ᠠᠯᠢᠮ᠎ᠠ | | | | | | ᠬᠡᠯᠡ ᠪᠢᠴᠢᠭ ᠪᠣᠯ ᠪᠤᠶ ᠪᠦᠬᠦᠢ ᠬᠢᠴᠢᠶᠡᠯ ᠲᠥᠷᠥᠯ ᠤᠨ ᠰᠠᠭᠤᠷᠢ ᠮᠥᠨ᠃ ᠠᠭᠤᠯᠭ᠎ᠠ ᠶᠢᠨ ᠬᠠᠮᠤᠷᠬᠤ | ᠬᠡᠪᠴᠢᠶ᠎ᠡ ᠥᠷᠭᠡᠨ ᠪᠠᠶᠢᠳᠠᠭ ᠢᠶᠠᠷ ᠪᠠᠷᠠᠬᠤ ᠦᠭᠡᠶ᠂ ᠪᠠᠰᠠ ᠶᠡᠬᠡᠭᠡᠨ ᠴᠠᠭ ᠪᠠ ᠬᠦᠴᠦ ᠣᠷᠣᠭᠤᠯᠵᠣ | ᠰᠤᠷᠤᠯᠴᠠᠬᠤ ᠶᠢ ᠱᠠᠭᠠᠷᠳᠠᠳᠠᠭ᠃ ᠲᠡᠭᠡᠬᠦ ᠮᠥᠷᠲᠡᠭᠡᠨ ᠬᠡᠯᠡ ᠪᠢᠴᠢᠭ ᠰᠤᠷᠬᠤ ᠴᠢᠳᠠᠪᠤᠷᠢ ᠪᠤᠯ ᠶᠠᠮᠠᠷ ᠨᠢᠭᠡᠨ | ᠳᠦᠭᠦᠮ ᠠᠷᠭ᠎ᠠ ᠪᠠᠷ ᠣᠬᠤᠷᠬᠠᠨ ᠬᠤᠭᠤᠴᠠᠭᠠᠨ ᠳᠤ ᠲᠦᠷᠭᠡᠨ ᠳᠡᠭᠡᠭᠰᠢᠯᠡᠭᠦᠯᠵᠦ ᠳᠡᠶᠢᠯᠬᠦ ᠵᠦᠢᠯ ᠪᠢᠰᠢ᠂ ᠲᠡᠷᠡ ᠨᠢ | ᠤᠷᠲᠤ ᠬᠤᠭᠤᠴᠠᠭᠠᠨ ᠤ ᠬᠤᠷᠠᠮᠳᠤᠭᠤᠯᠤᠯ ᠪᠠ ᠪᠠᠷᠢᠮᠳᠠᠯᠠᠯ ᠢᠶᠠᠷ ᠰᠠᠶ᠋ᠢ ᠪᠣᠯᠪᠠᠰᠤᠷᠠᠨ ᠴᠠᠭᠠᠷᠠᠵᠤ ᠴᠢᠳᠠᠨ᠎ᠠ᠃ ᠭᠡᠯᠡ | ᠪᠢᠴᠢᠭ ᠤᠨ ᠬᠢᠴᠢᠶᠡᠯ ᠢᠶᠠᠷ ᠠᠪᠴᠤ ᠭᠡᠯᠡᠪᠡᠯ ᠤᠩᠰᠢᠵᠤ ᠣᠶᠢᠯᠠᠭᠠᠬᠤ ᠲᠠᠯ᠎ᠠ ᠪᠠᠷ ᠴᠤ ᠲᠡᠷᠡ᠂ ᠵᠣᠬᠢᠶᠠᠨ ᠪᠢᠴᠢᠬᠦ | ᠲᠠᠯ᠎ᠠ ᠪᠠᠷ ᠴᠤ ᠲᠡᠷᠡ᠂ ᠤᠩᠰᠢᠯᠭ᠎ᠠ ᠪᠣᠯ ᠬᠠᠮᠤᠭ ᠦᠨᠳᠦᠰᠦᠨ ᠴᠢᠳᠠᠪᠤᠷᠢ ᠮᠥᠨ᠃ ᠡᠶᠢᠮᠦ ᠠᠴᠠ ᠪᠠᠭᠰᠢ ᠵᠢᠭᠠᠨ | ᠰᠤᠷᠭᠠᠯᠲᠠ ᠶᠢᠨ ᠶᠠᠪᠤᠴᠠ ᠳᠤᠮᠳᠠ ᠪᠠᠨ ᠳᠡᠭᠡᠳᠦ ᠳᠤᠮᠳᠠᠳᠤ ᠶᠢᠨ ᠰᠤᠷᠤᠭᠴᠢ ᠶᠢᠨ ᠬᠡᠯᠡ ᠪᠢᠴᠢᠭ ᠤᠨ | ᠤᠩᠰᠢᠯᠭ᠎ᠠ ᠶᠢᠨ ᠳᠤᠷ᠎ᠠ ᠰᠣᠨᠢᠷᠬᠠᠯ ᠢ ᠰᠠᠶᠢᠳᠤᠷ ᠬᠥᠮᠦᠵᠢᠭᠦᠯᠬᠦ ᠬᠡᠷᠡᠭᠲᠡᠶ᠃ ᠲᠡᠭᠡᠪᠡᠯ ᠤᠩᠰᠢᠯᠭ᠎ᠠ ᠶᠢᠨ ᠤᠷᠮ᠎ᠠ | ᠪᠠᠬ᠎ᠠ ᠶᠢ ᠬᠡᠷᠬᠢᠨ ᠳᠡᠭᠡᠭᠰᠢᠯᠡᠭᠦᠯᠬᠦ ᠪᠣᠶ︖ | ᠨᠢᠭᠡ᠂ ᠪᠠᠭᠰᠢ ᠶᠢᠨ ᠵᠢᠭᠠᠨ ᠰᠤᠷᠭᠠᠯᠲᠠ ᠶᠢᠨ ᠦᠵᠡᠯ ᠰᠠᠨᠠᠭ᠎ᠠ᠂ ᠤᠶᠢᠯᠠᠭᠠᠭᠳᠠᠬᠤᠨ ᠢ ᠬᠤᠪᠢᠷᠠᠭᠤᠯᠬᠤ | ᠰᠢᠯᠭᠠᠯᠲᠠ ᠶᠢ ᠠᠷᠭᠠᠴᠠᠭᠠᠬᠤ ᠰᠤᠷᠭᠠᠨ ᠬᠥᠮᠦᠵᠢᠯ ᠨᠢ ᠶᠡᠭᠡ ᠵᠠᠢ ᠠᠪᠴᠤ ᠪᠠᠶᠢᠭ᠎ᠠ ᠥᠨᠥᠳᠦᠷ᠂ | ᠰᠤᠷᠤᠭᠴᠢᠳ ᠤᠨ ᠤᠩᠰᠢᠵᠤ ᠣᠶᠢᠯᠠᠭᠠᠬᠤ ᠪᠠ ᠵᠣᠬᠢᠶᠠᠨ ᠪᠢᠴᠢᠬᠦ ᠳᠤ ᠬᠡᠷᠬᠢᠨ ᠨᠠᠩ ᠥᠨᠳᠥᠷ ᠬᠤᠪᠢ | ᠣᠯᠭᠤᠭᠤᠯᠬᠤ ᠶᠢ ᠠᠩᠬᠠᠷᠴᠤ᠂ ᠰᠤᠷᠤᠭᠴᠢᠳ ᠤᠨ ᠬᠡᠯᠡ ᠪᠢᠴᠢᠭ ᠤᠨ ᠤᠩᠰᠢᠯᠭ᠎ᠠ ᠶᠢᠨ ᠤᠷᠮ᠎ᠠ ᠪᠠᠬ᠎ᠠ ᠶᠢ | ᠬᠥᠮᠦᠵᠢᠭᠦᠯᠬᠦ ᠶᠢ ᠣᠮᠲᠣᠭᠠᠶᠢᠯᠠᠵᠤ᠂ ᠬᠡᠯᠡ ᠪᠢᠴᠢᠭ ᠤᠨ ᠤᠩᠰᠢᠯᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ | ᠬᠥᠩᠭᠡᠪᠴᠢᠯᠡᠵᠡᠢ᠃ ᠡᠶᠢᠮᠦ ᠠᠴᠠ᠂ ᠳᠡᠭᠡᠳᠦ ᠳᠤᠮᠳᠠᠳᠤ ᠶᠢᠨ ᠰᠤᠷᠤᠭᠴᠢᠳ ᠤᠨ ᠬᠡᠯᠡ ᠪᠢᠴᠢᠭ ᠤᠨ | ᠤᠩᠰᠢᠯᠭ᠎ᠠ ᠶᠢᠨ ᠤᠷᠮ᠎ᠠ ᠪᠠᠬ᠎ᠠ ᠶᠢ ᠳᠡᠭᠡᠭᠰᠢᠯᠡᠭᠦᠯᠬᠦ ᠳᠤ ᠡᠩ ᠲᠡᠷᠢᠭᠦᠨ ᠳᠤ ᠪᠠᠭᠰᠢ ᠶᠢᠨ ᠵᠢᠭᠠᠨ ᠰᠤᠷᠭᠠᠯᠲᠠ ᠶᠢᠨ | ᠦᠵᠡᠯ ᠰᠠᠨᠠᠭ᠎ᠠ᠂ ᠤᠶᠢᠯᠠᠭᠠᠭᠳᠠᠬᠤᠨ ᠢ ᠬᠤᠪᠢᠷᠠᠭᠤᠯᠬᠤ ᠬᠡᠷᠡᠭᠲᠡᠢ᠃ ᠵᠢᠱᠢᠶᠡᠯᠡᠪᠡᠯ᠂ ᠵᠣᠬᠢᠶᠠᠯ ᠳᠤ ᠵᠠᠷᠢᠮ | ᠰᠤᠷᠤᠭᠴᠢᠳ ᠤᠨ ᠥᠪᠡᠷ ᠢᠶᠠᠨ ᠣᠶᠢᠯᠠᠭᠠᠵᠤ ᠳᠡᠶᠢᠯᠬᠦ ᠦᠭᠡᠢ ᠦᠭᠡ ᠥᠭᠦᠯᠡᠪᠦᠷᠢ ᠢᠯᠡᠷᠡᠪᠡᠯ ᠪᠠᠭᠰᠢ ᠠᠴᠠ | ᠳᠦᠭᠦᠮ ᠳᠦᠲᠡ ᠣᠶᠢᠯᠠᠭᠠᠭᠤᠯᠬᠤ ᠵᠠᠮ ᠢ ᠡᠷᠢᠵᠦ ᠲᠠᠶᠢᠯᠪᠦᠷᠢᠯᠡᠵᠦ ᠥᠭᠬᠦ ᠭᠡᠷᠡᠭᠲᠡᠢ᠃ ᠡᠭᠦᠨ ᠤ ᠤᠯᠠᠮ ᠢᠶᠠᠷ | ᠪᠠᠭᠰᠢ ᠶᠢᠨ ᠵᠥᠪ ᠵᠢᠯᠣᠭᠤᠳᠤᠯᠭ᠎ᠠ ᠶᠢᠨ ᠳᠤᠤᠷ᠎ᠠ᠂ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠶᠢ ᠠᠭᠠᠵᠢᠮ ᠢᠶᠠᠷ | ᠬᠥᠮᠦᠵᠢᠭᠦᠯᠦᠨ᠎ᠡ᠃ | ᠬᠤᠶᠠᠷ᠂ ᠰᠤᠷᠤᠭᠴᠢᠳ ᠤᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠵᠦ᠂ ᠤᠩᠰᠢᠯᠭ᠎ᠠ ᠶᠢᠨ | ᠳᠠᠳᠬᠠᠯ ᠢ ᠬᠥᠮᠦᠵᠢᠭᠦᠯᠦᠨ᠎ᠡ | 1. ᠳᠡᠭᠡᠳᠦ ᠳᠤᠮᠳᠠᠳᠤ ᠶᠢᠨ ᠰᠤᠷᠤᠭᠴᠢᠳ ᠬᠢᠴᠢᠶᠡᠯ ᠰᠤᠷᠤᠯᠭ᠎ᠠ ᠶᠢᠨ ᠳᠠᠷᠤᠭᠠᠰᠤ ᠶᠡᠭᠡ᠂ ᠰᠤᠷᠤᠯᠴᠠᠬᠤ | ᠤᠷᠮ᠎ᠠ ᠠᠨᠠᠢ ᠪᠠᠶᠢᠳᠠᠭ᠃ ᠰᠤᠷᠤᠭᠴᠢᠳ ᠣᠩᠰᠢᠯᠭ᠎ᠠ ᠶᠢᠨ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ | ᠥᠪᠡᠷ ᠢᠶᠠᠨ ᠰᠢᠢᠳᠪᠦᠷᠢᠯᠡᠵᠦ ᠴᠢᠳᠠᠬᠤ ᠦᠭᠡᠢ ᠠᠴᠠ ᠪᠣᠯᠵᠤ᠂ ᠤᠷᠮ᠎ᠠ ᠦᠭᠡᠶᠢᠳᠡᠨ ᠵᠣᠷᠢᠭ ᠬᠠᠷᠢᠵᠤ᠂ ᠨᠣᠮ | ᠤᠩᠰᠢᠬᠤ ᠤᠷᠮ᠎ᠠ ᠪᠠᠬ᠎ᠠ ᠪᠠ ᠲᠡᠰᠪᠦᠷᠢ ᠲᠡᠪᠴᠢᠶᠡᠷᠢ ᠦᠭᠡᠶ ᠪᠣᠯᠳᠠᠭ᠃ ᠡᠨᠡ ᠠᠰᠠᠭᠤᠳᠠᠯ ᠳᠤ ᠴᠢᠭᠯᠡᠭᠦᠯᠦᠨ᠂ | ᠪᠠᠭᠰᠢ ᠠᠴᠠ ᠰᠤᠷᠤᠭᠴᠢ ᠨᠢᠭᠡᠪᠦᠷᠢ ᠶᠢᠨ ᠤᠩᠰᠢᠯᠭ᠎ᠠ ᠶᠢᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠨ ᠵᠠᠳᠠᠯᠵᠤ᠂ | ᠰᠤᠷᠤᠭᠴᠢᠳ ᠲᠤ ᠪᠠᠨ ᠠᠰᠠᠭᠤᠳᠠᠯ ᠬᠠᠮᠢᠭ᠎ᠠ ᠣᠷᠤᠰᠢᠵᠦ ᠪᠠᠶᠢᠭ᠎ᠠ᠂ ᠬᠡᠷᠬᠢᠨ ᠰᠢᠢᠳᠪᠦᠷᠢᠯᠡᠪᠡᠯ ᠵᠣᠬᠢᠬᠤ ᠶᠢ | ᠵᠢᠯᠣᠭᠤᠳᠤᠨ᠎ᠠ᠃ ᠵᠢᠱᠢᠶᠡᠯᠡᠪᠡᠯ᠂ ᠵᠠᠷᠢᠮ ᠰᠤᠷᠤᠭᠴᠢ ᠶᠢᠨ ᠨᠣᠮ ᠤᠩᠰᠢᠬᠤ ᠶᠠᠪᠤᠴᠠ ᠳᠤ ᠲᠣᠬᠢᠶᠠᠯᠳᠤᠭᠰᠠᠨ ᠬᠦᠨᠳᠦ | ᠦᠭᠡᠰ ᠳᠡᠩᠳᠡᠭᠦᠦ ᠣᠯᠠᠨ᠃ ᠡᠶᠢᠮᠦᠷᠬᠦᠦ ᠪᠠᠶᠢᠳᠠᠯ ᠳᠤ ᠴᠢᠭᠯᠡᠭᠦᠯᠦᠨ᠂ ᠪᠠᠭᠰᠢ ᠨᠢ ᠰᠤᠷᠤᠭᠴᠢᠳ ᠤᠨ ᠨᠣᠮ | ᠤᠩᠰᠢᠬᠤ ᠲᠡᠪᠴᠢᠶᠡᠷᠢ ᠶᠢ ᠢᠯᠡᠭᠦᠬᠡᠨ ᠬᠥᠮᠦᠵᠢᠭᠦᠯᠬᠦ ᠶᠢᠨ ᠬᠠᠮᠲᠤ᠂ ᠰᠤᠷᠤᠭᠴᠢᠳ ᠲᠤ ᠪᠠᠨ ᠲᠣᠯᠢ ᠪᠢᠴᠢᠭ ᠤᠨ | ᠦᠢᠯᠡᠳᠦᠯ ᠢ ᠮᠡᠳᠡᠭᠦᠯᠦᠨ᠂ ᠵᠥᠪ ᠬᠡᠷᠡᠭᠯᠡᠬᠦ ᠶᠢ ᠵᠢᠭᠠᠨ ᠵᠢᠯᠣᠭᠤᠳᠬᠤ ᠬᠡᠷᠡᠭᠲᠡᠶ᠃ ᠪᠠᠰᠠ ᠵᠢᠱᠢᠶᠡᠯᠡᠪᠡᠯ᠂ ᠵᠠᠷᠢᠮ | ᠰᠤᠷᠤᠭᠴᠢ ᠶᠠᠮᠠᠷ ᠨᠣᠮ ᠤᠩᠰᠢᠬᠤ ᠪᠠᠨ ᠮᠡᠳᠡᠬᠦ ᠦᠭᠡᠢ᠃ ᠡᠨᠡ ᠦᠶ᠎ᠡ ᠳᠤ ᠪᠠᠭᠰᠢ ᠠᠴᠠ ᠰᠣᠩᠭᠤᠳᠠᠭ ᠨᠣᠮ | ᠵᠣᠬᠢᠶᠠᠯ ᠢ ᠲᠠᠨᠢᠯᠴᠠᠭᠤᠯᠵᠤ ᠪᠣᠯᠤᠨ᠎ᠠ᠃ ᠢᠩᠭᠢᠪᠡᠯ ᠰᠤᠷᠤᠭᠴᠢᠳ ᠤᠨ ᠨᠣᠮ ᠤᠩᠰᠢᠬᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠰᠤᠷᠤᠭᠴᠢᠳ ᠤᠨ ᠨᠣᠮ ᠤᠩᠰᠢᠬᠤ ᠤᠷᠮ᠎ᠠ ᠪᠠᠬ᠎ᠠ ᠶᠢ ᠬᠥᠮᠦᠵᠢᠭᠦᠯᠬᠦ ᠳᠤ | ᠴᠦ ᠶᠡᠭᠡ ᠲᠤᠰᠠ ᠪᠣᠯᠵᠤ ᠪᠣᠯᠤᠨ᠎ᠠ᠃ | 2. ᠰᠤᠷᠤᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠤᠩᠰᠢᠯᠭ᠎ᠠ ᠶᠢᠨ ᠦᠷ᠎ᠡ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ ᠪᠠᠭᠰᠢ ᠨᠢ ᠬᠢᠴᠢᠶᠡᠯ ᠳᠡᠭᠡᠷ᠎ᠡ ᠤᠩᠰᠢᠯᠭ᠎ᠠ ᠶᠢᠨ ᠴᠠᠭ ᠢ ᠨᠡᠮᠡᠵᠦ ᠲᠣᠬᠢᠷᠠᠭᠤᠯᠪᠠᠯ | ᠰᠠᠶᠢᠨ᠃ ᠢᠩᠬᠢᠪᠡᠯ ᠰᠤᠷᠤᠭᠴᠢᠳ ᠨᠣᠮ ᠤᠩᠰᠢᠭᠰᠠᠨ ᠤ ᠳᠠᠷᠠᠭ᠎ᠠ ᠬᠠᠮᠲᠤ ᠰᠤᠷᠤᠭᠴᠢ ᠪᠠ ᠪᠠᠭᠰᠢ ᠲᠠᠢ ᠴᠠᠭ | ᠲᠤᠬᠠᠢ ᠳᠤ ᠨᠢ ᠣᠶᠢᠯᠠᠭᠠᠯᠴᠠᠵᠤ ᠪᠤᠯᠤᠨ᠎ᠠ᠃ ᠲᠡᠭᠡᠬᠦ ᠮᠥᠷᠲᠡᠭᠡᠨ ᠰᠤᠷᠤᠭᠴᠢᠳ ᠲᠤ ᠪᠠᠨ ᠥᠪᠡᠷ ᠢ ᠪᠠᠨ | ᠢᠯᠡᠷᠡᠭᠦᠯᠬᠦ ᠲᠠᠪᠴᠠᠩ ᠬᠠᠩᠭᠠᠵᠤ᠂ ᠰᠤᠷᠤᠭᠴᠢᠳ ᠤᠨ ᠢᠲᠡᠭᠡᠯ ᠢ ᠨᠡᠮᠡᠭᠳᠡᠭᠦᠯᠵᠦ᠂ ᠬᠥᠭᠵᠢᠶᠡᠨᠲᠡᠢ᠂ ᠰᠠᠶᠢᠨ | ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠬᠠᠩᠭᠠᠨ ᠥᠭᠴᠦ ᠪᠣᠯᠤᠨ᠎ᠠ᠃ ᠰᠤᠷᠤᠭᠴᠢᠳ ᠢ ᠬᠢᠴᠢᠶᠡᠯ ᠳᠡᠭᠡᠷ᠎ᠡ | ᠰᠡᠳᠬᠢᠯ ᠲᠠᠶᠢᠪᠤᠭᠤᠨ ᠢᠶᠠᠷ ᠨᠣᠮ ᠤᠩᠰᠢᠭᠤᠯᠵᠤ᠂ ᠵᠣᠬᠢᠶᠠᠯ ᠤᠨ ᠠᠭᠤᠯᠭ᠎ᠠ ᠪᠠ ᠰᠠᠨᠠᠭ᠎ᠠ ᠠᠬᠤᠶ ᠶᠢ ᠦᠨᠡᠨ ᠬᠦ | ᠮᠡᠳᠡᠷᠡᠭᠦᠯᠵᠦ᠂ ᠰᠤᠷᠤᠭᠴᠢᠳ ᠤᠨ ᠬᠡᠯᠡ ᠪᠢᠴᠢᠭ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠤᠩᠰᠢᠯᠭ᠎ᠠ ᠶᠢᠨ | ᠴᠢᠳᠠᠪᠤᠷᠢ ᠶᠢ ᠴᠥᠮ ᠪᠦᠲᠦᠮᠵᠢᠲᠡᠶ ᠳᠡᠭᠡᠭᠰᠢᠯᠡᠭᠦᠯᠵᠦ ᠪᠣᠯᠤᠨ᠎ᠠ᠃ | 3. ᠤᠩᠰᠢᠯᠭ᠎ᠠ ᠶᠢᠨ ᠳᠠᠳᠬᠠᠯ ᠢ ᠬᠥᠮᠦᠵᠢᠭᠦᠯᠦᠨ᠎ᠡ᠃ ᠰᠤᠷᠤᠭᠴᠢᠳ ᠤᠨ ᠤᠩᠰᠢᠯᠭ᠎ᠠ ᠶᠢᠨ ᠤᠷᠮ᠎ᠠ | ᠪᠠᠬ᠎ᠠ ᠶᠢ ᠤᠩᠰᠢᠯᠭ᠎ᠠ ᠶᠢᠨ ᠳᠠᠳᠬᠠᠯ ᠢ ᠬᠥᠮᠦᠵᠢᠭᠦᠯᠬᠦ ᠪᠠᠷ ᠳᠠᠮᠵᠢᠨ ᠪᠡᠶᠡᠯᠡᠭᠦᠯᠵᠦ ᠪᠣᠯᠤᠨ᠎ᠠ᠃ ᠪᠠᠭᠰᠢ ᠠᠴᠠ | ᠰᠤᠷᠤᠭᠴᠢᠳ ᠲᠤ ᠪᠠᠨ ᠡᠳᠦᠷ ᠪᠦᠷᠢ ᠨᠢᠭᠡ ᠬᠤᠪᠢ ᠡᠳᠦᠷ ᠤᠨ ᠲᠡᠮᠳᠡᠭᠯᠡᠯ ᠪᠢᠴᠢᠬᠦ ᠶᠢ ᠰᠠᠨᠠᠭᠤᠯᠵᠤ᠂ ᠥᠪᠡᠷ ᠤᠨ | ᠨᠢᠭᠡ ᠡᠳᠦᠷ ᠤᠨ ᠰᠣᠨᠢᠷᠬᠠᠯᠲᠠᠶ ᠤᠴᠢᠷ ᠢᠶᠠᠨ ᠲᠡᠮᠳᠡᠭᠯᠡᠵᠦ᠂ ᠰᠠᠶᠢᠨ ᠰᠠᠶᠢᠬᠠᠨ ᠵᠣᠬᠢᠶᠠᠨ ᠪᠢᠴᠢᠬᠦ ᠳᠠᠳᠬᠠᠯ ᠲᠠᠢ | ᠪᠣᠯᠬᠤ ᠶᠢ ᠱᠠᠭᠠᠷᠳᠠᠵᠤ ᠪᠣᠯᠤᠨ᠎ᠠ᠃ ᠡᠶᠢᠮᠦ ᠮᠠᠶ᠋ᠢᠭ ᠢᠶᠠᠷ ᠤᠷᠲᠤ ᠬᠤᠭᠤᠴᠠᠭ᠎ᠠ ᠪᠠᠷ ᠪᠠᠷᠢᠮᠳᠠᠯᠠᠪᠠᠯ ᠰᠤᠷᠤᠭᠴᠢᠳ | ᠡᠳᠦᠷ ᠤᠨ ᠲᠡᠮᠳᠡᠭᠯᠡᠯ ᠪᠢᠴᠢᠬᠦ ᠳᠤᠷᠠᠲᠠᠶ ᠪᠣᠯᠵᠤ᠂ ᠪᠠᠰᠠ ᠡᠳᠦᠷ ᠤᠨ ᠲᠡᠮᠳᠡᠭᠯᠡᠯ ᠳᠤ ᠪᠠᠨ ᠥᠪᠡᠷ ᠤᠨ | ᠰᠡᠳᠬᠢᠯᠭᠡ ᠪᠠᠨ ᠲᠡᠮᠳᠡᠭᠯᠡᠵᠦ ᠴᠢᠳᠠᠨ᠎ᠠ᠃ ᠢᠡᠭᠬᠢᠵᠦ ᠬᠢᠬᠦ ᠨᠢ ᠰᠤᠷᠤᠭᠴᠢᠳ ᠤᠨ ᠨᠣᠮ ᠤᠩᠰᠢᠬᠤ ᠳᠤ ᠳᠤᠷ᠎ᠠ | ᠦᠭᠡᠶᠢᠴᠡᠬᠦ ᠰᠡᠳᠬᠢᠯᠭᠡ ᠶᠢ ᠦᠭᠡᠶᠢᠰᠬᠡᠵᠦ ᠴᠢᠳᠠᠨ᠎ᠠ᠃ ᠤᠩᠰᠢᠯᠭ᠎ᠠ ᠶᠢᠨ ᠳᠤᠮᠳᠠ ᠪᠠᠭᠰᠢ ᠠᠴᠠ ᠰᠤᠷᠤᠭᠴᠢᠳ ᠢ | ᠨᠣᠮ ᠤᠩᠰᠢᠭᠰᠠᠨ ᠲᠡᠮᠳᠡᠭᠯᠡᠯ ᠬᠢᠯᠭᠡᠵᠦ᠂ ᠰᠣᠩᠭᠤᠳᠠᠭ ᠤᠷᠠᠨ ᠦᠭᠡ ᠥᠭᠦᠯᠡᠪᠦᠷᠢ ᠶᠢ ᠲᠡᠮᠳᠡᠭᠯᠡᠬᠦ ᠶᠢ | ᠵᠣᠷᠢᠬᠵᠢᠭᠤᠯᠬᠤ ᠬᠡᠷᠡᠭᠲᠡᠶ᠃ ᠢᠩᠭᠢᠬᠦ ᠨᠢ ᠰᠤᠷᠤᠭᠴᠢᠳ ᠤᠨ ᠵᠣᠬᠢᠶᠠᠨ ᠪᠢᠴᠢᠯᠭᠡ ᠳᠤ ᠪᠠᠶᠠᠯᠢᠭ ᠪᠣᠷᠣ ᠮᠠᠲ᠋ᠧᠷᠢᠶᠠᠯ | ᠬᠤᠷᠠᠮᠳᠤᠭᠤᠯᠤᠭᠰᠠᠨ ᠢᠶᠠᠷ ᠪᠠᠷᠠᠬᠤ ᠦᠭᠡᠶ᠂ ᠪᠠᠰᠠ ᠰᠤᠷᠤᠭᠴᠢᠳ ᠤᠨ ᠰᠣᠨᠢᠷᠬᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠭᠠᠷ ᠬᠥᠳᠡᠯᠵᠦ᠂ ᠪᠢᠷ ᠬᠥᠳᠡᠯᠭᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠳᠠᠭ᠃ ᠤᠩᠰᠢᠯᠭ᠎ᠠ ᠪᠠ ᠵᠣᠬᠢᠶᠠᠨ | ᠪᠢᠴᠢᠯᠭᠡ ᠶᠢ ᠤᠶᠠᠯᠳᠤᠭᠤᠯᠵᠤ᠂ ᠤᠩᠰᠢᠯᠭ᠎ᠠ ᠶᠢᠨ ᠵᠣᠬᠢᠶᠠᠨ ᠪᠢᠴᠢᠯᠭᠡ ᠳᠤ ᠦᠵᠡᠭᠦᠯᠬᠦ ᠨᠥᠯᠥᠭᠡ ᠶᠢ ᠮᠠᠳᠠᠭᠦᠯᠦᠨ᠂ | ᠤᠩᠰᠢᠬᠤ ᠶᠢᠨ ᠴᠢᠬᠤᠯᠠ ᠴᠢᠨᠠᠷ ᠢ ᠣᠶᠢᠯᠠᠭᠠᠭᠤᠯᠤᠨ᠂ ᠰᠤᠷᠤᠭᠴᠢᠳ ᠤᠨ ᠤᠩᠰᠢᠬᠤ ᠤᠷᠮ᠎ᠠ ᠶᠢ ᠬᠥᠭᠵᠢᠭᠡᠵᠦ | ᠪᠣᠯᠤᠨ᠎ᠠ᠃ ᠡᠭᠦᠨ ᠠᠴᠠ ᠭᠠᠳᠠᠨ᠎ᠠ ᠪᠠᠰᠠ ᠬᠢᠴᠢᠶᠡᠯ ᠤᠨ ᠭᠡᠷ ᠲᠤ ᠨᠣᠮ ᠤᠨ ᠪᠤᠯᠤᠩ ᠭᠠᠷᠭᠠᠬᠤ᠂ ᠥᠪᠡᠷ ᠤᠨ | ᠤᠩᠰᠢᠵᠤ ᠥᠩᠭᠡᠷᠡᠭᠰᠡᠨ ᠰᠢᠯᠢᠳᠡᠭ ᠨᠣᠮ ᠢᠶᠠᠨ ᠬᠤᠪᠢᠶᠠᠯᠴᠠᠬᠤ ᠵᠡᠷᠭᠡ ᠠᠷᠭ᠎ᠠ ᠪᠠᠷ ᠬᠠᠮᠲᠤ ᠪᠠᠷ ᠳᠠᠪᠰᠢᠵᠤ | ᠪᠣᠯᠤᠨ᠎ᠠ᠃ | ᠳᠡᠭᠡᠳᠦ ᠳᠤᠮᠳᠠᠳᠤ ᠶᠢᠨ ᠰᠤᠷᠤᠭᠴᠢᠳ ᠤᠨ ᠬᠡᠯᠡ ᠪᠢᠴᠢᠭ ᠤᠨ ᠤᠩᠰᠢᠯᠭ᠎ᠠ ᠶᠢᠨ ᠤᠷᠮ᠎ᠠ ᠪᠠᠬ᠎ᠠ ᠶᠢ | ᠬᠥᠮᠦᠵᠢᠭᠦᠯᠵᠦ᠂ ᠰᠤᠷᠤᠭᠴᠢᠳ ᠤᠨ ᠬᠡᠯᠡ ᠪᠢᠴᠢᠭ ᠤᠨ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠡᠯᠡ | ᠪᠢᠴᠢᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠥᠨᠳᠥᠷ ᠪᠦᠲᠦᠮᠵᠢᠲᠡᠶ ᠥᠷᠨᠢᠭᠦᠯᠬᠦ ᠶᠢᠨ | ᠲᠥᠯᠥᠭᠡ᠂ ᠡᠩ ᠲᠡᠷᠢᠭᠦᠨ ᠳᠤ ᠪᠠᠭᠰᠢ ᠶᠢᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠬᠤᠪᠢᠷᠠᠭᠤᠯᠵᠤ᠂ | ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠳᠤᠮᠳᠠ ᠤᠩᠰᠢᠯᠭ᠎ᠠ ᠶᠢᠨ ᠴᠢᠳᠠᠪᠤᠷᠢ ᠶᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠪᠠᠭᠰᠢ ᠶᠢᠨ ᠵᠥᠪ ᠵᠢᠯᠣᠭᠤᠳᠣᠯᠭ᠎ᠠ ᠳᠤᠤᠷ᠎ᠠ᠂ ᠰᠤᠷᠤᠭᠴᠢᠳ ᠤᠨ ᠤᠩᠰᠢᠯᠭ᠎ᠠ ᠶᠢᠨ | ᠤᠷᠮ᠎ᠠ ᠪᠠᠬ᠎ᠠ ᠶᠢ ᠬᠥᠮᠦᠵᠢᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ ᠪᠠᠭᠰᠢ ᠪᠠᠰᠠ ᠰᠤᠷᠤᠭᠴᠢᠳ ᠤᠨ | ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠵᠦ᠂ ᠰᠤᠷᠤᠭᠴᠢᠳ ᠤᠨ ᠨᠣᠮ ᠤᠩᠰᠢᠬᠤ ᠶᠠᠪᠤᠴᠠ ᠳᠠᠬᠢ | ᠪᠤᠬᠢᠨᠢᠳᠤᠯ ᠢ ᠰᠢᠢᠳᠪᠦᠷᠢᠯᠡᠬᠦ ᠬᠡᠷᠡᠭᠲᠡᠶ᠃ ᠪᠠᠭᠰᠢ ᠪᠠᠰᠠ ᠬᠢᠴᠢᠶᠡᠯ ᠳᠡᠭᠡᠷ᠎ᠡ ᠤᠩᠰᠢᠯᠭ᠎ᠠ ᠶᠢᠨ ᠬᠢᠴᠢᠶᠡᠯ ᠨᠡᠮᠡᠵᠦ᠂ | ᠰᠤᠷᠤᠭᠴᠢᠳ ᠲᠤ ᠪᠠᠨ ᠰᠣᠯᠢᠯᠴᠠᠬᠤ ᠪᠠ ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠵᠤ᠂ ᠨᠣᠮ ᠤᠩᠰᠢᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠭᠴᠢᠳ ᠤᠨ ᠰᠠᠶᠢᠨ ᠰᠠᠶᠢᠬᠠᠨ ᠨᠣᠮ ᠤᠩᠰᠢᠬᠤ | ᠳᠠᠳᠬᠠᠯ ᠢ ᠬᠥᠮᠦᠵᠢᠭᠦᠯᠵᠦ᠂ ᠨᠣᠮ ᠤᠩᠰᠢᠬᠤ ᠶᠠᠪᠤᠴᠠ ᠪᠠᠷ ᠲᠠᠮᠵᠢᠭᠤᠯᠤᠨ ᠵᠣᠬᠢᠶᠠᠨ ᠪᠢᠴᠢᠯᠭᠡ ᠳᠤ ᠪᠠᠶᠠᠯᠢᠭ ᠪᠣᠷᠣ | ᠮᠠᠲ᠋ᠧᠷᠢᠶᠠᠯ ᠬᠤᠷᠠᠮᠳᠤᠭᠤᠯᠤᠨ᠂ ᠰᠣᠨᠢᠷᠬᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠷ ᠬᠥᠳᠡᠯᠵᠦ ᠪᠢᠷ | ᠬᠥᠳᠡᠯᠭᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠰᠤᠷᠤᠭᠴᠢᠳ ᠲᠤ ᠤᠩᠰᠢᠯᠭ᠎ᠠ ᠶᠢᠨ ᠴᠢᠬᠤᠯᠠ ᠴᠢᠨᠠᠷ ᠢ | ᠮᠡᠳᠡᠭᠦᠯᠵᠦ᠂ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠶᠢ ᠴᠢᠩᠭᠠᠳᠬᠠᠵᠤ ᠪᠣᠯᠤᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠣᠩᠨᠢᠭᠤᠳ ᠬᠤᠰᠢᠭᠤᠨ ᠤ ᠪᠣᠷᠤᠬᠤᠳᠠ ᠮᠣᠩᠭᠤᠯ | ᠦᠨᠳᠤᠰᠤᠲᠠᠨ ᠤ ᠳᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | |