ᠡᠩᠬᠡᠪᠠᠳᠦ | | | | ᠭᠡᠷ ᠪᠦᠯᠢ ᠶᠢᠨ ᠬᠦᠮᠤᠵᠢᠯ ᠪᠤᠯ ᠶᠡᠷᠤᠩᠭᠡᠶᠢᠯᠡᠭᠰᠡᠨ ᠰᠤᠷᠭᠠᠨ ᠬᠦᠮᠤᠵᠢᠯ ᠤᠨ ᠬᠠᠮᠤᠭ ᠤᠨ ᠦᠨᠳᠤᠰᠤᠨ | ᠰᠠᠭᠤᠷᠢ ᠨᠢ ᠪᠤᠯᠬᠤ ᠪᠦᠭᠡᠳ ᠮᠦᠠ ᠴᠦ ᠨᠠᠰᠤᠨ ᠲᠤᠷᠰᠢ ᠶᠢᠨ ᠬᠦᠮᠤᠵᠢᠯ ᠲᠠᠢ ᠰᠢᠭᠤᠳ ᠬᠤᠯᠪᠤᠭᠳᠠᠵᠦ | ᠪᠠᠶᠢᠳᠠᠭ᠃ ᠭᠡᠷ ᠪᠦᠯᠢ ᠶᠢᠨ ᠬᠦᠮᠤᠵᠢᠯ ᠨᠢ ᠵᠦᠪᠭᠡᠨ ᠨᠢᠭᠡ ᠯᠠ ᠠᠶᠢᠯ ᠡᠷᠤᠭᠡ᠂ ᠨᠢᠭᠡ ᠬᠡᠤᠬᠡᠳ ᠤᠨ ᠶᠠᠪᠤᠳᠠᠯ | ᠳᠡᠳᠦᠢ ᠪᠢᠰᠢ᠂ ᠬᠠᠷᠢᠨ ᠪᠦᠭᠦᠶ ᠯᠡ ᠡᠴᠢᠭᠡ ᠡᠬᠡ ᠪᠤᠯᠤᠭᠰᠠᠳ ᠪᠠ ᠠᠬᠠᠮᠠᠳᠴᠤᠳ ᠨᠢ ᠦᠷ᠎ᠡ ᠬᠤᠶᠢᠴᠢᠰ ᠲᠤ ᠪᠠᠨ | ᠬᠡᠷᠬᠢᠨ ᠬᠦᠮᠤᠨ ᠪᠤᠯᠤᠨ ᠬᠦᠮᠤᠵᠢᠬᠦ ᠶᠢᠨ ᠦᠠᠳᠤᠰᠤᠨ ᠤᠬᠠᠭᠳᠠᠬᠤᠨ ᠢ ᠳᠠᠨᠢᠭᠤᠯᠵᠦ ᠳᠡᠭᠦᠠᠴᠢᠯᠡᠨ | ᠦᠪᠡᠷᠰᠡᠳ ᠤᠨ ᠢᠶᠠᠨ ᠨᠡᠶᠢᠭᠡᠮ ᠳᠤ ᠦᠵᠡᠭᠦᠯᠬᠦ ᠡᠭᠦᠷᠭᠡ ᠬᠠᠷᠢᠭᠤᠴᠠᠯᠭ᠎ᠠ ᠪᠠᠨ ᠬᠡᠷᠬᠢᠨ ᠰᠠᠶᠢᠳᠤᠷ ᠬᠦᠢᠴᠡᠳᠭᠡᠬᠦ | ᠶᠠᠪᠤᠳᠠᠯ ᠪᠤᠯᠤᠨ᠎ᠠ᠃ | ᠭᠡᠷ ᠪᠦᠯᠢ ᠶᠢᠨ ᠬᠦᠮᠤᠵᠢᠯ ᠨᠢ ᠴᠢᠨᠠᠭᠰᠢᠳᠠ ᠦᠷᠭᠦᠯᠵᠢᠯᠡᠨ ᠰᠤᠷᠭᠠᠭᠤᠯᠢ ᠶᠢᠨ ᠬᠦᠮᠤᠵᠢᠯ ᠪᠠ ᠨᠡᠶᠢᠭᠡᠮ ᠤᠨ | ᠬᠦᠮᠤᠵᠢᠯ ᠢ ᠬᠦᠷᠳᠡᠬᠦ ᠳᠤ ᠲᠦᠢᠯ ᠤᠨ ᠴᠢᠬᠤᠯᠠ ᠦᠷ᠎ᠡ ᠠᠰᠢᠬᠳᠦ ᠨᠦᠭᠦᠴᠡᠯ ᠪᠤᠯᠤᠯᠴᠠᠭ᠎ᠠ ᠶᠢ ᠬᠠᠩᠭᠠᠵᠦ ᠦᠭᠳᠡᠭ | ᠪᠦᠭᠡᠳ ᠬᠡᠤᠬᠡᠳ ᠪᠠᠭᠠᠴᠤᠳ ᠤᠨ ᠠᠯᠤᠰ ᠢᠷᠡᠭᠡᠳᠦᠢ ᠶᠢᠨ ᠬᠦᠭᠵᠢᠯᠳᠠ ᠳᠤ ᠴᠢᠬᠤᠯᠠ ᠦᠢᠯᠠᠳᠤᠯ ᠦᠵᠠᠭᠦᠯᠳᠡᠭ | ᠶᠤᠮ᠃ | ᠭᠡᠷ ᠪᠦᠯᠢ ᠶᠢᠨ ᠬᠦᠮᠤᠵᠢᠯ ᠤᠨ ᠭᠤᠤᠯ ᠠᠭᠤᠯᠭ᠎ᠠ ᠨᠢ ᠦᠷ᠎ᠡ ᠬᠡᠤᠬᠡᠳ ᠢᠶᠠᠨ ᠪᠡᠶ᠎ᠡ ᠮᠠᠬᠠᠪᠤᠳ ᠡᠷᠡᠭᠦᠯ | ᠴᠢᠬᠢᠷᠠᠭ ᠤᠶᠤᠨ ᠤᠬᠠᠭᠠᠨ ᠰᠡᠴᠡᠨ ᠰᠡᠷᠭᠦᠯᠡᠩ ᠢᠶᠠᠷ ᠦᠰᠤᠨ ᠪᠤᠶᠢᠵᠢᠭᠤᠯᠵᠦ᠂ ᠨᠡᠶᠢᠭᠡᠮ ᠤᠨ ᠠᠯᠢᠪᠡ ᠬᠡᠷᠡᠭ | ᠪᠤᠳᠠᠰ ᠪᠠ ᠤᠴᠢᠷ ᠶᠠᠪᠤᠳᠠᠯ ᠢ ᠤᠶᠢᠯᠠᠭᠠᠨ ᠳᠠᠨᠢᠬᠤ ᠴᠢᠳᠠᠪᠤᠷᠢ ᠪᠤᠯᠤᠨ ᠤᠬᠠᠮᠰᠠᠷ ᠰᠡᠷᠡᠭᠦᠢ᠂ ᠲᠤᠷ᠎ᠠ ᠰᠤᠨᠢᠷᠬᠠᠯ᠂ | ᠪᠡᠶ᠎ᠡ ᠰᠡᠳᠬᠢᠴᠡ ᠶᠢᠨ ᠰᠢᠭᠤᠳ ᠬᠦᠭᠵᠢᠯᠳᠠ ᠶᠢ ᠨᠦᠯᠤᠭᠡᠯᠡᠨ ᠬᠡᠪ ᠴᠢᠨᠠᠷ ᠤᠨ ᠦᠠᠳᠤᠰᠤᠨ ᠪᠤᠯᠪᠠᠰᠤᠷᠠᠯ ᠢ | ᠠᠯᠬᠤᠮ ᠠᠯᠬᠤᠮ ᠢᠶᠠᠷ ᠴᠢᠩᠭᠠᠳᠬᠠᠬᠤ ᠪᠠ ᠪᠠᠬᠢᠵᠢᠬᠦᠯᠬᠦ ᠳᠤ ᠤᠷᠤᠰᠢᠨ᠎ᠠ᠃ | ᠭᠡᠷ ᠪᠦᠯᠢ ᠶᠢᠨ ᠬᠦᠮᠤᠵᠢᠯ᠂ ᠰᠤᠷᠭᠠᠭᠤᠯᠢ ᠶᠢᠨ ᠬᠦᠮᠤᠵᠢᠯ ᠪᠠ ᠨᠡᠶᠢᠭᠡᠮ ᠤᠨ ᠬᠦᠮᠤᠵᠢᠯ ᠨᠢ ᠦᠷᠭᠦᠯᠵᠢ | ᠬᠠᠷᠢᠯᠴᠠᠨ ᠤᠶᠠᠯᠳᠤᠵᠦ᠂ ᠬᠠᠷᠢᠯᠴᠠᠨ ᠨᠦᠯᠤᠭᠡᠯᠡᠵᠦ᠂ ᠬᠠᠷᠢᠯᠴᠠᠨ ᠲᠦᠰᠢᠭᠯᠡᠯᠴᠡᠵᠦ ᠪᠠᠶᠢᠮᠠᠨᠵᠢᠨ ᠰᠠᠶ᠋ᠢ ᠬᠡᠪ | ᠴᠢᠨᠠᠷ ᠤᠨ ᠬᠦᠮᠤᠵᠢᠯ ᠢ ᠲᠦᠯᠬᠢᠨ ᠠᠬᠢᠭᠤᠯᠵᠦ ᠤᠷᠤᠭᠰᠢᠯᠠᠭᠤᠯᠵᠦ ᠪᠠᠳᠤᠵᠢᠭᠤᠯᠵᠦ ᠴᠢᠳᠠᠬᠤ ᠶᠤᠮ᠃ ᠡᠶᠢᠮᠤ ᠠᠴᠠ | ᠲᠤᠤᠷ᠎ᠠ ᠪᠢ ᠭᠤᠤᠯᠳᠠᠭᠤ ᠭᠡᠷ ᠪᠦᠯᠢ ᠶᠢᠨ ᠬᠦᠮᠤᠵᠢᠯ ᠤᠨ ᠲᠤᠬᠠᠢ ᠤᠶᠢᠯᠠᠭᠠᠯᠳᠠ ᠪᠠᠨ ᠳᠠᠨᠢᠯᠴᠠᠭᠤᠯᠵᠦ ᠲᠦᠭᠦᠮ | ᠦᠭᠦᠯᠡᠶᠠ᠃ | ᠨᠢᠭᠡ᠂ ᠭᠡᠷ ᠪᠦᠯᠢ ᠶᠢᠨ ᠬᠦᠮᠤᠵᠢᠯ ᠤᠨ ᠠᠩᠬᠠᠨ ᠤ ᠡᠬᠢᠯᠡᠯᠳᠡ | ᠨᠢᠯᠬ᠎ᠠ ᠬᠡᠤᠬᠡᠳ ᠡᠬᠡ ᠠᠴᠠ ᠪᠠᠨ ᠲᠦᠷᠤᠮᠡᠭᠴᠡ ᠶᠠᠭᠤᠨ ᠤ ᠤᠷᠢᠳ ᠦᠪᠡᠷ ᠤᠨ ᠰᠡᠷᠡᠨ ᠮᠡᠳᠡᠭᠦᠢ ᠳᠤ ᠪᠠᠨ | ᠲᠦᠰᠢᠭᠯᠡᠵᠦ ᠤᠷᠴᠢᠨ ᠲᠤᠭᠤᠷᠢᠨ ᠲᠠᠢ ᠪᠠᠨ ᠵᠤᠯᠭᠠᠳᠠᠭ᠃ ᠳᠡᠳᠡ ᠲᠤᠰᠬᠠᠶᠢᠯᠠᠨ ᠭᠡᠷᠡᠯ ᠭᠡᠭᠡ᠂ ᠠᠭᠤᠷ ᠠᠮᠢᠰᠬᠤᠯ | ᠪᠠ ᠦᠯᠤᠰᠴᠦ ᠤᠮᠳᠠᠭᠠᠰᠬᠤ ᠵᠡᠷᠭᠡ ᠰᠢᠭᠤᠳ ᠰᠡᠷᠡᠯ ᠢᠶᠠᠷ ᠲᠤᠬᠢᠶ᠎ᠠ ᠪᠤᠯᠭᠠᠬᠤ ᠶᠢᠨ ᠬᠠᠮᠳᠦ ᠦᠪᠡᠷ ᠤᠨ | ᠱᠠᠭᠠᠷᠳᠠᠯᠭ᠎ᠠ ᠪᠠᠨ ᠶᠠᠮᠠᠷ ᠨᠢᠭᠡᠨ ᠶᠠᠩᠵᠦ ᠬᠡᠯᠪᠡᠷᠢ ᠪᠠᠷ ᠢᠯᠡᠳᠭᠡᠵᠦ ᠪᠠᠶᠢᠳᠠᠭ᠃ ᠡᠭᠦᠨ ᠳᠤ ᠠᠩᠬ᠎ᠠ ᠬᠡᠷᠡᠯ ᠲᠠᠢ | ᠵᠤᠯᠭᠠᠬᠤ ᠳᠤ ᠪᠠᠨ ᠡᠬᠢᠯᠡᠭᠡᠳ ᠨᠢᠳᠦ ᠪᠠᠨ ᠠᠨᠢᠪᠴᠢᠳᠠᠭ ᠪᠠᠶᠢᠭᠰᠠᠨ ᠠᠴᠠ ᠪᠠᠨ ᠠᠭᠠᠵᠢᠮ ᠢᠶᠠᠷ ᠳᠠᠰᠬᠠᠵᠦ᠂ | ᠦᠵᠡᠵᠦ ᠬᠠᠷᠠᠵᠦ ᠡᠬᠢᠯᠡᠳᠡᠭ ᠪᠦᠭᠡᠳ ᠡᠯᠳᠡᠪ ᠵᠦᠢᠯ ᠤᠨ ᠳᠠᠭᠤ ᠠᠪᠢᠶ᠎ᠡ ᠪᠠᠷ ᠮᠡᠳᠡᠭᠡᠯᠡᠯ ᠦᠭᠬᠦ ᠪᠤᠶᠤ ᠰᠡᠷᠡᠯ ᠤᠨ | ᠬᠦᠭᠵᠢᠯᠳᠠ ᠪᠠᠷ ᠦᠨᠤᠷᠯᠡᠬᠦ᠂ ᠠᠮᠳᠠᠯᠠᠬᠤ᠂ ᠦᠵᠡᠬᠦ᠂ ᠰᠤᠨᠤᠰᠬᠤ ᠪᠠ ᠬᠦᠷᠤᠯᠴᠠᠬᠦ ᠮᠡᠳᠦ ᠶᠢᠨ ᠳᠠᠪᠤᠨ ᠰᠡᠷᠡᠯ ᠤᠨ | ᠮᠡᠳᠡᠷᠡᠮᠵᠢ ᠪᠠᠷ ᠤᠶᠠᠯᠳᠤᠨ ᠬᠠᠷᠢᠯᠴᠠᠨ ᠬᠦᠭᠵᠢᠳᠡᠭ᠃ | ᠨᠠᠰᠤᠳᠠᠶᠢᠴᠤᠳ ᠤᠨ ᠶᠠᠷᠢᠶᠡᠨ ᠳᠤ᠄ ︽ᠨᠢᠯᠬ᠎ᠠ ᠬᠡᠤᠬᠡᠳ ᠤᠢ ᠬᠦᠷᠪᠡᠯ ᠡᠴᠢᠭᠡ ᠡᠬᠡ ᠪᠠᠨ ᠳᠠᠨᠢᠵᠦ᠂ | ᠭᠤᠷᠪᠠᠨ ᠨᠠᠰᠤᠯᠠᠭᠰᠠᠭᠠᠷ ᠭᠡᠷ ᠤᠨ ᠬᠦᠮᠤᠰ ᠢᠶᠠᠨ ᠳᠠᠨᠢᠵᠦ ᠳᠡᠶᠢᠯᠤᠨ᠎ᠠ︾ ᠭᠡᠳᠡᠭ ᠨᠢ ᠶᠠᠭ ᠡᠨᠡ ᠬᠦ ᠶᠠᠪᠤᠴᠠ ᠶᠢ | ᠵᠢᠭᠠᠵᠦ ᠪᠠᠶᠢᠬᠤ ᠶᠤᠮ᠃ | ᠬᠤᠶᠠᠷ᠂ ᠦᠭᠡ ᠶᠠᠷᠢᠶ᠎ᠡ᠂ ᠦᠢᠯᠡ ᠬᠦᠳᠡᠯᠭᠡᠭᠡᠨ ᠤ ᠬᠦᠮᠤᠵᠢᠯ | ᠨᠢᠯᠬ᠎ᠠ ᠬᠡᠤᠬᠡᠳ ᠨᠢ ᠠᠩᠬ᠎ᠠ ᠡᠬᠢᠯᠡᠭᠡᠳ ᠤᠬᠢᠯᠠᠵᠦ ᠤᠷᠢᠯᠠᠨ ᠳᠠᠭᠤ ᠭᠠᠷᠭᠠᠳᠠᠭ ᠪᠠᠶᠢᠭᠰᠠᠨ ᠠᠴᠠ ᠪᠠᠨ | ᠵᠤᠬᠢᠬᠤ ᠬᠡᠮᠵᠢᠶᠡᠨ ᠳᠤ ᠬᠦᠷᠪᠠᠯ ᠮᠦᠨ ᠠᠮᠠ ᠨᠡᠭᠡᠭᠡᠵᠦ᠂ ︽ᠠᠪᠤ ᠡᠵᠢ᠂ ᠡᠨᠡ ᠲᠡᠷᠡ᠂ ᠮᠦᠨ ᠪᠢᠰᠢ︾ ᠭᠡᠬᠦ | ᠮᠠᠳᠦ ᠪᠠᠷ ᠲᠦᠭᠦᠮ ᠲᠦᠳᠡ ᠬᠡᠯᠡᠯᠭᠡ ᠳᠤ ᠤᠷᠤᠵᠦ ᠡᠴᠢᠭᠡ ᠡᠬᠡ ᠪᠠ ᠠᠬᠠᠮᠠᠳᠴᠤᠤᠯ ᠤᠨ ᠡᠳᠤᠷ ᠲᠤᠳᠤᠮ ᠤᠨ | ᠬᠠᠷᠢᠯᠴᠠᠭᠠᠨ ᠤ ᠲᠤᠮᠳᠠ ᠨᠦᠯᠤᠭᠡᠯᠡᠨ ᠤᠯᠠᠮ ᠢᠶᠠᠷ ᠦᠭᠡ ᠶᠡᠷᠢᠶ᠎ᠡ ᠪᠤᠯᠤᠨ ᠬᠦᠳᠡᠯᠭᠡᠭᠡᠨ ᠲᠦᠷᠰᠤᠯᠡᠯ ᠨᠢ | ᠪᠠᠶᠠᠯᠢᠬᠵᠢᠨ ᠨᠠᠭᠠᠳᠤᠮ ᠲᠤᠭᠯᠠᠭᠠᠮ ᠢᠶᠠᠷ ᠳᠠᠮᠵᠢᠨ ᠤᠷ᠎ᠠ ᠴᠢᠳᠠᠪᠤᠷᠢ ᠶᠢᠨ ᠪᠤᠯᠪᠠᠰᠤᠷᠠᠯ ᠠᠴᠠ ᠤᠷᠮ᠎ᠠ ᠪᠠᠬ᠎ᠠ ᠬᠢᠭᠡᠳ | ᠲᠤᠷ᠎ᠠ ᠰᠤᠨᠢᠷᠬᠠᠯ ᠤᠨ ᠰᠡᠳᠬᠢᠭᠦᠢ ᠶᠢᠨ ᠴᠢᠨᠠᠷ ᠢ ᠨᠡᠮᠡᠭᠳᠡᠭᠦᠯᠵᠦ ᠪᠠᠶᠢᠳᠠᠭ᠃ | ᠳᠡᠳᠡ ᠡᠭᠦᠨ ᠤ ᠤᠯᠠᠮ ᠠᠴᠠ ᠭᠠᠳᠠᠭᠠᠳᠦ ᠤᠷᠴᠢᠯᠡᠩ ᠲᠠᠢ ᠳᠠᠰᠤᠯᠴᠠᠬᠤ ᠠᠯᠬᠤᠮ ᠢᠶᠠᠨ ᠡᠬᠢᠯᠡᠵᠦ ᠡᠯ᠎ᠠ | ᠳᠠᠯ᠎ᠠ ᠶᠢᠨ ᠦᠠᠳᠤᠰᠤᠨ ᠴᠢᠳᠠᠪᠦᠷᠢ ᠶᠢᠨ ᠪᠡᠯᠡᠳᠭᠡᠯ ᠪᠤᠯᠭᠠᠵᠦ ᠪᠠᠶᠢᠳᠠᠭ ᠪᠦᠭᠡᠳ ᠡᠨᠡ ᠪᠠᠶᠢᠳᠠᠯ ᠲᠤᠤᠷ᠎ᠠ ᠭᠡᠷ ᠤᠨ | ᠠᠬᠠᠮᠠᠳ ᠤᠨ ᠵᠢᠯᠤᠭᠤᠳᠤᠯᠭ᠎ᠠ ᠳᠠᠭᠠᠭᠤᠯᠭ᠎ᠠ ᠪᠠ ᠵᠢᠭᠠᠨ ᠰᠤᠷᠭᠠᠯᠳᠠ ᠶᠢ ᠨᠡᠩ ᠰᠠᠶᠢᠨ ᠬᠦᠯᠢᠶᠡᠨ ᠠᠪᠬᠤ ᠴᠢᠩᠭ᠎ᠠ | ᠱᠠᠭᠠᠷᠳᠠᠯᠭ᠎ᠠ ᠪᠠᠨ ᠪᠠᠶᠠᠯᠡᠬᠦᠯᠬᠦ ᠪᠠᠷ ᠴᠢᠷᠮᠠᠶᠢᠳᠠᠭ ᠶᠤᠮ᠃ | ᠭᠤᠷᠪᠠ᠂ ᠤᠷᠴᠢᠨ ᠲᠤᠭᠤᠷᠢᠨ ᠤ ᠨᠦᠯᠦᠭᠡᠯᠡᠯ ᠪᠠ ᠲᠤᠷ᠎ᠠ ᠰᠤᠨᠢᠷᠬᠠᠯ ᠤᠨ ᠬᠦᠮᠤᠵᠢᠯ | ᠬᠡᠤᠬᠡᠳ ᠪᠠᠭᠠᠴᠤᠳ ᠤᠨ ᠡᠷᠡᠭᠦᠯ ᠴᠢᠬᠢᠷᠠᠭ ᠢᠶᠠᠷ ᠦᠰᠤᠨ ᠪᠤᠶᠢᠵᠢᠬᠤ ᠶᠠᠪᠤᠴᠠ ᠳᠤ ᠤᠷᠴᠢᠨ ᠲᠤᠭᠤᠷᠢᠨ ᠤ | ᠨᠦᠯᠤᠭᠡᠯᠡᠯ ᠨᠢ ᠮᠦᠠ ᠴᠦ ᠶᠠᠭᠤᠨ ᠤ ᠡᠮᠤᠨ᠎ᠠ ᠪᠠᠶᠢᠭᠠᠯᠢ ᠨᠡᠶᠢᠭᠡᠮ ᠲᠠᠢ ᠳᠠᠨᠢᠯᠴᠠᠬᠤ ᠶᠢᠨ ᠠᠩᠬᠠᠨ ᠤ ᠠᠯᠬᠤᠮ ᠨᠢ | ᠪᠤᠯᠵᠦ ᠭᠡᠷ ᠪᠦᠯᠢ ᠶᠢᠨ ᠲᠤᠳᠤᠭᠠᠳᠦ ᠬᠠᠷᠢᠴᠠᠭ᠎ᠠ ᠶᠠᠪᠤᠯᠴᠠᠭᠠᠨ ᠠᠴᠠ ᠡᠬᠢᠯᠡᠨ ᠤᠳᠤᠮ ᠤᠭᠰᠠᠭ᠎ᠠ᠂ ᠤᠷᠤᠭ | ᠲᠦᠷᠤᠯ᠂ ᠡᠳ᠋ ᠬᠦᠷᠤᠩᠭᠡ᠂ ᠪᠠᠷᠠᠭ᠎ᠠ ᠳᠠᠸᠡᠷ᠂ ᠮᠠᠯ ᠰᠦᠷᠦᠭ ᠬᠢᠭᠡᠳ ᠠᠶᠢᠯ ᠠᠶᠢᠮᠠᠭ ᠪᠠ ᠭᠡᠤᠭᠡᠳ ᠤᠨ | ᠴᠡᠴᠡᠷᠯᠢᠭ ᠠᠴᠠ ᠠᠷᠠᠳ ᠤᠨ ᠰᠤᠷᠭᠠᠭᠤᠯᠢ ᠶᠢᠨ ᠪᠤᠱᠤᠭ᠎ᠠ ᠶᠢ ᠠᠯᠬᠤᠵᠦ᠂ ᠡᠳᠡᠭᠡᠷ ᠤᠨ ᠠᠭᠤᠷ ᠠᠮᠢᠰᠬᠤᠯ᠂ | ᠦᠩᠭᠡ ᠦᠵᠡᠮᠵᠢ ᠲᠠᠢ ᠳᠠᠨᠢᠯᠴᠠᠨ ᠳᠠᠰᠤᠯᠴᠠᠬᠤ ᠶᠢᠨ ᠤᠯᠠᠮ ᠢᠶᠠᠷ ᠨᠡᠶᠢᠭᠡᠮ ᠨᠡᠶᠢᠳᠡ ᠶᠢᠨ ᠳᠠᠯ᠎ᠠ ᠪᠠᠷ ᠦᠠᠳᠤᠰᠤᠨ | ᠤᠬᠠᠭᠳᠠᠬᠤᠨ ᠢ ᠡᠵᠡᠮᠰᠢᠵᠦ ᠠᠪᠳᠠᠭ᠃ ᠶᠠᠭ ᠡᠨᠡ ᠬᠦ ᠤᠷᠴᠢᠨ ᠲᠤᠭᠤᠷᠢᠨ ᠤ ᠨᠦᠯᠤᠭᠡᠯᠡᠯ ᠲᠤᠤᠷ᠎ᠠ ᠬᠡᠤᠬᠡᠳ | ᠪᠠᠭᠠᠴᠤᠳ ᠤᠨ ᠠᠵᠢᠭᠯᠠᠬᠤ ᠴᠢᠳᠠᠪᠦᠷᠢ᠂ ᠤᠶᠢᠯᠠᠭᠠᠨ ᠡᠵᠡᠮᠰᠢᠬᠦ ᠴᠢᠳᠠᠪᠦᠷᠢ᠂ ᠳᠠᠨᠢᠯᠳᠠ ᠶᠢᠨ ᠬᠦᠷᠢᠶ᠎ᠡ | ᠬᠡᠪᠴᠢᠶ᠎ᠡ ᠨᠢ ᠦᠷᠭᠡᠳᠤᠨ ᠲᠤᠷ᠎ᠠ ᠰᠤᠨᠢᠷᠬᠠᠯ ᠨᠢ ᠤᠯᠠᠮ ᠢᠶᠠᠷ ᠳᠠᠶᠢᠴᠢᠯᠠᠭᠳᠠᠵᠦ ᠠᠪᠢᠶᠠᠰ ᠪᠢᠯᠢᠭ ᠤᠨ | ᠬᠦᠭᠵᠢᠯᠳᠠ ᠨᠢ ᠲᠤᠭᠳᠠᠭᠰᠠᠨ ᠬᠡᠪ ᠴᠢᠨᠠᠷ ᠤᠨ ᠪᠦᠲᠦᠴᠡ ᠶᠢ ᠲᠡᠭᠡᠭᠰᠢᠯᠡᠬᠦᠯᠬᠦ ᠶᠠᠮᠠᠷ ᠨᠢᠭᠡᠨ ᠦᠢᠯᠡ ᠶᠠᠪᠤᠳᠠᠯ ᠪᠠ | ᠬᠡᠷᠡᠭ ᠪᠤᠳᠠᠰ ᠢ ᠡᠭᠦᠳᠤᠨ ᠪᠦᠲᠦᠭᠡᠬᠦ᠂ ᠦᠪᠯᠡᠨ ᠳᠡᠯᠭᠡᠷᠡᠭᠦᠯᠬᠦ ᠬᠦᠭᠵᠢᠯᠳᠠ ᠳᠤ ᠭᠡᠷ ᠪᠦᠯᠢ ᠶᠢᠨ ᠬᠦᠮᠤᠵᠢᠯ ᠨᠢ | ᠡᠷᠭᠡᠪᠰᠢ ᠰᠤᠶᠤᠯ ᠰᠤᠷᠭᠠᠨ ᠬᠦᠮᠤᠵᠢᠯ ᠲᠠᠢ ᠨᠢᠭᠳᠠ ᠤᠶᠠᠯᠳᠤᠵᠦ ᠳᠡᠳᠡᠨ ᠤ ᠦᠪᠡᠷ ᠢ ᠪᠠᠨ ᠦᠭᠡᠷᠡᠴᠢᠯᠠᠨ᠂ | ᠦᠪᠡᠷ ᠢ ᠪᠠᠨ ᠬᠦᠮᠤᠵᠢᠬᠦᠯᠬᠦ ᠳᠤ ᠨᠢ ᠴᠢᠬᠤᠯᠠ ᠬᠠᠪᠰᠤᠷᠤᠯᠭ᠎ᠠ ᠦᠵᠡᠭᠦᠯᠵᠦ ᠨᠦᠭᠦᠴᠡᠯ ᠪᠦᠷᠢᠯᠳᠤᠬᠦᠯᠬᠦ ᠨᠢ | ᠲᠦᠢᠯ ᠤᠨ ᠴᠢᠬᠤᠯᠠ᠃ | ᠲᠦᠷᠪᠡ᠂ ᠵᠠᠩ ᠠᠭᠠᠯᠢ ᠪᠠ ᠶᠤᠰᠤ ᠰᠤᠷᠳᠠᠬᠤᠨ ᠤ ᠬᠦᠮᠤᠵᠢᠯ | ᠬᠡᠤᠭᠡᠳ ᠪᠠᠭᠠᠴᠤᠳ ᠤᠨ ᠵᠠᠩ ᠠᠭᠠᠯᠢ ᠪᠤᠯ ᠶᠡᠷᠤ ᠨᠢ ᠭᠡᠷ ᠪᠦᠯᠢ ᠶᠢᠨ ᠬᠦᠮᠤᠵᠢᠯ ᠢᠶᠠᠷ ᠦᠠᠳᠤᠰᠤ | ᠪᠤᠯᠭᠠᠵᠦ᠂ ᠰᠤᠷᠭᠠᠭᠤᠯᠢ ᠬᠢᠭᠡᠳ ᠨᠡᠶᠢᠭᠡᠮ ᠤᠨ ᠤᠷᠴᠢᠨ ᠲᠤᠭᠤᠷᠢᠨ ᠤ ᠨᠦᠯᠤᠭᠡᠯᠡᠯ ᠢᠶᠠᠷ ᠪᠦᠷᠢᠯᠳᠤᠨ | ᠲᠤᠭᠳᠠᠳᠠᠭ᠃ ᠡᠭᠦᠨ ᠳᠤ ᠭᠤᠤᠯ ᠴᠢᠬᠤᠯᠠ ᠨᠢ ᠭᠡᠷ ᠤᠨ ᠠᠬᠠᠮᠠᠳ ᠤᠨ ᠬᠡᠯᠡᠵᠦ ᠰᠤᠷᠭᠠᠬᠤ᠂ ᠬᠢᠵᠦ ᠳᠠᠭᠠᠭᠤᠯᠬᠤ᠂ | ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠡᠯ ᠦᠵᠡᠭᠦᠯᠬᠦ ᠵᠡᠷᠭᠡ ᠪᠠᠶᠢᠩᠭᠤ ᠶᠢᠨ ᠬᠦᠮᠤᠵᠢᠯ ᠨᠢ ᠬᠡᠤᠬᠡᠳ ᠤᠨ | ᠰᠡᠳᠬᠢᠯ ᠵᠢᠷᠤᠭᠡᠨ ᠳᠤ ᠨᠢ ᠡᠭᠦᠷᠢᠳᠡ ᠬᠠᠳᠠᠩᠰᠢᠨ ᠲᠤᠭᠳᠠᠵᠦ᠂ ᠶᠠᠮᠠᠷ ᠵᠠᠩ ᠢᠶᠠᠷ ᠬᠦᠮᠤᠵᠢᠭᠦᠯᠪᠠᠯ ᠲᠡᠶᠢᠮᠤ ᠵᠠᠩ | ᠠᠭᠠᠯᠢ ᠬᠡᠪᠰᠢᠨ ᠪᠦᠷᠢᠯᠳᠤᠳᠡᠭ᠃ | ᠬᠠᠭᠤᠴᠢᠨ ᠤ ᠦᠭᠡᠨ ᠳᠤ ︽ᠠᠯᠳᠠ ᠶᠢ ᠳᠠᠭᠠᠪᠠᠯ ᠰᠢᠷᠠᠯᠠᠵᠦ᠂ ᠠᠷᠭᠠᠯ ᠢ ᠳᠠᠭᠠᠪᠠᠯ ᠬᠠᠷᠠᠯᠠᠨ᠎ᠠ︾ ᠭᠡᠳᠡᠭ ᠨᠢ | ᠶᠠᠭ ᠡᠨᠡ ᠶᠤᠰᠤ ᠶᠢ ᠦᠭᠦᠯᠡᠵᠦ ᠪᠠᠶᠢᠬᠤ ᠶᠤᠮ᠃ | ᠭᠡᠷ ᠪᠦᠯᠢ ᠶᠢᠨ ᠡᠪ ᠪᠦᠯᠭᠦᠮᠳᠠᠯ᠂ ᠨᠡᠶᠢᠭᠡᠮ ᠨᠡᠶᠢᠳᠡ ᠶᠢᠨ ᠨᠦᠭᠦᠷᠰᠡᠭ ᠬᠠᠷᠢᠴᠠᠭ᠎ᠠ᠂ ᠬᠦᠮᠤᠰ ᠤᠨ | ᠬᠤᠭᠤᠷᠤᠠᠳᠦ ᠶᠢᠨ ᠲᠤᠳᠤᠨᠤ ᠶᠠᠪᠤᠯᠴᠠᠭ᠎ᠠ ᠶᠢ ᠴᠢᠬᠤᠯᠠᠴᠢᠯᠠᠵᠦ᠂ ᠶᠤᠰᠤ ᠰᠤᠷᠳᠠᠬᠤᠨ ᠪᠠ ᠬᠠᠤᠯᠢ ᠲᠦᠷᠢᠮ ᠤᠨ | ᠬᠦᠮᠤᠵᠢᠯ ᠢ ᠶᠠᠭᠠᠬᠢᠭᠰᠠᠨ ᠴᠤ ᠰᠤᠯᠠᠷᠠᠭᠤᠯᠵᠦ ᠪᠤᠯᠬᠤ ᠦᠭᠡᠢ᠂ ᠢᠷᠭᠡᠨ ᠤ ᠬᠡᠪ ᠰᠤᠷᠳᠠᠯ ᠪᠤᠯ ᠨᠡᠶᠢᠭᠡᠮ ᠨᠡᠶᠢᠳᠡ | ᠪᠠ ᠲᠦᠷᠤ ᠬᠦᠷᠤᠨ ᠤ ᠪᠠᠳᠤᠯᠠᠭ᠎ᠠ ᠪᠤᠯᠬᠤ ᠶᠤᠮ᠃ | ᠳᠠᠪᠤ᠂ ᠨᠡᠶᠢᠳᠡᠴᠢ ᠴᠢᠨᠠᠷ ᠪᠠ ᠬᠠᠮᠳᠤᠴᠢ ᠦᠵᠡᠯ ᠤᠨ ᠬᠦᠮᠤᠵᠢᠯ | ᠭᠡᠷ ᠪᠦᠯᠢ ᠶᠢᠨ ᠬᠦᠮᠤᠵᠢᠯ ᠨᠢ ᠶᠠᠭᠤᠨ ᠤ ᠡᠮᠤᠨ᠎ᠠ ᠬᠠᠶᠢᠷ᠎ᠠ ᠬᠠᠯᠠᠮᠵᠢ ᠪᠠᠷ ᠬᠡᠯᠬᠢᠶᠡᠰᠤ ᠪᠤᠯᠭᠠᠵᠦ᠂ ᠡᠶᠡᠯᠰᠡᠭ | ᠲᠤᠳᠤᠨᠤ᠂ ᠡᠷᠭᠡ ᠳᠡᠭᠰᠢ᠂ ᠡᠪ ᠪᠦᠯᠭᠦᠮᠳᠠᠯ ᠢᠶᠠᠷ ᠨᠢᠭᠳᠠᠷᠠᠨ᠂ ᠬᠠᠷᠢᠯᠴᠠᠨ ᠬᠠᠶᠢᠷᠠᠯᠠᠵᠦ ᠬᠠᠯᠠᠮᠵᠢᠯᠠᠨ᠂ ᠬᠠᠷᠢᠯᠴᠠᠨ | ᠲᠦᠰᠢᠭᠯᠡᠯᠴᠡᠭᠰᠡᠨ ᠰᠠᠭᠤᠷᠢᠨ ᠳᠡᠭᠡᠷ᠎ᠡ ᠬᠠᠮᠳᠦ ᠶᠢᠨ ᠴᠤᠭᠴᠠ ᠶᠢᠨ ᠨᠢᠭᠡᠳᠤᠮᠠᠯ ᠴᠢᠨᠠᠷ ᠢ ᠪᠠᠷᠢᠮᠳᠠᠯᠠᠵᠦ ᠠᠶᠢᠯ ᠡᠷᠤᠭᠡ | ᠪᠦᠬᠦᠨ ᠨᠢ ᠴᠦ ᠠᠵᠦ ᠠᠮᠢᠳᠤᠷᠠᠯ ᠤᠨ ᠲᠤᠮᠳᠠ ᠪᠠᠨ ᠦᠷ᠎ᠡ ᠬᠡᠤᠬᠡᠳ ᠢᠶᠠᠨ ᠬᠠᠯᠠᠮᠵᠢᠯᠠᠨ ᠵᠦᠪ ᠢᠶᠠᠷ ᠰᠤᠷᠭᠠᠨ | ᠬᠦᠮᠤᠵᠢᠭᠦᠯᠵᠦ ᠳᠠᠪᠳᠠᠨ ᠪᠤᠯᠪᠠᠰᠤᠷᠠᠭᠤᠯᠬᠤ ᠶᠢ ᠪᠠᠶᠢᠩᠭᠤ ᠠᠩᠬᠠᠷᠬᠤ ᠶᠢᠨ ᠬᠠᠮᠳᠦ ᠨᠡᠶᠢᠭᠡᠮ ᠨᠡᠶᠢᠳᠡ ᠶᠢᠨ ᠶᠤᠰᠤ | ᠵᠢᠷᠤᠮ᠂ ᠲᠦᠷᠢᠮ ᠲᠤᠭᠳᠠᠭᠠᠯ᠂ ᠵᠠᠩ ᠦᠢᠯᠡ ᠬᠢᠭᠡᠳ ᠴᠡᠭᠡᠷ ᠶᠤᠰᠤᠨ ᠤ ᠤᠯᠠᠮᠵᠢᠯᠠᠯ ᠢ ᠴᠦ ᠨᠢᠭᠳᠠ ᠠᠩᠬᠠᠷᠴᠦ | ᠪᠠᠶᠢᠬᠤ ᠬᠡᠷᠡᠭᠳᠡᠢ᠃ ᠡᠨᠡ ᠪᠤᠯ ᠬᠡᠤᠭᠡᠳ ᠪᠠᠭᠠᠴᠤᠳ ᠤᠨ ᠭᠡᠷ ᠠᠴᠠ ᠪᠠᠨ ᠠᠩᠬ᠎ᠠ ᠰᠠᠯᠵᠦ᠂ ᠭᠡᠤᠭᠡᠳ ᠤᠨ | ᠴᠡᠴᠡᠷᠯᠢᠭ ᠪᠠ ᠰᠤᠷᠭᠠᠭᠤᠯᠢ ᠨᠤᠭᠤᠳ ᠲᠤ ᠳᠠᠪᠰᠢᠨ ᠪᠤᠯᠪᠠᠰᠤᠷᠠᠬᠤ ᠶᠢᠨ ᠴᠢᠬᠤᠯᠠ ᠴᠢᠨᠠᠷ ᠵᠠᠩᠬᠢᠯᠠᠭ᠎ᠠ ᠶᠢᠨ ᠴᠠᠭ | ᠦᠶ᠎ᠡ ᠪᠤᠯᠤᠨ᠎ᠠ᠃ ᠡᠨᠡ ᠨᠢ ᠮᠦᠨ ᠴᠦ ᠭᠡᠷ ᠪᠦᠯᠢ ᠶᠢᠨ ᠬᠦᠮᠤᠵᠢᠯ ᠪᠠ ᠪᠤᠰᠤᠳ ᠳᠠᠯ᠎ᠠ ᠶᠢᠨ ᠬᠦᠮᠤᠵᠢᠯ ᠲᠠᠢ | ᠨᠢᠭᠳᠠ ᠤᠶᠠᠯᠳᠤᠬᠤ ᠶᠢᠨ ᠶᠠᠪᠤᠴᠠ ᠳᠤ ᠦᠷ᠎ᠡ ᠬᠤᠶᠢᠴᠢᠰ ᠢᠶᠠᠨ ᠭᠡᠷᠬᠢᠨ ᠲᠦᠪ ᠴᠢᠭᠴᠢ᠂ ᠪᠤᠯᠪᠠᠰᠤᠨ | ᠶᠤᠰᠤᠷᠬᠠᠭ ᠢᠶᠠᠷ ᠬᠦᠮᠤᠵᠢᠭᠦᠯᠤᠨ᠂ ᠤᠯᠤᠰ ᠭᠡᠷ ᠪᠠ ᠠᠷᠠᠳ ᠲᠦᠮᠡᠨ ᠤ ᠲᠤᠯᠭᠠᠮ ᠬᠡᠷᠡᠭᠴᠡᠭᠡ ᠱᠠᠭᠠᠷᠳᠠᠯᠭ᠎ᠠ ᠳᠤ | ᠬᠢᠷᠢ ᠳᠡᠩᠴᠡᠭᠰᠡᠨ ᠰᠤᠶᠤᠯ ᠮᠡᠳᠡᠯᠭᠡ ᠡᠷᠳᠡᠮ ᠪᠤᠯᠪᠠᠰᠤᠷᠠᠯ ᠲᠠᠢ᠂ ᠴᠡᠪᠡᠷ ᠪᠤᠯᠪᠠᠰᠤᠨ ᠶᠤᠰᠤ ᠰᠤᠷᠳᠠᠬᠤᠨ ᠲᠠᠢ᠂ | ᠠᠪᠢᠶᠠᠰ ᠴᠢᠳᠠᠪᠦᠷᠢ ᠪᠦᠬᠦᠢ ᠭᠠᠷᠮᠠᠭᠠᠢ ᠬᠦᠮᠤᠰ ᠢ ᠬᠦᠮᠤᠵᠢᠬᠦᠯᠤᠨ ᠭᠠᠷᠭᠠᠬᠤ ᠶᠢᠨ ᠦᠠᠳᠤᠰᠤᠨ ᠪᠠᠳᠤᠯᠠᠭ᠎ᠠ | ᠪᠤᠯᠤᠨ᠎ᠠ᠃ ᠡᠶᠢᠮᠤ ᠤᠴᠢᠷ ᠠᠴᠠ ᠪᠢᠳᠠ ᠭᠡᠷ ᠪᠦᠯᠢ ᠶᠢᠨ ᠬᠦᠮᠤᠵᠢᠯ ᠢ ᠨᠡᠩ ᠰᠠᠶᠢᠳᠤᠷ ᠴᠢᠬᠤᠯᠠᠴᠢᠯᠠᠵᠦ᠂ | ᠰᠢᠨᠵᠢᠯᠡᠬᠦ ᠤᠬᠠᠭᠠᠨᠴᠢ ᠰᠤᠳᠤᠯᠭᠠᠨ ᠢ ᠬᠦᠠᠵᠡᠭᠡᠢ ᠦᠷᠨᠢᠭᠦᠯᠤᠨ᠂ ᠭᠤᠷᠪᠠᠨ ᠳᠠᠯ᠎ᠠ ᠶᠢᠨ ᠬᠢᠨ ᠤ ᠨᠢᠭᠳᠠ | ᠤᠶᠠᠯᠳᠤᠭᠰᠠᠨ ᠪᠠᠶᠢᠳᠠᠯ ᠢ ᠪᠤᠢ ᠪᠤᠯᠭᠠᠵᠦ ᠨᠡᠶᠢᠭᠡᠮ ᠵᠢᠷᠤᠮᠲᠦ ᠰᠢᠨ᠎ᠡ ᠴᠠᠭ ᠦᠶ᠎ᠡ ᠶᠢᠨ ᠰᠤᠷᠭᠠᠨ ᠬᠦᠮᠤᠵᠢᠯ ᠤᠨ | ᠬᠦᠭᠵᠢᠯᠳᠠ ᠶᠢ ᠨᠡᠩ ᠲᠦᠷᠭᠡᠨ ᠢᠶᠠᠷ ᠠᠬᠢᠭᠤᠯᠰᠤᠭᠠᠢ︕ | ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠷᠠᠭᠤᠨ ᠦᠵᠤᠮᠤᠴᠢᠨ ᠬᠤᠰᠢᠭᠤᠨ ᠤ | ᠨᠢᠭᠡᠳᠤᠭᠡᠷ ᠪᠠᠭ᠎ᠠ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |