ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠥᠯᠥᠭᠡᠯᠡᠭᠴᠢᠳ ᠤᠨ ᠠᠩᠭᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠠᠯᠪᠠᠨ ᠵᠠᠷᠤᠴᠠ ᠬᠤᠨᠳᠠᠭᠠᠲᠤ︾ ᠬᠡᠢ ᠠᠯᠠᠭᠠᠳᠠᠬᠤ ᠪᠥᠮᠪᠦᠭᠡᠨ ᠤ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/9/9
      9 ᠳ᠋ᠦ᠋ᠭᠡᠷ ᠰᠠᠷ᠎ᠠ ᠶᠢᠨ 5 - 8 ᠤ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠠᠯᠪᠠᠨ ᠵᠠᠷᠤᠴᠠ ᠬᠤᠨᠳᠠᠭᠠᠲᠤ︾ ᠬᠡᠢ ᠠᠯᠠᠭᠠᠳᠠᠬᠤ ᠪᠥᠮᠪᠦᠭᠡᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠮᠪᠥᠭᠡᠨ ᠤ ᠲᠥᠷᠥᠯ ᠤᠨ ᠪᠡᠶ᠎ᠡ ᠶᠢᠨ ᠲᠠᠮᠢᠷ ᠤᠨ ᠲᠥᠪ ᠲᠤ ᠶᠠᠪᠤᠭᠳᠠᠭᠤᠯᠪᠠ᠃ ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠳᠣᠪᠴᠢᠶᠠᠨ ᠤ ᠠᠵᠢᠯᠴᠢᠨ ᠤ ᠡᠪᠯᠡᠯ ᠠᠴᠠ ᠬᠠᠮᠲᠤᠷᠠᠨ ᠡᠷᠬᠢᠯᠡᠵᠦ᠂ 24 ᠲᠥᠯᠥᠭᠡᠯᠡᠭᠴᠢᠳ ᠤᠨ ᠠᠩᠭᠢ᠂ 300 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠺᠠᠳ᠋ᠷ ᠠᠵᠢᠯᠲᠠᠨ ᠠᠵᠢᠯᠴᠢᠨ ᠲᠦᠷ ᠴᠠᠭ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠩᠬ᠎ᠠ ᠤᠳᠠᠭ᠎ᠠ ᠤᠷᠤᠯᠳᠤᠭᠠᠨ ᠳᠤ ᠣᠷᠣᠯᠴᠠᠵᠤ᠂ 7 ᠲᠠᠯᠠᠪᠤᠷ ᠤᠷᠤᠯᠳᠤᠭᠠᠨ ᠳᠤ 5 ᠤᠳᠠᠭ᠎ᠠ ᠢᠯᠡᠵᠤ᠂ ᠡᠴᠦᠰ ᠲᠤ ᠪᠠᠨ ᠰᠢᠯᠢᠳᠡᠭ ᠬᠢᠷᠢ ᠪᠥᠲᠦᠮᠵᠢ ᠪᠠᠷ ᠲᠠᠪᠤᠳᠤᠭᠠᠷ ᠲᠤ ᠣᠷᠣᠵᠤ᠂ ᠰᠤᠷᠭᠠᠨ ᠬᠥᠮᠦᠵᠢᠯ ᠤᠨ ᠲᠢᠩᠬᠢᠮ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠬᠦᠷᠲᠡᠵᠦ᠂ ᠡᠷᠳᠡᠮ ᠤᠨ ᠴᠣᠯᠠ ᠪᠠ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠭᠠᠵᠠᠷ ᠤᠨ ᠰᠥᠩ ᠱᠤᠸᠠᠩ ᠰᠢᠯᠢᠳᠡᠭ ᠲᠠᠮᠢᠷᠴᠢᠨ ᠤ ᠴᠣᠯᠠ ᠬᠦᠷᠲᠡᠪᠡ᠃ ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠶᠠᠪᠤᠳᠠᠯ ᠪᠣᠯ ᠰᠤᠷᠭᠠᠨ ᠬᠥᠮᠦᠵᠢᠯ ᠤᠨ ᠲᠢᠩᠬᠢᠮ ᠪᠦᠬᠦ ᠠᠷᠠᠳ ᠤᠨ ᠪᠡᠶ᠎ᠡ ᠪᠣᠯᠪᠠᠰᠤᠷᠠᠭᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠺᠠᠳ᠋ᠷ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠰᠠᠶᠢᠨ ᠰᠠᠶᠢᠬᠠᠨ ᠠᠷᠭ᠎ᠠ ᠬᠡᠮᠵᠢᠶ᠎ᠡ ᠪᠣᠯᠤᠭᠰᠠᠨ ᠪᠥᠭᠡᠳ ᠨᠡᠩ ᠴᠤ ᠺᠠᠳ᠋ᠷ ᠠᠵᠢᠯᠲᠠᠨ ᠠᠵᠢᠯᠴᠢᠨ ᠤ ᠰᠠᠶᠢᠨ ᠰᠠᠶᠢᠬᠠᠨ ᠪᠡᠶ᠎ᠡ ᠮᠠᠬᠠᠪᠣᠳ ᠤᠨ ᠬᠡᠪ ᠴᠢᠨᠠᠷ ᠪᠠ ᠢᠳᠡᠪᠬᠢᠲᠡᠢ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠶᠠᠪᠤᠳᠠᠯ ᠪᠣᠯᠤᠨ᠎ᠠ᠃

1.jpg

 

2.jpg

3.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号