ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ ᠬᠠᠮᠲᠤᠷᠠᠨ ᠪᠦᠬᠦ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/20
      ᠮᠠᠨ ᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ 1 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ  ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠡᠷᠬᠢᠯᠡᠪᠡ᠃

1.jpg

2.jpg

      ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ

ᠶᠡᠷᠦᠩᠬᠡᠢ ᠠᠩᠭᠢ ᠶᠢᠨ ᠲᠤᠰᠬᠠᠢ ᠮᠡᠷᠭᠡᠵᠢᠯᠲᠡᠨ ᠢ ᠤᠷᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ

ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠯᠭᠡᠵᠦ᠂ ᠰᠤᠷᠭᠠᠭᠤᠯᠢ ᠶᠢᠨ

ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ  ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ

ᠪᠠᠶᠢᠷᠢᠯᠠᠭᠤᠯᠤᠯᠲᠠ ᠶᠢᠨ ᠵᠢᠷᠤᠮᠵᠢᠯ᠂ ᠭᠠᠯ ᠤᠨ ᠠᠶᠤᠯ ᠤᠨ ᠠᠳᠠᠯ ᠢ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ᠂

ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠤᠪᠤᠷᠠᠯ ᠵᠢᠴᠢ ᠠᠮᠢ ᠵᠢᠭᠤᠲᠠᠬᠤ ᠤᠷ᠎ᠠ

ᠮᠡᠷᠭᠡᠵᠢᠯ ᠵᠡᠷᠭᠡ ᠶᠢᠨ ᠲᠣᠭᠤᠷᠢᠨ ᠳᠤ ᠪᠦᠬᠦ ᠲᠠᠯ᠎ᠠ ᠪᠠᠷ᠂ ᠨᠠᠷᠢᠨ ᠨᠢᠭᠲᠠ ᠵᠠᠳᠠᠯᠤᠨ ᠲᠠᠶᠢᠯᠪᠤᠷᠢᠯᠠᠵᠤ᠂

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠤᠣᠯᠴᠢᠯᠠᠨ ᠬᠠᠮᠢᠶᠠᠷᠬᠤ ᠪᠠ ᠬᠢᠨᠠᠨ

ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠪᠠ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ

ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ

ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ

ᠲᠦᠪᠰᠢᠨ ᠢ ᠦᠨᠡᠨ ᠬᠦ ᠪᠠᠲᠤᠯᠠᠵᠤ᠂ ᠪᠦᠬᠦ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ

ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃

      ᠪᠣᠯᠪᠠᠰᠤᠷᠠᠭᠤᠯᠤᠯ ᠢ ᠸᠢᠳᠢᠣ᠋ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ

ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠵᠢᠴᠢ ᠪᠦᠬᠦ ᠣᠷᠣᠨ ᠤ ᠰᠤᠷᠭᠠᠭᠤᠯᠢ ᠶᠢᠨ ᠭᠠᠳᠠᠨᠠᠬᠢ 800 ᠭᠠᠷᠤᠢ ᠪᠣᠯᠪᠠᠰᠤᠷᠠᠭᠤᠯᠤᠯ ᠤᠨ

ᠪᠠᠶᠢᠭᠤᠯᠤᠮᠵᠢ ᠶᠢᠨ ᠬᠠᠷᠢᠭᠤᠴᠠᠯᠭᠠᠲᠠᠨ ᠰᠦᠯᠵᠢᠶᠡᠨ ᠳᠤ ᠪᠣᠯᠪᠠᠰᠤᠷᠠᠭᠤᠯᠤᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号