ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ | ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠬᠢᠨᠠᠨ ᠪᠠᠶᠢᠴᠠᠭᠠᠬᠤ᠂ | ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ 2 ᠬᠥᠮᠦᠨ ᠢ ᠣᠷᠣᠭᠤᠯᠤᠨ ᠠᠪᠴᠢᠷᠠᠬᠤ ᠪᠠᠷ | ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠭᠤᠯᠵᠤ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ | ᠳᠡᠰ ᠤᠨ ᠴᠢᠳᠠᠪᠤᠷᠢᠲᠠᠨ ᠢ ᠢᠯᠡ ᠨᠡᠶᠢᠲᠡᠯᠡᠪᠡ᠃ | ᠨᠢᠭᠡ᠂ ᠢᠯᠡ ᠨᠡᠶᠢᠲᠡᠯᠡᠬᠦ ᠡᠲᠡᠭᠡᠳ | ᠯᠢᠦ ᠸᠧᠨ ᠪᠠᠢ᠂ ᠡᠷᠡᠭᠲᠡᠢ᠂ 1992 ᠣᠨ ᠤ 5 ᠰᠠᠷ᠎ᠠ ᠳᠤ ᠲᠦᠷᠦᠵᠠᠢ᠂ ᠳ᠋ᠣᠺᠲ᠋ᠣᠷ ᠰᠣᠳᠤᠯᠤᠨ | ᠰᠤᠷᠤᠭᠴᠢ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠤᠷᠠᠯᠢᠭ ᠤᠨ ᠵᠢᠷᠤᠭ ᠲᠥᠯᠥᠪᠯᠡᠭᠡᠨ ᠤ ᠰᠠᠯᠪᠤᠷᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ ᠤᠷᠢᠬᠤ ᠪᠠᠷ | ᠲᠥᠯᠥᠪᠯᠡᠵᠦ ᠪᠣᠢ᠃ | ᠶᠢᠨ ᠶᠢᠨ ᠬᠤᠩ᠂ ᠡᠮᠡᠭᠲᠡᠢ᠂ 1996 ᠣᠨ ᠤ 7 ᠰᠠᠷ᠎ᠠ ᠳᠤ ᠳᠦᠷᠦᠵᠡᠶ᠂ ᠳ᠋ᠣᠺᠲ᠋ᠣᠷ ᠰᠣᠳᠤᠯᠤᠨ | ᠰᠤᠷᠤᠭᠴᠢ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠰᠠᠯᠪᠤᠷᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ | ᠤᠷᠢᠬᠤ ᠪᠠᠷ ᠲᠥᠯᠥᠪᠯᠡᠵᠦ ᠪᠤᠢ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 9 ᠰᠠᠷ᠎ᠠ ᠶᠢᠨ 9- 2024 ᠣᠨ ᠤ 9 ᠰᠠᠷ᠎ᠠ ᠶᠢᠨ 13 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ | ᠲᠤᠰᠬᠠᠬᠤ ᠮᠠᠲ᠋ᠧᠷᠢᠶᠠᠯ ᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠳᠤᠰᠬᠠᠪᠠᠯ | ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00᠂ | ᠦᠳᠡ ᠶᠢᠨ ᠬᠤᠶᠢᠨ᠎ᠠ 14᠄ 30 - 17᠄ 00 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 5279674᠂ 0471 - 5279953 | | | ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | 2024 ᠣᠨ ᠤ 9 ᠰᠠᠷ᠎ᠠ ᠶᠢᠨ 6 ᠤ ᠡᠳᠦᠷ | |