ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠷ ᠭᠤᠣᠯᠯᠠᠭᠤᠯᠵᠤ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2025/1/10
      ᠨᠢᠭᠡ ᠳᠤ᠂ ᠴᠠᠭ ᠦᠶ᠎ᠡ ᠲᠠᠢ ᠴᠤᠭ ᠢᠶᠠᠨ ᠳᠠᠪᠰᠢᠨ ︽ᠳᠦᠷᠢᠮ ᠲᠣᠭᠲᠠᠭᠠᠯ ᠳᠤ ᠵᠠᠰᠠᠪᠤᠷᠢ           ᠣᠷᠤᠭᠤᠯᠪᠠ︾ ᠃ 55 ᠶᠡᠭᠡ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠵᠤ ᠬᠠᠷᠭᠤᠭᠤᠯᠤᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠤ ᠲᠠᠨᠢᠯᠴᠠᠭᠤᠯᠤᠭᠰᠠᠨ ᠣᠷᠣᠨ ᠤ ᠭᠠᠳᠠᠨᠠᠬᠢ 10 ᠲᠤᠰᠬᠠᠢ ᠮᠡᠷᠭᠡᠵᠢᠯᠲᠡᠳ ᠢᠶᠠᠷ ᠪᠦᠷᠢᠯᠳᠦᠭᠰᠡᠨ ᠬᠢᠨᠠᠨ ᠬᠠᠷᠭᠤᠭᠤᠯᠬᠤ ᠳᠤᠭᠤᠶᠢᠯᠠᠩ ᠤᠨ ᠎ ᠬᠢᠨ ᠨᠡᠶᠢᠳᠡ 1500 ᠭᠠᠷᠤᠢ ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠳᠤᠷᠠᠳᠤᠨ ᠭᠠᠷᠭᠠᠵᠤ᠂ 95%᠎ ᠠᠴᠠ ᠳᠡᠭᠡᠭᠰᠢᠬᠢ ᠶᠢ ᠨᠢ ᠬᠡᠷᠡᠭᠯᠡᠭᠰᠡᠨ ᠪᠥᠭᠡᠳ᠂ ᠡᠯ᠎ᠡ ᠰᠤᠷᠭᠠᠭᠤᠯᠢ ᠶᠢᠨ ᠤᠶᠤᠨ ᠰᠠᠨᠠᠭᠠᠨ ᠤ ᠳᠣᠲᠣᠭᠠᠳᠤ ᠴᠥᠮ᠎ᠡ᠂ ᠰᠤᠷᠭᠠᠭᠤᠯᠢ ᠡᠷᠬᠢᠯᠡᠬᠦ ᠳᠠᠪᠠᠭᠤᠯᠢᠭ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠯᠤᠭ᠎ᠠ ᠠᠪᠴᠠᠯᠳᠤᠭᠤᠯᠵᠤ᠂ ︽ᠨᠢᠭᠡ ᠰᠤᠷᠭᠠᠭᠤᠯᠢ ᠳᠤ ᠨᠢᠭᠡ ᠥᠪᠡᠷᠮᠢᠴᠡ ᠣᠨᠴᠠᠯᠢᠭ ᠲᠠᠢ           ᠪᠠᠶᠢᠬᠤ︾᠎ ᠶᠢ ᠪᠡᠶᠡᠯᠡᠭᠦᠯᠪᠡ᠃ ᠬᠤᠶᠠᠷ ᠲᠤ᠂ ︽ᠬᠠᠤᠯᠢ ᠰᠤᠷᠤᠯᠴᠠᠬᠤ︾᠎ ᠯᠤᠭ᠎ᠠ ᠴᠠᠭ ᠲᠤᠬᠠᠢ ᠳᠤ ᠨᠢ               ᠎ ᠲᠠᠭᠠᠨ ᠤᠷᠤᠭᠰᠢᠯᠠᠪᠠ ᠃ ᠡᠯ᠎ᠡ ᠰᠤᠷᠭᠠᠭᠤᠯᠢ ᠰᠦᠯᠵᠢᠶᠡᠨ ᠎ ᠤ ᠥᠷᠲᠡᠭᠡ᠂ ᠣᠯᠠᠨ ᠨᠡᠶᠢᠲᠡ ᠶᠢᠨ ᠸᠢᠴᠠᠲ           ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠢᠮ ᠲᠣᠭᠲᠠᠭᠠᠯ ᠢ ᠨᠡᠶᠢᠲᠡᠯᠡᠵᠦ᠂ ᠡᠯ᠎ᠡ ᠰᠤᠷᠭᠠᠭᠤᠯᠢ ᠨᠢ ᠲᠦᠷᠢᠮ ᠲᠣᠭᠲᠠᠭᠠᠯ ᠢᠶᠠᠨ ᠬᠠᠤᠯᠢ ᠰᠤᠷᠤᠯᠴᠠᠬᠤ ᠨᠠᠷᠢᠨ ᠲᠠᠩᠰᠠ ᠳᠤ ᠣᠷᠣᠭᠤᠯᠵᠤ᠂ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ᠂ ᠲᠦᠷᠢᠮ ᠲᠣᠭᠲᠠᠭᠠᠯ ᠶᠣᠰᠣᠭᠠᠷ ᠰᠤᠷᠭᠠᠭᠤᠯᠢ ᠶᠢ ᠵᠠᠰᠠᠬᠤ ᠦᠵᠡᠯ ᠤᠬᠠᠮᠰᠠᠷ ᠪᠠ ᠥᠪᠡᠷ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠲᠦᠷᠢᠮ ᠯᠦᠭᠡ ᠢᠵᠢ ᠪᠥᠷᠢᠳᠦᠭᠰᠡᠨ ︽ᠲᠣᠭᠲᠠᠯᠴᠠᠭ᠎ᠠ ᠶᠢ ᠪᠠᠶᠢᠭᠤᠯᠪᠠ︾᠃ ᠡᠯ᠎ᠡ ᠰᠤᠷᠭᠠᠭᠤᠯᠢ ᠶᠢ ᠵᠢᠭᠠᠨ ᠵᠢᠯᠣᠭᠤᠳᠴᠤ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠯᠭᠠᠭᠰᠠᠨ ᠤ ᠬᠠᠮᠲᠤ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ᠂ ᠳᠣᠲᠣᠭᠠᠳᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠳᠦᠷᠢᠮᠯᠡᠯ᠂ ᠬᠡᠷᠡᠭ ᠵᠥᠪᠯᠡᠬᠦ ᠳᠦᠷᠢᠮᠯᠡᠯ ᠵᠡᠷᠭᠡ ᠶᠢ ᠪᠠᠶᠢᠭᠤᠯᠤᠨ ᠪᠦᠷᠢᠨᠰᠢᠭᠦᠯᠵᠦ᠂ ᠪᠦᠷᠢᠨ ᠲᠡᠭᠦᠯᠳᠡᠷ᠂ ᠵᠢᠷᠤᠮᠵᠢᠭᠰᠠᠨ᠂ ᠨᠢᠭᠡᠳᠦᠯᠲᠡᠶ ᠳᠦᠷᠢᠮ ᠤᠨ ᠲᠣᠭᠲᠠᠯᠴᠠᠭ᠎ᠠ ᠶᠢ ᠪᠦᠷᠢᠯᠳᠦᠭᠦᠯᠪᠡ᠃ ᠳᠥᠷᠪᠡ ᠳᠤ᠂ ︽ᠪᠣᠳᠠᠲᠠᠶ ᠪᠠᠶᠢᠴᠠᠭᠠᠨ ᠰᠢᠯᠭᠠᠬᠤ︾᠎ ᠶᠢ ᠬᠡᠪ ᠤᠨ ᠪᠠᠶᠢᠳᠠᠯ ᠢᠶᠠᠷ           ᠥᠷᠨᠢᠭᠦᠯᠪᠡ ᠃ ᠶᠡᠭᠡ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠨ ᠬᠡᠷᠡᠭᠵᠢᠭᠦᠯᠦᠭᠰᠡᠨ ᠪᠠᠶᠢᠳᠠᠯ ᠢ ᠨᠢ ᠰᠤᠷᠭᠠᠨ ᠬᠥᠮᠥᠵᠢᠯ ᠤᠨ ᠰᠢᠮᠳᠠᠭᠤᠯᠤᠨ ᠵᠢᠯᠣᠭᠤᠳᠬᠤ᠂ ᠣᠨ ᠎ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠦᠨᠡᠯᠡᠬᠦ ᠪᠠᠷ ᠪᠠᠶᠢᠭᠤᠯᠬᠤ ᠶᠢ ᠠᠬᠢᠭᠤᠯᠬᠤ᠂ ᠦᠨᠡᠯᠡᠬᠦ ᠪᠠᠷ ᠰᠠᠶᠢᠵᠢᠷᠠᠭᠤᠯᠬᠤ ᠎ ᠶᠢ ᠠᠬᠢᠭᠤᠯᠬᠤ᠂ ᠦᠨᠡᠯᠡᠬᠦ ᠪᠠᠷ ᠬᠠᠮᠢᠶᠠᠷᠬᠤ ᠶᠢ ᠠᠬᠢᠭᠤᠯᠬᠤ᠂ ᠦᠨᠡᠯᠡᠬᠦ ᠪᠠᠷ ᠳᠡᠭᠡᠭᠰᠢᠯᠡᠭᠦᠯᠬᠦ ᠶᠢ ᠠᠬᠢᠭᠤᠯᠪᠠ︔ ᠴᠠᠭ ᠲᠤ ᠨᠢ ᠲᠣᠬᠢᠷᠠᠭᠤᠯᠤᠨ ᠭᠤᠷᠪᠠᠳᠠᠬᠢ ᠡᠲᠡᠭᠡᠳ ᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠎ ᠢ ᠬᠡᠷᠡᠭᠵᠢᠭᠦᠯᠵᠦ ᠪᠠᠶᠢᠭ᠎ᠠ ᠪᠠ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠴᠠᠭ ᠲᠤᠬᠠᠢ ᠎ ᠳᠤ ᠨᠢ ᠬᠡᠯᠪᠡᠷᠢᠯ ᠎ ᠢ ᠨᠢ ᠵᠠᠯᠠᠷᠠᠭᠤᠯᠤᠨ ᠴᠢᠭᠯᠡᠯ ᠢ ᠨᠢ ᠵᠠᠯᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠎ ᠤᠨ ᠠᠭᠤᠯᠤᠭᠳᠠᠬᠤᠨᠲᠤ ᠬᠥᠭᠵᠢᠯᠲᠡ᠂ ᠣᠨᠴᠠᠯᠢᠭᠲᠤ ᠬᠥᠭᠵᠢᠯᠲᠡ᠂ ᠰᠢᠨ᠎ᠡ ᠡᠭᠦᠳᠦᠯᠲᠡ ᠲᠠᠢ ᠬᠥᠭᠵᠢᠯᠲᠡ ᠶᠢ ᠨᠢ ᠬᠥᠲᠥᠯᠥᠨ ᠵᠢᠯᠣᠭᠤᠳᠪᠠ᠃ ︵ᠰᠤᠷᠭᠠᠨ ᠬᠥᠮᠦᠵᠢᠯ ᠤᠨ ᠲᠢᠩᠬᠢᠮ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号