ᠰᠢᠨᠬᠤᠸᠠ ᠬᠤᠷᠢᠶᠠᠨ ᠤ ᠪᠡᠭᠡᠵᠢᠩ 1 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠭᠢᠯᠭᠠᠨ ᠮᠡᠳᠡᠭᠡ | ︵ᠰᠣᠷᠪᠤᠯᠵᠢᠯᠠᠬᠴᠢ ᠰᠢᠶᠧ ᠰᠢ ᠶᠣᠣ᠂ ᠲᠠᠩ ᠱᠢ ᠨᠢᠩ︶ | ᠬᠤᠲᠠᠯᠲᠣᠭᠠᠨ ᠤ ᠶᠠᠪᠤᠲᠠᠯ ᠤᠨ ᠶᠠᠮᠣᠠ ᠵᠠᠷᠭᠡ ᠰᠠᠯᠠᠭ᠎ᠠ ᠮᠦᠴᠢᠷ ᠤᠳ 15 ᠤ ᠡᠳᠦᠷ ᠬᠤᠶᠠᠷ ᠬᠤᠪᠢ | ᠪᠢᠴᠢᠭ ᠮᠠᠲ᠋ᠧᠷᠢᠶᠠᠯ ᠨᠠᠶᠢᠲᠠᠯᠠᠵᠤ᠂ ᠭᠠᠷ ᠣᠲᠠᠰᠤ᠂ ᠬᠠᠪᠲᠠᠰᠤᠨ ᠺᠣᠮᠫᠢᠦ᠋ᠲ᠋ᠧᠷ᠂ ᠤᠶᠤᠨᠴᠢ ᠭᠠᠷ ᠴᠠᠭ | ︵ᠪᠠᠭᠤᠪᠴᠢ︶ ᠤᠨ ᠰᠢᠨ᠎ᠡ ᠶᠢ ᠬᠤᠳᠠᠯᠳᠤᠨ ᠠᠪᠬᠤ ᠶᠢᠨ ᠨᠡᠮᠡᠭᠦᠷᠢ ᠵᠢᠴᠢ 2025 ᠣᠠ ᠳᠠᠬᠢ ᠬᠡᠷ ᠤᠨ ᠴᠠᠭᠢᠯᠭᠠᠨ | ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠳᠤ ᠳᠣᠭᠢᠷᠠᠭᠤᠯᠣᠯᠲᠠ ᠬᠢᠵᠤ᠂ ᠪᠤᠲᠠᠲᠠᠢ ᠨᠡᠮᠡᠭᠦᠷᠢ ᠶᠢᠨ | ᠳᠦᠷᠣᠯ ᠪᠠ ᠪᠠᠷᠢᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ | ᠬᠤᠳᠠᠯᠳᠤᠨ ᠠᠪᠬᠤ ᠪᠦᠷᠢ ᠳᠤ ᠬᠠᠮᠤᠭ ᠤᠨ ᠢᠯᠡᠭᠦᠦ ᠳᠤ ᠪᠠᠨ 500 ᠲᠥᠭᠦᠷᠢᠭ ᠤᠨ ᠨᠡᠮᠡᠭᠦᠷᠢ ᠣᠯᠭᠤᠵᠤ᠂ 12 | ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠳᠤ ᠵᠦᠢᠯ ᠪᠦᠷᠢ ᠳᠤ | ᠬᠠᠮᠤᠭ ᠤᠨ ᠢᠯᠡᠭᠦᠦ ᠳᠤ ᠪᠠᠨ 2000 ᠲᠥᠭᠦᠷᠢᠭ ᠤᠨ ᠨᠡᠮᠡᠭᠦᠷᠢ ᠣᠯᠭᠤᠨ᠎ᠠ᠃ | ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠤᠨ ᠰᠢᠨ᠎ᠡ ᠶᠢ | ᠬᠤᠳᠠᠯᠳᠤᠨ ᠠᠪᠬᠤ ᠨᠡᠮᠡᠭᠦᠷᠢ ᠶᠢᠨ ᠬᠡᠷᠡᠭᠵᠢᠭᠦᠯᠬᠦ ᠲᠥᠰᠦᠯ ᠳᠤ ᠲᠣᠳᠣᠷᠬᠠᠶᠢᠯᠠᠭᠰᠠᠨ ᠢᠶᠠᠷ᠂ ᠬᠤᠪᠢ ᠬᠥᠮᠦᠨ ᠤ | ᠬᠡᠷᠡᠭᠯᠡᠭᠴᠢᠳ ᠲᠠᠩ ᠵᠦᠢᠯ ᠤᠨ ᠪᠣᠷᠣᠯᠠᠭᠤᠯᠭ᠎ᠠ ᠶᠢᠨ ᠦᠨ᠎ᠡ ᠨᠢ 6000 ᠲᠥᠭᠦᠷᠢᠭ ᠠᠴᠠ ᠬᠡᠲᠦᠷᠡᠬᠦ ᠥᠬᠡᠶ ᠭᠠᠷ | ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠵᠡᠷᠭᠡ 3 ᠲᠥᠷᠥᠯ ᠤᠨ ᠳ᠋ᠢᠭᠢᠲ | ᠦᠢᠯᠡᠳᠬᠦᠨ ᠬᠤᠳᠠᠯᠳᠤᠨ ᠠᠪᠬᠤ ᠳᠤ᠂ ᠰᠢᠨ᠎ᠡ ᠶᠢ ᠬᠤᠳᠠᠯᠳᠤᠨ ᠠᠪᠬᠤ ᠨᠡᠮᠡᠭᠦᠷᠢ ᠭᠥᠷᠳᠡᠵᠦ ᠪᠣᠯᠤᠨ᠎ᠠ᠃ ᠬᠥᠮᠦᠨ | ᠪᠦᠷᠢ ᠨᠢᠭᠡ ᠲᠥᠷᠥᠯ ᠠᠴᠠ 1 ᠵᠦᠢᠯ ᠤᠨ ᠨᠡᠮᠡᠭᠦᠷᠢ ᠣᠯᠵᠤ ᠪᠣᠯᠣᠨ᠎ᠠ᠂ ᠵᠦᠢᠯ ᠪᠦᠷᠢ ᠶᠢᠨ ᠨᠡᠮᠡᠭᠦᠷᠢ ᠶᠢᠨ | ᠬᠠᠷᠢᠴᠠᠯ ᠨᠢ ᠦᠢᠯᠡᠳᠪᠦᠷᠢᠯᠡᠬᠦ᠂ ᠭᠦᠢᠯᠭᠡᠭᠡᠯᠡᠬᠦ ᠭᠤᠭᠴᠤᠭ᠎ᠠ ᠵᠢᠴᠢ ᠰᠢᠯᠵᠢᠮᠡᠯ ᠬᠤᠯᠪᠣᠭ᠎ᠠ ᠶᠢᠨ ᠡᠵᠡᠩᠨᠡᠯᠲᠡ ᠶᠢᠨ | ᠬᠤᠳᠠᠯᠳᠤᠭᠠᠴᠢᠨ ᠠᠴᠠ ᠦᠵᠡᠭᠦᠯᠦᠭᠰᠡᠨ ᠬᠠᠷᠠᠭᠠᠯᠵᠠᠯ ᠵᠡᠷᠭᠡ ᠶᠢ ᠬᠠᠰᠤᠭᠰᠠᠨ ᠤ ᠳᠠᠷᠠᠭᠠᠬᠢ ᠡᠴᠦᠰ ᠤᠨ | ᠪᠣᠷᠣᠯᠠᠭᠤᠯᠬᠤ ᠦᠨ᠎ᠡ ᠶᠢᠨ 15% ᠪᠠᠶᠢᠵᠤ᠂ ᠵᠦᠢᠯ ᠪᠦᠷᠢ ᠶᠢᠨ ᠨᠡᠮᠡᠭᠦᠷᠢ ᠨᠢ ᠬᠠᠮᠤᠭ ᠤᠨ ᠢᠯᠡᠭᠦᠦ ᠳᠤ ᠪᠠᠨ | 500 ᠲᠥᠭᠦᠷᠢᠭ ᠠᠴᠠ ᠬᠡᠲᠦᠷᠡᠵᠦ ᠪᠣᠯᠬᠤ ᠦᠭᠡᠶ᠃ ᠡᠯ᠎ᠡ ᠭᠠᠵᠠᠷ ᠤᠨ ᠬᠢᠨ ᠲᠣᠰ ᠲᠥᠰᠦᠯ ᠢ ᠨᠠᠷᠢᠯᠢᠬᠵᠢᠭᠤᠯᠤᠨ | ᠬᠡᠷᠡᠭᠵᠢᠭᠦᠯᠬᠦ ᠨᠠᠷᠢᠨ ᠲᠦᠷᠢᠮ ᠢ ᠦᠨᠳᠦᠰᠦᠯᠡᠨ᠂ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠪᠥᠬᠦ | ᠤᠯᠤᠰ ᠲᠤ ᠬᠡᠷᠡᠭᠵᠢᠭᠦᠯᠦᠨ᠎ᠡ᠃ | 2025 ᠣᠨ ᠳᠠᠬᠢ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ ᠳᠤ ᠲᠣᠳᠣᠷᠬᠠᠶᠢᠯᠠᠭᠰᠠᠨ ᠢᠶᠠᠷ᠂ ᠬᠤᠪᠢ ᠬᠥᠮᠦᠨ ᠤ ᠬᠡᠷᠡᠭᠯᠡᠭᠴᠢᠳ ᠲᠤ 2 | ᠳ᠋ᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ ᠠᠷᠪᠢᠯᠠᠬᠤ | ᠦᠢᠯᠡᠳᠦᠯ ᠲᠠᠢ ᠪᠠᠷᠢᠮᠵᠢᠶᠠᠲᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ | ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤ ᠬᠠᠯᠠᠭᠠᠭᠤᠷ᠂ ᠬᠡᠷ ᠲᠤ ᠬᠡᠷᠡᠭᠯᠡᠬᠦ ᠵᠤᠤᠬ᠎ᠠ ᠶᠢᠨ ᠬᠡᠷᠡᠭᠰᠡᠯ᠂ ᠲᠣᠰᠣ | ᠤᠲᠤᠭ᠎ᠠ ᠰᠣᠷᠣᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ ᠤᠬᠢᠶᠠᠬᠤ ᠮᠠᠰᠢᠨ᠂ ᠪᠤᠳᠠᠭ᠎ᠠ ᠴᠢᠨᠠᠬᠤ | ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨᠲᠤ ᠵᠤᠤᠬ᠎ᠠ ᠵᠡᠷᠭᠡ 12 ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ | ᠦᠢᠯᠡᠳᠬᠦᠨ ᠬᠤᠳᠠᠯᠳᠤᠨ ᠠᠪᠬᠤ ᠳᠤ ᠨᠡᠮᠡᠭᠦᠷᠢ ᠣᠯᠭᠤᠨ᠎ᠠ᠃ ᠨᠡᠮᠡᠭᠦᠷᠢᠯᠡᠬᠦ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ | ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ ᠡᠭᠦᠨ ᠳᠤ 1 ᠳ᠋ᠦ᠋ᠭᠡᠷ ᠳᠡᠰ ᠵᠢᠴᠢ | ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ ᠠᠷᠪᠢᠯᠠᠬᠤ ᠦᠢᠯᠡᠳᠦᠯ ᠲᠠᠢ ᠪᠠᠷᠢᠮᠵᠢᠶᠠᠲᠤ | ᠦᠢᠯᠡᠳᠬᠦᠨ ᠬᠤᠳᠠᠯᠳᠤᠨ ᠠᠪᠤᠭᠰᠠᠨ ᠳᠤ ᠨᠢ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 5% ᠪᠠᠷ | ᠳᠠᠬᠢᠵᠤ ᠨᠡᠮᠡᠭᠦᠷᠢ ᠣᠯᠭᠤᠨ᠎ᠠ᠃ ᠬᠡᠷᠡᠭᠯᠡᠭᠴᠢᠳ ᠪᠦᠷᠢ ᠨᠢᠭᠡ ᠲᠥᠷᠥᠯ ᠤᠨ ᠦᠢᠯᠡᠳᠬᠦᠨ ᠠᠴᠠ 1 ᠵᠦᠢᠯ ︵ᠠᠭᠠᠷ | ᠲᠣᠬᠢᠷᠠᠭᠤᠯᠤᠭᠴᠢ ᠶᠢᠨ ᠦᠢᠯᠡᠳᠬᠦᠨ ᠳᠤ ᠬᠠᠮᠤᠭ ᠤᠨ ᠢᠯᠡᠭᠦᠦ ᠳᠤ ᠪᠠᠨ 3 ᠵᠦᠢᠯ ᠳᠤ ᠨᠡᠮᠡᠭᠦᠷᠢ ᠣᠯᠭᠤᠵᠤ | ᠪᠣᠯᠣᠨ᠎ᠠ︶ ᠤᠨ ᠨᠡᠮᠡᠭᠦᠷᠢ ᠣᠯᠵᠤ ᠪᠣᠯᠣᠨ᠎ᠠ᠂ ᠵᠦᠢᠯ ᠪᠦᠷᠢ ᠶᠢᠨ ᠨᠡᠮᠡᠭᠦᠷᠢ ᠨᠢ 2000 ᠲᠥᠭᠦᠷᠢᠭ ᠠᠴᠠ | ᠬᠡᠲᠦᠷᠡᠭᠦᠯᠬᠦ ᠦᠭᠡᠶ᠃ ᠡᠯ᠎ᠡ ᠭᠠᠵᠠᠷ ᠤᠨ ᠬᠢᠨ ᠳᠡᠭᠡᠷ᠎ᠡ ᠳᠤᠷᠠᠳᠤᠭᠰᠠᠨ 12 ᠲᠥᠷᠥᠯ ᠤᠨ ᠭᠡᠷ ᠤᠨ ᠴᠠᠬᠢᠯᠭᠠᠨ | ᠬᠡᠷᠡᠭᠰᠡᠯ ᠤᠨ ᠦᠢᠯᠡᠳᠬᠦᠨ ᠤ ᠪᠣᠳᠠᠲᠠᠶ ᠵᠦᠢᠯᠡᠰ ᠢᠶᠠᠨ ᠥᠪᠡᠰᠦᠪᠡᠨ ᠡᠵᠡᠨ ᠮᠡᠳᠡᠨ ᠲᠣᠭᠲᠠᠭᠠᠨ᠎ᠠ᠃ | | |