ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠵᠢᠭᠠᠨ ᠰᠤᠷᠭᠠᠯᠳᠠ ᠳᠠᠬᠢ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠲᠤᠬᠠᠢ ᠦᠭᠦᠯᠡᠬᠦ ᠨᠢ
ᠨᠡᠶᠢᠲᠡᠯᠡᠭᠰᠡᠨ ᠴᠠᠭ᠄
2025/1/14
                     ᠤᠶᠤᠨ᠎ᠠ

教学研究2.png

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠠᠷᠭ᠎ᠠ ᠬᠡᠯᠪᠡᠷᠢ ᠪᠣᠯ ᠪᠠᠭ᠎ᠠ

ᠰᠤᠷᠭᠠᠭᠤᠯᠢ ᠶᠢᠨ ᠲᠤᠭᠠᠨ ᠤ ᠤᠬᠠᠭᠠᠨ ᠤ ᠬᠢᠴᠢᠶᠡᠯᠯᠡᠭᠡ ᠶᠢᠨ ᠪᠠᠭᠰᠢ ᠨᠠᠷ ᠤᠨ ᠦᠷᠭᠦᠯᠵᠢ ᠬᠡᠷᠡᠭᠯᠡᠳᠡᠭ ᠵᠢᠭᠠᠨ

ᠰᠤᠷᠭᠠᠯᠳᠠ ᠶᠢᠨ ᠠᠷᠭ᠎ᠠ ᠪᠣᠯᠣᠨ᠎ᠠ᠃ ᠵᠢᠭᠠᠨ ᠰᠤᠷᠭᠠᠯᠳᠠ ᠶᠢᠨ ᠶᠠᠪᠤᠴᠠ ᠳᠤ᠂ ᠪᠠᠭᠰᠢ ᠠᠴᠠ ᠰᠤᠷᠤᠭᠴᠢᠳ ᠢ

ᠬᠡᠳᠦᠨ ᠳᠤᠭᠤᠶᠢᠯᠠᠩ ᠬᠤᠪᠢᠶᠠᠨ᠂ ᠳᠤᠭᠤᠶᠢᠯᠠᠩ ᠪᠦᠷᠢ ᠶᠢᠨ ᠰᠤᠷᠤᠭᠴᠢᠳ ᠤᠨ ᠲᠤᠭᠠᠨ ᠤ ᠬᠠᠷᠢᠴᠠᠯ ᠨᠢ

ᠦᠨᠳᠦᠰᠦᠨ ᠳᠤ ᠪᠠᠨ ᠠᠳᠠᠯᠢᠬᠠᠨ ᠪᠠᠶᠢᠳᠠᠭ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ

ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠨᠢ ᠪᠦᠬᠦ ᠬᠡᠥᠬᠡᠳ ᠤᠨ ᠰᠤᠷᠤᠯᠴᠠᠬᠤ ᠢᠳᠡᠪᠬᠢᠵᠢᠯ ᠢ ᠬᠠᠮᠤᠭ ᠶᠡᠭᠡ ᠪᠠᠷ

ᠳᠠᠶᠢᠴᠢᠯᠠᠵᠤ ᠴᠢᠳᠠᠨ᠎ᠠ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠨᠢ ᠮᠦᠨᠴᠦ ᠪᠠᠭᠰᠢ

ᠰᠤᠷᠤᠭᠴᠢ ᠶᠢᠨ ᠬᠠᠷᠢᠴᠠᠭ᠎ᠠ ᠶᠢ ᠴᠢᠩᠭᠠᠳᠬᠠᠬᠤ ᠲᠠᠯ᠎ᠠ ᠪᠠᠷ ᠳᠠᠩ ᠴᠤᠯᠭᠤᠢ ᠬᠢᠴᠢᠶᠡᠯᠯᠡᠭᠡ ᠶᠢᠨ ᠳᠣᠮᠳᠠᠬᠢ

ᠬᠠᠷᠢᠴᠠᠭ᠎ᠠ ᠶᠢ ᠪᠣᠳᠣᠪᠠᠯ ᠪᠠᠭᠰᠢ ᠶᠢ ᠰᠣᠷᠣᠭᠴᠢᠳ ᠲᠠᠢ ᠨᠡᠩ ᠣᠶᠢᠷ᠎ᠠ ᠪᠣᠯᠭᠠᠵᠣ᠂ ᠪᠠᠭᠰᠢ ᠰᠤᠷᠤᠭᠴᠢ ᠶᠢᠨ

ᠬᠤᠭᠤᠷᠤᠨᠳᠤᠬᠢ ᠨᠡᠪᠳᠡᠷᠡᠯᠴᠡᠭᠡ ᠶᠢ ᠨᠡᠩ ᠴᠠᠭᠠᠰᠢᠳᠠ ᠠᠬᠢᠭᠤᠯᠵᠤ ᠴᠢᠳᠠᠬᠤ ᠪᠣᠯᠣᠨ᠎ᠠ᠃ ᠪᠠᠭ᠎ᠠ ᠳᠤᠭᠤᠶᠢᠯᠠᠩ ᠎ ᠤᠨ

ᠬᠠᠮᠳᠤᠷᠠᠯᠴᠠᠭᠠᠨ ᠤ ᠰᠤᠷᠤᠯᠴᠠᠯᠭ᠎ᠠ ᠨᠢ ᠭᠤᠤᠯᠳᠠᠭᠤ ᠭᠢᠴᠢᠶᠡᠯ ᠤᠨ ᠳᠣᠮᠳᠠᠬᠢ ᠰᠤᠷᠤᠯᠴᠠᠬᠤ ᠴᠢᠬᠤᠯᠠᠳᠠᠢ ᠡᠭᠦᠷᠭᠡ ᠶᠢ

ᠰᠤᠷᠤᠭᠴᠢᠳ ᠲᠤ ᠳᠠᠭᠠᠭᠠᠴᠢᠯᠠᠭᠤᠯᠤᠨ᠂ ᠪᠠᠭ᠎ᠠ ᠳᠤᠭᠤᠶᠢᠯᠠᠩ ᠤᠨ ᠰᠤᠷᠤᠭᠴᠢᠳ ᠬᠠᠷᠢᠯᠴᠠᠠ ᠰᠠᠨᠠᠯ ᠪᠣᠳᠣᠯ ᠢᠶᠠᠨ

ᠰᠣᠯᠢᠯᠴᠠᠬᠤ᠂ ᠶᠠᠷᠢᠯᠴᠠᠨ ᠵᠦᠪᠳᠡᠬᠦ ᠵᠡᠷᠭᠡ ᠶᠠᠪᠤᠴᠠ ᠪᠠᠷ ᠳᠠᠮᠵᠢᠨ ᠰᠤᠷᠤᠯᠴᠠᠯᠭ᠎ᠠ ᠶᠢᠨ ᠡᠭᠦᠷᠭᠡ ᠪᠠᠨ ᠪᠡᠶᠡᠯᠡᠭᠦᠯᠵᠦ

ᠴᠢᠳᠠᠳᠠᠭ᠃ ᠡᠶᠢᠮᠦᠷᠬᠦᠤ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠨᠢ ᠰᠤᠷᠤᠭᠴᠢᠳ ᠤᠨ

ᠪᠣᠰᠣᠳ ᠲᠠᠢ ᠬᠠᠷᠢᠯᠴᠠᠬᠤ ᠪᠠ ᠬᠠᠮᠳᠣᠷᠠᠬᠤ ᠦᠵᠡᠯ ᠲᠠᠨᠢᠯᠳᠠ ᠶᠢ ᠴᠢᠩᠭᠠᠳᠬᠠᠵᠣ ᠴᠢᠳᠠᠬᠤ ᠪᠠᠷ ᠦᠯᠦ ᠪᠠᠷᠠᠨ

ᠬᠠᠮᠳᠣ ᠨᠡᠶᠢᠳᠡ ᠶᠢᠨ ᠤᠬᠠᠮᠰᠠᠷ ᠪᠠ ᠪᠣᠰᠣᠳ ᠲᠠᠯ᠎ᠠ ᠶᠢᠨ ᠬᠠᠷᠢᠯᠴᠠᠬᠤ ᠮᠡᠷᠭᠡᠵᠢᠯ ᠢ ᠡᠵᠡᠮᠰᠢᠬᠦ ᠳᠤ ᠲᠦᠢᠯ ᠤᠨ

ᠠᠰᠢᠭᠳᠠᠢ ᠶᠣᠮ᠃

      ᠨᠢᠭᠡ᠂ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠨᠳᠦᠰᠦᠨ ᠡᠯᠮᠧᠨᠧᠲ ᠤᠨ

ᠲᠤᠬᠠᠢ

      ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠵᠢᠭᠠᠨ ᠰᠤᠷᠭᠠᠯᠳᠠ ᠳᠤᠮᠳᠠ᠂ ᠪᠠᠭ᠎ᠠ ᠳᠤᠭᠤᠶᠢᠯᠠᠩ ᠤᠨ

ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠣᠨᠴᠠᠯᠢᠭ ᠲᠤ ᠨᠢ ᠲᠤᠬᠢᠷᠠᠭᠰᠠᠨ

ᠬᠠᠮᠳᠤᠷᠠᠯᠴᠠᠭᠠᠨ ᠤ ᠵᠢᠭᠠᠨ ᠰᠤᠷᠭᠠᠯᠳᠠ ᠎ ᠶᠢᠨ ᠦᠢᠯᠡᠳᠦᠯᠭᠡ ᠶᠢ ᠦᠷᠨᠢᠬᠦᠯᠬᠦ ᠳᠤ᠂ ᠬᠠᠮᠤᠭ ᠲᠡᠷᠢᠬᠦᠨ ᠳᠤ᠂ ᠪᠠᠭᠰᠢ

ᠪᠣᠯᠣᠭᠰᠠᠳ ᠠᠴᠠ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠨᠳᠦᠰᠦᠨ ᠣᠨᠴᠠᠯᠢᠭ ᠵᠢᠴᠢ

ᠦᠨᠳᠦᠰᠦᠨ ᠡᠯᠮᠧᠨᠧᠲ ᠶᠢᠨ ᠲᠤᠬᠠᠢ ᠨᠠᠷᠢᠨ ᠣᠶᠢᠯᠠᠭᠠᠭᠰᠠᠨ ᠪᠠᠶᠢᠬᠤ ᠬᠡᠷᠡᠭᠳᠡᠢ᠃

      ︵ᠨᠢᠭᠡ︶ ᠬᠠᠷᠢᠯᠴᠠᠨ ᠢᠳᠡᠭᠡᠯ ᠲᠠᠢ ᠪᠠᠶᠢᠬᠤ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠳᠣᠮᠳᠠ ᠰᠤᠷᠤᠭᠴᠢᠳ ᠡᠷᠬᠡᠪᠰᠢ ᠬᠦᠮᠦᠨ

ᠪᠦᠬᠦᠨ ᠤ ᠰᠤᠷᠤᠯᠴᠠᠯᠭ᠎ᠠ ᠶᠢᠨ ᠣᠪᠣᠷ ᠪᠠᠶᠢᠳᠠᠯ ᠨᠢ ᠦᠪᠡᠷ ᠤᠨ ᠰᠤᠷᠤᠯᠴᠠᠯᠭ᠎ᠠ ᠳᠤ ᠬᠤᠯᠪᠤᠭᠳᠠᠬᠤ ᠪᠠᠷ ᠦᠯᠦ

ᠪᠠᠷᠠᠨ᠂ ᠪᠦᠬᠦ ᠳᠤᠭᠤᠶᠢᠯᠠᠩ ᠤᠨ ᠬᠡᠰᠢᠭᠦᠳ ᠤᠨ ᠰᠤᠷᠤᠯᠴᠠᠯᠭ᠎ᠠ ᠶᠢᠨ ᠣᠪᠣᠷ ᠪᠠᠶᠢᠳᠠᠯ ᠳᠤ ᠨᠦᠯᠦᠭᠡ ᠦᠵᠬᠦᠯᠳᠡᠭ

ᠭᠡᠳᠡᠭ ᠢ ᠰᠡᠷᠡᠵᠦ ᠮᠡᠳᠡᠭᠰᠡᠨ ᠪᠠᠶᠢᠬᠤ ᠴᠢᠬᠤᠯᠠᠳᠠᠢ᠃ ᠳᠤᠭᠤᠶᠢᠯᠠᠩ ᠤᠨ ᠰᠤᠷᠤᠯᠴᠠᠯᠭ᠎ᠠ ᠶᠢᠨ ᠶᠠᠪᠤᠴᠠ ᠳᠤ᠂

ᠬᠡᠰᠢᠬᠦᠳ ᠬᠠᠷᠢᠯᠴᠠᠨ ᠢᠳᠡᠭᠡᠯ ᠲᠠᠢ ᠬᠠᠷᠢᠴᠠᠭ᠎ᠠ ᠶᠢ ᠪᠦᠷᠢᠯᠳᠦᠬᠦᠯᠪᠡᠯ ᠵᠦᠢᠳᠡᠢ᠃ ᠡᠶᠢᠮᠦᠷᠬᠦᠤ ᠬᠠᠷᠢᠴᠠᠭ᠎ᠠ ᠶᠢ ᠪᠣᠢ

ᠪᠣᠯᠭᠠᠬᠤ ᠳᠤ ᠳᠣᠣᠷᠠᠬᠢ ᠭᠤᠷᠪᠠᠨ ᠲᠠᠯ᠎ᠠ ᠶᠢ ᠠᠩᠬᠠᠷᠤᠨ᠎ᠠ᠃

      1. ᠰᠣᠷᠣᠯᠴᠠᠯᠭ᠎ᠠ ᠶᠢᠨ ᠬᠠᠷᠠᠯᠳᠠ ᠳᠣᠳᠤᠷᠬᠠᠢ᠃ ᠳᠤᠭᠤᠶᠢᠯᠠᠩ ᠤᠨ ᠬᠡᠰᠢᠬᠦᠨ ᠪᠦᠷᠢ ᠵᠠᠪᠠᠯ ᠢᠵᠢᠯ ᠨᠢᠭᠡ

ᠬᠠᠷᠠᠯᠳᠠ ᠪᠠᠶᠢᠬᠤ ᠭᠡᠷᠡᠭᠳᠠᠢ᠃ ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠬᠢᠴᠢᠶᠡᠯᠯᠡᠭᠡ ᠶᠢᠨ ᠶᠠᠪᠤᠴᠠ ᠳᠤ᠂

ᠪᠠᠭᠰᠢ ᠠᠴᠠ ᠳᠤᠭᠤᠶᠢᠯᠠᠩ ᠪᠦᠷᠢ ᠶᠢᠨ ᠬᠡᠰᠢᠭᠦᠳ ᠢ ᠳᠤᠭᠤᠶᠢᠯᠠᠩ ᠤᠨ ᠰᠤᠷᠤᠯᠴᠠᠯᠭ᠎ᠠ ᠳᠠᠭᠤᠰᠣᠭᠰᠠᠨ ᠤ ᠳᠠᠷᠠᠭ᠎ᠠ

ᠰᠤᠷᠤᠯᠴᠠᠯᠭ᠎ᠠ ᠶᠢᠨ ᠬᠠᠷᠠᠯᠳᠠ ᠶᠢᠨ ᠬᠦᠰᠦᠨᠦᠭ ᠳᠡᠭᠡᠷ᠎ᠡ ᠭᠠᠷ ᠤᠨ ᠦᠰᠦᠭ ᠵᠢᠷᠤᠭᠤᠯᠪᠠᠯ ᠨᠡᠩ ᠰᠠᠶᠢᠨ᠂ ᠡᠨᠡ ᠨᠢ

ᠳᠤᠭᠤᠶᠢᠯᠠᠩ ᠤᠨ ᠰᠤᠷᠤᠯᠴᠠᠬᠤ ᠬᠠᠷᠠᠯᠳᠠ ᠨᠢ ᠨᠢᠭᠡᠨᠳᠡ ᠪᠡᠶᠡᠯᠡᠭᠳᠡᠭᠰᠡᠨ ᠤ ᠴᠢᠬᠤᠯᠠ ᠨᠢᠭᠡᠨ ᠢᠯᠡᠷᠡᠯ ᠪᠣᠯᠬᠤ ᠶᠣᠮ᠃

      2. ᠱᠠᠩᠨᠠᠯ ᠲᠣᠷᠭᠠᠭᠤᠯᠢ ᠶᠢᠨ ᠲᠦᠷᠢᠮ ᠢ ᠬᠡᠷᠡᠭᠵᠢᠬᠦᠯᠬᠦ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ

ᠰᠤᠷᠤᠯᠴᠠᠯᠭ᠎ᠠ ᠶᠢᠨ ᠶᠠᠪᠤᠴᠠ ᠳᠤ᠂ ᠪᠠᠭᠰᠢ ᠠᠴᠠ ᠵᠣᠬᠢᠰᠳᠠᠢ ᠱᠠᠩᠨᠠᠯ ᠲᠤᠷᠭᠠᠭᠤᠯᠢ ᠶᠢᠨ ᠳᠦᠷᠢᠮ ᠢ ᠲᠤᠭᠳᠠᠭᠠᠨ

ᠭᠡᠷᠡᠭᠵᠢᠬᠦᠯᠪᠡᠯ ᠰᠣᠷᠣᠯᠴᠠᠭ᠎ᠠ ᠶᠢᠨ ᠦᠷ᠎ᠡ ᠳ᠋ᠦᠩ ᠢ ᠨᠡᠩ ᠰᠠᠶᠢᠨ ᠪᠣᠯᠭᠠᠵᠣ ᠪᠣᠯᠣᠨ᠎ᠠ᠃ ᠳᠣᠭᠤᠶᠢᠯᠠᠩ ᠤᠨ

ᠰᠤᠷᠤᠭᠴᠢᠳ ᠤᠨ ᠳᠣᠮᠳᠠ᠂ ᠰᠣᠷᠣᠯᠴᠠᠬᠤ ᠢᠳᠡᠪᠬᠢᠵᠢᠯ ᠪᠠ ᠣᠪᠤᠷ ᠰᠣᠷᠳᠠᠯ ᠨᠢ ᠰᠠᠶᠢᠨ ᠰᠣᠷᠣᠭᠴᠢᠳ ᠢ ᠱᠠᠩᠨᠠᠨ

ᠤᠷᠮᠠᠰᠢᠭᠤᠯᠪᠠᠯ᠂ ᠰᠣᠷᠣᠭᠴᠢᠳ ᠨᠡᠩ ᠢᠳᠡᠭᠡᠯ ᠲᠡᠭᠦᠯᠳᠡᠷ ᠢᠶᠠᠷ ᠰᠣᠷᠣᠯᠴᠠᠯᠭ᠎ᠠ ᠶᠢᠨ ᠪᠦᠬᠦ᠋ᠢᠯᠡ ᠶᠠᠪᠤᠴᠠ ᠳᠤ

ᠰᠡᠳᠭᠢᠯ ᠳᠠᠯᠪᠢᠨ ᠤᠷᠤᠯᠴᠠᠬᠤ ᠪᠣᠯᠣᠨ᠎ᠠ᠃ ᠡᠭᠦᠨ ᠤ ᠳᠠᠭᠠᠤ ᠳᠤ᠂ ᠰᠣᠷᠣᠯᠴᠠᠬᠤ ᠢᠳᠡᠪᠬᠢᠵᠢᠯ ᠠᠨᠠᠢ᠂ ᠰᠣᠷᠣᠯᠴᠠᠬᠤ

ᠣᠷᠮ᠎ᠠ ᠮᠠᠭᠤᠳᠠᠢ ᠰᠤᠷᠤᠭᠴᠢᠳ ᠢ ᠲᠤᠷᠭᠤᠭᠠᠨ ᠴᠡᠭᠡᠷᠯᠡᠬᠦᠯᠵᠦ᠂ ᠳᠤᠭᠤᠶᠢᠯᠠᠩ ᠤᠨ ᠰᠤᠷᠤᠯᠴᠠᠯᠭ᠎ᠠ ᠶᠢᠨ ᠦᠷ᠎ᠡ

ᠳ᠋ᠦᠩ ᠢ ᠨᠦᠯᠦᠭᠡᠯᠡᠭᠰᠡᠨ ᠬᠠᠷᠢᠭᠤᠴᠠᠯᠭ᠎ᠠ ᠶᠢ ᠡᠭᠦᠷᠭᠡᠯᠡᠭᠦᠯᠪᠡᠯ᠂ ᠡᠳᠡᠭᠡᠷ ᠰᠤᠷᠤᠭᠴᠢᠳ ᠦᠪᠡᠷ ᠤᠨ ᠪᠣᠷᠣᠭᠤ ᠎ ᠪᠠᠨ

ᠰᠡᠷᠡᠵᠦ ᠮᠡᠳᠡᠷᠡᠨ᠂ ᠰᠣᠷᠣᠯᠴᠠᠯᠭ᠎ᠠ ᠶᠢᠨ ᠨᠠᠵᠠᠭᠠᠢ ᠣᠪᠣᠷ ᠢᠶᠠᠨ ᠦᠭᠡᠷᠡᠴᠢᠯᠡᠬᠦ ᠳᠤ ᠲᠤᠰᠠ ᠳᠡᠮ ᠪᠣᠯᠬᠤ ᠨᠢ ᠯᠠᠪᠳᠠᠢ

ᠶᠣᠮ᠃

      3. ᠳᠤᠭᠤᠶᠢᠯᠠᠩ ᠤᠨ ᠬᠡᠰᠢᠬᠦᠳ ᠤᠨ ᠡᠭᠦᠷᠭᠡ ᠳᠣᠳᠣᠷᠬᠠᠢ ᠪᠠᠶᠢᠬᠤ᠃ ᠪᠠᠭ᠎ᠠ ᠳᠤᠭᠤᠶᠢᠯᠠᠩ ᠤᠨ

ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ᠂ ᠳᠤᠭᠤᠶᠢᠯᠠᠩ ᠤᠨ ᠬᠡᠰᠢᠬᠦᠨ ᠪᠦᠬᠦᠨ ᠤ ᠠᠵᠢᠯ ᠡᠭᠦᠷᠬᠡ ᠶᠢ

ᠳᠣᠳᠣᠷᠬᠠᠶᠢᠯᠠᠨ᠂ ᠰᠤᠷᠤᠭᠴᠢᠳ ᠤᠨ ᠳᠤᠭᠤᠶᠢᠯᠠᠩ ᠤᠨ ᠳᠣᠮᠳᠠᠬᠢ ᠣᠷᠣᠨ ᠪᠠᠶᠢᠷᠢ ᠪᠠ ᠬᠢᠬᠦ ᠡᠭᠦᠷᠭᠡ ᠨᠢ

ᠬᠠᠷᠢᠯᠴᠠᠨ ᠨᠢᠭᠳᠠ ᠤᠶᠠᠯᠳᠣᠭᠰᠠᠨ ᠪᠠᠶᠢᠪᠠᠯ ᠵᠦᠢᠳᠡᠢ᠃ ᠡᠨᠡ ᠨᠢ ᠳᠤᠭᠤᠶᠢᠯᠠᠩ ᠤᠨ ᠡᠭᠦᠷᠭᠡ ᠪᠠᠨ ᠪᠡᠶᠡᠯᠡᠬᠦᠯᠬᠦ ᠳᠤ

ᠨᠡᠩ ᠳᠦᠭᠦᠮ ᠳᠦᠳᠡ ᠮᠦᠷᠳᠡᠭᠡᠨ ᠳᠤᠭᠤᠶᠢᠯᠠᠩ ᠤᠨ ᠡᠴᠦᠰ ᠤᠨ ᠬᠠᠷᠠᠯᠳᠠ ᠪᠠᠨ ᠪᠡᠶᠡᠯᠡᠬᠦᠯᠬᠦ ᠳᠤ ᠮᠦᠨ ᠮᠠᠰᠢ

ᠴᠢᠬᠤᠯᠠ ᠦᠢᠯᠡᠳᠦᠯ ᠲᠠᠢ᠃

      ︵ᠬᠤᠶᠠᠷ︶ ᠰᠣᠷᠤᠭᠴᠢ ᠪᠦᠷᠢ ᠬᠠᠷᠢᠭᠤᠴᠠᠯᠭ᠎ᠠ ᠲᠠᠢ ᠪᠠᠶᠢᠬᠤ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ᠂ ᠬᠡᠰᠢᠬᠦᠨ ᠪᠦᠷᠢ ᠡᠷᠬᠡᠪᠰᠢ

ᠬᠤᠪᠢ ᠶᠢᠨ ᠡᠭᠦᠷᠭᠡᠯᠡᠪᠡᠯ ᠵᠦᠢᠳᠡᠢ ᠡᠭᠦᠷᠭᠡ ᠠᠵᠢᠯ ᠪᠠᠶᠢᠬᠤ ᠬᠡᠷᠡᠭᠳᠡᠢ᠃ ᠳᠤᠭᠤᠶᠢᠯᠠᠩ ᠤᠨ ᠬᠠᠮᠳᠣᠷᠠᠯᠴᠠᠭᠠᠨ ᠤ

ᠳᠣᠮᠳᠠ᠂ ᠬᠡᠰᠢᠬᠦᠨ ᠪᠦᠷᠢ ᠦᠪᠡᠷ ᠤᠨ ᠡᠭᠦᠷᠭᠡ ᠪᠠᠨ ᠡᠷᠬᠡᠪᠰᠢ ᠪᠡᠶ᠋ᠯᠡᠬᠦᠯᠬᠦ ᠨᠢ ᠳᠤᠭᠤᠶᠢᠯᠠᠩ ᠤᠨ ᠰᠣᠷᠣᠯᠴᠠᠬᠤ

ᠡᠭᠦᠷᠭᠡ ᠶᠢᠨ ᠪᠡᠶᠡᠯᠡᠭᠳᠡᠬᠦ ᠡᠰᠡᠬᠦ ᠲᠠᠢ ᠰᠢᠭᠤᠳ ᠬᠤᠯᠪᠣᠭᠳᠠᠨ᠎ᠠ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ

ᠰᠤᠷᠤᠯᠴᠠᠯᠭ᠎ᠠ ᠳᠣᠮᠳᠠ᠂ ᠪᠠᠭᠰᠢ ᠠᠴᠠ ᠰᠤᠷᠤᠭᠴᠢᠳ ᠤᠨ ᠬᠢᠬᠦ ᠴᠢᠬᠤᠯᠠᠳᠠᠢ ᠡᠭᠦᠷᠬᠡ ᠶᠢ ᠳᠣᠳᠤᠷᠬᠠᠶᠢᠯᠠᠨ

ᠲᠤᠰᠢᠶᠠᠬᠤ ᠶᠢᠨ ᠳᠠᠭᠠᠣ ᠮᠦᠨ ᠰᠤᠷᠤᠭᠴᠢᠳ ᠤᠨ ᠬᠤᠪᠢ ᠶᠢᠨ ᠡᠭᠦᠷᠭᠡ ᠪᠠᠨ ᠪᠡᠶᠡᠯᠡᠬᠦᠯᠦᠭᠰᠡᠨ ᠡᠰᠡᠬᠦ ᠳᠤ

ᠠᠰᠠᠭᠤᠯᠳᠠ ᠲᠠᠯᠪᠢᠬᠤ ᠪᠣᠶᠣ ᠰᠣᠷᠢᠯᠳᠠ ᠬᠢᠬᠦ ᠮᠡᠳᠦ ᠶᠢᠨ ᠠᠷᠭ᠎ᠠ ᠠᠪᠴᠠᠯ ᠢᠶᠠᠷ ᠰᠣᠷᠣᠭᠴᠢᠳ ᠤᠨ ᠡᠭᠦᠷᠭᠡ ᠪᠠᠨ

ᠬᠢᠷᠢ ᠵᠡᠷᠭᠡ ᠭᠦᠢᠴᠡᠳᠭᠡᠭᠰᠡᠨ ᠲᠤᠬᠠᠢ ᠪᠠᠶᠢᠴᠠᠭᠠᠵᠤ ᠪᠣᠯᠣᠨ᠎ᠠ᠃

      ︵ᠭᠤᠷᠪᠠ︶ ᠬᠡᠰᠢᠬᠦᠳ ᠬᠠᠷᠢᠯᠴᠠᠨ ᠬᠠᠮᠳᠣᠷᠠᠯᠴᠠᠬᠤ ᠶᠢ ᠠᠬᠢᠭᠤᠯᠬᠤ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠳᠤ᠂ ᠡᠯ᠎ᠡ ᠬᠡᠰᠢᠭᠦᠳ ᠬᠠᠷᠢᠯᠴᠠᠨ ᠳᠡᠮᠵᠢᠬᠦ᠂

ᠬᠠᠮᠳᠣᠷᠠᠨ ᠴᠢᠷᠮᠠᠶᠢᠬᠤ ᠪᠠᠷ ᠳᠠᠮᠵᠢᠨ ᠬᠠᠮᠤᠭ ᠡᠴᠦᠰ ᠤᠨ ᠰᠣᠷᠣᠯᠴᠠᠬᠤ ᠡᠭᠦᠷᠭᠡ ᠪᠠᠨ ᠪᠡᠶᠡᠯᠡᠬᠦᠯᠵᠦ          

ᠴᠢᠳᠠᠨ᠎ᠠ᠃ ᠬᠡᠰᠢᠭᠦᠨ ᠪᠦᠬᠦᠨ ᠬᠠᠷᠢᠯᠴᠠᠨ ᠬᠠᠪᠰᠤᠷᠤᠯᠴᠠᠬᠤ ᠮᠦᠷᠳᠡᠭᠡᠨ ᠰᠤᠷᠠᠭ ᠵᠠᠩᠭᠢ ᠪᠠᠨ ᠬᠠᠷᠢᠯᠴᠠᠨ

ᠬᠤᠪᠢᠶᠠᠯᠴᠠᠬᠤ᠂ ᠬᠤᠪᠢ ᠶᠢᠨ ᠦᠵᠡᠯᠳᠡ ᠪᠠᠨ ᠳᠣᠷᠠᠳᠣᠨ ᠭᠠᠷᠭᠠᠵᠣ᠂ ᠬᠠᠷᠢᠯᠴᠠᠨ ᠵᠣᠷᠢᠬᠵᠢᠭᠤᠯᠣᠨ ᠳᠡᠮᠵᠢᠬᠦ

ᠵᠡᠷᠭᠡ ᠪᠠᠷ ᠳᠠᠮᠵᠢᠨ ᠰᠣᠷᠣᠯᠴᠠᠬᠤ ᠡᠭᠦᠷᠭᠡ ᠪᠠᠨ ᠦᠷ᠎ᠡ ᠠᠰᠢᠭ ᠲᠠᠢ ᠪᠠᠷ ᠪᠡᠶᠡᠯᠡᠬᠦᠯᠵᠦ ᠴᠢᠳᠠᠬᠤ ᠪᠣᠯᠣᠨ᠎ᠠ᠃

      ᠬᠤᠶᠠᠷ᠂ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠷ᠎ᠡ ᠠᠰᠢᠭ ᠢ

ᠳᠡᠭᠡᠭᠰᠢᠯᠡᠬᠦᠯᠬᠦ ᠠᠷᠭ᠎ᠠ ᠵᠠᠮ

      ︵ᠨᠢᠭᠡ︶ ᠪᠠᠭᠰᠢ ᠶᠢᠨ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠠᠬᠢ

ᠡᠭᠦᠷᠭᠡ ᠬᠠᠷᠢᠭᠤᠴᠠᠯᠭ᠎ᠠ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠨᠢ ᠰᠣᠷᠣᠭᠴᠢᠳ ᠤᠨ ᠬᠤᠪᠢ ᠶᠢᠨ

ᠤᠬᠠᠮᠰᠠᠷ ᠲᠤ ᠲᠦᠰᠢᠭᠯᠡᠭᠰᠡᠨ᠂ ᠮᠠᠰᠢ ᠡᠷᠬᠡ ᠴᠢᠯᠦᠭᠡᠳᠡᠢ ᠬᠠᠮᠳᠣ ᠨᠡᠶᠢᠳᠡ ᠶᠢᠨ ᠰᠣᠷᠣᠯᠴᠠᠬᠤ ᠠᠵᠢᠯᠯᠠᠭ᠎ᠠ          

ᠪᠣᠯᠣᠨ᠎ᠠ᠃ ᠡᠶᠢᠮᠦᠷᠬᠦᠤ ᠰᠣᠷᠣᠯᠴᠠᠬᠤ ᠠᠵᠢᠯᠯᠠᠭᠠᠨ ᠨᠢ ᠣᠯᠠᠩᠬᠢ ᠪᠠᠶᠢᠳᠠᠯ ᠳᠤ ᠰᠣᠷᠣᠭᠴᠢᠳ ᠬᠤᠪᠢ ᠪᠡᠶ᠎ᠡ

᠎ ᠳᠤ ᠪᠠᠨ ᠲᠦᠰᠢᠭᠯᠡᠬᠦ ᠪᠠᠷ ᠭᠤᠣᠯ ᠪᠤᠯᠭᠠᠳᠠᠭ ᠪᠣᠯᠪᠠᠴᠣ ᠰᠣᠷᠣᠯᠴᠠᠯᠭ᠎ᠠ ᠶᠢᠨ ᠪᠦᠬᠦ᠋ᠢᠯᠡ ᠶᠠᠪᠤᠴᠠ ᠨᠢ ᠪᠠᠭᠰᠢ ᠶᠢᠨ

ᠰᠢᠨᠵᠢᠯᠡᠬᠦ ᠣᠬᠠᠭᠠᠨᠴᠢ ᠵᠢᠭᠠᠨ ᠵᠢᠯᠣᠭᠤᠳᠣᠯᠭ᠎ᠠ ᠪᠠ ᠬᠢᠨᠠᠨ ᠪᠠᠶᠢᠴᠠᠭᠠᠯᠳᠠ ᠠᠴᠠ ᠰᠠᠯᠵᠣ ᠴᠢᠳᠠᠬᠤ ᠦᠭᠡᠢ ᠨᠢ

ᠮᠡᠳᠡᠭᠡᠵᠢ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠷ᠎ᠡ ᠠᠰᠢᠭ ᠢ ᠨᠡᠩ ᠦᠨᠳᠦᠷ

ᠲᠦᠪᠰᠢᠨ ᠳᠤ ᠬᠦᠷᠭᠡᠬᠦ ᠶᠢᠨ ᠲᠤᠯᠠᠳᠠ᠂ ᠰᠣᠷᠣᠯᠴᠠᠯᠭ᠎ᠠ ᠶᠢᠨ ᠶᠠᠪᠤᠴᠠ ᠳᠤ ᠪᠠᠭᠰᠢ ᠶᠢᠨ ᠡᠭᠦᠷᠭᠡ

ᠬᠠᠷᠢᠭᠤᠴᠠᠯᠭ᠎ᠠ ᠨᠢ ᠳᠣᠳᠣᠷᠬᠠᠢ ᠪᠠᠶᠢᠬᠤ ᠬᠡᠷᠡᠭᠳᠡᠢ᠃ ᠪᠠᠭᠰᠢ ᠪᠣᠯ ᠰᠣᠷᠣᠯᠴᠠᠯᠭ᠎ᠠ ᠶᠢᠨ ᠪᠦᠬᠦ᠋ᠢᠯᠡ ᠶᠠᠪᠤᠴᠠ ᠶᠢᠨ

︽ᠬᠦᠳᠦᠯᠦᠭᠴᠢ︾ ᠪᠠᠶᠢᠬᠤ ᠶᠣᠰᠣᠳᠠᠢ᠃ ᠰᠣᠷᠣᠭᠴᠢᠳ ᠤᠨ ᠰᠣᠷᠣᠯᠴᠠᠬᠤ ᠤᠷᠮ᠎ᠠ ᠶᠢ ᠬᠦᠭᠵᠢᠬᠡᠨ᠂

ᠰᠣᠷᠣᠭᠴᠢᠳ ᠤᠨ ᠪᠠᠶᠡᠴᠢ ᠴᠢᠳᠠᠮᠠᠭᠠᠢ ᠴᠢᠨᠠᠷ ᠢ ᠪᠠᠳᠠᠷᠠᠭᠤᠯᠵᠣ᠂ ᠰᠣᠷᠣᠯᠴᠠᠬᠤ ᠦᠶ᠎ᠡ ᠶᠢᠨ ᠬᠦᠳᠡᠯᠦᠩᠭᠦᠢ ᠪᠣᠰᠣ

ᠣᠪᠣᠷ ᠢ ᠰᠠᠶᠢᠵᠢᠷᠠᠭᠤᠯᠣᠨ ᠢᠳᠡᠪᠬᠢᠳᠡᠢ ᠣᠪᠣᠷ ᠲᠠᠢ ᠪᠣᠯᠭᠠᠨ᠂ ᠪᠠᠶᠠᠷ ᠬᠦᠷ ᠲᠠᠢ ᠪᠠᠷ ᠪᠠᠭ᠎ᠠ ᠳᠤᠭᠤᠶᠢᠯᠠᠩ ᠤᠨ

ᠬᠠᠮᠳᠤᠷᠠᠯᠴᠠᠭᠠᠨ ᠤ ᠰᠤᠷᠤᠯᠴᠠᠯᠭ᠎ᠠ ᠳᠤ ᠣᠷᠣᠯᠴᠠᠬᠤ ᠪᠣᠯᠭᠠᠨ᠎ᠠ᠃ ᠪᠠᠭᠰᠢ ᠠᠴᠠ ᠮᠦᠨ ᠰᠣᠷᠣᠭᠴᠢᠳ ᠤᠨ

ᠬᠠᠮᠳᠣᠷᠠᠯᠴᠠᠭᠠᠨ ᠳᠤ ᠵᠣᠬᠢᠰᠳᠠᠢ ᠵᠢᠯᠣᠭᠤᠳᠣᠮᠵᠢ ᠦᠭᠴᠦ᠂ ᠳᠤᠭᠤᠶᠢᠯᠠᠩ ᠤᠨ ᠰᠣᠷᠣᠯᠴᠠᠯᠭ᠎ᠠ ᠶᠢᠨ ᠡᠯ᠎ᠡ

ᠠᠯᠬᠤᠮ ᠳᠤ ᠰᠠᠨᠠᠯ ᠵᠦᠪᠯᠡᠯᠭᠡ ᠬᠠᠩᠭᠠᠨ᠂ ᠰᠣᠷᠣᠯᠴᠠᠭ᠎ᠠ ᠶᠢᠨ ᠶᠠᠪᠤᠴᠠ ᠳᠤ ᠢᠯᠡᠷᠡᠭᠰᠡᠨ ᠡ᠊ᠨᠳᠡᠬᠦᠦ ᠪᠣᠷᠣᠭᠤ

ᠵᠦᠢᠯᠡᠰ ᠢ ᠴᠠᠭ ᠲᠤᠬᠠᠢ ᠳᠤ ᠨᠢ ᠵᠢᠭᠠᠨ ᠭᠠᠷᠭᠠᠵᠣ ᠵᠠᠰᠠᠨ ᠰᠠᠶᠢᠵᠢᠷᠠᠭᠤᠯᠬᠤ ᠶᠢ ᠰᠠᠨᠠᠭᠤᠯᠣᠨ᠎ᠠ᠃ ᠡᠶᠢᠮᠦ ᠠᠴᠠ

ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ᠂ ᠪᠠᠭᠰᠢ ᠪᠣᠯᠣᠭᠰᠠᠳ ᠭᠠᠷ ᠢᠶᠠᠨ

ᠳᠠᠳᠠᠨ ᠭᠠᠳᠠᠨ᠎ᠠ ᠤᠬᠤᠷᠢᠨ ᠵᠤᠭᠰᠤᠵᠤ ᠪᠣᠯᠬᠤ ᠦᠭᠡᠢ᠃

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ ᠪᠠᠭᠰᠢ ᠠᠴᠠ ᠡᠯ᠎ᠡ

ᠳᠤᠭᠤᠶᠢᠯᠠᠩ ᠤᠨ ᠰᠣᠷᠣᠯᠴᠠᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠠᠵᠢᠭᠯᠠᠵᠣ᠂ ᠵᠢᠯᠤᠭᠤᠳᠣᠮᠵᠢ

ᠦᠭᠬᠦ ᠴᠢᠬᠤᠯᠠᠳᠠᠢ ᠦᠶᠡᠰ ᠡᠷᠭᠡᠪᠰᠢ ᠴᠠᠭ ᠲᠤᠬᠠᠢ ᠳᠤᠨᠢ ᠵᠢᠭᠠᠨ ᠵᠢᠯᠣᠭᠤᠳᠴᠣ᠂ ᠡᠯ᠎ᠡ ᠳᠤᠭᠤᠶᠢᠯᠠᠩ ᠤᠨ

ᠣᠷᠣᠰᠢᠵᠣ ᠪᠠᠶᠢᠭ᠎ᠠ ᠠᠰᠠᠭᠤᠳᠠᠯ ᠵᠢᠴᠢ ᠨᠡᠶᠢᠳᠡ ᠠᠰᠠᠭᠤᠳᠠᠯ ᠳᠤ ᠠᠩᠬᠠᠷᠣᠯ ᠢᠶᠠᠨ ᠬᠠᠨᠳᠣᠭᠤᠯᠣᠨ᠂ ᠳᠣᠳᠣᠷ᠎ᠠ ᠪᠠᠨ

ᠲᠤᠭ᠎ᠠ ᠲᠠᠢ ᠪᠠᠶᠢᠬᠤ ᠬᠡᠷᠡᠭᠳᠡᠢ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠲᠠᠭᠤᠰᠣᠭᠰᠠᠨ ᠤ

ᠳᠠᠷᠠᠭ᠎ᠠ᠂ ᠪᠠᠭᠰᠢ ᠠᠴᠠ ᠠᠵᠢᠭᠯᠠᠵᠣ ᠮᠡᠳᠡᠭᠰᠡᠨ ᠠᠰᠠᠭᠤᠳᠠᠯ ᠵᠢᠴᠢ ᠨᠡᠶᠢᠳᠡ ᠠᠰᠠᠭᠤᠳᠠᠯ ᠳᠤ ᠴᠢᠭᠯᠡᠬᠦᠯᠦᠨ᠂

ᠰᠣᠷᠣᠭᠴᠢᠳ ᠲᠤ ᠲᠠᠶᠢᠯᠪᠣᠷᠢᠯᠠᠨ ᠦᠭᠴᠦ᠂ ᠣᠷᠣᠰᠢᠵᠣ ᠪᠠᠶᠢᠭ᠎ᠠ ᠠᠰᠠᠭᠤᠳᠠᠯ ᠢ ᠨᠢ ᠴᠠᠭ ᠲᠤᠬᠠᠢ ᠳᠤᠨᠢ

ᠰᠢᠢᠳᠪᠦᠷᠢᠯᠡᠭᠰᠡᠨ ᠪᠠᠶᠢᠬᠤ ᠴᠢᠬᠤᠯᠠᠳᠠᠢ᠃ ᠡᠭᠦᠨ ᠠᠴᠠ ᠭᠠᠳᠠᠨ᠎ᠠ᠂ ᠪᠠᠭᠰᠢ ᠠᠴᠠ ᠰᠤᠷᠤᠭᠴᠢᠳ ᠤᠨ ᠪᠠᠭ᠎ᠠ

ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠳᠤ ᠣᠷᠣᠯᠴᠠᠵᠣ ᠪᠠᠶᠢᠭ᠎ᠠ ᠪᠠᠶᠢᠳᠠᠯ ᠢ ᠪᠦᠷᠢᠳᠭᠡᠨ

ᠪᠠᠶᠢᠴᠠᠭᠠᠵᠣ᠂ ᠡᠯ᠎ᠡ ᠳᠤᠭᠤᠶᠢᠯᠠᠩ ᠤᠨ ᠬᠡᠰᠢᠭᠦᠳ ᠤᠨ ᠢᠳᠡᠪᠬᠢᠳᠡᠢ ᠣᠷᠣᠯᠴᠠᠬᠤ ᠶᠢ ᠰᠠᠨᠠᠭᠤᠯᠣᠨ᠂ ᠵᠠᠷᠢᠮ

ᠳᠤᠭᠤᠶᠢᠯᠠᠩ ᠤᠨ ᠰᠣᠷᠣᠯᠴᠠᠯᠭ᠎ᠠ ᠨᠢ ᠣᠷᠣᠭᠰᠢ ᠦᠭᠡᠢ ᠪᠠᠶᠢᠳᠠᠯ ᠢ ᠦᠨᠳᠦᠰᠦᠯᠡᠨ᠂ ᠳᠤᠭᠤᠶᠢᠯᠠᠩ ᠤᠨ ᠬᠡᠰᠢᠭᠦᠳ ᠢ

ᠰᠢᠨ᠎ᠡ ᠪᠠᠷ ᠲᠤᠬᠢᠷᠠᠭᠤᠯᠬᠤ ᠪᠣᠶᠣ ᠵᠢᠭᠠᠨ ᠵᠢᠯᠤᠭᠤᠳᠣᠮᠵᠢ ᠦᠭᠬᠦ ᠨᠢ ᠵᠦᠢᠳᠡᠢ᠃

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠨᠢ ᠳᠠᠭᠤᠰᠣᠭᠰᠠᠨ ᠤ ᠳᠠᠷᠠᠭ᠎ᠠ᠂ ᠪᠠᠭᠰᠢ ᠠᠴᠠ

ᠡᠯ᠎ᠡ ᠳᠤᠭᠤᠶᠢᠯᠠᠩ ᠤᠨ ᠬᠠᠷᠢᠭᠤ ᠮᠡᠳᠡᠭᠦᠯᠦᠯᠳᠡ ᠶᠢ ᠨᠠᠷᠢᠨ ᠬᠢᠨᠠᠮᠠᠭᠠᠢ ᠰᠣᠨᠣᠰᠴᠣ ᠳᠡᠮᠳᠡᠭᠯᠡᠨ᠎ᠡ᠃ ᠪᠠᠭᠰᠢ ᠠᠴᠠ

ᠳᠤᠭᠤᠶᠢᠯᠠᠩ ᠤᠨ ᠰᠤᠷᠤᠯᠴᠠᠯᠭ᠎ᠠ ᠶᠢᠨ ᠦᠷ᠎ᠡ ᠪᠦᠳᠦᠭᠡᠯ ᠢ ᠳᠡᠯᠭᠡᠨ ᠦᠵᠡᠬᠦᠯᠬᠦ ᠪᠠᠷ ᠳᠠᠮᠵᠢᠨ᠂ ᠰᠣᠷᠣᠭᠴᠢᠳ ᠤᠨ

ᠰᠣᠷᠣᠯᠴᠠᠬᠤ ᠤᠷᠮ᠎ᠠ ᠪᠠ ᠢᠳᠡᠪᠬᠢᠵᠢᠯ ᠢ ᠣᠯᠠᠮ ᠨᠢᠭᠡ ᠠᠯᠬᠤᠮ ᠬᠦᠭᠵᠢᠭᠡᠨ᠂ ᠵᠦᠢ ᠵᠣᠬᠢᠰᠳᠠᠢ ᠬᠢᠨᠠᠨ ᠦᠨᠡᠯᠡᠯᠳᠡ

ᠦᠭᠴᠦ᠂ ᠰᠣᠷᠣᠭᠴᠢᠳ ᠤᠨ ᠰᠣᠷᠣᠯᠴᠠᠯᠭ᠎ᠠ ᠶᠢᠨ ᠦᠷ᠎ᠡ ᠪᠦᠳᠦᠮᠵᠢ ᠶᠢ ᠰᠠᠶᠢᠰᠢᠶᠠᠨ ᠮᠡᠳᠡᠷᠡᠵᠦ᠂

ᠰᠣᠷᠣᠭᠴᠢᠳ ᠤᠨ ᠰᠣᠷᠣᠯᠴᠠᠯᠭ᠎ᠠ ᠶᠢᠨ ᠦᠷ᠎ᠡ ᠳ᠋ᠦᠩ ᠳᠤ ᠪᠠᠨ ᠬᠠᠨᠣᠮᠵᠢᠳᠠᠢ ᠰᠡᠳᠭᠢᠯᠭᠡ ᠵᠢᠴᠢ ᠳᠠᠷᠠᠭ᠎ᠠ

ᠤᠳᠠᠭᠠᠨ ᠤ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠳᠤ ᠣᠷᠣᠯᠴᠠᠬᠤ ᠶᠢ ᠬᠦᠰᠡᠨ ᠬᠦᠯᠢᠶᠡᠬᠦ

ᠰᠡᠳᠭᠢᠯᠬᠡ ᠶᠢ ᠪᠣᠢ ᠪᠣᠯᠭᠠᠨ᠎ᠠ᠃

      ︵ᠬᠤᠶᠠᠷ︶ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠳᠤᠭᠤᠶᠢᠯᠠᠩ ᠤᠨ

ᠬᠤᠪᠢᠶᠠᠷᠢᠯᠠᠯ ᠤᠨ ᠠᠷᠭ᠎ᠠ ᠬᠡᠯᠪᠡᠷᠢ ᠶᠢ ᠰᠢᠯᠢᠳᠡᠭᠵᠢᠬᠦᠯᠬᠦ

      ᠪᠠᠭ᠎ᠠ ᠰᠤᠷᠭᠠᠭᠤᠯᠢ ᠶᠢᠨ ᠬᠡᠥᠬᠡᠳ ᠤᠨ ᠨᠠᠰᠣ ᠪᠠᠭ᠎ᠠ᠂ ᠦᠪᠡᠷ ᠤᠨ ᠪᠡᠶ᠎ᠡ ᠪᠠᠨ ᠡᠵᠡᠮᠳᠡᠬᠦ ᠲᠠᠯ᠎ᠠ ᠪᠠᠷ

ᠬᠦᠷᠦᠯᠴᠡᠬᠦ ᠦᠭᠡᠢ᠂ ᠰᠡᠳᠭᠢᠬᠦᠢ ᠶᠢᠨ ᠠᠷᠭ᠎ᠠ ᠮᠠᠶ᠋ᠢᠭ ᠪᠠ ᠪᠤᠳᠠᠭᠠᠯᠢ ᠰᠢᠨᠵᠢ ᠵᠡᠷᠭᠡ ᠣᠨᠴᠠᠯᠢᠭ ᠨᠢ ᠮᠠᠰᠢ

ᠳᠣᠳᠣᠷᠬᠠᠢ ᠪᠠᠶᠢᠳᠠᠭ᠃ ᠡᠶᠢᠮᠦ ᠠᠴᠠ ᠳᠤᠭᠤᠶᠢᠯᠠᠩ ᠬᠤᠪᠢᠶᠠᠬᠤ ᠠᠴᠠ ᠡᠮᠦᠨ᠎ᠡ᠂ ᠪᠠᠭᠰᠢ ᠠᠴᠠ ᠰᠣᠷᠣᠭᠴᠢ

ᠪᠦᠬᠦᠨ ᠤ ᠣᠨᠴᠠᠯᠢᠭ ᠢ ᠪᠦᠷᠢᠨ ᠡᠵᠡᠮᠰᠢᠵᠦ᠂ ᠰᠣᠷᠣᠭᠴᠢ ᠶᠢᠨ ᠬᠤᠭᠤᠷᠤᠨᠳᠤ ᠣᠷᠣᠰᠢᠵᠣ ᠪᠦᠬᠦᠢ ᠢᠯᠭᠠᠭ᠎ᠠ

ᠵᠦᠷᠢᠶᠡᠨ ᠢ ᠰᠡᠷᠡᠨ ᠮᠡᠳᠡᠵᠦ᠂ ᠰᠣᠷᠣᠭᠴᠢᠳ ᠲᠤ ᠪᠦᠬᠦ ᠲᠠᠯ᠎ᠠ ᠶᠢᠨ ᠣᠶᠢᠯᠠᠭᠠᠯᠳᠠ ᠲᠠᠢ ᠪᠣᠯᠣᠭᠰᠠᠨ ᠪᠠᠶᠢᠬᠤ

ᠴᠢᠬᠤᠯᠠᠳᠠᠢ᠃ ᠡᠨᠡᠬᠦ ᠰᠠᠭᠤᠷᠢᠨ ᠳᠤ᠂ ᠪᠠᠭᠰᠢ ᠠᠴᠠ ᠠᠳᠠᠯᠢ ᠪᠣᠰᠣ ᠰᠣᠷᠣᠭᠴᠢ ᠶᠢᠨ ᠠᠳᠠᠯᠢ ᠪᠣᠰᠣ ᠣᠨᠴᠠᠯᠢᠭ ᠢ

ᠦᠨᠳᠦᠰᠦᠯᠡᠨ᠂ ᠵᠦᠢ ᠵᠣᠬᠢᠰᠳᠠᠢ ᠪᠠᠷ ᠳᠤᠭᠤᠶᠢᠯᠠᠩ ᠬᠤᠪᠢᠶᠠᠵᠣ᠂ ᠰᠣᠷᠣᠭᠴᠢ ᠪᠦᠷ ᠶᠢᠨ ᠳᠤᠭᠤᠶᠢᠯᠠᠩ ᠤᠨ

ᠰᠤᠷᠤᠯᠴᠠᠯᠭ᠎ᠠ ᠳᠤ ᠦᠵᠡᠬᠦᠯᠬᠦ ᠦᠢᠯᠡᠳᠦᠯ ᠢ ᠬᠠᠮᠤᠭ ᠶᠡᠭᠡ ᠪᠠᠷ ᠪᠠᠳᠠᠷᠠᠭᠤᠯᠬᠤ ᠶᠢ ᠠᠩᠬᠠᠷᠴᠣ᠂ ᠰᠣᠷᠣᠭᠴᠢ

ᠪᠦᠬᠦᠨ ᠤ ᠢᠳᠡᠭᠡᠯ ᠪᠠ ᠬᠠᠮᠳᠣ ᠴᠣᠭᠴᠠ ᠶᠢᠨ ᠤᠬᠠᠮᠰᠠᠷ ᠢ ᠳᠠᠶᠢᠴᠢᠯᠠᠬᠤ ᠬᠡᠷᠡᠭᠳᠡᠢ᠃

      ᠵᠢᠭᠠᠨ ᠰᠣᠷᠭᠠᠯᠳᠠ ᠶᠢᠨ ᠶᠠᠪᠤᠴᠠ ᠳᠤ᠂ ᠪᠠᠭᠰᠢ ᠠᠴᠠ ᠠᠳᠠᠯᠢ ᠪᠣᠰᠣ ᠰᠣᠷᠣᠭᠴᠢ ᠶᠢᠨ ᠵᠠᠩ ᠠᠷᠠᠨᠰᠢᠨ᠂

ᠮᠡᠳᠡᠯᠭᠡ ᠶᠢᠨ ᠬᠡᠪ ᠪᠣᠯᠪᠠᠰᠣᠷᠠᠯ᠂ ᠬᠡᠯᠡᠨ ᠤ ᠢᠯᠡᠳᠭᠡᠬᠦ ᠴᠢᠳᠠᠪᠤᠷᠢ ᠵᠡᠷᠭᠡ ᠶᠢ ᠦᠨᠳᠦᠰᠦᠯᠡᠨ ᠳᠤᠭᠤᠶᠢᠯᠠᠩ

ᠬᠤᠪᠢᠶᠠᠨ᠎ᠠ᠃ ᠳᠤᠭᠤᠶᠢᠯᠠᠩ ᠬᠤᠪᠢᠶᠠᠬᠤ ᠳᠤ᠂ ᠳᠤᠭᠤᠶᠢᠯᠠᠩ ᠪᠦᠷᠢ ᠶᠢᠨ ᠰᠣᠷᠣᠭᠴᠢ ᠶᠢᠨ ᠬᠢᠷᠢ ᠲᠦᠪᠰᠢᠨ

ᠣᠶᠢᠷᠠᠯᠴᠠᠭ᠎ᠠ ᠪᠠᠶᠢᠬᠤ︔ ᠡᠯ᠎ᠡ ᠳᠤᠭᠤᠶᠢᠯᠠᠩ ᠤᠨ ᠬᠤᠭᠤᠷᠤᠨᠳᠣ ᠶᠢᠨ ᠦᠷᠢᠰᠦᠯᠳᠦᠬᠡᠨ ᠨᠢ ᠲᠦᠪ ᠭᠤᠣᠯᠴᠢ᠂

ᠵᠦᠢ ᠶᠣᠰᠣᠳᠠᠢ︔ ᠳᠤᠭᠤᠶᠢᠯᠠᠩ ᠤᠨ ᠬᠡᠰᠢᠭᠦᠳ ᠨᠢ ᠵᠠᠩ ᠠᠷᠠᠨᠰᠢᠨ᠂ ᠬᠢᠷᠢ ᠪᠦᠲᠦᠮᠵᠢ᠂ ᠴᠢᠳᠠᠪᠤᠷᠢ ᠵᠡᠷᠭᠡ

ᠲᠠᠯ᠎ᠠ ᠪᠠᠷ ᠡᠳᠦᠢ ᠲᠡᠳᠦᠢ ᠵᠦᠷᠢᠶᠠᠨ ᠣᠷᠣᠰᠢᠵᠣ ᠮᠦᠨ ᠬᠠᠷᠢᠯᠴᠠᠨ ᠨᠦᠬᠦᠪᠦᠷᠢᠯᠡᠵᠦ ᠴᠢᠳᠠᠬᠤ ᠵᠡᠷᠭᠡ ᠵᠠᠷᠴᠢᠮ ᠢ

ᠪᠠᠷᠢᠮᠳᠠᠯᠠᠬᠤ ᠬᠡᠷᠡᠭᠳᠡᠢ᠃ ᠳᠣᠭᠤᠶᠢᠯᠠᠩ ᠬᠤᠪᠢᠶᠠᠬᠤ ᠦᠶᠡᠰ ᠮᠦᠨ ᠡᠯ᠎ᠡ ᠳᠤᠭᠤᠶᠢᠯᠠᠩ ᠤᠨ ᠬᠢᠷᠢ ᠲᠦᠪᠰᠢᠨ ᠢ

ᠬᠠᠷᠢᠴᠠᠩᠭᠤᠢ ᠲᠡᠩᠴᠡᠭᠦᠷᠢᠳᠡᠢ ᠬᠤᠪᠢᠶᠠᠷᠢᠯᠠᠵᠣ᠂ ᠰᠣᠷᠣᠭᠴᠢ ᠪᠦᠬᠦᠨ ᠬᠤᠪᠢ ᠶᠢᠨ ᠳᠤᠭᠤᠶᠢᠯᠠᠩ ᠳᠠᠭᠠᠨ

ᠬᠤᠪᠢ ᠶᠢᠨ ᠴᠢᠳᠠᠪᠤᠷᠢ ᠪᠠᠨ ᠬᠠᠮᠤᠭ ᠶᠡᠭᠡ ᠪᠠᠷ ᠪᠠᠳᠠᠷᠠᠭᠤᠯᠵᠣ ᠴᠢᠳᠠᠬᠤ ᠮᠦᠷᠳᠡᠭᠡᠨ ᠬᠡᠰᠢᠭᠦᠳ ᠪᠦᠷᠢ ᠶᠢᠨ

ᠬᠤᠭᠤᠷᠤᠨᠳᠤ ᠬᠠᠷᠢᠯᠴᠠᠨ ᠬᠠᠪᠰᠤᠷᠤᠯᠴᠠᠨ ᠬᠠᠷᠢᠯᠴᠠᠨ ᠨᠦᠬᠦᠪᠦᠷᠢᠯᠠᠵᠦ ᠴᠢᠳᠠᠬᠤ ᠶᠢ ᠪᠠᠳᠣᠯᠠᠬᠤ ᠬᠡᠷᠡᠭᠳᠡᠢ᠃

      ︵ᠭᠤᠷᠪᠠ︶ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠳᠤ ᠦᠷ᠎ᠡ ᠠᠰᠢᠭ ᠪᠦᠬᠦᠢ

ᠬᠠᠮᠳᠣᠷᠠᠯᠴᠠᠭᠠᠨ ᠤ ᠲᠦᠷᠢᠮ ᠢ ᠪᠠᠶᠢᠭᠤᠯᠬᠤ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ ᠦᠷ᠎ᠡ ᠠᠰᠢᠭ ᠪᠦᠬᠦᠢ

ᠬᠠᠮᠳᠣᠷᠠᠯᠴᠠᠭᠠᠨ ᠤ ᠲᠦᠷᠢᠮ ᠢ ᠪᠠᠶᠢᠭᠤᠯᠬᠤ ᠳᠤ ᠭᠤᠣᠯᠳᠠᠭᠤ ᠪᠠᠭᠰᠢ ᠪᠠ ᠡᠯ᠎ᠡ ᠳᠤᠭᠤᠶᠢᠯᠠᠩ ᠤᠨ ᠬᠠᠮᠳᠣᠷᠠᠯᠴᠠᠬᠤ︔

ᠳᠤᠭᠤᠶᠢᠯᠠᠩ ᠤᠨ ᠬᠡᠰᠢᠭᠦᠳ ᠤᠨ ᠬᠤᠭᠤᠷᠤᠨᠳᠤ ᠬᠠᠷᠢᠯᠴᠠᠨ ᠬᠠᠮᠳᠣᠷᠠᠯᠴᠠᠬᠤ︔ ᠡᠯ᠎ᠡ ᠳᠤᠭᠤᠶᠢᠯᠠᠩ ᠤᠨ

ᠬᠤᠭᠤᠷᠤᠨᠳᠤ ᠬᠠᠷᠢᠯᠴᠠᠨ ᠬᠠᠮᠳᠤᠷᠠᠯᠴᠠᠬᠤ ᠵᠡᠷᠭᠡ ᠭᠤᠷᠪᠠᠨ ᠲᠠᠯ᠎ᠠ ᠶᠢ ᠪᠠᠭᠳᠠᠭᠠᠵᠣ ᠪᠣᠢ᠃

      1. ᠪᠠᠭᠰᠢ ᠪᠠ ᠡᠯ᠎ᠡ ᠳᠤᠭᠤᠶᠢᠯᠠᠩ ᠤᠨ ᠬᠠᠮᠳᠣᠷᠠᠯᠴᠠᠬᠤ

      ᠪᠠᠭᠰᠢ ᠪᠣᠯᠣᠨ ᠡᠯ᠎ᠠ ᠳᠤᠭᠤᠶᠢᠯᠠᠩ ᠤᠨ ᠬᠤᠭᠤᠷᠤᠨᠳᠣ ᠶᠢᠨ ᠬᠠᠮᠳᠣᠷᠠᠯᠴᠠᠭ᠎ᠠ ᠨᠢ ᠶᠠᠭᠤᠨ ᠤ ᠤᠷᠢᠳ

ᠰᠣᠷᠣᠯᠴᠠᠯᠭ᠎ᠠ ᠶᠢᠨ ᠡᠭᠦᠷᠭᠡ ᠳᠠᠭᠠᠭᠠᠯᠭᠠᠬᠤ ᠪᠠ ᠬᠡᠷᠬᠢᠨ ᠬᠠᠮᠳᠣᠷᠠᠨ ᠰᠣᠷᠣᠯᠴᠠᠬᠤ ᠪᠠᠷ ᠤᠷᠢᠳᠠᠯ          

ᠪᠣᠯᠭᠠᠨ᠎ᠠ᠃ ᠪᠠᠭᠰᠢ ᠠᠴᠠ ᠰᠣᠷᠣᠭᠴᠢᠳ ᠤᠨ ᠡᠯ᠎ᠠ ᠳᠤᠭᠤᠶᠢᠯᠠᠩ ᠳᠤ ᠡᠭᠦᠷᠭᠡ ᠦᠭᠬᠦ ᠦᠶᠡᠰ ᠡᠷᠬᠡᠪᠰᠢ ᠮᠠᠰᠢ

ᠨᠠᠷᠢᠨ ᠪᠤᠳᠠᠳᠠᠢ ᠮᠦᠷᠳᠡᠭᠡᠨ ᠰᠣᠷᠤᠭᠴᠢᠳ ᠭᠦᠢᠴᠡᠳᠭᠡᠵᠦ ᠴᠢᠳᠠᠬᠤ ᠡᠭᠦᠷᠭᠡ ᠶᠢ ᠲᠤᠰᠢᠶᠠᠬᠤ ᠬᠡᠷᠡᠭᠳᠡᠢ᠃ ᠡᠨᠡ

ᠦᠶᠡᠰ ᠪᠠᠭᠰᠢ ᠪᠣᠯᠣᠨ ᠡᠯ᠎ᠡ ᠳᠤᠭᠤᠶᠢᠯᠠᠩ ᠤᠨ ᠰᠤᠷᠤᠭᠴᠢᠳ ᠤᠨ ᠬᠤᠭᠤᠷᠤᠨᠳᠣᠬᠢ ᠬᠠᠷᠢᠴᠠᠭ᠎ᠠ ᠨᠢ ᠡᠷᠬᠡᠪᠰᠢ

ᠡᠷᠬᠡ ᠲᠡᠭᠰᠢ ᠬᠠᠷᠢᠴᠠᠭᠠᠨ ᠳᠤ ᠰᠠᠭᠤᠷᠢᠯᠠᠭᠰᠠᠨ ᠪᠠᠶᠢᠪᠠᠯ ᠲᠠᠭᠠᠷᠠᠨ᠎ᠠ᠃ ᠡᠩ ᠤᠨ ᠦᠶᠡᠰ᠂ ᠰᠤᠷᠤᠭᠴᠢᠳ

ᠪᠦᠷᠢᠮᠦᠰᠦᠨ ᠪᠣᠶᠣ ᠶᠡᠬᠡᠩᠬᠢ ᠳᠤ ᠪᠠᠨ ᠪᠠᠭᠰᠢ ᠶᠢᠨ ᠦᠭᠡ ᠶᠠᠷᠢᠶ᠎ᠠ ᠪᠠᠷ ᠦᠪᠡᠷ ᠤᠨ ᠰᠣᠷᠣᠯᠴᠠᠯᠭ᠎ᠠ ᠶᠢᠨ ᠴᠢᠭᠯᠡᠯ

ᠪᠤᠯᠭᠠᠳᠠᠭ ᠦᠵᠡᠭᠳᠡᠯ ᠪᠣᠢ᠃ ᠳᠤᠭᠤᠶᠢᠯᠠᠩ ᠤᠨ ᠰᠣᠷᠤᠯᠴᠠᠯᠭ᠎ᠠ ᠶᠢᠨ ᠦᠶᠡᠰ ᠰᠣᠷᠣᠭᠴᠢᠳ ᠮᠦᠨ ᠡᠩ ᠤᠨ ᠦᠶ᠎ᠡ

ᠰᠢᠭ ᠪᠠᠭᠰᠢ ᠶᠢᠨ ᠦᠭᠡ ᠶᠠᠷᠢᠶ᠎ᠠ ᠶᠢ ᠪᠦᠷᠢᠮᠦᠰᠦᠨ ᠰᠣᠨᠣᠰᠬᠤ ᠳᠤ ᠬᠦᠷᠪᠡᠯ ᠬᠠᠮᠳᠣᠷᠠᠯᠴᠠᠭᠠᠨ ᠤ

ᠰᠣᠷᠣᠯᠴᠠᠯᠭ᠎ᠠ ᠶᠢᠨ ᠦᠷ᠎ᠠ ᠳ᠋ᠦᠩ ᠢ ᠨᠦᠯᠦᠬᠡᠯᠡᠬᠦ ᠨᠢ ᠳᠠᠮᠵᠢᠭ ᠦᠭᠡᠢ᠃ ᠪᠠᠭᠰᠢ ᠠᠴᠠ ᠡᠯ᠎ᠡ ᠳᠤᠭᠤᠶᠢᠯᠠᠩ ᠤᠨ

ᠰᠣᠷᠣᠭᠴᠢᠳ ᠲᠠᠢ ᠬᠠᠷᠢᠯᠴᠠᠬᠤ ᠦᠶᠡᠰ ᠡᠷᠬᠡᠪᠰᠢ ᠦᠪᠡᠷ ᠤᠨ ᠦᠵᠡᠯ ᠪᠣᠳᠣᠯ ᠎ ᠢᠶᠠᠨ ᠵᠤᠬᠢᠬᠤ ᠬᠡᠮᠵᠢᠶᠡᠨ ᠳᠤ

ᠨᠢᠭᠤᠨ ᠳᠠᠯᠳᠠᠯᠠᠵᠤ᠂ ᠰᠣᠷᠣᠭᠴᠢᠳ ᠤᠨ ᠦᠪᠡᠷ ᠤᠨ ᠰᠠᠨᠠᠭ᠎ᠠ ᠪᠣᠳᠣᠯ ᠢᠶᠠᠷ ᠣᠴᠢᠵᠣ ᠰᠣᠷᠣᠯᠴᠠᠬᠤ ᠪᠣᠶᠣ

ᠦᠢᠯᠡᠳᠦᠯᠭᠡᠵᠢᠬᠦᠯᠬᠦ ᠶᠢ ᠬᠠᠷᠰᠢᠯᠠᠬᠤ ᠠᠴᠠ ᠵᠠᠶᠢᠯᠠᠰᠬᠢᠬᠤ ᠬᠡᠷᠡᠭᠳᠡᠢ᠃ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ

ᠰᠤᠷᠤᠯᠴᠠᠯᠭ᠎ᠠ ᠶᠢᠨ ᠶᠠᠪᠤᠴᠠ ᠳᠤ ᠪᠠᠭᠰᠢ ᠠᠴᠠ ᠬᠡᠳᠦᠷᠬᠡᠢ ᠣᠯᠠᠨ ᠵᠢᠭᠠᠨ ᠵᠢᠯᠣᠭᠤᠳᠣᠯᠭ᠎ᠠ ᠦᠭᠴᠦ ᠪᠣᠯᠬᠤ ᠦᠭᠡᠢ᠂

ᠰᠣᠷᠣᠭᠴᠢ ᠶᠢᠨ ᠪᠣᠷᠣᠭᠤ ᠵᠦᠪ ᠡᠰᠡᠬᠦ ᠶᠢ ᠰᠢᠭᠤᠳ ᠦᠨᠡᠯᠡᠨ ᠲᠤᠭᠳᠠᠭᠠᠵᠣ ᠪᠣᠯᠬᠤ ᠦᠭᠡᠢ᠂ ᠵᠠᠪᠠᠯ

ᠰᠣᠷᠣᠭᠴᠢᠳ ᠲᠤ ᠦᠪᠡᠷ ᠤᠨ ᠦᠵᠡᠯ ᠪᠣᠳᠣᠯ ᠢᠶᠠᠨ ᠢᠯᠡᠳᠭᠡᠬᠦ ᠵᠠᠪᠰᠢᠶᠠᠨ ᠣᠯᠭᠤᠬᠤ ᠬᠡᠷᠡᠭᠳᠡᠢ᠃

      2. ᠳᠤᠭᠤᠶᠢᠯᠠᠩ ᠤᠨ ᠬᠡᠰᠢᠭᠦᠳ ᠤᠨ ᠬᠤᠭᠤᠷᠤᠨᠳᠤ ᠬᠠᠷᠢᠯᠴᠠᠨ ᠬᠠᠮᠳᠣᠷᠠᠯᠴᠠᠬᠤ

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠳᠤ ᠡᠯ᠎ᠡ ᠳᠤᠭᠤᠶᠢᠯᠠᠩ ᠤᠨ

ᠬᠡᠰᠢᠭᠦᠳ ᠤᠨ ᠬᠤᠭᠤᠷᠤᠨᠳᠣ ᠪᠠᠨ ᠬᠠᠷᠢᠯᠴᠠᠬᠤ ᠪᠣᠯ ᠳᠤᠭᠤᠶᠢᠯᠠᠩ ᠤᠨ ᠬᠠᠮᠳᠣᠷᠠᠯᠴᠠᠭᠠᠨ ᠤ ᠰᠣᠷᠣᠯᠴᠠᠯᠭ᠎ᠠ ᠶᠢᠨ

ᠬᠠᠮᠤᠭ ᠴᠢᠬᠤᠯᠠ ᠵᠦᠢᠯᠡᠰ ᠪᠣᠯᠣᠨ᠎ᠠ᠃ ᠡᠨᠡ ᠨᠢ ᠲᠤᠰ ᠤᠳᠠᠭᠠᠨ ᠤ ᠳᠤᠭᠤᠶᠢᠯᠠᠩ ᠤᠨ ᠬᠠᠮᠳᠣᠷᠠᠯᠴᠠᠭᠠᠨ ᠤ

ᠰᠤᠷᠤᠯᠴᠠᠯᠭ᠎ᠠ ᠶᠢᠨ ᠠᠮᠵᠢᠯᠳᠠ ᠣᠯᠬᠤ ᠡᠰᠡᠬᠦ ᠶᠢᠨ ᠴᠢᠬᠤᠯᠠ ᠣᠷᠢᠳᠠᠯ ᠨᠦᠬᠦᠴᠡᠯ ᠪᠣᠯᠬᠤ ᠶᠣᠮ᠃ ᠡᠯ᠎ᠡ

ᠳᠤᠭᠤᠶᠢᠯᠠᠩ ᠎ ᠤᠨ ᠰᠣᠷᠣᠭᠴᠢᠳ ᠪᠠᠭᠰᠢ ᠠᠴᠠ ᠳᠠᠭᠠᠭᠠᠯᠭᠠᠭᠰᠠᠨ ᠡᠭᠦᠷᠭᠡ ᠶᠢ ᠬᠦᠯᠢᠶᠡᠭᠰᠡᠨ ᠤ ᠳᠠᠷᠠᠭ᠎ᠠ᠂

ᠢᠳᠡᠪᠬᠢᠳᠡᠢ ᠪᠠᠷ ᠰᠡᠳᠭᠢᠨ ᠪᠣᠳᠣᠯᠬᠢᠯᠠᠵᠣ᠂ ᠶᠠᠭᠤᠨ ᠤ ᠡᠮᠦᠨ᠎ᠡ ᠬᠡᠷᠬᠢᠨ ᠪᠡᠶᠡᠯᠡᠬᠦᠯᠬᠦ ᠲᠦᠰᠦᠪ ᠢᠶᠠᠨ ᠲᠤᠭᠳᠠᠭᠠᠬᠤ

ᠴᠢᠬᠤᠯᠠ ᠲᠠᠢ᠃ ᠡᠨᠡ ᠦᠶᠡᠰ ᠡᠯ᠎ᠡ ᠳᠤᠭᠤᠶᠢᠯᠠᠩ ᠤᠨ ᠬᠡᠰᠢᠭᠦᠳ ᠤᠨ ᠬᠤᠭᠤᠷᠤᠨᠳᠤ ᠦᠵᠡᠯ ᠪᠣᠳᠣᠯ

ᠵᠦᠷᠢᠶᠠᠨ ᠲᠠᠢ ᠪᠠᠶᠢᠬᠤ ᠨᠢ ᠯᠠᠪᠳᠠᠢ᠃ ᠡᠶᠢᠮᠦᠷᠭᠦᠦ ᠳᠤᠭᠤᠶᠢᠯᠠᠩ ᠤᠨ ᠬᠡᠰᠢᠭᠦᠳ ᠤᠨ ᠦᠵᠡᠯ ᠪᠣᠳᠣᠯ ᠠᠳᠠᠯᠢ

ᠦᠭᠡᠢ ᠦᠵᠡᠭᠳᠡᠯ ᠳᠤ ᠴᠢᠭᠯᠡᠬᠦᠯᠦᠨ᠂ ᠳᠤᠭᠤᠶᠢᠯᠠᠩ ᠤᠨ ᠬᠡᠰᠢᠭᠦᠳ ᠤᠨ ᠬᠤᠭᠤᠷᠤᠨᠳᠤ ᠪᠠᠨ ᠡᠷᠬᠡᠪᠰᠢ

ᠢᠳᠡᠪᠬᠢᠳᠡᠢ ᠪᠠᠷ ᠶᠠᠷᠢᠯᠴᠠᠨ ᠵᠦᠪᠳᠡᠯᠴᠡᠵᠦ᠂ ᠬᠠᠮᠤᠭ ᠤᠨ ᠵᠦᠪ ᠣᠨᠣᠪᠴᠢᠳᠠᠢ ᠰᠣᠩᠭᠤᠯᠳᠠ ᠶᠢ ᠦᠳᠳᠦᠷ

ᠲᠦᠷᠭᠡᠨ ᠭᠠᠷᠭᠠᠬᠤ ᠬᠡᠷᠡᠭᠳᠡᠢ᠃ ᠡᠯ᠎ᠠ ᠳᠤᠭᠤᠶᠢᠯᠠᠩ ᠤᠨ ᠬᠡᠰᠢᠭᠦᠳ ᠤᠨ ᠬᠤᠭᠤᠷᠤᠨᠳᠣᠬᠢ ᠡᠶᠢᠮᠦᠷᠭᠦᠦ          

ᠬᠠᠷᠢᠯᠴᠠᠭ᠎ᠠ ᠵᠦᠪᠳᠡᠯᠴᠡᠭᠡ ᠨᠢ ᠬᠠᠮᠳᠣ ᠨᠡᠶᠢᠳᠡ ᠶᠢᠨ ᠣᠶᠣᠨ ᠤᠠᠭᠭᠠᠨ ᠤ ᠨᠢᠭᠡᠳᠭᠡᠯ ᠤᠨ ᠦᠷ᠎ᠡ ᠳ᠋ᠦᠩ ᠪᠣᠯᠬᠤ

ᠶᠣᠮ᠃ ᠲᠡᠶᠢᠮᠦ ᠪᠣᠯᠬᠤᠷ᠂ ᠡᠯ᠎ᠡ ᠳᠤᠭᠤᠶᠢᠯᠠᠩ ᠤᠨ ᠬᠡᠰᠢᠭᠦᠳ ᠤᠨ ᠬᠤᠭᠤᠷᠤᠨᠳᠣ ᠡᠷᠬᠡᠪᠰᠢ ᠠᠵᠢᠯ ᠤᠨ

ᠬᠤᠪᠢᠶᠠᠷᠢᠯᠠᠯ ᠳᠣᠳᠣᠷᠬᠠᠢ ᠪᠠᠶᠢᠬᠤ ᠬᠡᠷᠡᠭᠳᠡᠢ᠃ ᠡᠭᠦᠨ ᠤ ᠲᠤᠬᠠᠢ ᠪᠠᠭᠰᠢ ᠠᠴᠠ ᠡᠯ᠎ᠡ ᠳᠤᠭᠤᠶᠢᠯᠠᠩ ᠤᠨ

ᠬᠡᠰᠢᠭᠦᠳ ᠢ ᠲᠤᠬᠢᠷᠠᠭᠤᠯᠬᠤ ᠦᠶᠡᠰ᠂ ᠰᠣᠷᠣᠭᠴᠢᠳ ᠤᠨ ᠰᠣᠷᠣᠯᠴᠬᠠᠣ ᠤᠷᠮᠠᠰ ᠢ ᠬᠦᠭᠵᠢᠬᠡᠬᠦ ᠡᠭᠦᠳᠡᠨ ᠎ ᠠᠴᠠ ᠡᠯ᠎ᠡ

ᠳᠤᠭᠤᠶᠢᠯᠠᠩ ᠤᠨ ᠬᠡᠰᠢᠭᠦᠳ ᠤᠨ ᠡᠭᠦᠷᠬᠡ ᠬᠠᠷᠢᠭᠤᠴᠠᠯᠭ᠎ᠠ ᠶᠢ ᠨᠢᠭᠡᠳᠦᠯᠳᠡᠢ ᠲᠤᠬᠢᠷᠠᠭᠤᠯᠣᠨ ᠦᠭᠬᠦ ᠪᠣᠶᠣ

ᠳᠤᠭᠤᠶᠢᠯᠠᠩ ᠤᠨ ᠳᠠᠷᠤᠭ᠎ᠠ ᠳᠤ ᠲᠤᠰᠢᠶᠠᠨ ᠦᠭᠳᠡᠭ ᠶᠣᠮ᠃ ᠪᠠᠭᠰᠢ ᠠᠴᠠ ᠮᠦᠨ ᠡᠯ᠎ᠠ ᠳᠤᠭᠤᠶᠢᠯᠠᠩ ᠤᠨ

ᠰᠣᠷᠣᠭᠴᠢᠳ ᠢ ᠵᠢᠭᠠᠨ ᠵᠢᠯᠣᠭᠤᠳᠴᠣ᠂ ᠳᠡᠳᠡᠨᠦᠰ ᠢ ᠰᠣᠷᠣᠯᠴᠠᠯᠭ᠎ᠠ ᠶᠢᠨ ᠭᠤᠤᠯᠳᠠᠯᠭ᠎ᠠ ᠪᠠᠨ ᠬᠡᠷᠬᠢᠨ ᠬᠠᠮᠳᠣᠷᠠᠬᠤ

ᠪᠠ ᠬᠠᠷᠢᠯᠴᠠᠬᠤ ᠳᠡᠭᠡᠷ᠎ᠡ ᠲᠦᠪᠯᠡᠷᠡᠬᠦᠯᠬᠦ ᠶᠢ ᠰᠤᠷᠭᠠᠳᠠᠭ᠃ ᠪᠠᠭᠰᠢ ᠠᠴᠠ ᠡᠯ᠎ᠡ ᠳᠤᠭᠤᠶᠢᠯᠠᠩ ᠤᠨ ᠬᠡᠰᠢᠭᠦᠳ

ᠪᠣᠰᠣᠳ ᠬᠡᠰᠢᠭᠦᠳ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠣ᠂ ᠠᠳᠠᠯᠢ ᠪᠣᠰᠣ ᠰᠠᠨᠠᠯ ᠢᠶᠠᠨ ᠦᠳᠳᠦᠷ

ᠨᠢᠭᠡᠳᠭᠡᠵᠦ᠂ ᠬᠠᠮᠳᠣ ᠶᠢᠨ ᠦᠵᠡᠯ ᠪᠦᠷᠢᠯᠳᠦᠬᠦ ᠶᠢ ᠠᠩᠬᠠᠷᠤᠭᠤᠯᠳᠠᠭ᠃ ᠭᠠᠭᠴᠠ ᠬᠦ ᠡᠶᠢᠮᠦᠷᠭᠦᠦ ᠤᠷᠢᠳᠠᠯ

ᠳᠣᠣᠷ᠎ᠠ ᠰᠠᠶ᠋ᠢ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠶᠠᠪᠤᠴᠠ ᠨᠢ ᠢᠯᠭᠤᠮ

ᠤᠷᠤᠭᠰᠢᠳᠠᠢ ᠶᠠᠪᠤᠭᠳᠠᠵᠣ᠂ ᠬᠠᠮᠤᠭ ᠡᠴᠦᠰ ᠤᠨ ᠰᠣᠷᠣᠯᠴᠠᠯᠭ᠎ᠠ ᠶᠢᠨ ᠡᠭᠦᠷᠭᠡ ᠪᠠᠨ ᠠᠮᠵᠢᠯᠳᠠᠳᠠᠢ ᠪᠡᠶᠡᠯᠡᠬᠦᠯᠵᠦ

ᠴᠢᠳᠠᠨ᠎ᠠ᠃

      3. ᠡᠯ᠎ᠡ ᠳᠤᠭᠤᠶᠢᠯᠠᠩ ᠤᠨ ᠬᠤᠭᠤᠷᠤᠨᠳᠤ ᠬᠠᠷᠢᠯᠴᠠᠨ ᠬᠠᠮᠳᠤᠷᠠᠯᠴᠠᠬᠤ

      ᠡᠯ᠎ᠠ ᠳᠤᠭᠤᠶᠢᠯᠠᠩ ᠤᠨ ᠬᠤᠭᠤᠷᠤᠨᠳᠣᠬᠢ ᠬᠠᠷᠢᠴᠠᠭ᠎ᠠ ᠪᠣᠯ ᠬᠠᠷᠢᠯᠴᠠᠨ ᠦᠷᠢᠰᠦᠯᠳᠦᠬᠦ ᠮᠦᠷᠳᠡᠭᠡᠨ

ᠬᠠᠷᠢᠯᠴᠠᠨ ᠬᠠᠮᠳᠣᠷᠠᠬᠤ ᠪᠣᠯᠣᠨ᠎ᠠ᠃ ᠡᠯ᠎ᠡ ᠳᠤᠭᠤᠶᠢᠯᠠᠩ ᠤᠨ ᠬᠡᠰᠢᠭᠦᠳ ᠡᠷᠬᠡᠪᠰᠢ ᠡᠭᠦᠨ ᠢ ᠣᠶᠢᠯᠠᠭᠠᠭᠰᠠᠨ ᠪᠠᠶᠢᠬᠤ

ᠭᠡᠷᠡᠭᠳᠠᠢ᠃ ᠡᠯ᠎ᠡ ᠳᠤᠭᠤᠶᠢᠯᠠᠩ ᠤᠨ ᠬᠤᠭᠤᠷᠤᠨᠳᠣᠬᠢ ᠦᠷᠢᠰᠦᠯᠳᠦᠭᠡᠨ ᠨᠢ ᠡᠯ᠎ᠡ ᠳᠤᠭᠤᠶᠢᠯᠠᠩ ᠤᠨ ᠬᠡᠰᠢᠬᠦᠨ

ᠪᠦᠷᠢ ᠶᠢ ᠵᠣᠷᠢᠬᠵᠢᠭᠤᠯᠣᠨ ᠤᠷᠮᠠᠰᠢᠭᠤᠯᠵᠣ᠂ ᠰᠣᠷᠣᠯᠴᠠᠯᠭ᠎ᠠ ᠶᠢᠨ ᠦᠷᠢᠰᠦᠯᠳᠦᠭᠡᠨ ᠤ ᠬᠦᠷ ᠬᠦᠭᠵᠢᠶᠡᠨᠳᠦ ᠠᠭᠤᠷ

ᠠᠮᠢᠰᠬᠤᠯ ᠢ ᠪᠣᠢ ᠪᠣᠯᠭᠠᠵᠣ ᠴᠢᠳᠠᠨ᠎ᠠ᠃ ᠭᠡᠪᠡᠴᠦ ᠡᠯ᠎ᠡ ᠳᠤᠭᠤᠶᠢᠯᠠᠩ ᠤᠨ ᠬᠡᠰᠢᠭᠦᠳ ᠤᠨ ᠴᠢᠳᠠᠪᠤᠷᠢ ᠨᠢ

ᠬᠠᠷᠢᠯᠴᠠᠨ ᠠᠳᠠᠯᠢ ᠦᠭᠡᠢ ᠪᠠᠶᠢᠳᠠᠬ᠃ ᠵᠢᠱᠢᠶᠡᠯᠡᠪᠡᠯ᠂ ᠨᠢᠭᠡ ᠳᠤᠭᠤᠶᠢᠯᠠᠩ ᠤᠨ ᠬᠡᠰᠢᠭᠦᠳ ᠠᠴᠠ ᠪᠠᠭᠰᠢ ᠶᠢᠨ

ᠠᠰᠠᠭᠤᠯᠳᠠ ᠶᠢ ᠪᠣᠯᠢᠶᠠᠯᠳᠣᠨ ᠬᠠᠷᠢᠭᠤᠯᠵᠣ ᠪᠠᠶᠢᠳᠠᠯ᠎ᠠ᠂ ᠪᠣᠰᠣᠳ ᠳᠤᠭᠤᠶᠢᠯᠠᠩ ᠤᠨ ᠬᠡᠰᠢᠭᠦᠳ ᠪᠦᠷᠢᠮᠦᠰᠦᠨ

ᠳᠠᠭᠤ ᠴᠢᠮᠡᠭᠡ ᠦᠭᠡᠢ ᠦᠵᠡᠭᠳᠡᠯ ᠭᠠᠷᠬᠤ ᠪᠣᠶᠣ ᠡᠯ᠎ᠡ ᠳᠤᠭᠤᠶᠢᠯᠠᠩ ᠤᠨ ᠬᠤᠭᠤᠷᠤᠨᠳᠤ ᠦᠵᠡᠯ ᠪᠣᠳᠣᠯ

ᠪᠦᠷᠢᠮᠦᠰᠦᠨ ᠠᠳᠠᠯᠢ ᠦᠭᠡᠢ ᠦᠵᠡᠭᠳᠡᠯ ᠪᠠᠰᠠ ᠡᠭᠦᠰᠳᠡᠭ᠃ ᠡᠶᠢᠮᠦᠷᠭᠦᠦ ᠦᠵᠡᠭᠳᠡᠯ ᠳᠤ ᠴᠢᠭᠯᠡᠬᠦᠯᠦᠨ᠂ ᠡᠯ᠎ᠡ

ᠳᠤᠭᠤᠶᠢᠯᠠᠩ ᠤᠨ ᠬᠤᠭᠤᠷᠤᠨᠳᠣ ᠬᠠᠷᠢᠯᠴᠠᠨ ᠬᠠᠮᠳᠣᠷᠠᠨ ᠬᠠᠪᠰᠣᠷᠤᠯᠴᠠᠵᠣ᠂ ᠳᠤᠭᠤᠶᠢᠯᠠᠩ ᠤᠨ ᠰᠢᠯᠢᠳᠡᠭ

ᠲᠠᠯ᠎ᠠ ᠪᠠᠨ ᠬᠠᠷᠢᠯᠴᠠᠨ ᠰᠣᠷᠣᠯᠴᠠᠬᠤ ᠪᠠᠷ ᠳᠠᠮᠵᠢᠨ ᠬᠦᠷᠦᠯᠴᠡᠬᠦ ᠦᠭᠡᠢ ᠵᠦᠢᠯᠡᠰ ᠢᠶᠠᠨ ᠨᠦᠬᠦᠪᠦᠷᠢᠯᠡᠵᠦ          

ᠪᠣᠯᠣᠨ᠎ᠠ᠃ ᠪᠠᠭᠰᠢ ᠠᠴᠠ ᠰᠢᠨᠵᠢᠯᠡᠬᠦ ᠤᠬᠠᠭᠠᠨᠴᠢ ᠦᠷᠢᠰᠦᠯᠳᠦᠬᠡᠨ ᠤ ᠲᠦᠷᠢᠮ ᠢ ᠲᠤᠭᠳᠠᠭᠠᠨ ᠬᠡᠷᠡᠭᠵᠢᠬᠦᠯᠵᠦ᠂

ᠰᠣᠷᠣᠭᠴᠢᠳ ᠤᠨ ᠬᠤᠭᠤᠷᠤᠨᠳᠣ ᠡᠷᠬᠡ ᠲᠡᠭᠰᠢ ᠦᠷᠢᠰᠦᠯᠳᠦᠬᠡᠨ ᠤ ᠠᠭᠤᠷ ᠠᠮᠢᠰᠬᠤᠯ ᠢ ᠪᠣᠢ ᠪᠣᠯᠭᠠᠬᠤ          

ᠬᠡᠷᠡᠭᠳᠡᠢ᠃ ᠡᠯ᠎ᠡ ᠳᠤᠭᠤᠶᠢᠯᠠᠩ ᠤᠨ ᠬᠤᠭᠤᠷᠤᠨᠳᠣ ᠠᠳᠠᠯᠢ ᠪᠣᠰᠣ ᠦᠵᠡᠯᠳᠡ ᠪᠣᠢ ᠪᠣᠯᠬᠤ ᠦᠶᠡᠰ᠂ ᠦᠪᠡᠷ ᠤᠨ

ᠪᠣᠳᠣᠵᠣ ᠰᠠᠨᠠᠭᠰᠠᠨ ᠢᠶᠠᠨ ᠳᠣᠷᠠᠳᠣᠨ ᠭᠠᠷᠭᠠᠵᠣ᠂ ᠪᠣᠰᠣᠳ ᠳᠤᠭᠤᠶᠢᠯᠠᠩ ᠤᠨ ᠬᠡᠰᠢᠭᠦᠳ ᠲᠠᠢ ᠵᠦᠪᠳᠡᠨ

ᠶᠠᠷᠢᠯᠴᠠᠬᠤ ᠪᠣᠶᠣ ᠦᠵᠡᠯ ᠪᠣᠳᠣᠯ ᠢᠶᠠᠨ ᠨᠢᠭᠡᠳᠭᠡᠬᠦ ᠪᠠᠷ ᠴᠢᠷᠮᠠᠶᠢᠬᠤ ᠬᠡᠷᠡᠭᠳᠡᠢ᠃ ᠣᠯᠠᠩᠬᠢ ᠦᠶᠡᠰ᠂ ᠡᠯ᠎ᠠ

ᠳᠤᠭᠤᠶᠢᠯᠠᠩ ᠤᠨ ᠬᠡᠰᠢᠭᠦᠳ ᠤᠨ ᠬᠤᠭᠤᠷᠤᠨᠳᠣᠬᠢ ᠬᠠᠷᠢᠯᠴᠠᠭ᠎ᠠ ᠨᠢ ᠶᠠᠪᠤᠭᠳᠠᠬᠤ ᠳᠤ ᠲᠦᠢᠯ ᠤᠨ ᠬᠦᠴᠢᠷ ᠪᠣᠶᠣ

ᠶᠠᠪᠤᠭᠳᠠᠵᠣ ᠳᠡᠶᠢᠯᠬᠦ ᠦᠭᠡᠢ ᠪᠠᠶᠢᠳᠠᠭ᠃ ᠡᠯ᠎ᠡ ᠳᠤᠭᠤᠶᠢᠯᠠᠩ ᠤᠨ ᠬᠤᠭᠤᠷᠤᠨᠳᠣ᠂ ᠦᠵᠡᠯ ᠪᠣᠳᠣᠯ ᠨᠢ

ᠣᠶᠢᠷᠠᠯᠴᠠᠭ᠎ᠠ ᠪᠣᠶᠣ ᠠᠳᠠᠯᠢ ᠦᠶᠡᠰ᠂ ᠰᠤᠷᠤᠯᠴᠠᠯᠭ᠎ᠠ ᠶᠢᠨ ᠬᠠᠷᠠᠯᠳᠠ ᠪᠡᠶᠡᠯᠡᠭᠳᠡᠬᠦ ᠳᠤ ᠲᠦᠷᠭᠡᠨ          

ᠪᠠᠶᠢᠳᠠᠭ᠃ ᠡᠭᠦᠨ ᠤ ᠡᠰᠡᠷᠬᠦ ᠪᠠᠷ᠂ ᠡᠯ᠎ᠡ ᠳᠤᠭᠤᠶᠢᠯᠠᠩ ᠤᠨ ᠬᠤᠭᠤᠷᠤᠨᠳᠣ ᠦᠵᠡᠯ ᠪᠣᠳᠣᠯ ᠠᠳᠠᠯᠢ ᠦᠭᠡᠢ ᠪᠠᠶᠢᠳᠠᠯ

ᠲᠤᠯᠭᠠᠷᠠᠪᠠᠯ᠂ ᠪᠠᠭᠰᠢ ᠠᠴᠠ ᠡᠷᠬᠡᠪᠰᠢ ᠴᠠᠭ ᠲᠤᠬᠠᠢ ᠳᠤᠨᠢ ᠵᠢᠭᠠᠨ ᠵᠢᠯᠣᠭᠤᠳᠣᠯᠭ᠎ᠠ ᠦᠭᠴᠦ᠂ ᠵᠢᠭᠠᠨ

ᠰᠣᠷᠭᠠᠯᠳᠠ ᠶᠢᠨ ᠲᠦᠯᠦᠪᠯᠡᠭᠡ ᠳᠤ ᠪᠠᠨ ᠲᠤᠬᠢᠷᠠᠭᠤᠯᠭ᠎ᠠ ᠬᠢᠵᠦ᠂ ᠡᠯ᠎ᠡ ᠳᠤᠭᠤᠶᠢᠯᠠᠩ ᠤᠨ ᠬᠡᠰᠢᠭᠦᠳ ᠤᠨ

ᠦᠪᠡᠷ ᠤᠨ ᠦᠵᠡᠯ ᠪᠣᠳᠣᠯ ᠢᠶᠠᠨ ᠪᠠᠷᠢᠮᠳᠠᠯᠠᠬᠤ ᠲᠤᠬᠠᠢ ᠳᠤ ᠰᠠᠨᠠᠯ ᠵᠦᠪᠯᠡᠯᠭᠡ ᠬᠠᠩᠭᠠᠨ᠂ ᠪᠣᠰᠣᠳ

ᠳᠤᠭᠤᠶᠢᠯᠠᠩ ᠤᠨ ᠬᠡᠰᠢᠭᠦᠳ ᠲᠠᠢ ᠬᠠᠷᠢᠯᠴᠠᠭ᠎ᠠ ᠦᠷᠨᠢᠬᠦᠯᠬᠦ ᠶᠢ ᠵᠣᠷᠢᠬᠵᠢᠭᠤᠯᠬᠤ ᠬᠡᠷᠡᠭᠳᠡᠢ᠃

      ︵ᠳᠦᠷᠪᠡ︶ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ

ᠳᠡᠯᠭᠡᠨ ᠦᠵᠡᠬᠦᠯᠬᠦ

      ᠪᠠᠭᠰᠢ ᠠᠴᠠ ᠵᠦᠪᠬᠡᠨ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠎ ᠶᠢᠨ ᠶᠠᠪᠤᠴᠠ ᠶᠢ

ᠬᠦᠨᠳᠦᠳᠭᠡᠨ ᠦᠵᠡᠵᠦ᠂ ᠰᠣᠷᠣᠭᠴᠢᠳ ᠪᠠᠭ᠎ᠠ ᠳᠤᠭᠤᠶᠢᠯᠠᠩ ᠤᠨ ᠰᠣᠷᠣᠯᠴᠠᠯᠭ᠎ᠠ ᠪᠠᠷ ᠳᠠᠮᠵᠢᠨ ᠨᠢᠭᠡᠨᠳᠡ ᠵᠢᠭᠠᠨ

ᠰᠣᠷᠭᠠᠯᠳᠠ ᠶᠢᠨ ᠬᠠᠷᠠᠯᠳᠠ ᠳᠤ ᠬᠦᠷᠴᠦ ᠴᠢᠳᠠᠭᠰᠠᠨ ᠪᠠᠶᠢᠨ᠎ᠠ ᠭᠡᠵᠦ ᠦᠵᠡᠵᠦ ᠪᠣᠯᠬᠤ ᠦᠭᠡᠢ᠃ ᠰᠤᠷᠤᠯᠴᠠᠯᠭ᠎ᠠ ᠶᠢᠨ

ᠶᠠᠪᠤᠴᠠ ᠶᠢ ᠴᠢᠬᠤᠯᠠᠴᠢᠯᠠᠬᠤ ᠶᠢᠨ ᠳᠠᠭᠠᠣ ᠡᠷᠬᠡᠪᠰᠢ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ 

᠎ ᠶᠢᠨ ᠦᠷ᠎ᠡ ᠪᠦᠲᠦᠮᠵᠢ ᠶᠢ ᠮᠦᠨᠴᠦ ᠬᠦᠨᠳᠦᠳᠭᠡᠨ ᠦᠵᠡᠬᠦ ᠴᠢᠬᠤᠯᠠᠳᠠᠢ᠃ ᠰᠣᠷᠣᠯᠴᠠᠯᠭ᠎ᠠ ᠶᠢᠨ ᠦᠷ᠎ᠡ ᠪᠦᠲᠦᠮᠵᠢ

ᠪᠣᠯ ᠰᠣᠷᠣᠭᠴᠢᠳ ᠤᠨ ᠬᠠᠮᠳᠣᠷᠠᠨ ᠠᠵᠢᠯᠯᠠᠬᠤ ᠪᠠᠷ ᠳᠠᠮᠵᠢᠨ ᠣᠯᠣᠭᠰᠠᠨ ᠬᠠᠮᠳᠣ ᠶᠢᠨ ᠣᠶᠣᠨ ᠤᠬᠠᠭᠠᠨ ᠤ

ᠲᠠᠯᠠᠰᠲᠣ ᠪᠣᠯᠬᠤ ᠨᠢ ᠮᠡᠳᠡᠭᠡᠵᠢ᠃ ᠰᠣᠷᠣᠯᠴᠠᠯᠭ᠎ᠠ ᠶᠢᠨ ᠦᠷ᠎ᠡ ᠪᠦᠲᠦᠮᠵᠢ ᠶᠢ ᠳᠡᠯᠭᠡᠨ ᠦᠵᠡᠬᠦᠯᠬᠦ ᠪᠠᠷ ᠳᠠᠮᠵᠢᠨ᠂

ᠰᠤᠷᠤᠭᠴᠢᠳ ᠤᠨ ᠪᠡᠶ᠎ᠡ ᠳᠤ ᠪᠠᠨ ᠢᠳᠡᠭᠡᠯ ᠲᠠᠢ ᠪᠣᠯᠬᠤ ᠬᠠᠨᠣᠮᠵᠢᠲᠣ ᠰᠡᠳᠭᠢᠯᠬᠡ ᠶᠢ ᠪᠣᠢ ᠪᠣᠯᠭᠠᠵᠣ ᠴᠢᠳᠠᠬᠤ

ᠮᠦᠷᠳᠡᠭᠡᠨ ᠰᠣᠷᠣᠭᠴᠢᠳ ᠳᠠᠷᠠᠭ᠎ᠠ ᠤᠳᠠᠭ᠎ᠠ ᠶᠢᠨ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠎ ᠤ ᠰᠤᠷᠤᠯᠴᠠᠯᠭ᠎ᠠ ᠳᠤ

ᠣᠷᠣᠯᠴᠠᠬᠤ ᠤᠷᠮᠠᠰ ᠰᠡᠳᠭᠢᠯᠬᠡ ᠶᠢ ᠬᠦᠭᠵᠢᠬᠡᠵᠦ ᠴᠢᠳᠠᠨ᠎ᠠ᠃

      ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠮᠵᠢ ᠎ ᠶᠢᠨ ᠳᠡᠯᠭᠡᠨ

ᠦᠵᠡᠬᠦᠯᠭᠡ ᠨᠢ ᠬᠤᠪᠢ ᠬᠦᠮᠦᠨ ᠤ ᠳᠡᠯᠭᠡᠨ ᠦᠵᠡᠬᠦᠯᠭᠡ ᠪᠠ ᠬᠠᠮᠳᠣ ᠶᠢᠨ ᠦᠵᠡᠬᠦᠯᠬᠡ ᠬᠤᠶᠠᠷ ᠵᠦᠢᠯ          

ᠪᠠᠶᠢᠳᠠᠭ᠃ ᠬᠤᠪᠢ ᠬᠦᠮᠦᠨ ᠤ ᠦᠵᠡᠬᠦᠯᠭᠡ ᠨᠢ ᠡᠯ᠎ᠡ ᠳᠤᠭᠤᠶᠢᠯᠠᠩ ᠤᠨ ᠬᠡᠰᠢᠭᠦᠳ ᠤᠨ ᠳᠣᠮᠳᠠ ᠠᠴᠠ

ᠳᠤᠭᠤᠶᠢᠯᠠᠩ ᠪᠦᠷᠢ ᠨᠢᠭᠡ ᠬᠦᠮᠦᠨ ᠢ ᠰᠣᠩᠭᠤᠨ ᠭᠠᠷᠭᠠᠵᠣ᠂ ᠳᠤᠭᠤᠶᠢᠯᠠᠩ ᠢᠶᠠᠨ ᠲᠦᠯᠦᠭᠡᠯᠡᠨ ᠶᠠᠷᠢᠶ᠎ᠠ ᠲᠠᠯᠪᠢᠬᠤ

ᠪᠣᠶᠣ ᠳᠤᠭᠤᠶᠢᠯᠠᠩ ᠤᠨ ᠦᠷ᠎ᠡ ᠪᠦᠲᠦᠮᠵᠢ ᠪᠠᠨ ᠲᠠᠨᠢᠯᠴᠠᠭᠤᠯᠣᠨ᠎ᠠ᠃ ᠬᠠᠮᠳᠣ ᠶᠢᠨ ᠦᠵᠡᠬᠦᠯᠬᠡ ᠨᠢ ᠣᠯᠠᠨ ᠬᠦᠮᠦᠨ

ᠣᠷᠣᠯᠴᠠᠬᠤ ᠮᠦᠷᠳᠡᠭᠡᠨ ᠪᠦᠬᠦ ᠳᠤᠭᠤᠶᠢᠯᠠᠩ ᠤᠨ ᠬᠡᠰᠢᠭᠦᠳ ᠠᠴᠠ ᠳᠤᠭᠤᠶᠢᠯᠠᠩ ᠤᠨ ᠦᠷ᠎ᠡ ᠪᠦᠲᠦᠮᠵᠢ ᠪᠠᠨ

ᠲᠠᠨᠢᠯᠴᠠᠭᠤᠯᠣᠨ᠎ᠠ᠃

      ᠬᠤᠷᠢᠶᠠᠩᠭᠤᠶᠢᠯᠠᠪᠠᠯ᠂ ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠎ ᠶᠢᠨ ᠠᠷᠭ᠎ᠠ ᠮᠠᠶ᠋ᠢᠭ ᠨᠢ

ᠰᠣᠷᠣᠭᠴᠢᠳ ᠤᠨ ᠪᠡᠶᠡᠴᠢ ᠴᠢᠳᠠᠮᠠᠭᠠᠢ ᠴᠢᠨᠠᠷ ᠢ ᠳᠠᠶᠢᠴᠢᠯᠠᠨ᠂ ᠰᠣᠷᠣᠭᠴᠢᠳ ᠤᠨ ᠢᠳᠡᠪᠬᠢᠵᠢᠯ ᠢ ᠬᠦᠭᠵᠢᠬᠡᠵᠦ᠂

ᠵᠢᠭᠠᠨ ᠰᠣᠷᠭᠠᠯᠳᠠ ᠰᠣᠷᠭᠠᠨ ᠬᠦᠮᠦᠵᠢᠯ ᠎ ᠢ ᠵᠢᠩᠬᠢᠨᠢ ᠬᠦᠮᠦᠨ ᠬᠦᠮᠦᠵᠢᠬᠦᠯᠬᠦ ᠣᠭ ᠵᠣᠷᠢᠯᠳᠠ ᠳᠤ ᠬᠦᠷᠭᠡᠨ᠂

ᠰᠣᠷᠣᠭᠴᠢᠳ ᠤᠨ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠬᠦᠭᠵᠢᠬᠦ ᠶᠢ ᠠᠬᠢᠭᠤᠯᠵᠣ ᠴᠢᠳᠠᠨ᠎ᠠ᠃ ᠪᠠᠭᠰᠢ ᠠᠴᠠ

ᠪᠠᠭ᠎ᠠ ᠳᠤᠭᠤᠶᠢᠯᠠᠩ ᠤᠨ ᠬᠠᠮᠳᠤᠷᠠᠯᠴᠠᠭᠠᠨ ᠤ ᠰᠤᠷᠤᠯᠴᠠᠯᠭ᠎ᠠ ᠶᠢ ᠵᠦᠢ ᠵᠣᠬᠢᠰᠳᠠᠢ ᠲᠤᠬᠢᠷᠠᠭᠤᠯᠣᠨ ᠶᠠᠪᠤᠭᠳᠠᠭᠤᠯᠵᠣ᠂

ᠪᠡᠶ᠋ᠯᠡᠬᠦᠯᠵᠦ ᠳᠡᠶᠢᠯᠬᠦ ᠪᠣᠯᠣᠮᠵᠢᠳᠠᠢ ᠡᠭᠦᠷᠭᠡ ᠶᠢ ᠡᠯ᠎ᠡ ᠳᠤᠭᠤᠶᠢᠯᠠᠩ ᠎ ᠳᠤ ᠬᠤᠪᠢᠶᠠᠨ ᠦᠭᠴᠦ᠂ ᠳᠡᠳᠡᠨᠦᠰ ᠢ ᠵᠢᠭᠠᠨ

ᠵᠢᠯᠣᠭᠤᠳᠴᠣ᠂ ᠰᠤᠷᠤᠭᠴᠢᠳ ᠤᠨ ᠳᠤᠭᠤᠶᠢᠯᠠᠩ ᠤᠨ ᠬᠠᠮᠳᠣᠷᠠᠯᠴᠠᠭᠠᠨ ᠤ ᠶᠠᠪᠤᠴᠠ ᠳᠤ ᠦᠪᠡᠷ ᠤᠨ ᠰᠢᠯᠢᠳᠡᠭ

ᠲᠠᠯ᠎ᠠ ᠪᠠᠨ ᠪᠠᠳᠠᠷᠠᠭᠤᠯᠬᠤ ᠶᠢ ᠤᠷᠮᠠᠰᠢᠭᠤᠯᠣᠨ ᠵᠣᠷᠢᠬᠵᠢᠭᠤᠯᠵᠣ᠂ ᠰᠣᠷᠣᠭᠴᠢᠳ ᠤᠨ ᠰᠣᠷᠣᠯᠴᠠᠬᠤ ᠢᠳᠡᠪᠬᠢᠵᠢᠯ ᠢ

ᠳᠠᠶᠢᠴᠢᠯᠠᠨ᠂ ᠬᠢᠴᠢᠶᠡᠯᠯᠡᠭᠡ ᠶᠢᠨ ᠦᠷ᠎ᠡ ᠠᠰᠢᠭ ᠢᠶᠠᠨ ᠵᠢᠩᠬᠢᠨᠢ ᠳᠡᠭᠡᠭᠰᠢᠯᠡᠬᠦᠯᠬᠦ ᠪᠠᠷ ᠴᠢᠷᠮᠠᠶᠢᠬᠤ ᠬᠡᠷᠡᠭᠳᠡᠢ ᠨᠢ

ᠦᠵᠡᠳᠡᠯ᠎ᠡ ᠢᠯᠡᠬᠡᠨ ᠪᠣᠯᠣᠭᠠᠳ ᠪᠠᠶᠢᠭ᠎ᠠ ᠶᠣᠮ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠶᠠᠨᠨᠠᠭᠤᠷ ᠬᠤᠳᠠ ᠶᠢᠨ ᠪᠠᠭᠰᠢ ᠶᠢ

                                 ᠲᠠᠪᠳᠠᠨ ᠪᠤᠯᠪᠠᠰᠤᠷᠠᠭᠤᠯᠬᠤ ᠲᠦᠪ

                                 ︵ᠮᠦᠡᠭᠭᠦᠨᠴᠢᠮᠡᠭ ᠨᠠᠶᠢᠷᠠᠭᠤᠯᠪᠠ︶

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号