ᠪᠦᠬᠦ ᠣᠷᠣᠨ ᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/20
      ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠲᠤᠰᠬᠠᠶᠢᠵᠢᠯᠲᠠ᠂ ᠰᠢᠨᠵᠢᠯᠡᠬᠦ ᠤᠬᠠᠭᠠᠨᠴᠢᠯᠠᠯᠲᠠ ᠪᠠ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 16-17 ᠤ ᠡᠳᠦᠷ᠂ ᠪᠦᠬᠦ ᠣᠷᠣᠨ ᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠢᠭᠠᠨ ᠰᠤᠷᠭᠠᠯᠲᠠ ᠶᠢ ᠵᠢᠯᠣᠭᠤᠳᠬᠤ ᠵᠦᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.jpg

2.jpg

      ᠬᠤᠷᠠᠯ ᠠᠴᠠ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ

ᠲᠥᠷᠥᠯ ᠤᠨ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠨᠠᠷᠢᠨ ᠪᠢᠴᠢᠭ ᠤᠨ

ᠳᠠᠷᠤᠭ᠎ᠠ᠂ ᠴᠠᠩ ᠵᠢᠶᠠᠩ ᠡᠷᠳᠡᠮᠲᠡᠨ ᠰᠣ᠋ ᠶᠠᠨ ᠵᠢᠶᠧ ᠫᠷᠤᠹᠧᠰᠰᠤᠷ ᠢ ᠤᠷᠢᠨ᠂ ᠰᠡᠳᠬᠢᠴᠡ ᠶᠢᠨ ᠡᠷᠡᠭᠦᠯ

ᠮᠡᠨᠳᠦ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠴᠠᠭ ᠦᠶ᠎ᠡ ᠶᠢᠨ

ᠡᠭᠦᠷᠭᠡᠯᠡᠯ ᠪᠠ ᠠᠵᠢᠯ ᠤᠨ ᠵᠢᠯᠣᠭᠤᠳᠣᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ

ᠬᠢᠯᠭᠡᠪᠡ᠃ ᠵᠢᠯᠣᠭᠤᠳᠬᠤ ᠵᠥᠪᠯᠡᠯ ᠤᠨ ᠬᠡᠰᠢᠭᠦᠨ ᠪᠦᠬᠦ ᠣᠷᠣᠨ ᠤ ᠰᠡᠳᠬᠢᠴᠡ ᠶᠢᠨ ᠡᠷᠡᠭᠦᠯ ᠮᠡᠨᠳᠦ ᠶᠢᠨ

ᠬᠥᠮᠦᠵᠢᠯ ᠤᠨ ᠣᠳᠣᠬᠢ ᠪᠠᠶᠢᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠬᠠᠷᠠᠯᠲᠠ᠂ ᠬᠡᠷᠡᠭᠵᠢᠭᠦᠯᠬᠦ ᠠᠷᠭ᠎ᠠ ᠳᠤ

ᠴᠢᠭᠯᠡᠭᠦᠯᠦᠨ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠭᠰᠠᠨ ᠪᠥᠭᠡᠳ ᠬᠠᠷᠢᠭᠤ ᠮᠡᠳᠡᠭᠦᠯᠦᠯᠲᠡ ᠬᠢᠪᠡ᠃

3.jpg

      ᠬᠤᠷᠠᠯ ᠠᠴᠠ᠂ ᠪᠦᠬᠦ ᠣᠷᠣᠨ ᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠢᠭᠠᠨ

ᠰᠤᠷᠭᠠᠯᠲᠠ ᠶᠢ ᠵᠢᠯᠣᠭᠤᠳᠬᠤ ᠵᠥᠪᠯᠡᠯ ᠤᠨ ᠬᠢᠨ ︽ᠡᠩᠨᠡᠭᠡ ᠪᠠᠶᠢᠭᠤᠯᠬᠤ᠂ ᠪᠠᠶᠢᠩᠭᠤ ᠰᠣᠯᠢᠯᠴᠠᠬᠤ᠂ ᠪᠠᠶᠢᠳᠠᠯ

ᠣᠶᠢᠯᠠᠭᠠᠬᠤ᠂ ᠠᠷᠭ᠎ᠠ ᠭᠠᠷᠭᠠᠬᠤ᠂ ᠰᠠᠨᠠᠭᠤᠯᠭ᠎ᠠ ᠳᠤᠷᠠᠳᠬᠤ᠂ ᠲᠠᠪᠴᠠᠩ ᠪᠠᠶᠢᠭᠤᠯᠬᠤ︾ ᠵᠡᠷᠭᠡ ᠵᠢᠷᠭᠤᠭᠠᠨ

ᠲᠠᠯ᠎ᠠ ᠪᠠᠷ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠴᠢᠩᠭ᠎ᠠ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠰᠡᠳᠬᠢᠴᠡ ᠶᠢᠨ ᠬᠥᠮᠦᠨ ᠬᠥᠮᠦᠵᠢᠭᠦᠯᠬᠦ

ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠵᠥᠪᠯᠡᠯ ᠤᠨ ᠲᠤᠰᠬᠠᠢ ᠮᠡᠷᠭᠡᠵᠢᠯᠲᠡᠨ ᠤ ᠵᠦᠪᠯᠡᠯᠭᠡ ᠥᠭᠬᠦ᠂ ᠰᠤᠳᠤᠯᠤᠨ ᠮᠠᠭᠠᠳᠯᠠᠬᠤ᠂ ᠪᠣᠯᠪᠠᠰᠤᠷᠠᠭᠤᠯᠬᠤ᠂ ᠦᠨᠡᠯᠡᠨ

ᠵᠢᠱᠢᠬᠦ᠂ ᠳᠠᠭᠤᠷᠢᠶᠠᠯ ᠦᠵᠡᠭᠦᠯᠬᠦ᠂ ᠵᠢᠯᠣᠭᠤᠳᠬᠤ ᠪᠠ ᠦᠢᠯᠡᠴᠢᠯᠡᠬᠦ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠵᠤ᠂

ᠡᠷᠡᠭᠦᠯ ᠮᠡᠨᠳᠦ ᠶᠢᠨ ᠬᠥᠮᠦᠵᠢᠯ᠂ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠵᠥᠪᠯᠡᠯᠭᠡ ᠥᠭᠴᠦ

ᠦᠢᠯᠡᠴᠢᠯᠡᠬᠦ᠂ ᠬᠠᠮᠢᠶᠠᠷᠴᠤ ᠰᠢᠢᠳᠪᠦᠷᠢᠯᠡᠬᠦ ᠵᠡᠷᠭᠡ ︽ᠳᠥᠷᠪᠡ ᠶᠢ ᠨᠢᠭᠡ ᠴᠣᠭᠴᠠᠵᠢᠭᠤᠯᠬᠤ︾ ᠰᠤᠷᠤᠭᠴᠢᠳ ᠤᠨ

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠪᠠ

ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠶᠡᠭᠡ ᠪᠠᠷ ᠠᠬᠢᠭᠤᠯᠤᠨ᠂ ᠰᠤᠷᠤᠭᠴᠢᠳ ᠤᠨ

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠢᠳᠡᠪᠬᠢᠲᠡᠢ ᠬᠠᠯᠠᠮᠵᠢᠯᠠᠵᠤ ᠳᠡᠮᠵᠢᠨ᠂ ᠢᠳᠡᠪᠬᠢᠲᠡᠢ ᠣᠷᠣᠯᠴᠠᠬᠤ

ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号