᠠᠵᠠᠷ ᠣᠷᠣᠨ ᠳᠤ ᠬᠦᠷᠲᠡᠯ᠎ᠡ | ᠥᠷᠭᠡᠳᠬᠡᠵᠦ᠂ ᠬᠠᠪᠰᠤᠷᠤᠨ ᠲᠡᠳᠬᠦᠬᠦ ᠡᠭᠦᠷᠭᠡ᠂ ᠬᠠᠷᠠᠭᠠᠯᠵᠠᠯ ᠢ ᠪᠠᠲᠤᠯᠠᠬᠤ ᠪᠠ ᠤᠷᠮᠠᠰᠢᠭᠤᠯᠬᠤ ᠠᠷᠭ᠎ᠠ | ᠬᠡᠮᠵᠢᠶ᠎ᠡ ᠶᠢ ᠲᠣᠳᠣᠷᠬᠠᠶᠢᠯᠠᠨ᠂ ᠤᠷᠲᠤ ᠬᠤᠭᠤᠴᠠᠭᠠᠨ ᠤ ᠪᠦᠲᠦᠮᠵᠢᠲᠡᠢ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠵᠤ᠂ ︽ᠨᠢᠭᠡ ᠰᠢᠶᠠᠨ ᠨᠢᠭᠡ ᠬᠡᠷᠡᠭ᠂ ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠭᠡᠬᠦ ᠠᠷᠭ᠎ᠠ ᠶᠢᠨ | ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠪᠠ᠃ ᠠᠵᠢᠯᠲᠠᠨ ᠢ ᠰᠣᠩᠭᠤᠨ ᠲᠣᠮᠢᠯᠠᠬᠤ ᠠᠵᠢᠯ ᠢ ᠰᠠᠶᠢᠲᠤᠷ ᠬᠢᠬᠦ ᠲᠠᠯ᠎ᠠ ᠪᠠᠷ ᠂ | ᠳᠤᠰᠠᠯᠠᠮᠵᠢ ᠭᠦᠷᠲᠡᠬᠦ ᠰᠤᠷᠭᠠᠭᠤᠯᠢ ᠶᠢᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠴᠠᠲᠠᠢ ᠵᠣᠯᠭᠠᠭᠤᠯᠵᠤ᠂ | ᠰᠤᠷᠭᠠᠭᠤᠯᠢ ᠶᠢᠨ ᠬᠥᠭᠵᠢᠯᠲᠡ ᠶᠢᠨ ᠬᠠᠨᠳᠤᠰᠢ ᠪᠠ ᠭᠠᠵᠠᠷ ᠣᠷᠣᠨ ᠤ ᠠᠵᠤ ᠦᠢᠯᠡᠰ ᠤᠨ ᠳᠠᠪᠠᠭᠤᠯᠢᠭ ᠲᠠᠢ | ᠤᠶᠠᠯᠳᠤᠭᠤᠯᠤᠨ᠂ ᠬᠡᠷᠡᠭᠴᠡᠭᠡ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠯᠠᠨ ᠳᠡᠰ | ᠳᠠᠪᠬᠤᠷᠭ᠎ᠠ ᠪᠠᠷ ᠰᠣᠩᠭᠤᠨ ᠲᠣᠮᠢᠯᠠᠬᠤ ᠶᠢ ᠪᠠᠷᠢᠮᠲᠠᠯᠠᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ | ᠬᠦᠴᠦᠷᠬᠡᠭᠵᠢᠭᠦᠯᠪᠡ᠃ 2022 ᠣᠨ ᠠᠴᠠ ᠨᠠᠭᠠᠰᠢ᠂ 3236 ᠪᠠᠭᠰᠢ ᠶᠢ ᠰᠣᠩᠭᠤᠨ ᠲᠣᠮᠢᠯᠠᠵᠤ ᠪᠠᠭᠤᠷᠠᠢ | ᠰᠤᠷᠭᠠᠭᠤᠯᠢ ᠳᠤ ᠣᠴᠢᠭᠤᠯᠵᠤ ᠬᠤᠷᠰᠢᠶᠠᠯᠠᠨ ᠲᠡᠳᠬᠦᠪᠡ᠃ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ | ᠲᠠᠯ᠎ᠠ ᠪᠠᠷ᠂ ᠬᠠᠷᠢᠴᠠᠯ ᠶᠣᠰᠣᠭᠠᠷ ᠪᠠᠭᠰᠢ ᠶᠢ ᠠᠰ ᠲᠤ ᠨᠢ ᠬᠠᠪᠰᠤᠷᠤᠨ ᠳᠡᠳᠬᠦᠵᠦ ᠮᠡᠷᠭᠡᠵᠢᠯ ᠤᠨ ᠴᠣᠯᠠ | ᠳᠣᠭᠲᠠᠭᠠᠨ ᠠᠵᠢᠯ ᠤᠨ ᠪᠠᠶᠢᠷᠢ ᠳᠤ ᠤᠷᠢᠬᠤ᠂ ᠰᠤᠷᠭᠠᠭᠤᠯᠢ ᠶᠢᠨ ᠳᠣᠲᠤᠷ᠎ᠠ ᠠᠵᠢᠯ ᠤᠨ ᠪᠠᠶᠢᠷᠢ ᠳᠤ ᠤᠷᠢᠬᠤ | ᠦᠷᠢᠰᠦᠯᠳᠦᠭᠡᠨ ᠢ ᠲᠤᠰᠠᠭᠠᠷ ᠶᠠᠪᠤᠭᠳᠠᠭᠤᠯᠬᠤ ᠶᠢ ᠲᠣᠳᠣᠷᠬᠠᠶᠢᠯᠠᠪᠠ᠃ ᠭᠠᠵᠠᠷ ᠣᠷᠣᠨ ᠢ ᠲᠤᠰᠠᠯᠠᠬᠤ ᠰᠠᠯᠠᠭ᠎ᠠ | ᠮᠥᠴᠢᠷ ᠨᠢ ᠲᠤᠰ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠬᠢᠪᠡ᠂ ᠵᠢᠱᠢᠶᠡᠯᠡᠪᠡᠯ᠂ ᠬᠢᠩᠭᠠᠨ | ᠠᠶᠢᠮᠠᠭ ᠨᠢᠭᠲᠠ ᠬᠠᠷᠢᠯᠴᠠᠵᠤ ᠦᠢᠯᠡᠴᠢᠯᠡᠬᠦ ᠵᠡᠷᠭᠡ 10 ᠪᠣᠳᠠᠲᠠᠢ ᠪᠠᠲᠤᠯᠠᠭᠠᠨ ᠤ ᠠᠷᠭ᠎ᠠ ᠬᠡᠮᠵᠢᠶ᠎ᠡ ᠳᠤᠷᠠᠳᠪᠠ᠃ | ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ | ᠠᠵᠢᠯ ᠢ ᠥᠷᠨᠢᠭᠦᠯᠬᠦ ᠶᠠᠪᠤᠴᠠ ᠳᠤ᠂ ᠣᠨᠣᠯᠵᠢᠬᠤᠨ ᠢᠶᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠡᠯ᠎ᠡ | ᠬᠠᠪᠰᠤᠷᠤᠨ ᠲᠡᠳᠬᠦᠬᠦ ᠪᠦᠯᠬᠦᠮ ᠠᠴᠠ ᠲᠤᠰᠠᠯᠠᠮᠵᠢ ᠬᠦᠷᠲᠡᠭᠰᠡᠨ ᠰᠤᠷᠭᠠᠭᠤᠯᠢ ᠶᠢ ᠬᠠᠪᠰᠤᠷᠤᠨ ᠬᠥᠭᠵᠢᠭᠦᠯᠬᠦ | ᠲᠥᠯᠥᠪᠵᠢᠭᠦᠯᠭᠡ ᠲᠣᠭᠲᠠᠭᠠᠨ᠂ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠡᠷᠢᠭᠦᠨ ᠤ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢᠨ ᠣᠨᠣᠯᠵᠢᠬᠤᠨ ᠢ ︽ᠬᠥᠷᠥᠰᠥ ᠰᠢᠷᠣᠢ ᠲᠠᠢ ᠨᠢ ᠬᠠᠮᠲᠤ︾ ᠲᠤᠰᠠᠯᠠᠮᠵᠢ | ᠬᠦᠷᠲᠡᠬᠦ ᠰᠤᠷᠭᠠᠭᠤᠯᠢ ᠳᠤ ᠣᠷᠣᠭᠤᠯᠵᠤ᠂ ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ ᠲᠠᠪᠠᠯᠳᠠᠳᠤ ᠮᠠᠶ᠋ᠢᠭ ᠤᠨ | ᠬᠥᠭᠵᠢᠯᠲᠡ ᠳᠤ ᠬᠠᠪᠰᠤᠷᠤᠮᠵᠢ ᠦᠵᠡᠭᠦᠯᠪᠡ᠃ ᠵᠢᠭᠠᠬᠤ ᠶᠢ ᠰᠤᠳᠤᠯᠬᠤ ᠶᠢᠨ ᠬᠥᠲᠦᠯᠦᠨ ᠳᠠᠭᠠᠭᠤᠯᠬᠤ ᠶᠢ | ᠴᠢᠬᠤᠯᠠᠴᠢᠯᠠᠵᠤ᠂ ᠰᠤᠷᠭᠠᠭᠤᠯᠢ ᠶᠢᠨ ᠵᠢᠭᠠᠬᠤ ᠶᠢ ᠰᠤᠳᠤᠯᠬᠤ ᠪᠠᠷ ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ | ᠪᠠᠭᠰᠢ ᠶᠢ ᠬᠠᠪᠰᠤᠷᠤᠨ ᠵᠢᠭᠠᠬᠤ ᠰᠤᠷᠬᠤ ᠦᠨᠡᠯᠡᠬᠦ ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ | ᠵᠠᠭᠪᠤᠷ ᠢ ᠪᠠᠶᠢᠭᠤᠯᠵᠤ᠂ ᠰᠣᠳᠤᠯᠬᠤ ᠠᠷᠭ᠎ᠠ ᠵᠠᠮ᠂ ᠵᠢᠭᠠᠬᠤ ᠶᠢ ᠰᠤᠳᠤᠯᠬᠤ ᠠᠵᠢᠯᠯᠠᠭ᠎ᠠ᠂ ᠦᠢᠯᠡᠳᠦᠯᠭᠡ ᠶᠢᠨ | ᠠᠵᠢᠯᠯᠠᠭ᠎ᠠ᠂ ᠳᠠᠰᠬᠠᠯ ᠤᠨ ᠬᠠᠮᠢᠶᠠᠷᠤᠯᠲᠠ᠂ ᠴᠢᠨᠠᠷ ᠴᠢᠨᠰᠠᠭᠠᠨ ᠤ ᠬᠢᠨᠠᠨ ᠰᠢᠯᠭᠠᠯᠲᠠ ᠶᠢ ᠵᠢᠷᠤᠮᠵᠢᠭᠤᠯᠤᠨ᠂ | ᠲᠤᠰᠠᠯᠠᠮᠵᠢ ᠬᠦᠷᠲᠡᠭᠰᠡᠨ ᠰᠤᠷᠭᠠᠭᠤᠯᠢ ᠶᠢᠨ ᠪᠠᠭᠰᠢ ᠶᠢ ᠬᠠᠪᠰᠤᠷᠤᠨ ᠥᠳᠲᠡᠷ ᠲᠦᠷᠭᠡᠨ ᠪᠤᠶᠢᠵᠢᠭᠤᠯᠵᠤ᠂ | ᠪᠠᠭᠰᠢ ᠶᠢᠨ ᠪᠦᠯᠬᠦᠮ ᠢ ᠬᠠᠪᠰᠤᠷᠤᠨ 65000 ᠭᠠᠷᠤᠢ ᠤᠳᠠᠭ᠎ᠠ ᠰᠤᠷᠭᠠᠭᠤᠯᠢ ᠶᠢᠨ ᠵᠢᠭᠠᠬᠤ ᠶᠢ ᠰᠣᠳᠤᠯᠬᠤ ᠶᠢ | ᠥᠷᠨᠢᠭᠦᠯᠪᠡ᠃ ᠡᠭᠦᠨ ᠠᠴᠠ ᠭᠠᠳᠠᠨ᠎ᠠ᠂ ᠪᠢᠳᠡ ᠪᠠᠰᠠ ᠣᠷᠣᠨ ᠨᠤᠲᠤᠭ ᠤᠨ ᠪᠠᠭᠰᠢ ᠶᠢᠨ ᠦᠰᠦᠨ ᠪᠤᠶᠢᠵᠢᠯᠲᠠ ᠶᠢ | ᠴᠢᠬᠤᠯᠠᠴᠢᠯᠠᠵᠤ᠂ ᠬᠠᠪᠰᠤᠷᠤᠨ ᠲᠡᠳᠬᠦᠬᠦ ᠪᠦᠯᠬᠦᠮ ᠤᠨ ᠬᠢᠨ ᠡᠭᠦᠳᠡ ᠨᠡᠭᠡᠭᠡᠬᠦ ᠬᠢᠴᠢᠶᠡᠯ᠂ ᠵᠢᠱᠢᠶ᠎ᠡ ᠦᠵᠡᠭᠦᠯᠬᠦ | ᠬᠢᠴᠢᠶᠡᠯ᠂ ᠢᠯᠡ ᠬᠢᠴᠢᠶᠡᠯ ᠢ ᠲᠥᠪᠯᠡᠷᠡᠭᠦᠯᠦᠨ ᠨᠡᠭᠡᠭᠡᠵᠦ᠂ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠪᠠᠭᠰᠢ ᠲᠠᠢ | 2000 ᠭᠠᠷᠤᠢ ᠬᠤᠣᠰ ︽ᠪᠠᠭᠰᠢ ᠠᠵᠢᠯᠲᠠᠨ ᠬᠤᠷᠰᠢᠶᠠᠯᠠᠵᠤ︾᠂ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ | ᠪᠣᠢ ᠪᠣᠯᠭᠠᠪᠠ᠃ ᠬᠠᠮᠲᠤ ᠳᠤ ᠪᠠᠨ ᠵᠢᠭᠠᠨ ᠰᠤᠷᠭᠠᠬᠤ᠂ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠬᠠᠮᠲᠤ ᠳᠤ ᠪᠠᠨ | ᠵᠢᠭᠠᠨ ᠰᠤᠷᠭᠠᠯᠲᠠ ᠶᠢᠨ ᠲᠥᠯᠥᠪᠯᠡᠭᠡ ᠲᠣᠭᠲᠠᠭᠠᠬᠤ ᠪᠠᠷ ᠳᠠᠮᠵᠢᠭᠤᠯᠤᠨ᠂ ᠬᠠᠮᠲᠤ ᠳᠤ ᠪᠠᠨ ᠥᠰᠦᠨ ᠪᠤᠶᠢᠵᠢᠬᠤ ᠶᠢ | ᠠᠬᠢᠭᠤᠯᠵᠤ᠂ ᠨᠢᠭᠡ ᠰᠠᠯᠠᠭ᠎ᠠ ᠯᠠᠪᠳᠠᠭᠤᠨ ᠪᠠᠲᠤᠲᠠᠢ ᠰᠢᠯᠢᠳᠡᠭ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ | ︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠲᠦᠰᠢᠭᠯᠡᠨ᠂ ᠪᠢᠳᠡ ᠪᠡᠭᠡᠵᠢᠩ ᠤᠨ ᠳᠡᠮᠵᠢᠯᠭᠡ ᠶᠢ | ᠣᠯᠵᠤ᠂ ᠪᠡᠭᠡᠵᠢᠩ ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠬᠤᠷᠰᠢᠶᠠᠯᠠᠨ ᠪᠠᠶᠢᠭᠤᠯᠬᠤ ᠶᠢ | ᠠᠬᠢᠭᠤᠯᠵᠤ᠂ 2023 ᠣᠨ ᠳᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ | ᠣᠶᠤᠨᠴᠢ ᠲᠠᠪᠴᠠᠩ ᠢ ᠡᠬᠢᠯᠡᠨ ᠠᠵᠢᠯᠯᠠᠭᠤᠯᠵᠤ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠥᠪᠥᠷ ᠮᠣᠩᠭᠤᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠨᠢᠭᠡ ᠥᠷᠲᠡᠭᠡ ᠮᠠᠶ᠋ᠢᠭ ᠢᠶᠠᠷ | ᠳᠠᠮᠵᠢᠭᠤᠯᠤᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠣᠶᠤᠨᠴᠢ | ᠲᠠᠪᠴᠠᠩ ᠳᠤ ᠭᠠᠷᠬᠤ ᠶᠢ ᠪᠡᠶᠡᠯᠡᠭᠦᠯᠵᠦ᠂ ᠪᠡᠭᠡᠵᠢᠩ ᠤᠨ ᠲᠣᠭᠠᠵᠢᠭᠰᠠᠨ ᠰᠤᠷᠭᠠᠨ ᠬᠥᠮᠦᠵᠢᠯ ᠤᠨ ᠲᠥᠪ ᠤᠨ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠥᠷᠳᠡᠵᠦ᠂ ᠪᠡᠭᠡᠵᠢᠩ ᠤᠨ ᠰᠤᠷᠭᠠᠭᠤᠯᠢ ᠲᠠᠢ ᠢᠵᠢᠯ | ᠠᠯᠬᠤᠮᠲᠤ ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ ᠶᠢ ᠥᠷᠨᠢᠭᠦᠯᠪᠡ᠃ 2024 | ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠪᠡᠭᠡᠵᠢᠩ ᠤᠨ ᠰᠢᠯᠢᠳᠡᠭ ᠰᠤᠷᠭᠠᠭᠤᠯᠢ ᠲᠠᠢ 5 ᠤᠳᠠᠭ᠎ᠠ | ︽ᠢᠵᠢᠯ ᠠᠯᠬᠤᠮᠲᠤ ᠬᠢᠴᠢᠶᠡᠯ ᠤᠨ ᠲᠠᠩᠬᠢᠮ᠂ ᠢᠵᠢᠯ ᠠᠯᠬᠤᠮᠲᠤ ᠵᠢᠭᠠᠬᠤ ᠶᠢ ᠰᠤᠳᠤᠯᠬᠤ︾ ᠭᠤᠣᠯ ᠰᠡᠳᠦᠪᠲᠦ | ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠶᠢ ᠨᠥᠯᠥᠭᠡᠯᠡᠨ ᠳᠠᠶᠢᠴᠢᠯᠠᠵᠤ ᠣᠷᠣᠯᠴᠠᠭᠤᠯᠪᠠ᠃ | ᠳᠡᠭᠡᠷ᠎ᠡ ᠳᠤᠷᠠᠳᠤᠭᠰᠠᠨ ︽ᠪᠦᠯᠬᠦᠮ ᠪᠠᠶᠢᠭᠤᠯᠬᠤ ᠮᠠᠶ᠋ᠢᠭ ᠢᠶᠠᠷ ᠬᠠᠪᠰᠤᠷᠤᠨ ᠲᠡᠳᠬᠦᠬᠦ ᠪᠠ ᠪᠡᠭᠡᠵᠢᠩ ᠥᠪᠥᠷ | ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠠᠷ ᠳᠠᠮᠵᠢᠨ᠂ ᠮᠠᠨ ᠤ ᠣᠷᠣᠨ ᠤ ᠰᠤᠷᠭᠠᠨ ᠬᠥᠮᠦᠵᠢᠯ ᠤᠨ | ᠰᠠᠭᠤᠷᠢ ᠪᠠᠷ ᠠᠨᠠᠢ ᠭᠠᠵᠠᠷ ᠣᠷᠣᠨ ᠤ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠠᠮᠢᠶᠠᠷᠤᠯᠲᠠ ᠪᠠ ᠪᠦᠬᠦᠯᠢ ᠴᠣᠭᠴᠠ ᠪᠠᠷ ᠬᠥᠮᠦᠨ | ᠬᠥᠮᠦᠵᠢᠭᠦᠯᠬᠦ ᠬᠢᠷᠢ ᠲᠦᠪᠰᠢᠨ ᠴᠥᠮ ᠢᠯᠡᠳᠲᠡ ᠳᠡᠭᠡᠭᠰᠢᠯᠡᠵᠦ᠂ ᠮᠠᠨ ᠤ ᠣᠷᠣᠨ ᠤ ᠬᠤᠰᠢᠭᠤ ᠰᠢᠶᠠᠨ ᠵᠢᠴᠢ | ᠲᠡᠭᠦᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠪᠣᠯᠤᠨ ᠬᠤᠲᠠ ᠶᠢᠨ ᠲᠣᠭᠤᠷᠢᠭ ᠤᠨ ᠰᠤᠷᠭᠠᠭᠤᠯᠢ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠳᠬᠡᠨ ᠪᠠᠭᠠᠰᠬᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠲᠤ ᠴᠢᠩᠭ᠎ᠠ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠪᠠ᠃ | | | ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶᠠᠨ ᠤ ᠰᠤᠷᠪᠤᠯᠵᠢᠯᠠᠭᠴᠢ᠄ ᠰᠠᠶ᠋ᠢᠬᠠᠨ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠣᠯᠠᠨ ᠰᠠᠯᠠᠭ᠎ᠠ ᠮᠥᠴᠢᠷ ᠤᠨ ᠬᠢᠨ ᠵᠡᠷᠭᠡ ᠪᠠᠷ ᠬᠦᠴᠦᠯᠡᠵᠦ᠂ ᠣᠯᠠᠨ | ᠠᠷᠭ᠎ᠠ ᠶᠢ ᠵᠡᠷᠭᠡ ᠪᠠᠷ ᠬᠡᠷᠡᠭᠯᠡᠬᠦ ᠴᠢᠬᠤᠯᠠᠲᠠᠢ ᠭᠡᠵᠦ ᠶᠠᠷᠢᠪᠠ᠂ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ | ᠰᠠᠯᠠᠭ᠎ᠠ ᠮᠥᠴᠢᠷ ᠤᠨ ᠬᠢᠨ ᠪᠠᠭᠰᠢ ᠶᠢᠨ ᠣᠷᠣᠨ ᠲᠣᠭᠠᠨ ᠤ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠶᠠᠮᠠᠷ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠤᠭᠰᠠᠨ ᠪᠣᠢ︖ | ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠤᠨ ᠳᠥᠷᠪᠡᠳᠦᠭᠡᠷ ᠭᠠᠵᠠᠷ ᠤᠨ ᠳᠠᠷᠤᠭ᠎ᠠ | ᠵᠠᠩ ᠨᠠᠨ᠄ | ᠳᠣᠣᠷ᠎ᠠ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠣᠭᠠᠨᠤ ᠠᠯᠪᠠᠨ ᠭᠡᠷ ᠤᠨ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠣᠭᠠᠨᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ | ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠠᠬᠢᠭᠤᠯᠬᠤ ᠵᠡᠷᠭᠡ ᠲᠠᠯ᠎ᠠ ᠪᠠᠷ ᠳᠦᠭᠦᠮ ᠶᠠᠷᠢᠶ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ ᠨᠢᠭᠡ ᠳᠤ᠂ ᠬᠤᠲᠠ ᠬᠥᠳᠡᠭᠡ ᠶᠢᠨ ᠣᠷᠣᠨ ᠲᠣᠭᠠᠨ ᠤ | ᠪᠠᠷᠢᠮᠵᠢᠶ᠎ᠠ ᠶᠢ ᠨᠢᠭᠡᠳᠭᠡᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠠᠷᠭ᠎ᠠ︾ ᠳᠤ | ︽ᠠᠩᠭᠢ ᠪᠣᠯᠤᠨ ᠪᠠᠭᠰᠢ ᠶᠢᠨ ᠬᠠᠷᠢᠴᠠᠯ︾ ᠪᠠ ︽ᠰᠤᠷᠤᠭᠴᠢ ᠪᠣᠯᠤᠨ ᠪᠠᠭᠰᠢ ᠶᠢᠨ ᠬᠠᠷᠢᠴᠠᠯ︾ ᠢ ᠤᠶᠠᠯᠳᠤᠭᠤᠯᠬᠤ | ᠠᠷᠭ᠎ᠠ ᠮᠠᠶ᠋ᠢᠭ ᠢ ᠬᠡᠷᠡᠭᠯᠡᠨ᠂ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠠᠳᠠᠯᠢ | ᠪᠤᠰᠤ ᠭᠠᠵᠠᠷ ᠣᠷᠣᠨ᠂ ᠬᠤᠲᠠ ᠬᠥᠳᠡᠭᠡ᠂ ᠰᠤᠷᠭᠠᠭᠤᠯᠢ ᠵᠢᠴᠢ ᠰᠤᠷᠤᠯᠭ᠎ᠠ ᠶᠢᠨ ᠱᠠᠲᠤᠨ ᠤ ᠬᠤᠭᠤᠷᠣᠨᠳᠣᠬᠢ | ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠪᠠᠭᠰᠢ ᠶᠢᠨ ᠣᠷᠣᠨ | ᠲᠣᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ ᠤᠨ ᠲᠠᠯ᠎ᠠ ᠠᠴᠠ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠣᠭᠠᠨ ᠤ ᠬᠠᠮᠢᠶᠠᠷᠤᠯᠲᠠ ᠶᠢ ᠨᠡᠩ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠬᠤ ᠶᠢ ᠪᠠᠲᠤᠯᠠᠪᠠ᠃ ᠬᠤᠶᠠᠷ ᠲᠤ᠂ ᠨᠠᠶᠢᠷᠠᠭᠤᠯᠤᠨ ᠵᠣᠬᠢᠶᠠᠬᠤ ᠡᠬᠢ ᠪᠠᠶᠠᠯᠢᠭ ᠢ | ᠪᠦᠲᠦᠮᠵᠢᠲᠡᠢ ᠪᠥᠭᠡᠳ ᠠᠮᠢᠳᠤᠯᠢᠭ ᠪᠣᠯᠭᠠᠪᠠ᠃ ᠡᠯ᠎ᠡ ᠭᠠᠵᠠᠷ ᠤᠨ ᠰᠤᠷᠤᠭᠴᠢ ᠶᠢᠨ ᠢᠷᠡᠯᠲᠡ ᠶᠢᠨ ᠪᠠᠶᠢᠳᠠᠯ ᠢ | ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠬᠢᠨᠠᠨ ᠲᠣᠭᠲᠠᠭᠠᠭᠰᠠᠨ ᠣᠷᠣᠨ ᠲᠣᠭᠠᠨ ᠤ ᠶᠡᠷᠦᠩᠬᠡᠢ ᠲᠤᠭ᠎ᠠ 26.9 | ᠲᠦᠮᠡᠨ ᠬᠥᠮᠦᠨ ᠪᠣᠯᠪᠠ᠃ ᠡᠯ᠎ᠡ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠨ ᠣᠷᠣᠨ | ᠲᠤᠭ᠎ᠠ ᠶᠢ ᠪᠦᠬᠦ ᠲᠠᠯ᠎ᠠ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ ᠵᠣᠬᠢᠬᠤ ᠬᠠᠷᠢᠴᠠᠯ ᠢᠶᠠᠷ ᠨᠡᠮᠡᠯᠲᠡ ᠣᠷᠣᠨ | ᠲᠤᠭ᠎ᠠ ᠶᠢ ᠬᠢᠨᠠᠨ ᠲᠣᠭᠲᠠᠭᠠᠵᠤ ᠪᠠᠭᠰᠢ ᠶᠢ ᠳᠠᠪᠲᠠᠨ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠳᠡᠮᠵᠢᠵᠦ | ᠰᠣᠯᠢᠯᠴᠠᠬᠤ ᠵᠡᠷᠭᠡ ᠣᠷᠣᠨ ᠲᠣᠭᠠᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠬᠡᠷᠡᠭᠯᠡᠵᠦ᠂ ᠰᠠᠭᠤᠷᠢ | ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠬᠡᠷᠡᠭᠴᠡᠭᠡ ᠶᠢ ᠭᠦᠢᠴᠡᠳ ᠪᠠᠲᠤᠯᠠᠪᠠ᠃ ᠭᠤᠷᠪᠠ ᠳᠤ᠂ | ᠡᠬᠢ ᠪᠠᠶᠠᠯᠢᠭ ᠤᠨ ᠡᠷᠭᠢᠯᠲᠡ ᠶᠢ ᠨᠠᠶᠢᠷᠠᠭᠤᠯᠤᠨ ᠵᠣᠬᠢᠶᠠᠬᠤ ᠲᠣᠭᠲᠠᠴᠠ ᠶᠢ ᠬᠡᠷᠡᠭᠵᠢᠭᠦᠯᠪᠡ᠃ ᠡᠯ᠎ᠡ ᠱᠠᠲᠤᠨ ᠤ | ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ 2016 ᠣᠨ᠂ 2019 ᠣᠨ ᠪᠠ 2022 ᠣᠨ ᠳᠤ ᠭᠤᠷᠪᠠ ᠤᠳᠠᠭ᠎ᠠ | ᠶᠡᠷᠦᠩᠬᠡᠢ ᠲᠣᠭᠠᠨ ᠤ ᠳᠣᠲᠣᠷ᠎ᠠ 1.37 ᠲᠦᠮᠡᠨ ᠪᠠᠭᠰᠢ ᠶᠢᠨ ᠣᠷᠣᠨ ᠲᠤᠭ᠎ᠠ ᠶᠢ ᠬᠥᠳᠡᠯᠦᠩᠭᠦᠢ ᠲᠣᠬᠢᠷᠠᠭᠤᠯᠵᠤ᠂ | ᠰᠤᠷᠤᠭᠴᠢ ᠶᠢᠨ ᠢᠷᠡᠯᠲᠡ ᠶᠢᠨ ᠭᠠᠵᠠᠷ ᠢ ᠪᠠᠲᠤᠯᠠᠬᠤ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ | ᠭᠤᠣᠯᠳᠠᠯᠭ᠎ᠠ ᠲᠠᠢ ᠭᠠᠵᠠᠷ ᠣᠷᠣᠨ ᠤ ᠪᠠᠭᠰᠢ ᠶᠢᠨ ᠣᠷᠣᠨ ᠲᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠪᠡ᠃ ᠳᠥᠷᠪᠡ ᠳᠤ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠠᠬᠢᠭᠤᠯᠪᠠ᠃ ᠪᠦᠬᠦ ᠣᠷᠣᠨ | ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠵᠤ ᠬᠡᠷᠡᠭᠯᠡᠬᠦ ᠬᠤᠭᠤᠰᠤᠨ ᠣᠷᠣᠨ ᠲᠣᠭᠠᠨ ᠤ ᠲᠥᠯᠥᠪᠯᠡᠭᠡ ᠶᠢ | ᠬᠢᠨᠠᠨ ᠵᠥᠪᠰᠢᠶᠡᠷᠡᠬᠦ ᠡᠷᠬᠡ ᠮᠡᠳᠡᠯ ᠢ ᠡᠯ᠎ᠡ ᠠᠶᠢᠮᠠᠭ ᠬᠤᠲᠠ ᠳᠤ ᠪᠠᠭᠤᠯᠭᠠᠵᠤ᠂ ᠲᠤᠬᠠᠢ ᠶᠢᠨ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ | ᠠᠵᠢᠯᠴᠢᠨ ᠤ ᠣᠷᠣᠨ ᠲᠣᠭᠠᠨ ᠤ ᠶᠡᠷᠦᠩᠬᠡᠢ ᠲᠣᠭᠠᠨ ᠤ ᠳᠣᠲᠣᠷ᠎ᠠ ᠲᠤᠰ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠡᠵᠡᠨ ᠮᠡᠳᠡᠨ ᠲᠣᠬᠢᠷᠠᠭᠤᠯᠵᠤ᠂ ᠬᠤᠲᠠ | ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠭᠤᠯᠢ ᠡᠷᠬᠢᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ | ᠬᠠᠩᠭᠠᠪᠠ᠃ | ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠤᠭ᠎ᠠ ᠶᠢ ᠪᠠᠷᠢᠮᠵᠢᠶ᠎ᠠ ᠶᠣᠰᠣᠭᠠᠷ ᠰᠢᠨᠵᠢᠯᠡᠬᠦ | ᠤᠬᠠᠭᠠᠨᠴᠢ ᠪᠠᠷ ᠬᠢᠨᠠᠨ ᠳᠣᠭᠲᠠᠭᠠᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ | ᠳᠡᠭᠡᠳᠦ ᠰᠤᠷᠭᠠᠭᠤᠯᠢ ᠶᠢᠨ ᠬᠢᠨᠠᠨ ᠵᠥᠪᠰᠢᠶᠡᠷᠡᠭᠰᠡᠨ ᠠᠵᠢᠯᠲᠠᠨ ᠤ ᠶᠡᠷᠦᠩᠬᠡᠢ ᠲᠤᠭ᠎ᠠ ᠳᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ︽ᠰᠤᠷᠤᠭᠴᠢ ᠪᠣᠯᠤᠨ ᠪᠠᠭᠰᠢ ᠶᠢᠨ ᠬᠠᠷᠢᠴᠠᠯ︾ ᠶᠣᠰᠣᠭᠠᠷ ᠲᠤᠰᠬᠠᠢ | ᠲᠣᠮᠢᠯᠠᠭᠰᠠᠨ ᠪᠠᠭᠰᠢ ᠶᠢᠨ ᠶᠡᠷᠦᠩᠬᠡᠢ ᠲᠤᠭ᠎ᠠ ᠶᠢ ᠬᠢᠨᠠᠨ ᠳᠣᠭᠲᠠᠭᠠᠪᠠ᠃ ︽ᠣᠷᠣᠨ ᠲᠤᠭ᠎ᠠ + ᠡᠵᠡᠮᠳᠡᠬᠦ | ᠲᠤᠭ᠎ᠠ︾ ᠭᠡᠬᠦ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ᠥᠪᠥᠷ | ᠮᠣᠩᠭᠤᠯ ᠤᠨ ᠶᠡᠭᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ ᠱᠠᠲᠤᠨ ᠤ 14 ᠶᠡᠭᠡ ᠳᠡᠭᠡᠳᠦ | ᠰᠤᠷᠭᠠᠭᠤᠯᠢ ᠳᠤ 2 ᠲᠦᠮᠡ ᠭᠠᠷᠤᠢ ᠪᠠᠭᠰᠢ ᠶᠢᠨ ᠶᠡᠷᠦᠩᠬᠡᠢ ᠲᠤᠭ᠎ᠠ ᠶᠢ ᠬᠢᠨᠠᠨ ᠲᠣᠭᠲᠠᠭᠠᠪᠠ᠃ ᠡᠯ᠎ᠡ ᠠᠶᠢᠮᠠᠭ | ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠠᠯᠪᠠᠨ ᠭᠡᠷ ᠪᠠ ᠬᠥᠬᠡᠬᠤᠲᠠ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠵᠡᠷᠭᠡ 9 ᠠᠶᠢᠮᠠᠭ ᠬᠤᠲᠠ ᠶᠢᠨ ᠬᠠᠷᠢᠶ᠎ᠠ ᠳᠡᠭᠡᠳᠦ ᠰᠤᠷᠭᠠᠭᠤᠯᠢ ᠶᠢᠨ ᠬᠢᠨᠠᠨ ᠲᠣᠭᠲᠠᠭᠠᠭᠰᠠᠨ | ᠪᠠᠭᠰᠢ ᠶᠢᠨ ᠶᠡᠷᠦᠩᠬᠡᠢ ᠲᠤᠭ᠎ᠠ 6000 ᠭᠠᠷᠤᠢ ᠪᠣᠢ᠃ ᠬᠤᠶᠠᠷ ᠲᠤ᠂ ᠳᠡᠭᠡᠳᠦ ᠰᠤᠷᠭᠠᠭᠤᠯᠢ ᠶᠢᠨ ᠠᠵᠢᠯᠲᠠᠨ ᠤ | ᠣᠷᠣᠨ ᠲᠣᠭᠠᠨ ᠤ ᠪᠦᠲᠦᠴᠡ ᠶᠢ ᠵᠦᠢ ᠵᠣᠬᠢᠰᠲᠠᠢ ᠳᠣᠭᠲᠠᠭᠠᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ | ᠠᠵᠢᠯᠲᠠᠨ ᠤ ᠶᠡᠷᠦᠩᠬᠡᠢ ᠲᠣᠭᠠᠨ ᠤ ᠪᠦᠲᠦᠴᠡ ᠶᠢ ᠬᠢᠨᠠᠨ ᠲᠣᠭᠲᠠᠭᠠᠬᠤ ᠳᠤ ᠪᠠᠨ ᠪᠠᠭᠰᠢ ᠰᠤᠷᠤᠭᠴᠢ ᠶᠢᠨ | ᠬᠠᠷᠢᠴᠠᠯ ᠢᠶᠠᠷ ᠲᠤᠰᠬᠠᠢ ᠲᠣᠮᠢᠯᠠᠭᠰᠠᠨ ᠪᠠᠭᠰᠢ ᠶᠢᠨ ᠶᠡᠷᠦᠩᠬᠡᠢ ᠲᠤᠭ᠎ᠠ ᠶᠢ ᠴᠢᠩᠭ᠎ᠠ ᠵᠢᠷᠤᠮᠯᠠᠨ᠂ ᠨᠠᠮ ᠵᠠᠰᠠᠭ ᠤᠨ | ᠬᠠᠮᠢᠶᠠᠷᠤᠯᠲᠠ ᠶᠢᠨ ᠠᠵᠢᠯᠲᠠᠨ ᠪᠣᠯᠤᠨ ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠠᠵᠢᠯᠲᠠᠨ ᠤ ᠬᠠᠷᠢᠴᠠᠯ ᠢ | ᠪᠠᠭᠠᠰᠬᠠᠨ᠂ ᠣᠷᠣᠨ ᠲᠣᠭᠠᠨ ᠤ ᠡᠬᠢ ᠪᠠᠶᠠᠯᠢᠭ ᠢ ᠪᠠᠲᠤᠯᠠᠬᠤ ᠭᠤᠣᠯᠳᠠᠯᠭ᠎ᠠ ᠲᠠᠢ ᠬᠢᠴᠢᠶᠡᠯ ᠲᠥᠷᠥᠯ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠦᠰ ᠢ ᠦᠨᠡᠨ ᠬᠦ ᠪᠠᠲᠤᠯᠠᠵᠤ᠂ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠳᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠪᠠᠲᠤᠯᠠᠭ᠎ᠠ ᠬᠠᠩᠭᠠᠪᠠ᠃ | ᠴᠢᠳᠠᠪᠤᠷᠢᠲᠠᠨ ᠤ ᠣᠷᠣᠨ ᠲᠣᠭᠠᠨ ᠤ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠨᠢᠭᠡ ᠳᠤ᠂ 2023 | ᠣᠨ ᠤ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠣᠷᠣᠨ ᠲᠣᠭᠠᠨ ᠤ ᠰᠠᠨᠠᠯ ᠳᠤ ᠰᠢᠨ᠎ᠡ ᠪᠠᠷ ᠵᠠᠰᠠᠪᠤᠷᠢ | ᠣᠷᠣᠭᠤᠯᠪᠠ᠃ ᠳᠡᠭᠡᠳᠦ ᠳᠡᠰ ᠤᠨ ᠴᠢᠳᠠᠪᠤᠷᠢᠲᠠᠨ ᠤ ᠣᠷᠣᠨ ᠲᠣᠭᠠᠨ ᠤ ︽ᠡᠷᠭᠢᠯᠲᠡ ᠶᠢᠨ ᠲᠠᠲᠠᠭᠠᠯ︾ ᠢ 2016 | ᠣᠨ ᠤ 600 ᠠᠴᠠ 2000 ᠪᠣᠯᠭᠠᠨ ᠨᠡᠮᠡᠵᠦ᠂ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠪᠠ᠃ ᠣᠷᠣᠨ ᠲᠤᠭ᠎ᠠ ᠳᠤᠲᠠᠭᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ︽ᠨᠢᠭᠡ ᠶᠢ ᠣᠷᠣᠭᠤᠯᠤᠨ | ᠠᠪᠴᠢᠷᠠᠪᠠᠯ ᠨᠢᠭᠡ ᠶᠢ ᠪᠠᠲᠤᠯᠠᠬᠤ︾ ᠪᠠᠶᠢᠩᠭᠤ ᠶᠢᠨ ᠣᠷᠣᠨ ᠲᠣᠭᠠᠨ ᠤ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠪᠠ᠃ ᠬᠤᠶᠠᠷ ᠲᠤ᠂ ︽ᠰᠠᠭᠠᠳ ᠦᠭᠡᠢ ᠨᠡᠪᠲᠡᠷᠡᠬᠦ ᠵᠠᠮ︾ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠬᠤᠭᠤᠰᠤᠨ ᠣᠷᠣᠨ ᠲᠤᠭ᠎ᠠ ᠶᠢ ᠬᠡᠷᠡᠭᠯᠡᠬᠦ ᠲᠥᠯᠥᠪᠯᠡᠭᠡ ᠶᠢ ᠨᠢᠭᠡᠳᠦᠯᠲᠡᠢ ᠲᠥᠯᠦᠪᠯᠡᠪᠡ᠃ ᠭᠦᠢᠴᠡᠳᠬᠡᠬᠦ | ᠴᠤᠪᠤᠷᠠᠯ ᠤᠨ ᠴᠠᠭ ᠤᠨ ᠬᠢᠵᠠᠭᠠᠷ ᠢ ᠴᠣᠮᠬᠠᠳᠬᠠᠵᠤ᠂ ᠶᠡᠭᠡ ᠳᠡᠭᠡᠳᠦ ᠰᠤᠷᠭᠠᠭᠤᠯᠢ ᠡᠵᠡᠨ ᠮᠡᠳᠡᠵᠦ ᠤᠷᠢᠬᠤ ᠶᠢ | ᠳᠡᠮᠵᠢᠪᠡ᠃ ᠡᠨᠡ ᠵᠢᠯ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 12 ᠶᠡᠭᠡ ᠳᠡᠭᠡᠳᠦ ᠰᠤᠷᠭᠠᠭᠤᠯᠢ ᠳᠤ | 300 ᠭᠠᠷᠤᠢ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠣᠷᠣᠨ ᠲᠣᠭᠠᠨ ᠤ ᠪᠠᠲᠤᠯᠠᠭ᠎ᠠ | ᠬᠠᠩᠭᠠᠭᠰᠠᠨ ᠪᠠᠶᠢᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ | ᠪᠠᠲᠤᠯᠠᠭᠰᠠᠨ ︽ᠲᠣᠭᠲᠠᠭᠠᠯ︾ ᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠲᠤᠬᠠᠢ ᠲᠣᠳᠣᠷᠬᠠᠢ ᠳᠤᠷᠠᠳᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠣᠷᠣᠨ ᠲᠣᠭᠠᠨ ᠤ ᠠᠯᠪᠠᠨ ᠭᠡᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠮᠠᠨ ᠤ ᠣᠷᠣᠨ ᠤ ᠰᠤᠷᠭᠠᠨ | ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠪᠠᠶᠢᠭᠤᠯᠤᠮᠵᠢ ᠣᠷᠣᠨ ᠲᠣᠭᠠᠨ ᠤ ᠠᠯᠪᠠᠨ | ᠭᠡᠷ ᠤᠨ ᠬᠦᠴᠦᠨ ᠴᠢᠳᠠᠯ ᠢᠶᠠᠨ ᠡᠷᠭᠦᠨ᠎ᠡ᠃ | | | ᠳᠤᠮᠳᠠᠳᠤ ᠤᠯᠤᠰ ᠤᠨ ᠰᠤᠷᠭᠠᠨ ᠬᠥᠮᠦᠵᠢᠯ ᠰᠣᠨᠢᠨ ᠤ ᠰᠤᠷᠪᠤᠯᠵᠢᠯᠠᠭᠴᠢ᠄ ᠪᠠᠭᠰᠢ ᠶᠢᠨ ᠲᠤᠰᠢᠶᠠᠯ ᠤᠨ | ᠴᠣᠯᠠ ᠶᠢ ᠲᠣᠭᠲᠠᠭᠠᠨ ᠤᠷᠢᠬᠤ ᠠᠵᠢᠯ ᠪᠣᠯ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ᠂ | ᠪᠠᠭᠰᠢ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠂ ᠣᠶᠢᠷ᠎ᠠ ᠶᠢᠨ ᠵᠢᠯ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠭᠰᠢ ᠶᠢᠨ ᠲᠤᠰᠢᠶᠠᠯ ᠤᠨ ᠴᠣᠯᠠ ᠶᠢ | ᠳᠣᠭᠲᠠᠭᠠᠨ ᠤᠷᠢᠬᠤ ᠠᠵᠢᠯ ᠳᠤ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠤᠭᠰᠠᠨ ᠪᠤᠢ︖ | ᠥᠪᠡᠷᠲᠡᠭᠡᠨ ᠵᠠᠰᠠᠬᠤ ᠣᠷᠣᠨ ᠤ ᠬᠥᠮᠦᠨ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠭᠥᠩ ᠿᠠᠨ᠄ | ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠣᠶᠢᠷ᠎ᠠ ᠶᠢᠨ ᠵᠢᠯ᠂ ᠪᠢᠳᠡ ᠲᠤᠰᠬᠠᠢ ᠮᠡᠷᠭᠡᠵᠢᠯ ᠤᠨ ᠪᠠᠭᠰᠢ ᠶᠢ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠳᠤ | ᠰᠠᠭᠤᠷᠢᠯᠠᠨ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠳᠤᠰᠢᠶᠠᠯ ᠤᠨ ᠴᠣᠯᠠ ᠶᠢ ᠬᠢᠨᠠᠨ | ᠲᠣᠭᠲᠠᠭᠠᠬᠤ ᠶᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠬᠦ ᠠᠵᠢᠯᠲᠠᠨ ᠢ ᠤᠷᠢᠨ ᠬᠡᠷᠡᠭᠯᠡᠬᠦ ᠵᠡᠷᠭᠡ ᠲᠠᠯ᠎ᠠ ᠠᠴᠠ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠳᠦᠷᠢᠮ ᠤᠨ ᠪᠠᠲᠤᠯᠠᠭ᠎ᠠ ᠬᠠᠩᠭᠠᠪᠠ᠃ | ᠨᠢᠭᠡ ᠳᠤ᠂ ᠡᠯ᠎ᠡ ᠲᠥᠷᠥᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠳᠡᠭᠡᠳᠦ ᠳᠡᠰ ᠤᠨ ᠠᠵᠢᠯ ᠤᠨ | ᠪᠠᠶᠢᠷᠢ ᠶᠢᠨ ᠬᠠᠷᠢᠴᠠᠯ ᠢ ᠳᠡᠭᠡᠭᠰᠢᠯᠡᠭᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠲᠤᠰᠬᠠᠢ | ᠮᠡᠷᠭᠡᠵᠢᠯ ᠤᠨ ᠳᠡᠭᠡᠳᠦ ᠳᠡᠰ ᠤᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢᠨ ᠬᠠᠷᠢᠴᠠᠯ ᠢ ᠳᠡᠭᠡᠭᠰᠢᠯᠡᠭᠦᠯᠵᠦ᠂ | ᠣᠨᠴᠠᠭᠠᠶᠢᠯᠠᠨ ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠡᠭᠡᠳᠦ ᠳᠡᠰ ᠤᠨ ᠠᠵᠢᠯ ᠤᠨ ᠪᠠᠶᠢᠷᠢ ᠶᠢᠨ | ᠪᠠᠶᠢᠷᠢᠯᠠᠭᠤᠯᠤᠯᠲᠠ ᠶᠢᠨ ᠬᠠᠷᠢᠴᠠᠯ ᠢ 20% ᠬᠦᠷᠲᠡᠯ᠎ᠡ ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠰᠢᠭᠤ | ᠰᠢᠶᠠᠨ ᠤ 30 ᠵᠢᠯ ᠠᠴᠠ ᠳᠡᠭᠡᠭᠰᠢ ᠪᠠᠭᠰᠢᠯᠠᠭᠰᠠᠨ᠂ ᠰᠤᠮᠤ ᠰᠢᠶᠠᠩ ᠪᠠᠯᠭᠠᠰᠤᠨ ᠤ 20 ᠵᠢᠯ ᠠᠴᠠ ᠳᠡᠭᠡᠭᠰᠢ | ᠪᠠᠭᠰᠢᠯᠠᠭᠰᠠᠨ ᠰᠢᠯᠢᠳᠡᠭ ᠪᠠᠭᠰᠢ ᠶᠢᠨ ᠠᠵᠢᠯ ᠤᠨ ᠠᠮᠠᠷᠠᠯᠲᠠ ᠳᠤ ᠪᠠᠨ ᠭᠠᠷᠬᠤ ᠴᠠᠭ ᠢ ᠤᠷᠲᠤᠳᠬᠠᠨ ᠤᠷᠢᠵᠤ | ᠬᠡᠷᠡᠭᠯᠡᠬᠦ ᠶᠢ ᠵᠦᠪᠰᠢᠶᠡᠷᠡᠪᠡ︔ ᠳᠤᠮᠳᠠᠳᠤ ᠪᠠᠭ᠎ᠠ ᠰᠤᠷᠭᠠᠭᠤᠯᠢ ᠶᠢᠨ ᠵᠢᠩᠬᠢᠨᠢ ᠳᠡᠭᠡᠳᠦ ᠳᠡᠰ ᠤᠨ ᠪᠠᠭᠰᠢ ᠶᠢ | ︽ᠳᠠᠷᠤᠢ ᠳᠤ ᠨᠢ ᠬᠢᠨᠠᠨ ᠲᠣᠭᠲᠠᠭᠠᠵᠤ ᠳᠠᠷᠤᠢ ᠳᠤ ᠨᠢ ᠤᠷᠢᠬᠤ︾ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠵᠥᠪᠰᠢᠶᠡᠷᠡᠵᠦ᠂ ᠲᠤᠰᠬᠠᠢ ᠮᠡᠷᠭᠡᠵᠢᠯ ᠤᠨ ᠬᠢᠷᠢ ᠭᠡᠮ ᠢ ᠣᠯᠤᠭᠰᠠᠨ ᠴᠠᠭ ᠠᠴᠠ ᠳᠠᠷᠤᠢ ᠳᠤ ᠨᠢ | ᠤᠷᠢᠨ ᠬᠡᠷᠡᠭᠯᠡᠵᠦ ᠪᠣᠯᠤᠨ᠎ᠠ᠂ ᠪᠠᠰᠠ ᠨᠥᠬᠦᠴᠡᠯ ᠪᠦᠷᠢᠳᠦᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ | ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠢᠨᠠᠨ | ᠵᠥᠪᠰᠢᠶᠡᠷᠡᠨ᠎ᠡ᠃ | ᠬᠤᠶᠠᠷ ᠲᠤ᠂ ᠣᠨᠴᠠᠭᠠᠢ ᠠᠵᠢᠯ ᠤᠨ ᠪᠠᠶᠢᠷᠢ ᠳᠤ ᠲᠤᠯᠭᠠᠮ ᠱᠠᠭᠠᠷᠳᠠᠭᠳᠠᠵᠤ ᠪᠠᠶᠢᠭ᠎ᠠ ᠰᠢᠯᠢᠳᠡᠭ ᠪᠠᠭᠰᠢ ᠶᠢ | ᠣᠷᠣᠭᠤᠯᠤᠨ ᠠᠪᠴᠢᠷᠠᠪᠠ᠃ ᠪᠦᠬᠦ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠳᠡᠭᠡᠳᠦ ᠰᠤᠷᠭᠠᠭᠤᠯᠢ | ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠠᠵᠢᠯ ᠤᠨ ᠪᠠᠶᠢᠷᠢ ᠶᠢᠨ ᠦᠯᠡᠳᠡᠪᠦᠷᠢ | ᠣᠷᠣᠨ ᠲᠤᠭ᠎ᠠ ᠬᠦᠷᠦᠯᠴᠡᠬᠦ ᠦᠭᠡᠢ ᠪᠣᠯ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ 5% ᠪᠠᠷ ᠣᠨᠴᠠᠭᠠᠢ | ᠠᠵᠢᠯ ᠤᠨ ᠪᠠᠶᠢᠷᠢ ᠶᠢ ᠳᠤᠰᠠᠭᠠᠷ ᠬᠢᠨᠠᠨ ᠲᠣᠭᠲᠠᠭᠠᠵᠤ ᠪᠣᠯᠤᠨ᠎ᠠ᠃ ︽ᠬᠤᠣᠰ ᠲᠡᠷᠢᠭᠦᠨ︾ ᠤ ᠶᠡᠭᠡ ᠰᠤᠷᠭᠠᠭᠤᠯᠢ ᠶᠢᠨ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠣᠨᠴᠠᠭᠠᠢ | ᠠᠵᠢᠯ ᠤᠨ ᠪᠠᠶᠢᠷᠢ ᠶᠢᠨ ᠲᠣᠬᠢᠷᠠᠭᠤᠯᠬᠤ ᠬᠠᠷᠢᠴᠠᠯ ᠢ 10% ᠬᠦᠷᠲᠡᠯ᠎ᠡ ᠳᠡᠭᠡᠭᠰᠢᠯᠡᠭᠦᠯᠵᠦ᠂ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠰᠢᠯᠢᠳᠡᠭ ᠢᠳᠡᠷ ᠵᠠᠯᠠᠭᠤ ᠪᠠᠭᠰᠢ ᠶᠢ ᠲᠤᠰᠬᠠᠶᠢᠯᠠᠨ ᠤᠷᠢᠵᠤ ᠬᠡᠷᠡᠭᠯᠡᠪᠡ᠃ ᠣᠳᠣ ᠪᠠᠶᠢᠭ᠎ᠠ | ᠲᠥᠷᠥ ᠶᠢᠨ ᠪᠣᠳᠣᠯᠭ᠎ᠠ ᠶᠢ ᠠᠰᠢᠭᠯᠠᠨ ᠪᠠᠭᠰᠢ ᠤᠷᠢᠵᠤ ᠬᠡᠷᠡᠭᠯᠡᠬᠦ ᠶᠢ ᠬᠠᠩᠭᠠᠵᠤ ᠳᠡᠶᠢᠯᠬᠦ ᠦᠭᠡᠢ ᠪᠣᠯ ︽ᠨᠡᠶᠢᠲᠡᠯᠢᠭ | ᠬᠡᠷᠡᠭ ᠤᠴᠢᠷ ᠢ ᠵᠥᠪᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠪᠠᠶᠢᠷᠢ ᠶᠢᠨ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠵᠦ᠂ ᠤᠷᠢᠵᠤ ᠬᠡᠷᠡᠭᠯᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠪᠣᠯᠤᠨ᠎ᠠ᠃ | ᠭᠤᠷᠪᠠ ᠳᠤ᠂ ᠬᠠᠨᠳᠤᠯᠭᠠᠲᠠᠢ ᠠᠵᠢᠯ ᠤᠨ ᠪᠠᠶᠢᠷᠢ ᠪᠠᠷ ᠦᠨᠳᠦᠰᠦᠨ ᠱᠠᠲᠤᠨ ᠳᠤ ᠰᠢᠯᠢᠳᠡᠭ ᠪᠠᠭᠰᠢ ᠶᠢ | ᠦᠯᠡᠳᠡᠭᠡᠪᠡ᠃ ᠰᠢᠯᠢᠳᠡᠭ ᠪᠠᠭᠰᠢ ᠦᠨᠳᠦᠰᠦᠨ ᠱᠠᠲᠤᠨ ᠳᠤ ᠦᠨᠳᠦᠰᠦᠯᠡᠵᠦ᠂ ᠰᠤᠷᠭᠠᠨ ᠬᠥᠮᠥᠵᠢᠯ ᠤᠨ | ᠦᠢᠯᠡᠰ ᠲᠤ ᠰᠡᠳᠬᠢᠯ ᠠᠮᠤᠷ ᠠᠵᠢᠯᠯᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ ᠬᠥᠲᠥᠯᠥᠨ | ᠵᠢᠯᠣᠭᠤᠳᠬᠤ ᠶᠢᠨ ᠲᠥᠯᠥᠭᠡ᠂ ᠪᠢᠳᠡ ᠬᠤᠰᠢᠭᠤ ᠰᠢᠶᠠᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠳᠤ | 10% ᠶᠢᠨ ︽ᠬᠠᠨᠳᠤᠯᠭᠠᠲᠠᠢ ᠠᠵᠢᠯ ᠤᠨ ᠪᠠᠶᠢᠷᠢ︾ ᠶᠢ ᠳᠤᠰᠠᠭᠠᠷ ᠪᠠᠶᠢᠷᠢᠯᠠᠭᠤᠯᠵᠤ᠂ ᠦᠨᠳᠦᠰᠦᠨ ᠱᠠᠲᠤᠨ ᠤ | ᠳᠡᠭᠡᠳᠦ ᠳᠡᠰ ᠤᠨ ᠪᠠᠭᠰᠢ ᠶᠢ ᠬᠢᠨᠠᠨ ᠲᠣᠭᠲᠠᠭᠠᠬᠤ ᠪᠠ ᠨᠡᠶᠢᠭᠡᠮ ᠠᠴᠠ ᠬᠢᠨᠠᠨ ᠲᠣᠭᠲᠠᠭᠠᠬᠤ ᠬᠤᠶᠠᠷ ᠲᠥᠷᠥᠯ ᠤᠨ | ᠴᠢᠳᠠᠪᠤᠷᠢᠲᠠᠨ ᠢ ᠵᠦᠪᠰᠢᠶᠡᠷᠡᠵᠦ᠂ ᠪᠠᠶᠢᠩᠭᠤ ᠶᠢᠨ ᠠᠵᠢᠯ ᠤᠨ ᠪᠠᠶᠢᠷᠢ ᠳᠤ ᠬᠡᠷᠡᠭᠯᠡᠨ ᠳᠡᠰ ᠳᠡᠪᠰᠢᠭᠦᠯᠵᠦ ᠪᠣᠯᠬᠤ | ᠮᠥᠷᠲᠡᠭᠡᠨ ᠪᠠᠰᠠ ︽ᠬᠠᠨᠳᠤᠯᠭᠠᠲᠠᠢ ᠠᠵᠢᠯ ᠤᠨ ᠪᠠᠶᠢᠷᠢ︾ ᠳᠤ ᠬᠡᠷᠡᠭᠯᠡᠨ ᠳᠡᠰ ᠳᠡᠪᠰᠢᠭᠦᠯᠵᠦ ᠪᠣᠯᠤᠨ᠎ᠠ᠃ 2023 | ᠣᠨ ᠳᠤ ᠬᠥᠳᠡᠭᠡ ᠲᠣᠰᠬᠤᠨ ᠤ ᠰᠤᠷᠭᠠᠭᠤᠯᠢ ᠶᠢᠨ ᠬᠠᠨᠳᠤᠯᠭᠠᠲᠠᠢ ᠠᠵᠢᠯ ᠤᠨ ᠪᠠᠶᠢᠷᠢ ᠶᠢᠨ ᠬᠠᠷᠢᠴᠠᠯ ᠢ ᠳᠠᠬᠢᠨᠲᠠ | 15% ᠬᠦᠷᠲᠡᠯ᠎ᠡ ᠳᠡᠭᠡᠭᠰᠢᠯᠡᠭᠦᠯᠵᠦ᠂ ᠬᠠᠨᠳᠤᠯᠭᠠᠲᠠᠢ ᠠᠵᠢᠯ ᠤᠨ ᠪᠠᠶᠢᠷᠢ ᠶᠢ ᠬᠠᠷᠢᠴᠠᠩᠭᠤᠢ ᠳᠦᠭᠦᠷᠭᠡᠵᠦ᠂ | ᠤᠳᠠᠭᠠᠨ ᠵᠢᠯ ᠦᠨᠳᠦᠰᠦᠨ ᠱᠠᠲᠤᠨ ᠳᠤ ᠠᠵᠢᠯᠯᠠᠬᠤ ᠰᠢᠯᠢᠳᠡᠭ ᠪᠠᠭᠰᠢ ᠳᠤ ︽ᠠᠵᠢᠯ ᠤᠨ ᠪᠠᠶᠢᠷᠢ ᠳᠤ ᠬᠥᠮᠦᠨ | ᠦᠯᠡᠳᠡᠭᠡᠬᠦ︾ ᠥᠰᠦᠨ ᠪᠤᠶᠢᠵᠢᠬᠤ ᠣᠷᠣᠨ ᠵᠠᠢ ᠶᠢ ᠪᠣᠢ ᠪᠣᠯᠭᠠᠵᠤ ᠥᠭᠪᠡ᠃ | ᠳᠥᠷᠪᠡ ᠳᠤ᠂ ᠳᠤᠰᠢᠶᠠᠯ ᠤᠨ ᠴᠣᠯᠠ ᠶᠢ ᠬᠢᠨᠠᠨ ᠳᠣᠭᠲᠠᠭᠠᠬᠤ ᠶᠢ ᠦᠨᠳᠦᠰᠦᠨ ᠱᠠᠲᠤᠨ ᠤ ᠰᠢᠯᠢᠳᠡᠭ | ᠪᠠᠭᠰᠢ ᠲᠡᠶᠢᠰᠢ ᠬᠡᠯᠪᠡᠶᠢᠯᠭᠡᠪᠡ᠃ ᠪᠢᠳᠡ ᠪᠠᠭᠰᠢ ᠶᠢᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠲᠥᠷᠥ ᠶᠢᠨ | ᠪᠣᠳᠣᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠪᠠ ᠵᠢᠭᠠᠨ | ᠰᠤᠷᠭᠠᠯᠲᠠ ᠶᠢᠨ ᠠᠵᠢᠯ ᠤᠨ ᠬᠢᠷᠢ ᠪᠦᠲᠦᠮᠵᠢ ᠪᠠᠷ ᠲᠣᠪᠤᠶᠢᠮ᠎ᠠ ᠪᠠᠭᠰᠢ ᠲᠡᠶᠢᠰᠢ ᠬᠡᠯᠪᠠᠶᠢᠯᠭᠡᠬᠦ ᠤᠷᠮᠠᠰᠢᠭᠤᠯᠬᠤ | ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠰᠢᠯᠢᠳᠡᠭ ᠪᠠᠭᠰᠢ ᠳᠤ ᠴᠢᠭᠯᠡᠭᠦᠯᠦᠨ᠂ | ᠥᠭᠦᠯᠡᠯ ᠤᠨ ᠱᠠᠭᠠᠷᠳᠠᠯᠭ᠎ᠠ ᠶᠢ ᠰᠤᠯᠠᠷᠠᠭᠤᠯᠬᠤ ᠪᠤᠶᠤ ᠱᠠᠭᠠᠷᠳᠠᠯᠭ᠎ᠠ ᠭᠠᠷᠭᠠᠬᠤ ᠦᠭᠡᠢ ᠪᠠᠶᠢᠵᠤ᠂ ᠬᠤᠰᠢᠭᠤ | ᠰᠢᠶᠠᠨ ᠵᠢᠴᠢ ᠲᠡᠭᠦᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠳᠤ ︽ᠬᠠᠨᠳᠤᠯᠭ᠎ᠠ ᠲᠠᠢ ᠦᠨᠡᠯᠡᠬᠦ᠂ | ᠬᠠᠨᠳᠤᠯᠭ᠎ᠠ ᠲᠠᠢ ᠬᠡᠷᠡᠭᠯᠡᠬᠦ︾ ᠬᠢᠨᠠᠨ ᠲᠣᠭᠲᠠᠭᠠᠬᠤ ᠰᠢᠨ᠎ᠡ ᠠᠷᠭ᠎ᠠ ᠶᠢ ᠳᠣᠭᠲᠠᠭᠠᠭᠰᠠᠨ ᠢᠶᠠᠷ ᠪᠠᠷᠠᠬᠤ ᠦᠭᠡᠢ᠂ | ᠪᠠᠰᠠ ᠣᠳᠣ ᠶᠢᠨ ᠪᠠᠶᠢᠭ᠎ᠠ ᠳᠡᠭᠡᠳᠦ ᠳᠡᠰ ᠤᠨ ᠳᠤᠰᠢᠶᠠᠯ ᠤᠨ ᠴᠣᠯᠠ ᠶᠢᠨ10% ᠶᠢᠨ ᠳᠣᠲᠣᠷ᠎ᠠ᠂ ᠠᠵᠢᠯ ᠢᠶᠠᠨ | ᠤᠷᠳᠤᠳᠬᠠᠭᠰᠠᠨ ᠳᠡᠭᠡᠳᠦ ᠳᠡᠰ ᠤᠨ ᠳᠤᠰᠢᠶᠠᠯ ᠤᠨ ᠴᠣᠯᠠ ᠮᠡᠳᠡᠭᠦᠯᠬᠦ ᠶᠢ ᠵᠥᠪᠰᠢᠶᠡᠷᠡᠪᠡ᠃ | ᠲᠠᠪᠤ ᠳᠤ᠂ ᠶᠡᠭᠡ ᠳᠡᠭᠡᠳᠦ ᠰᠤᠷᠭᠠᠭᠤᠯᠢ ᠶᠢᠨ ᠬᠥᠮᠦᠨ ᠬᠡᠷᠡᠭᠯᠡᠬᠦ ᠭᠤᠣᠯ ᠴᠣᠭᠴᠠ ᠳᠤ ᠳᠤᠰᠢᠶᠠᠯ ᠤᠨ | ᠴᠣᠯᠠ ᠲᠣᠭᠲᠠᠭᠠᠨ ᠤᠷᠢᠬᠤ ᠡᠷᠬᠡ ᠶᠢ ᠭᠦᠢᠴᠡᠳ ᠪᠠᠭᠤᠯᠭᠠᠪᠠ ᠃ ᠪᠢᠳᠡ ᠶᠡᠭᠡ ᠳᠡᠭᠡᠳᠦ ᠰᠤᠷᠭᠠᠭᠤᠯᠢ ᠳᠤ | ᠪᠠᠭᠰᠢ ᠶᠢᠨ ᠳᠤᠰᠢᠶᠠᠯ ᠤᠨ ᠴᠣᠯᠠ ᠶᠢ ᠬᠢᠨᠠᠨ ᠲᠣᠭᠲᠠᠭᠠᠬᠤ ᠪᠠ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠡᠵᠡᠨ | ᠮᠡᠳᠡᠬᠦ ᠡᠷᠬᠡ ᠶᠢ ᠭᠦᠢᠴᠡᠳ ᠪᠠᠭᠤᠯᠭᠠᠪᠠ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ | ︽ᠵᠢᠷᠭᠤᠭ᠎ᠠ ᠶᠢ ᠡᠵᠡᠨ ᠮᠡᠳᠡᠬᠦ︾ ᠶᠢ ᠪᠡᠶᠡᠯᠡᠭᠦᠯᠪᠡ᠂ ᠲᠤᠬᠠᠶᠢᠯᠠᠪᠠᠯ᠂ ᠶᠡᠭᠡ ᠳᠡᠭᠡᠳᠦ ᠰᠤᠷᠭᠠᠭᠤᠯᠢ ᠶᠢᠨ ᠳᠤᠰᠢᠶᠠᠯ ᠤᠨ | ᠴᠣᠯᠠ ᠶᠢ ᠡᠵᠡᠨ ᠮᠡᠳᠡᠨ ᠬᠢᠨᠠᠨ ᠲᠣᠭᠲᠠᠭᠠᠵᠤ᠂ ᠰᠤᠷᠭᠠᠭᠤᠯᠢ ᠶᠢᠨ ᠳᠣᠲᠣᠭᠠᠳᠤ ᠶᠢᠨ ᠠᠵᠢᠯ ᠤᠨ ᠪᠠᠶᠢᠷᠢ ᠶᠢᠨ | ᠲᠣᠬᠢᠷᠠᠭᠤᠯᠤᠯᠲᠠ ᠶᠢ ᠡᠵᠡᠨ ᠮᠡᠳᠡᠨ ᠬᠠᠮᠢᠶᠠᠷᠴᠤ᠂ ᠡᠯ᠎ᠡ ᠲᠥᠷᠥᠯ ᠤᠨ ᠠᠵᠢᠯ ᠤᠨ ᠪᠠᠶᠢᠷᠢ ᠶᠢ ᠡᠵᠡᠨ ᠮᠡᠳᠡᠨ | ᠲᠣᠬᠢᠷᠠᠭᠤᠯᠵᠤ᠂ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠨᠥᠬᠦᠴᠡᠯ ᠢ ᠡᠵᠡᠨ ᠮᠡᠳᠡᠨ | ᠲᠣᠭᠲᠠᠭᠠᠵᠤ᠂ ᠠᠵᠢᠯ ᠤᠨ ᠪᠠᠶᠢᠷᠢ ᠶᠢᠨ ᠬᠤᠭᠤᠰᠣᠨ ᠣᠷᠣᠨ ᠢ ᠦᠨᠳᠦᠰᠦᠯᠡᠨ ᠤᠷᠢᠨ ᠬᠡᠷᠡᠭᠯᠡᠬᠦ ᠵᠢᠱᠢᠭᠳᠡᠭᠴᠢ ᠶᠢ | ᠳᠣᠭᠲᠠᠭᠠᠬᠤ ᠪᠣᠯᠤᠨ᠎ᠠ᠂ ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠣᠯᠠ ᠣᠯᠭᠤᠬᠤ ᠡᠷᠬᠡ ᠲᠠᠢ ᠶᠡᠭᠡ ᠳᠡᠭᠡᠳᠦ | ᠰᠤᠷᠭᠠᠭᠤᠯᠢ ᠪᠠᠰᠠ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠬᠢᠨᠠᠨ ᠵᠥᠪᠰᠢᠶᠡᠷᠡᠵᠦ | ᠤᠷᠢᠨ ᠬᠡᠷᠡᠭᠯᠡᠬᠦ ᠠᠵᠢᠯ ᠢ ᠡᠵᠡᠨ ᠮᠡᠳᠡᠨ ᠥᠷᠨᠢᠭᠦᠯᠵᠦ ᠪᠣᠯᠤᠨ᠎ᠠ᠃ | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠬᠥᠮᠦᠨ ᠢᠶᠠᠷ ᠦᠨᠳᠦᠰᠦ ᠪᠣᠯᠭᠠᠵᠤ᠂ ᠰᠤᠷᠭᠠᠨ ᠬᠥᠮᠦᠵᠢᠯ ᠢ | ᠲᠡᠷᠢᠭᠦᠨ ᠳᠤ ᠲᠠᠯᠪᠢᠬᠤ︾ ᠰᠡᠳᠬᠢᠮᠵᠢ ᠪᠠᠷ᠂ ᠪᠠᠭᠰᠢ ᠨᠠᠷ ᠤᠨ ᠠᠩᠬᠠᠷᠤᠯ ᠬᠠᠨᠳᠤᠭᠤᠯᠵᠤ ᠪᠠᠶᠢᠭ᠎ᠠ ᠳᠤᠰᠢᠶᠠᠯ ᠤᠨ | ᠴᠣᠯᠠ ᠶᠢ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠵᠡᠷᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠭᠰᠢ ᠶᠢᠨ ᠬᠥᠭᠵᠢᠯᠲᠡ ᠶᠢᠨ ᠵᠠᠮ ᠢ | ᠰᠠᠭᠠᠳ ᠦᠭᠡᠢ ᠨᠡᠪᠲᠡᠷᠡᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ | ᠬᠥᠭᠵᠢᠯᠲᠡ ᠶᠢ ᠠᠬᠢᠭᠤᠯᠬᠤ ᠪᠣᠯᠤᠨ᠎ᠠ᠃ | | |