| ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠲᠥᠷᠥ ᠲᠠᠷᠬᠠᠭᠠᠭᠰᠠᠨ | ﹇2014﹈ 35 ᠳ᠋ᠤᠭᠠᠷ ᠲᠣᠭᠠᠲᠤ︶᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ | ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠣᠰᠣᠭᠠᠷ᠂ ᠪᠦᠬᠦ ᠣᠷᠣᠨ ᠤ 2025 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ ᠢ ᠰᠠᠶᠢᠲᠤᠷ ᠬᠢᠬᠦ ᠶᠢᠨ ᠲᠥᠯᠦᠭᠡ᠂ ᠲᠤᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠰᠤᠷᠭᠠᠨ | ᠬᠥᠮᠦᠵᠢᠯ ᠤᠨ ᠶᠡᠭᠡ ᠬᠤᠷᠠᠯ ᠪᠣᠯᠤᠨ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠨᠡᠯᠡᠯᠲᠡ ᠪᠣᠯᠤᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠤᠷᠤᠭᠴᠢᠳ ᠤᠨ ᠡᠷᠡᠭᠦᠯ ᠢᠶᠠᠷ ᠬᠥᠭᠵᠢᠬᠦ᠂ ᠰᠢᠨᠵᠢᠯᠡᠬᠦ ᠤᠬᠠᠭᠠᠨᠴᠢ ᠪᠠᠷ | ᠴᠢᠳᠠᠪᠤᠷᠢᠲᠠᠨ ᠰᠣᠩᠭᠤᠬᠤ᠂ ᠨᠡᠶᠢᠭᠡᠮ ᠤᠨ ᠡᠷᠬᠡ ᠲᠡᠭᠰᠢ ᠶᠢ ᠬᠠᠮᠠᠭᠠᠯᠠᠬᠤ ᠳᠤ ᠠᠰᠢᠭ ᠲᠠᠢ ᠳᠡᠭᠡᠳᠦ | ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠲᠡᠭᠦᠯᠳᠡᠷᠵᠢᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠬᠤᠶᠠᠷ᠂ ᠰᠢᠯᠭᠠᠯᠲᠠ ᠶᠢᠨ ᠪᠠᠶᠢᠷᠢᠯᠠᠭᠤᠯᠤᠯᠲᠠ | ︵ᠨᠢᠭᠡ︶ ᠰᠢᠯᠭᠠᠬᠤ ᠬᠢᠴᠢᠶᠡᠯ ᠲᠥᠷᠥᠯ᠃ ︽3+1+2︾ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ᠂ | ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ︵ᠳᠣᠷᠣᠭᠰᠢ | ︽ᠪᠦᠬᠦ ᠤᠯᠤᠰ ᠤᠨ ᠨᠢᠭᠡᠳᠦᠯᠲᠡᠢ ᠰᠢᠯᠭᠠᠯᠲᠠ︾ ᠭᠡᠵᠦ ᠳᠦᠭᠦᠮᠴᠢᠯᠡᠨ᠎ᠡ︶ ᠶᠢᠨ 3 ᠬᠢᠴᠢᠶᠡᠯ ᠲᠥᠷᠦᠯ ᠪᠠ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠣᠩᠭᠤᠯᠲᠠ ᠶᠢᠨ | ᠴᠢᠨᠠᠷᠲᠠᠢ ᠰᠢᠯᠭᠠᠯᠲᠠ ︵ᠳᠣᠷᠣᠭᠰᠢ ︽ᠰᠣᠩᠭᠤᠯᠲᠠ ᠶᠢᠨ ᠴᠢᠨᠠᠷᠲᠠᠢ ᠰᠢᠯᠭᠠᠯᠲᠠ︾ ᠭᠡᠵᠦ ᠳᠦᠭᠦᠮᠴᠢᠯᠡᠨ᠎ᠡ︶ ᠶᠢᠨ | 3 ᠬᠢᠴᠢᠶᠡᠯ ᠲᠥᠷᠦᠯ ᠪᠣᠯᠤᠨ᠎ᠠ᠃ ᠡᠭᠦᠨ ᠳᠤ᠂ ᠪᠦ᠋ᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ | ᠪᠣᠯ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ︵ᠠᠩᠭ᠍ᠯᠢ ᠬᠡᠯᠡ᠂ ᠣᠷᠣᠰ ᠬᠡᠯᠡ᠂ ᠶᠠᠫᠣᠨ ᠬᠡᠯᠡ᠂ | ᠭᠧᠷᠮᠠᠨ ᠬᠡᠯᠡ᠂ ᠹᠷᠠᠨᠼᠢ ᠬᠡᠯᠡ᠂ ᠢᠰᠫᠠᠨᠢ ᠬᠡᠯᠡ ᠠᠴᠠ ᠨᠢᠭᠡ ᠶᠢ ᠰᠣᠩᠭᠤᠵᠤ ᠪᠣᠯᠤᠨ᠎ᠠ︶ ᠵᠡᠷᠭᠡ 3 ᠬᠢᠴᠢᠶᠡᠯ | ᠲᠥᠷᠥᠯ ᠪᠣᠯᠤᠨ᠎ᠠ︔ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠢ ᠰᠣᠩᠭᠤᠬᠤ ᠳᠤ | ᠰᠢᠯᠭᠠᠭᠤᠯᠤᠭᠴᠢ ᠹᠢᠽᠢᠺ ᠪᠠ ᠲᠡᠦᠬᠡ 2 ᠲᠥᠷᠥᠯ ᠤᠨ ᠤᠷᠢᠳ ᠢᠶᠠᠷ ᠰᠣᠩᠭᠤᠬᠤ ᠬᠢᠴᠢᠶᠡᠯ ᠲᠥᠷᠥᠯ ᠠᠴᠠ 1 ᠶᠢ | ᠰᠣᠩᠭᠤᠵᠤ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 | ᠬᠢᠴᠢᠶᠡᠯ ᠲᠥᠷᠥᠯ ᠠᠴᠠ 2 ᠬᠢᠴᠢᠶᠡᠯ ᠲᠥᠷᠥᠯ ᠢ ᠳᠠᠬᠢᠨ ᠰᠣᠩᠭᠤᠨ᠎ᠠ᠃ ᠤᠷᠠᠯᠢᠭ ᠤᠨ ᠲᠥᠷᠥᠯ᠂ ᠪᠡᠶ᠎ᠡ ᠶᠢᠨ | ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠠᠰᠠ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠵᠣᠬᠢᠬᠤ ᠲᠤᠰᠬᠠᠢ ᠮᠡᠷᠭᠡᠵᠢᠯ ᠤᠨ ᠰᠢᠯᠭᠠᠯᠲᠠ ᠳᠤ ᠣᠷᠣᠯᠴᠠᠬᠤ | ᠬᠡᠷᠡᠭᠲᠡᠢ᠃ | ︵ᠬᠤᠶᠠᠷ︶ ᠰᠢᠯᠭᠠᠬᠤ ᠴᠠᠭ᠃ ᠬᠡᠯᠡ ᠪᠢᠴᠢᠭ ᠤᠨ ᠰᠢᠯᠭᠠᠯᠲᠠ 150 ᠮᠢᠨᠦ᠋ᠲ᠂ ᠲᠣᠭᠠᠨ ᠤ ᠤᠬᠠᠭᠠᠨ | ᠪᠠ ᠭᠠᠳᠠᠭᠠᠳᠤ ᠬᠡᠯᠡᠨ ᠤ ᠰᠢᠯᠭᠠᠯᠲᠠ ᠴᠥᠮ 120 ᠮᠢᠨᠦ᠋ᠲ᠃ ᠭᠠᠳᠠᠭᠠᠳᠤ ᠬᠡᠯᠡᠨ ᠤ ᠰᠢᠯᠭᠠᠯᠲᠠ ᠪᠢᠷ ᠤᠨ | ᠰᠢᠯᠭᠠᠯᠲᠠ ᠪᠠ ᠰᠣᠨᠣᠰᠬᠤ ᠴᠢᠳᠠᠪᠤᠷᠢ ᠶᠢᠨ ᠰᠢᠯᠭᠠᠯᠲᠠ ᠶᠢ ᠪᠠᠭᠲᠠᠭᠠᠨ᠎ᠠ ︵ᠲᠣᠣᠷᠠᠬᠢ ᠮᠡᠲᠦ︶᠂ ᠤᠷᠢᠳ ᠢᠶᠠᠷ | ᠪᠢᠷ ᠤᠨ ᠰᠢᠯᠭᠠᠯᠲᠠ ᠬᠢᠵᠦ ᠳᠠᠷᠠᠭ᠎ᠠ ᠨᠢ ᠰᠣᠨᠣᠰᠬᠤ ᠴᠢᠳᠠᠪᠤᠷᠢ ᠶᠢ ᠰᠢᠯᠭᠠᠨ᠎ᠠ᠃ ᠹᠢᠽᠢᠺ᠂ ᠲᠡᠦᠬᠡ᠂ ᠦᠵᠡᠯ | ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ ᠰᠢᠯᠭᠠᠯᠲᠠ ᠶᠢᠨ ᠴᠠᠭ ᠲᠤᠰ | ᠲᠤᠰ 75 ᠮᠢᠨᠦ᠋ᠲ᠃ ᠪᠣᠳᠠᠲᠠᠢ ᠰᠢᠯᠭᠠᠬᠤ ᠴᠠᠭ ᠳᠣᠣᠷᠠᠬᠢ ᠮᠡᠲᠦ᠄ | | | | | | ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠢᠯᠭᠠᠭᠤᠯᠤᠭᠴᠢ ᠮᠣᠩᠭᠤᠯ ᠬᠡᠯᠡ ᠪᠢᠴᠢᠭ | ᠤᠨ ᠰᠢᠯᠭᠠᠯᠲᠠ ᠳᠤ ᠣᠷᠣᠯᠴᠠᠵᠤ ᠪᠣᠯᠤᠨ᠎ᠠ᠂ ᠰᠢᠯᠭᠠᠯᠲᠠ ᠶᠢᠨ ᠴᠠᠭ 6 ᠳ᠋ᠤᠭᠠᠷ ᠰᠠᠷ᠎ᠠ ᠶᠢᠨ 10 ᠤ ᠡᠳᠦᠷ ᠤᠨ | 9᠄ 00 - 11᠄ 00᠃ ᠪᠦᠷᠢᠨ ᠬᠤᠪᠢ 100 ᠬᠤᠪᠢ᠂ ᠰᠢᠯᠭᠠᠯᠲᠠ ᠶᠢᠨ ᠬᠢᠷᠢ ᠪᠦᠲᠦᠮᠵᠢ ᠰᠤᠷᠤᠭᠴᠢ | ᠡᠯᠰᠡᠬᠦ ᠳᠡᠭᠡᠳᠦ ᠰᠤᠷᠭᠠᠭᠤᠯᠢ ᠶᠢᠨ ᠱᠠᠭᠠᠷᠳᠠᠯᠭ᠎ᠠ ᠳᠤ ᠬᠦᠷᠦᠭᠰᠡᠨ ᠰᠢᠯᠭᠠᠭᠤᠯᠤᠭᠴᠢ ᠬᠠᠮᠢᠶ᠎ᠠ ᠪᠦᠬᠦᠢ ᠲᠤᠰᠬᠠᠢ | ᠮᠡᠷᠭᠡᠵᠢᠯ ᠳᠤ ᠡᠷᠡᠮᠡᠯᠵᠡᠯ ᠲᠠᠭᠯᠠᠨ ᠮᠡᠳᠡᠭᠦᠯᠵᠦ ᠪᠣᠯᠤᠨ᠎ᠠ᠂ ᠪᠣᠳᠠᠲᠠᠢ ᠱᠠᠭᠠᠷᠳᠠᠯᠭ᠎ᠠ ᠶᠢ ᠰᠤᠷᠤᠭᠴᠢ ᠡᠯᠰᠡᠬᠦ ᠳᠡᠭᠡᠳᠦ | ᠰᠤᠷᠭᠠᠭᠤᠯᠢ ᠠᠴᠠ 2025 ᠣᠨ ᠤ ᠰᠤᠷᠤᠭᠴᠢ ᠡᠯᠰᠡᠬᠦ ᠳᠦᠷᠢᠮ ᠳᠤ ᠲᠣᠳᠤᠷᠬᠠᠶᠢᠯᠠᠨ᠎ᠠ᠃ | ︵ᠭᠤᠷᠪᠠ︶ ᠰᠢᠯᠭᠠᠯᠲᠠ ᠶᠢᠨ ᠬᠢᠷᠢ ᠪᠦᠲᠦᠮᠵᠢ᠃ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ | ᠶᠡᠷᠦᠩᠬᠡᠢ ᠬᠤᠪᠢ ᠪᠣᠯ 3 ᠲᠥᠷᠥᠯ ᠤᠨ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠤᠨ | ᠬᠢᠷᠢ ᠪᠦᠲᠦᠮᠵᠢ ᠪᠠ 3 ᠲᠥᠷᠥᠯ ᠤᠨ ᠰᠣᠩᠭᠤᠨ ᠰᠢᠯᠭᠠᠬᠤ ᠬᠢᠴᠢᠶᠡᠯ ᠲᠥᠷᠦᠯ ᠤᠨ ᠬᠢᠷᠢ ᠪᠦᠲᠦᠮᠵᠢ ᠠᠴᠠ | ᠪᠦᠷᠢᠯᠲᠦᠵᠦ᠂ ᠪᠥᠲᠦᠨ ᠬᠤᠪᠢ 750 ᠬᠤᠪᠢ ᠪᠣᠯᠤᠨ᠎ᠠ᠃ ᠡᠭᠦᠨ ᠳᠤ᠂ ᠪᠦᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠬᠢᠴᠢᠶᠡᠯ ᠲᠥᠷᠥᠯ ᠨᠢᠭᠡ ᠪᠦᠷᠢ ᠶᠢᠨ ᠪᠦᠷᠢᠨ ᠬᠤᠪᠢ 150 ᠬᠤᠪᠢ᠂ ᠰᠣᠩᠭᠤᠯᠲᠠ ᠶᠢᠨ ᠴᠢᠨᠠᠷᠲᠠᠢ | ᠬᠢᠴᠢᠶᠡᠯ ᠲᠥᠷᠥᠯ ᠨᠢᠭᠡ ᠪᠦᠷᠢ ᠶᠢᠨ ᠪᠦᠷᠢᠨ ᠬᠤᠪᠢ 100 ᠬᠤᠪᠢ ᠪᠣᠯᠤᠨ᠎ᠠ᠃ ᠬᠡᠯᠡ ᠪᠢᠴᠢᠭ᠂ ᠲᠣᠭᠠᠨ ᠤ | ᠤᠬᠠᠭᠠᠨ᠂ ᠭᠠᠳᠠᠭᠠᠳᠤ ᠬᠡᠯᠡ᠂ ᠹᠢᠽᠢᠺ᠂ ᠲᠡᠦᠬᠡ ᠶᠢᠨ ᠬᠢᠴᠢᠶᠡᠯ ᠲᠥᠷᠥᠯ ᠤᠨ ᠰᠢᠯᠭᠠᠯᠲᠠ ᠶᠢᠨ ᠬᠠᠭᠤᠳᠠᠰᠤᠨ ᠤ | ᠬᠤᠪᠢ ᠶᠢ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠶᠡᠷᠦᠩᠬᠡᠢ ᠬᠤᠪᠢ ᠪᠠᠷ ᠪᠣᠳᠤᠨ᠎ᠠ᠃ ᠦᠵᠡᠯ ᠰᠠᠨᠠᠭ᠎ᠠ | ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ ᠬᠢᠴᠢᠶᠡᠯ ᠲᠥᠷᠥᠯ ᠤᠨ ᠬᠢᠷᠢ | ᠪᠥᠲᠦᠮᠵᠢ ᠶᠢ ᠳᠡᠰ ᠬᠤᠪᠢᠷᠠᠭᠤᠯᠬᠤ ᠬᠤᠪᠢ ︵ᠰᠢᠯᠭᠠᠯᠲᠠ ᠶᠢᠨ ᠬᠠᠭᠤᠳᠠᠰᠤᠨ ᠤ ᠬᠤᠪᠢ ᠶᠢ ᠨᠡᠶᠢᠲᠡᠯᠡᠬᠦ | ᠦᠭᠡᠢ︶ ᠶᠢᠨ ᠶᠣᠰᠤᠭᠠᠷ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠶᠡᠷᠦᠩᠬᠡᠢ ᠬᠤᠪᠢ ᠳᠤ ᠪᠣᠳᠣᠵᠤ | ᠣᠷᠣᠭᠤᠯᠤᠨ᠂ ᠳᠡᠰ ᠬᠤᠪᠢᠷᠠᠭᠤᠯᠬᠤ ᠦᠶ᠎ᠡ ᠳᠤ᠂ ᠬᠠᠮᠤᠭ ᠤᠨ ᠲᠡᠷᠢᠭᠦᠨ ᠳᠤ ᠰᠣᠩᠭᠤᠭᠰᠠᠨ ᠬᠢᠴᠢᠶᠡᠯ ᠲᠥᠷᠥᠯ | ᠭᠡᠵᠦ ᠢᠯᠭᠠᠬᠤ ᠦᠭᠡᠢ᠂ ᠰᠢᠯᠭᠠᠯᠲᠠ ᠬᠠᠷᠢᠭᠤᠯᠠᠭᠰᠠᠨ ᠦᠰᠦᠭ ᠭᠡᠵᠦ ᠢᠯᠭᠠᠬᠤ ᠦᠭᠡᠢ᠂ ᠬᠢᠴᠢᠶᠡᠯ ᠲᠥᠷᠥᠯ | ᠶᠣᠰᠤᠭᠠᠷ ᠨᠢᠭᠡ ᠪᠦᠬᠦᠯᠢ ᠴᠣᠭᠴᠠ ᠪᠣᠯᠭᠠᠨ ᠬᠤᠪᠢᠷᠠᠭᠤᠯᠤᠨ᠎ᠠ᠃ | ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠦᠶ᠎ᠡ ᠳᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ | ᠨᠡᠮᠡᠯᠲᠡ ᠬᠤᠪᠢ ᠪᠠ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠶᠡᠷᠦᠩᠬᠡᠢ ᠬᠤᠪᠢ ᠶᠢ ᠰᠢᠯᠭᠠᠭᠤᠯᠤᠭᠴᠢ | ᠶᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠶᠡᠷᠦᠩᠬᠡᠢ ᠬᠤᠪᠢ ᠳᠤ ᠪᠣᠳᠣᠵᠤ ᠣᠷᠣᠭᠤᠯᠤᠨ᠎ᠠ᠃ | ᠰᠢᠯᠭᠠᠭᠤᠯᠤᠭᠰᠠᠳ᠂ ᠰᠢᠯᠭᠠᠯᠲᠠ ᠶᠢᠨ ᠬᠢᠷᠢ ᠪᠦᠲᠦᠮᠵᠢ ᠳᠤ ᠮᠠᠳᠠᠭ ᠲᠠᠢ ᠪᠣᠯ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠢᠷᠢ ᠪᠦᠲᠦᠮᠵᠢ ᠶᠢ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠡᠭᠦᠨ ᠳᠤ᠂ | ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ ᠬᠢᠴᠢᠶᠡᠯ ᠲᠥᠷᠥᠯ | ᠪᠣᠯ ᠵᠥᠪᠬᠡᠨ ᠳᠡᠰ ᠬᠤᠪᠢᠷᠠᠭᠤᠯᠬᠤ ᠬᠤᠪᠢ ᠶᠢᠨ ᠳᠠᠬᠢᠨ ᠬᠢᠨᠠᠭᠰᠠᠨ ᠳ᠋ᠦᠩ ᠢ ᠬᠠᠩᠭᠠᠨ᠎ᠠ᠃ | ᠭᠤᠷᠪᠠ᠂ ᠲᠥᠯᠦᠪᠯᠡᠭᠡ ᠶᠢ ᠨᠠᠶᠢᠷᠠᠭᠤᠯᠤᠨ ᠵᠣᠬᠢᠶᠠᠬᠤ | ᠳᠡᠭᠡᠳᠦ ᠰᠤᠷᠭᠠᠭᠤᠯᠢ ᠡᠩ ᠤᠨ ᠲᠥᠷᠥᠯ᠂ ᠤᠷᠠᠯᠢᠭ ᠤᠨ ᠲᠥᠷᠥᠯ ᠪᠣᠯᠤᠨ ᠪᠡᠶ᠎ᠡ ᠶᠢᠨ ᠲᠠᠮᠢᠷ ᠤᠨ | ᠲᠥᠷᠥᠯ ᠤᠨ ᠶᠣᠰᠣᠭᠠᠷ ᠰᠤᠷᠤᠭᠴᠢ ᠡᠯᠰᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠡᠭᠦᠨ ᠳᠤ᠂ ᠡᠩ ᠤᠨ | ᠲᠥᠷᠥᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠡᠦᠬᠡ ᠶᠢᠨ ᠲᠥᠷᠥᠯ ︵ᠲᠡᠦᠬᠡ ᠶᠢᠨ ᠬᠢᠴᠢᠶᠡᠯ ᠢ ᠤᠷᠢᠳ ᠢᠶᠠᠷ | ᠰᠣᠩᠭᠤᠭᠰᠠᠨ︶᠂ ᠹᠢᠽᠢᠺ ᠤᠨ ᠲᠥᠷᠥᠯ ︵ᠹᠢᠽᠢᠺ ᠤᠨ ᠬᠢᠴᠢᠶᠡᠯ ᠢ ᠤᠷᠢᠳ ᠢᠶᠠᠷ ᠰᠣᠩᠭᠤᠭᠰᠠᠨ︶ ᠶᠣᠰᠣᠭᠠᠷ | ᠲᠤᠰ ᠲᠤᠰ ᠨᠠᠶᠢᠷᠠᠭᠤᠯᠤᠨ ᠵᠣᠬᠢᠶᠠᠵᠤ᠂ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠥᠷᠥᠯ ᠤᠨ | ᠰᠤᠷᠤᠭᠴᠢ ᠡᠯᠰᠡᠬᠦ ᠲᠥᠯᠥᠪᠯᠡᠭᠡ ᠳᠤ ᠲᠡᠦᠬᠡ ᠶᠢᠨ ᠲᠥᠷᠥᠯ᠂ ᠹᠢᠽᠢᠺ ᠤᠨ ᠲᠥᠷᠥᠯ ︵ᠬᠤᠶᠠᠷ ᠲᠥᠷᠦᠯ ᠤᠨ | ᠬᠢᠴᠢᠶᠡᠯ ᠢ ᠰᠣᠩᠭᠤᠬᠤ ᠱᠠᠭᠠᠷᠳᠠᠯᠭ᠎ᠠ ᠲᠠᠢ ᠳᠡᠭᠡᠳᠦ ᠰᠤᠷᠭᠠᠭᠤᠯᠢ᠂ ᠳᠡᠭᠡᠳᠦ ᠰᠤᠷᠭᠠᠭᠤᠯᠢ ᠶᠢᠨ ᠳᠣᠭᠲᠠᠭᠠᠯ | ᠶᠣᠰᠤᠭᠠᠷ ᠬᠡᠷᠡᠭᠵᠢᠭᠦᠯᠦᠨ᠎ᠡ︶ ᠭᠡᠵᠦ ᠬᠤᠪᠢᠶᠠᠬᠤ ᠦᠭᠡᠢ᠂ ᠤᠷᠠᠯᠢᠭ ᠤᠨ ᠲᠥᠷᠥᠯ ᠤᠨ ᠰᠤᠷᠤᠭᠴᠢ ᠡᠯᠰᠡᠬᠦ | ᠲᠥᠯᠥᠪᠯᠡᠭᠡ ᠶᠢ ᠳᠠᠭᠤᠤ ᠬᠥᠭᠵᠢᠮ ᠤᠨ ᠲᠥᠷᠥᠯ᠂ ᠪᠥᠵᠢᠭ ᠤᠨ ᠲᠥᠷᠥᠯ᠂ ᠲᠣᠭᠯᠠᠯᠲᠠ ︵ᠤᠳᠤᠷᠢᠳᠤᠭᠠᠴᠢ︶ ᠶᠢᠨ | ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠶᠢᠨ ᠲᠥᠷᠥᠯ᠂ ᠤᠷᠠᠨ ᠪᠢᠴᠢᠯᠭᠡ ᠪᠠ ᠵᠢᠷᠤᠭ ᠲᠥᠯᠥᠪᠯᠡᠭᠡ ᠶᠢᠨ | ᠲᠥᠷᠥᠯ᠂ ᠤᠷᠠᠨ ᠪᠢᠴᠢᠯᠭᠡ ᠶᠢᠨ ᠲᠥᠷᠥᠯ ᠪᠠ ᠰᠢ ᠵᠦᠴᠦᠭᠡ ᠶᠢᠨ ᠲᠥᠷᠥᠯ ᠶᠣᠰᠤᠭᠠᠷ ᠲᠤᠰ ᠲᠤᠰ ᠨᠠᠶᠢᠷᠠᠭᠤᠯᠤᠨ | ᠵᠣᠬᠢᠶᠠᠨ᠎ᠠ᠃ ᠡᠩ ᠤᠨ ᠲᠥᠷᠥᠯ᠂ ᠤᠷᠠᠯᠢᠭ ᠤᠨ ᠲᠥᠷᠥᠯ ᠪᠣᠯᠤᠨ ᠪᠡᠶ᠎ᠡ ᠶᠢᠨ ᠲᠠᠮᠢᠷ ᠤᠨ ᠲᠥᠷᠥᠯ ᠳᠤ ᠲᠤᠰ ᠲᠤᠰ | ᠲᠤᠰᠬᠠᠢ ᠲᠥᠷᠦᠯ ᠤᠨ ᠲᠥᠯᠥᠪᠯᠡᠭᠡ ᠳᠣᠭᠲᠠᠭᠠᠵᠤ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ ᠰᠢᠯᠭᠠᠭᠤᠯᠤᠭᠰᠠᠳ ᠰᠢᠯᠭᠠᠯᠲᠠ ᠳᠤ ᠨᠡᠷ᠎ᠡ ᠮᠡᠳᠡᠭᠦᠯᠬᠦ ᠳᠤ ᠬᠡᠷᠡᠭᠯᠡᠨ᠎ᠡ᠃ | ᠳᠡᠭᠡᠳᠦ ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠲᠤᠰᠬᠠᠢ ᠮᠡᠷᠭᠡᠵᠢᠯ ᠤᠨ ᠰᠣᠩᠭᠤᠯᠲᠠ ᠶᠢᠨ | ᠴᠢᠨᠠᠷᠲᠠᠢ ᠬᠢᠴᠢᠶᠡᠯ ᠲᠥᠷᠥᠯ ᠤᠨ ᠲᠣᠭᠲᠠᠭᠠᠯ ᠪᠣᠯᠤᠨ ᠥᠪᠥᠷ ᠮᠣᠩᠭᠤᠯ ᠤᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠱᠠᠭᠠᠷᠳᠠᠯᠭ᠎ᠠ ᠦᠨᠳᠦᠰᠦᠯᠡᠨ᠂ ᠠᠵᠢᠯ ᠣᠯᠭᠤᠯᠲᠠ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠠᠭᠪᠤᠷ | ᠶᠣᠰᠣᠭᠠᠷ᠂ ᠡᠯᠰᠡᠬᠦ ᠰᠤᠷᠤᠭᠴᠢ ᠶᠢᠨ ᠢᠷᠡᠯᠲᠡ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠪᠠᠶᠢᠴᠠᠭᠠᠯᠭᠠᠨ᠎ᠠ᠃ | ᠳᠡᠭᠡᠳᠦ ᠰᠤᠷᠭᠠᠭᠤᠯᠢ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠦᠶ᠎ᠡ ᠳᠤ ᠲᠣᠬᠢᠷᠠᠭᠤᠯᠤᠭᠰᠠᠨ ︽ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠪᠣᠯ ᠡᠷᠡᠮᠡᠯᠵᠡᠯ ᠲᠠᠭᠯᠠᠨ ᠮᠡᠳᠡᠭᠦᠯᠬᠦ ᠦᠨᠳᠦᠰᠦᠨ ᠨᠢᠭᠡᠴᠢ | ᠮᠥᠨ᠂ ᠠᠳᠠᠯᠢ ᠨᠢᠭᠡᠨ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠳᠠᠬᠢ ᠡᠯ᠎ᠡ ᠲᠤᠰᠬᠠᠢ | ᠮᠡᠷᠭᠡᠵᠢᠯ ︵ᠲᠥᠷᠥᠯ︶ ᠤᠨ ᠰᠣᠩᠭᠤᠨ ᠰᠢᠯᠭᠠᠬᠤ ᠬᠢᠴᠢᠶᠡᠯ ᠲᠥᠷᠥᠯ ᠤᠨ ᠱᠠᠭᠠᠷᠳᠠᠯᠭ᠎ᠠ ᠡᠷᠬᠡᠪᠰᠢ ᠠᠳᠠᠯᠢ ᠪᠠᠶᠢᠬᠤ | ᠬᠡᠷᠡᠭᠲᠡᠢ᠃ ᠠᠳᠠᠯᠢ ᠨᠢᠭᠡᠨ ᠳᠡᠭᠡᠳᠦ ᠰᠤᠷᠭᠠᠭᠤᠯᠢ ᠶᠢᠨ ᠰᠣᠩᠭᠤᠨ ᠰᠢᠯᠭᠠᠬᠤ ᠬᠢᠴᠢᠶᠡᠯ ᠲᠥᠷᠥᠯ ᠨᠢ ᠠᠳᠠᠯᠢ | ᠲᠤᠰᠬᠠᠢ ᠮᠡᠷᠭᠡᠵᠢᠯ ︵ᠲᠥᠷᠥᠯ︶ ᠢ ᠱᠠᠭᠠᠷᠳᠠᠵᠤ᠂ ᠲᠤᠰᠬᠠᠢ ᠮᠡᠷᠭᠡᠵᠢᠯ ︵ᠲᠥᠷᠥᠯ︶ ᠤᠨ ᠣᠨᠴᠠᠯᠢᠭ ᠱᠠᠭᠠᠷᠳᠠᠯᠭ᠎ᠠ | ︵ᠵᠢᠱᠢᠶᠡᠯᠡᠪᠡᠯ᠂ ᠰᠢᠨᠵᠢᠯᠡᠭᠡᠨ ᠤ ᠰᠠᠯᠠᠭᠠᠨ ᠤ ᠲᠥᠷᠥᠯ ᠵᠦᠢᠯ᠂ ᠲᠥᠯᠥᠪᠯᠡᠭᠡ ᠶᠢᠨ ᠰᠢᠨᠵᠢ ᠴᠢᠨᠠᠷ᠂ ᠲᠥᠯᠥᠪᠯᠡᠭᠡ | ᠶᠢᠨ ᠲᠥᠷᠥᠯ ᠵᠦᠢᠯ᠂ ᠭᠠᠳᠠᠭᠠᠳᠤ ᠬᠡᠯᠡᠨ ᠤ ᠲᠥᠷᠥᠯ ᠵᠦᠢᠯ᠂ ᠰᠢᠯᠭᠠᠯᠲᠠ ᠶᠢᠨ ᠬᠢᠷᠢ ᠪᠦᠲᠦᠮᠵᠢ᠂ ᠰᠤᠷᠤᠭᠴᠢ ᠶᠢᠨ | ᠢᠷᠡᠯᠲᠡ ᠶᠢᠨ ᠬᠡᠪᠴᠢᠶ᠎ᠡ᠂ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠬᠢᠯᠡᠬᠦ᠂ ᠰᠦᠢᠳᠬᠡᠯ ᠬᠤᠷᠢᠶᠠᠬᠤ | ᠪᠠᠷᠢᠮᠵᠢᠶ᠎ᠠ᠂ ᠰᠤᠷᠭᠠᠭᠤᠯᠢ ᠶᠢᠨ ᠲᠣᠭᠤᠷᠢᠭ ᠵᠡᠷᠭᠡ︶ ᠶᠢ ᠦᠨᠳᠦᠰᠦᠯᠡᠨ ᠠᠳᠠᠯᠢ ᠪᠤᠰᠤ ︽ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠢ ᠬᠤᠪᠢᠶᠠᠷᠢᠯᠠᠨ ᠲᠣᠬᠢᠷᠠᠭᠤᠯᠤᠨ᠎ᠠ᠃ | ᠳᠥᠷᠪᠡ᠂ ᠡᠯᠰᠡᠨ ᠠᠪᠬᠤ ᠪᠦᠯᠦᠭ ᠤᠳᠠᠭ᠎ᠠ ᠵᠢᠴᠢ ᠡᠷᠡᠮᠡᠯᠵᠡᠯ ᠤᠨ ᠲᠣᠬᠢᠷᠠᠭᠤᠯᠤᠯᠲᠠ | ᠡᠯᠰᠡᠨ ᠠᠪᠬᠤ ᠶᠢ ᠵᠢᠩᠬᠢᠨᠢ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ | ᠰᠤᠷᠭᠠᠭᠤᠯᠢ ᠭᠡᠵᠦ ᠬᠤᠶᠠᠷ ᠱᠠᠲᠤ ᠬᠤᠪᠢᠶᠠᠵᠤ᠂ ᠲᠤᠰ ᠲᠤᠰ ᠲᠥᠷᠥᠯ ᠢᠯᠭᠠᠯ ᠪᠠ ᠪᠦᠯᠦᠭ ︵ᠱᠠᠲᠤ︶ ᠤᠳᠠᠭ᠎ᠠ | ᠬᠤᠪᠢᠶᠠᠨ ᠶᠠᠪᠤᠭᠳᠠᠭᠤᠯᠤᠨ᠎ᠠ᠃ ᠡᠷᠡᠮᠡᠯᠵᠡᠯ ᠲᠠᠭᠯᠠᠬᠤ ᠳᠤ ᠭᠤᠣᠯᠳᠠᠭᠤ ︽ᠳᠡᠭᠡᠳᠦ ᠰᠤᠷᠭᠠᠭᠤᠯᠢ ᠶᠢᠨ ᠲᠤᠰᠬᠠᠢ | ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠲᠠᠭᠯᠠᠬᠤ ᠠᠷᠭ᠎ᠠ ᠶᠢ ᠠᠪᠴᠤ᠂ ᠪᠦᠯᠦᠭ ︵ᠱᠠᠲᠤ︶ ᠤᠳᠠᠭ᠎ᠠ | ᠪᠦᠷᠢ ᠳᠤ 45 ᠵᠡᠷᠭᠡᠴᠡᠭᠡ ᠡᠷᠡᠮᠡᠯᠵᠡᠯ ᠳᠣᠭᠢᠷᠠᠭᠤᠯᠵᠤ᠂ ᠡᠷᠡᠮᠡᠯᠵᠡᠯ ᠪᠦᠷᠢ ᠳᠤ 12 ᠲᠤᠰᠬᠠᠢ ᠮᠡᠷᠭᠡᠵᠢᠯ ᠪᠠ 1 | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠡᠰᠡᠬᠦ ᠶᠢ ᠲᠣᠬᠢᠷᠠᠭᠤᠯᠪᠠ᠃ ᠠᠩᠬᠠᠨ ᠤ ᠡᠭᠡᠯᠵᠢ ᠶᠢᠨ | ᠡᠯᠧᠺᠲᠷᠣᠨ ᠳᠠᠩᠰᠠ ᠡᠪᠬᠡᠮᠡᠯ ᠢ ᠣᠷᠣᠭᠤᠯᠤᠭᠰᠠᠨ ᠤ ᠳᠠᠷᠠᠭ᠎ᠠ ᠡᠯᠰᠡᠨ ᠠᠪᠬᠤ ᠠᠬᠢᠴᠠ ᠪᠠ ᠦᠯᠡᠳᠡᠵᠦ ᠪᠠᠶᠢᠭ᠎ᠠ | ᠲᠥᠯᠦᠪᠯᠡᠭᠡ ᠶᠢ ᠦᠵᠡᠵᠦ ᠡᠷᠡᠮᠡᠯᠵᠡᠯ ᠴᠤᠭᠯᠠᠭᠤᠯᠬᠤ ᠶᠢ ᠲᠣᠬᠢᠷᠠᠭᠤᠯᠤᠨ᠎ᠠ᠃ ᠬᠡᠰᠡᠭ ᠣᠨᠴᠠᠭᠠᠢ ᠲᠥᠷᠥᠯ ᠤᠨ | ᠲᠥᠯᠥᠪᠯᠡᠭᠡ ᠳᠤ ᠳᠡᠰ ᠳᠠᠷᠠᠭᠠᠯᠠᠯᠲᠤ ᠡᠷᠡᠮᠡᠯᠵᠡᠯ ᠤᠨ ᠠᠷᠭ᠎ᠠ ᠶᠢ ᠠᠪᠴᠤ᠂ ᠳᠡᠰ ᠳᠠᠷᠠᠭᠠᠯᠠᠯᠲᠤ ᠡᠷᠡᠮᠡᠯᠵᠡᠯ ᠳᠤ 6 | ᠲᠤᠰᠬᠠᠢ ᠮᠡᠷᠭᠡᠵᠢᠯ ᠪᠠ 1 ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠡᠰᠡᠬᠦ ᠶᠢ ᠲᠣᠬᠢᠷᠠᠭᠤᠯᠤᠨ᠂ | ᠡᠩ ᠤᠨ ᠪᠠᠶᠢᠳᠠᠯ ᠳᠤ ᠡᠷᠡᠮᠡᠯᠵᠡᠯ ᠴᠤᠭᠯᠠᠭᠤᠯᠬᠤ ᠶᠢ ᠲᠣᠬᠢᠷᠠᠭᠤᠯᠬᠤ ᠦᠭᠡᠢ᠃ | ︵ᠨᠢᠭᠡ︶ ᠡᠩ ᠤᠨ ᠲᠥᠷᠦᠯ ᠤᠨ ᠪᠦᠯᠦᠭ ᠤᠳᠠᠭ᠎ᠠ ᠵᠢᠴᠢ ᠡᠷᠡᠮᠡᠯᠵᠡᠯ ᠤᠨ ᠲᠣᠬᠢᠷᠠᠭᠤᠯᠤᠯᠲᠠ | ᠡᠩ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ︵A ᠱᠠᠲᠤ᠂ B ᠱᠠᠲᠤ᠂ | C ᠱᠠᠲᠤ︶᠂ ᠵᠢᠩᠬᠢᠨᠢ ᠠᠩᠭᠢ ᠶᠢᠨ ᠡᠯᠰᠡᠬᠦ ᠪᠦᠯᠦᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ | ᠮᠡᠷᠭᠡᠵᠢᠯ︶ ᠤᠨ ᠰᠤᠷᠭᠠᠭᠤᠯᠢ ᠶᠢᠨ ᠤᠷᠢᠳᠴᠢᠯᠠᠨ ᠡᠯᠰᠡᠬᠦ ᠪᠥᠯᠦᠭ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ | ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠡᠯᠰᠡᠬᠦ ᠪᠥᠯᠦᠭ ᠭᠡᠵᠦ 4 ᠪᠦᠯᠦᠭ ᠤᠳᠠᠭ᠎ᠠ ᠬᠤᠪᠢᠶᠠᠨ᠂ ᠳᠡᠰ | ᠳᠠᠷᠠᠭᠠᠯᠠᠨ ᠡᠯᠰᠡᠨ᠎ᠡ᠃ | ᠰᠠᠭᠤᠷᠢ ᠶᠢ ᠬᠦᠴᠦᠷᠬᠡᠭᠵᠢᠭᠦᠯᠬᠦ ᠲᠥᠯᠥᠪᠯᠡᠭᠡ᠂ ᠠᠭᠠᠷ ᠤᠨ ᠴᠡᠷᠢᠭ ᠤᠨ ᠨᠢᠰᠦᠭᠴᠢ ᠡᠯᠰᠡᠬᠦ᠂ ᠳᠠᠯᠠᠢ ᠶᠢᠨ | ᠴᠡᠷᠢᠭ ᠤᠨ ᠨᠢᠰᠦᠭᠴᠢ ᠡᠯᠰᠡᠬᠦ ᠵᠡᠷᠭᠡ ᠶᠢ ᠵᠢᠩᠬᠢᠨᠢ ᠠᠩᠭᠢ ᠶᠢᠨ A ᠱᠠᠲᠤ ᠶᠢᠨ ᠤᠷᠢᠳᠴᠢᠯᠠᠨ ᠡᠯᠰᠡᠬᠦ ᠠᠴᠠ | ᠡᠮᠦᠨ᠎ᠡ᠂ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠠᠴᠠ ᠡᠯᠰᠡᠬᠦ ᠪᠠᠷ ᠪᠠᠶᠢᠭ᠎ᠠ ᠨᠡᠷᠡᠰ ᠢ ᠦᠨᠳᠦᠰᠦᠯᠡᠨ ᠡᠯᠰᠡᠨ᠎ᠡ᠃ | ᠪᠠᠲᠤᠯᠠᠨ ᠬᠦᠷᠭᠡᠬᠦ ᠰᠤᠷᠤᠭᠴᠢ᠂ ᠪᠠᠭᠠᠴᠤᠳ ᠤᠨ ᠠᠩᠭᠢ ᠳᠤ ᠰᠤᠷᠤᠭᠴᠢ ᠡᠯᠰᠡᠬᠦ᠂ ᠪᠡᠶ᠎ᠡ ᠶᠢᠨ ᠲᠠᠮᠢᠷ ᠤᠨ | ᠰᠤᠷᠭᠠᠯᠲᠠ ᠶᠢᠨ ᠲᠤᠰᠠᠭᠠᠷ ᠰᠤᠷᠤᠭᠴᠢ ᠡᠯᠰᠡᠬᠦ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠤᠰᠠᠭᠠᠷ ᠰᠤᠷᠤᠭᠴᠢ ᠡᠯᠰᠡᠬᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠶᠢᠨ ᠲᠤᠰᠠᠭᠠᠷ | ᠰᠤᠷᠤᠭᠴᠢ ᠡᠯᠰᠡᠬᠦ᠂ ᠵᠡᠮᠳᠡᠭ ᠰᠢᠯᠭᠠᠭᠤᠯᠤᠭᠴᠢ ᠶᠢᠨ ᠲᠤᠰᠠᠭᠠᠷ ᠰᠤᠷᠤᠭᠴᠢ ᠡᠯᠰᠡᠬᠦ ᠵᠡᠷᠭᠡ ᠣᠨᠴᠠᠭᠠᠢ | ᠲᠥᠷᠥᠯ ᠤᠨ ᠰᠢᠯᠭᠠᠭᠤᠯᠤᠭᠴᠢ ᠡᠷᠡᠮᠡᠯᠵᠡᠯ ᠲᠠᠭᠯᠠᠬᠤ ᠳᠤ ᠣᠷᠣᠯᠴᠠᠬᠤ ᠦᠭᠡᠢ᠂ ᠰᠤᠷᠤᠭᠴᠢ ᠡᠯᠰᠡᠬᠦ ᠳᠡᠭᠡᠳᠦ | ᠰᠤᠷᠭᠠᠭᠤᠯᠢ ᠶᠢᠨ ᠡᠯᠰᠡᠬᠦ ᠪᠠᠷ ᠪᠠᠶᠢᠭ᠎ᠠ ᠨᠡᠷᠡᠰ ᠢ ᠦᠨᠳᠦᠰᠦᠯᠡᠨ ᠰᠤᠷᠤᠭᠴᠢ ᠡᠯᠰᠡᠨ᠎ᠡ᠃ | 1. ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠥᠯᠦᠭ ᠃ ᠰᠤᠷᠤᠭᠴᠢ ᠡᠯᠰᠡᠬᠦ ᠳᠡᠭᠡᠳᠦ ᠰᠤᠷᠭᠠᠭᠤᠯᠢ | ︵ᠲᠤᠰᠬᠠᠢ ᠮᠡᠷᠭᠡᠵᠢᠯ︶ ᠪᠣᠯ ᠰᠤᠷᠭᠠᠨ ᠬᠥᠮᠦᠵᠢᠯ ᠤᠨ ᠶᠠᠮᠤᠨ ᠠᠴᠠ ᠵᠦᠪᠰᠢᠶᠡᠷᠡᠭᠰᠡᠨ ᠤᠷᠢᠳᠴᠢᠯᠠᠨ ᠡᠯᠰᠡᠬᠦ | ᠪᠥᠯᠦᠭ ᠤᠳᠠᠭ᠎ᠠ ᠳᠤ ᠣᠷᠣᠭᠰᠠᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ︵ᠲᠤᠰᠬᠠᠢ ᠮᠡᠷᠭᠡᠵᠢᠯ︶ ᠪᠣᠯᠤᠨ᠎ᠠ᠃ | ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠱᠠᠲᠤ᠄ ᠶᠡᠷᠦᠩᠬᠡᠶᠢᠯᠡᠨ ᠦᠨᠡᠯᠡᠵᠦ ᠰᠤᠷᠤᠭᠴᠢ ᠡᠯᠰᠡᠬᠦ᠂ | ᠮᠤᠵᠢ ᠬᠤᠪᠢᠶᠠᠬᠤ ᠦᠭᠡᠢ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ᠂ ᠥᠨᠳᠥᠷ ᠬᠢᠷᠢ ᠲᠦᠪᠰᠢᠨᠲᠦ | ᠪᠡᠶ᠎ᠡ ᠶᠢᠨ ᠲᠠᠮᠢᠷ ᠤᠨ ᠠᠩᠭᠢ ᠵᠡᠷᠭᠡ ᠶᠢᠨ ᠳᠡᠭᠡᠳᠦ ᠰᠤᠷᠭᠠᠭᠤᠯᠢ ︵ᠲᠤᠰᠬᠠᠢ ᠮᠡᠷᠭᠡᠵᠢᠯ︶ ᠶᠢ ᠲᠣᠬᠢᠷᠠᠭᠤᠯᠵᠤ᠂ | ᠳᠡᠰ ᠳᠠᠷᠠᠭᠠᠯᠠᠯᠲᠤ ᠡᠷᠡᠮᠡᠯᠵᠡᠯ ᠲᠠᠭᠯᠠᠬᠤ ᠶᠢ ᠬᠡᠷᠡᠭᠵᠢᠭᠦᠯᠦᠨ᠎ᠡ᠃ | ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠱᠠᠲᠤ᠄ ᠴᠡᠷᠢᠭ ᠤᠨ ᠶᠠᠪᠤᠳᠠᠯ᠂ ᠳᠣᠲᠣᠭᠠᠳᠤ ᠶᠢ | ᠬᠠᠮᠠᠭᠠᠯᠠᠬᠤ᠂ ᠨᠢᠰᠦᠯᠭᠡ ᠶᠢᠨ ᠰᠤᠷᠤᠭᠴᠢ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ | ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠮᠡᠷᠭᠡᠵᠢᠯ ᠤᠨ ᠣᠶᠤᠲᠠᠨ᠂ | ᠤᠯᠤᠰ ᠤᠨ ᠰᠢᠯᠢᠳᠡᠭ ᠪᠠᠭᠰᠢ ᠶᠢᠨ ᠲᠥᠯᠥᠪᠯᠡᠭᠡ ᠶᠢᠨ ᠪᠠᠭᠰᠢ ᠶᠢᠨ ᠮᠡᠷᠭᠡᠵᠢᠯ ᠤᠨ ᠣᠶᠤᠲᠠᠨ᠂ ᠳᠠᠯᠠᠢ ᠶᠢᠨ | ᠠᠶᠠᠯᠠᠯ ᠤᠨ ᠲᠥᠷᠥᠯ ᠵᠡᠷᠭᠡ ᠲᠤᠰᠬᠠᠢ ᠮᠡᠷᠭᠡᠵᠢᠯ᠂ ᠪᠦᠬᠦ ᠤᠯᠤᠰ ᠤᠨ ᠭᠤᠣᠯᠳᠠᠯᠭ᠎ᠠ ᠲᠠᠢ ᠮᠠᠷᠺᠰ ᠤᠨ ᠦᠵᠡᠯ ᠤᠨ | ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠣᠨᠣᠯ ᠤᠨ ᠲᠤᠰᠬᠠᠢ ᠮᠡᠷᠭᠡᠵᠢᠯ ᠵᠢᠴᠢ ᠰᠤᠷᠭᠠᠨ ᠬᠥᠮᠦᠵᠢᠯ ᠤᠨ | ᠶᠠᠮᠤᠨ ᠠᠴᠠ ᠵᠦᠪᠰᠢᠶᠡᠷᠡᠭᠰᠡᠨ ᠪᠤᠰᠤᠳ ᠣᠨᠴᠠᠭᠠᠢ ᠳᠡᠭᠡᠳᠦ ᠰᠤᠷᠭᠠᠭᠤᠯᠢ ︵ᠲᠤᠰᠬᠠᠢ ᠮᠡᠷᠭᠡᠵᠢᠯ︶ ᠶᠢ | ᠲᠣᠬᠢᠷᠠᠭᠤᠯᠵᠤ᠂ ᠥᠪᠥᠷ ᠮᠣᠩᠭᠤᠯ ᠠᠴᠠ ᠰᠤᠷᠤᠭᠴᠢ ᠡᠯᠰᠡᠬᠦ ᠲᠤᠰᠬᠠᠢ ᠮᠡᠷᠭᠡᠵᠢᠯ ᠪᠠ ᠲᠥᠯᠥᠪᠯᠡᠭᠡ ᠶᠢᠨ ᠲᠤᠭ᠎ᠠ ᠶᠢ | ᠲᠣᠭᠲᠠᠭᠠᠭᠰᠠᠨ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ᠂ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠴᠠᠭᠳᠠᠭ᠎ᠠ ᠶᠢᠨ ᠲᠥᠷᠥᠯ ᠤᠨ ᠳᠡᠭᠡᠳᠦ ᠰᠤᠷᠭᠠᠭᠤᠯᠢ ᠶᠢᠨ ᠤᠯᠤᠰ ᠤᠨ ᠲᠤᠰᠬᠠᠢ | ᠲᠥᠯᠥᠪᠯᠡᠭᠡ᠂ ᠥᠪᠥᠷ ᠮᠣᠩᠭᠤᠯ ᠤᠨ ᠡᠯ᠎ᠡ ᠲᠥᠷᠥᠯ ᠤᠨ ᠣᠷᠣᠨ ᠨᠤᠲᠤᠭ ᠤᠨ ᠲᠤᠰᠬᠠᠢ ᠲᠥᠯᠥᠪᠯᠡᠭᠡ ︵ᠠᠯᠪᠠᠨ ᠤ | ᠰᠦᠢᠳᠬᠡᠯ ᠢᠶᠠᠷ ᠰᠤᠷᠤᠯᠴᠠᠬᠤ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠣᠶᠤᠲᠠᠨ᠂ ᠰᠢᠯᠢᠳᠡᠭ ᠪᠠᠭᠰᠢ ᠶᠢᠨ | ᠲᠥᠯᠥᠪᠯᠡᠭᠡ ᠶᠢᠨ ᠪᠠᠭᠰᠢ ᠶᠢᠨ ᠮᠡᠷᠭᠡᠵᠢᠯ ᠤᠨ ᠣᠶᠤᠲᠠᠨ᠂ ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ | ᠠᠨᠠᠭᠠᠬᠤ ᠤᠬᠠᠭᠠᠨ ᠤ ᠰᠤᠷᠤᠭᠴᠢ ᠶᠢ ᠡᠯᠰᠡᠵᠦ᠂ ᠡᠯᠰᠡᠬᠦ ᠳᠤ ᠪᠠᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠬᠢᠬᠦ | ᠦᠭᠡᠢ︶ ᠶᠢ ᠬᠡᠷᠡᠭᠵᠢᠭᠦᠯᠦᠨ᠎ᠡ᠃ | ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ C ᠱᠠᠲᠤ᠄ ᠤᠯᠤᠰ ᠤᠨ ᠲᠤᠰᠬᠠᠢ ᠲᠥᠯᠥᠪᠯᠡᠭᠡ | ︵ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠴᠠᠭᠳᠠᠭ᠎ᠠ ᠶᠢᠨ ᠲᠥᠷᠥᠯ ᠢ ᠪᠠᠭᠲᠠᠭᠠᠬᠤ | ᠦᠭᠡᠢ︶ ᠪᠠ ᠣᠷᠣᠨ ᠨᠤᠲᠤᠭ ᠤᠨ ᠲᠤᠰᠬᠠᠢ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ︽ᠳᠡᠭᠡᠳᠦ ᠰᠤᠷᠭᠠᠭᠤᠯᠢ | ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠲᠠᠭᠯᠠᠬᠤ ᠶᠢ ᠬᠡᠷᠡᠭᠵᠢᠭᠦᠯᠦᠨ᠎ᠡ᠃ | 2. ᠵᠢᠩᠬᠢᠨᠢ ᠠᠩᠭᠢ ᠶᠢᠨ ᠰᠤᠷᠤᠭᠴᠢ ᠡᠯᠰᠡᠬᠦ ᠪᠥᠯᠦᠭ᠃ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠠᠴᠠ | ᠭᠠᠳᠠᠨᠠᠬᠢ ᠡᠩ ᠤᠨ ᠲᠥᠷᠥᠯ ᠤᠨ ᠵᠢᠩᠬᠢᠨᠢ ᠠᠩᠭᠢ ᠶᠢᠨ ᠲᠥᠯᠥᠪᠯᠡᠭᠡ ︵ᠬᠠᠨᠳᠤᠯᠭ᠎ᠠ ᠲᠠᠢ ᠰᠤᠷᠤᠭᠴᠢ ᠡᠯᠰᠡᠬᠦ᠂ | ᠴᠥᠭᠡᠨ ᠲᠣᠭᠠᠲᠤ ᠦᠨᠳᠦᠰᠦᠲᠡᠨ ᠤ ᠪᠡᠯᠡᠳᠬᠡᠯ ᠠᠩᠭᠢ᠂ ᠦᠨᠳᠦᠰᠦᠲᠡᠨ ᠤ ᠠᠩᠭᠢ᠂ ᠬᠢᠯᠢ ᠶᠢᠨ ᠬᠠᠮᠠᠭᠠᠯᠠᠯᠲᠠ ᠶᠢᠨ | ᠴᠡᠷᠢᠭ ᠤᠨ ᠦᠷ᠎ᠡ ᠬᠡᠦᠬᠡᠳ ᠤᠨ ᠪᠡᠯᠡᠳᠬᠡᠯ ᠠᠩᠭᠢ ᠵᠡᠷᠭᠡ ᠶᠢ ᠪᠠᠭᠲᠠᠭᠠᠨ᠎ᠠ︶ ᠶᠢ ᠲᠣᠬᠢᠷᠠᠭᠤᠯᠵᠤ᠂ ︽ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠲᠠᠭᠯᠠᠬᠤ ᠶᠢ ᠬᠡᠷᠡᠭᠵᠢᠭᠦᠯᠦᠨ᠎ᠡ᠃ | 3. ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠤᠷᠢᠳᠴᠢᠯᠠᠨ | ᠡᠯᠰᠡᠬᠦ ᠪᠥᠯᠦᠭ᠃ ᠴᠡᠷᠢᠭ ᠤᠨ ᠶᠠᠪᠤᠳᠠᠯ ︵ᠴᠡᠷᠢᠭ ᠤᠨ ᠲᠦᠷᠦᠭᠦᠴᠢ ᠶᠢ ᠬᠠᠨᠳᠤᠯᠭ᠎ᠠ ᠲᠠᠢ ᠬᠥᠮᠦᠵᠢᠭᠦᠯᠬᠦ︶᠂ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠴᠠᠭᠳᠠᠭᠠᠨ ᠤ ᠲᠥᠷᠥᠯ ᠵᠡᠷᠭᠡ ᠳᠡᠭᠡᠳᠦ | ᠰᠤᠷᠭᠠᠭᠤᠯᠢ ︵ᠪᠤᠶᠤ ᠲᠤᠰᠬᠠᠢ ᠮᠡᠷᠭᠡᠵᠢᠯ︶ ᠶᠢᠨ ᠡᠩ ᠤᠨ ᠲᠥᠷᠥᠯ ᠤᠨ ᠲᠤᠰᠬᠠᠢ ᠮᠡᠷᠭᠡᠵᠢᠯ ᠤᠨ ᠲᠥᠯᠥᠪᠯᠡᠭᠡ ᠶᠢ | ᠲᠣᠬᠢᠷᠠᠭᠤᠯᠵᠤ᠂ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ | ᠲᠠᠭᠯᠠᠬᠤ ᠶᠢ ᠬᠡᠷᠡᠭᠵᠢᠭᠦᠯᠦᠨ᠎ᠡ᠃ ᠲᠤᠰ ᠪᠦᠯᠦᠭ ᠤᠳᠠᠭ᠎ᠠ ᠨᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B | ᠱᠠᠲᠤ ᠳᠠᠭᠤᠰᠤᠭᠰᠠᠨ ᠤ ᠳᠠᠷᠠᠭ᠎ᠠ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ C ᠱᠠᠲᠤ ᠡᠬᠢᠯᠡᠬᠦ ᠠᠴᠠ ᠡᠮᠦᠨ᠎ᠡ | ᠡᠯᠧᠺᠲᠷᠣᠨ ᠳᠠᠩᠰᠠ ᠡᠪᠬᠡᠮᠡᠯ ᠢᠶᠠᠨ ᠣᠷᠣᠭᠤᠯᠬᠤ ᠶᠢᠨ ᠬᠠᠮᠲᠤ ᠡᠯᠰᠡᠨ ᠠᠪᠤᠨ᠎ᠠ᠃ | 4. ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ | ᠡᠯᠰᠡᠬᠦ ᠪᠥᠯᠦᠭ᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠳᠤ | ᠤᠷᠢᠳᠴᠢᠯᠠᠨ ᠡᠯᠰᠡᠬᠦ ᠠᠴᠠ ᠭᠠᠳᠠᠨᠠᠬᠢ ᠡᠩ ᠤᠨ ᠲᠥᠷᠥᠯ ᠤᠨ ᠲᠤᠰᠬᠠᠢ ᠮᠡᠷᠭᠡᠵᠢᠯ ᠤᠨ ᠲᠥᠯᠥᠪᠯᠡᠭᠡ ᠶᠢ | ᠲᠣᠬᠢᠷᠠᠭᠤᠯᠵᠤ᠂ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ | ᠲᠠᠭᠯᠠᠬᠤ ᠶᠢ ᠬᠡᠷᠡᠭᠵᠢᠭᠦᠯᠦᠨ᠎ᠡ᠃ | ︵ᠬᠤᠶᠠᠷ︶ ᠤᠷᠠᠯᠢᠭ ᠤᠨ ᠲᠥᠷᠥᠯ ᠤᠨ ᠰᠤᠷᠤᠭᠴᠢ ᠡᠯᠰᠡᠬᠦ ᠵᠢᠴᠢ ᠡᠷᠡᠮᠡᠯᠵᠡᠯ ᠤᠨ ᠲᠣᠬᠢᠷᠠᠭᠤᠯᠤᠯᠲᠠ | ᠤᠷᠠᠯᠢᠭ ᠤᠨ ᠲᠥᠷᠥᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ︵A ᠱᠠᠲᠤ᠂ B ᠱᠠᠲᠤ ᠶᠢ | ᠪᠠᠭᠲᠠᠭᠠᠨ᠎ᠠ︶ ᠵᠢᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ | ᠤᠷᠢᠳᠴᠢᠯᠠᠨ ᠡᠯᠰᠡᠬᠦ ᠶᠢ ᠲᠣᠬᠢᠷᠠᠭᠤᠯᠵᠤ᠂ ᠳᠡᠰ ᠳᠠᠷᠠᠭᠠᠯᠠᠨ ᠡᠯᠰᠡᠨ᠎ᠡ᠃ | 1. ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠱᠠᠲᠤ᠄ ᠰᠤᠷᠭᠠᠭᠤᠯᠢ ᠶᠢᠨ ᠰᠢᠯᠭᠠᠯᠲᠠ ᠶᠢᠨ ᠬᠢᠷᠢ | ᠪᠦᠲᠦᠮᠵᠢ ᠪᠠᠷ ᠡᠯᠰᠡᠭᠰᠡᠨ ᠤᠷᠠᠯᠢᠭ ᠤᠨ ᠲᠥᠷᠥᠯ ᠤᠨ ᠵᠢᠩᠬᠢᠨᠢ ᠠᠩᠭᠢᠲᠦ ᠳᠡᠭᠡᠳᠦ ᠰᠤᠷᠭᠠᠭᠤᠯᠢ ︵ᠲᠤᠰᠬᠠᠢ | ᠮᠡᠷᠭᠡᠵᠢᠯ︶ ᠶᠢᠨ ᠲᠥᠯᠥᠪᠯᠡᠭᠡ ᠪᠠ ᠮᠤᠵᠢ ᠶᠢᠨ ᠬᠤᠭᠤᠷᠣᠨᠳᠣᠬᠢ ᠬᠠᠮᠲᠤᠷᠠᠭᠰᠠᠨ ᠰᠢᠯᠭᠠᠯᠲᠠ ᠶᠢᠨ ᠬᠢᠷᠢ | ᠪᠦᠲᠦᠮᠵᠢ ᠪᠠᠷ ᠡᠯᠰᠡᠭᠰᠡᠨ ᠰᠢ ᠲᠠᠭᠤᠤᠷᠢᠯᠢᠭ ᠤᠨ ᠲᠥᠷᠥᠯ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ | ︵ᠲᠤᠰᠬᠠᠢ ᠮᠡᠷᠭᠡᠵᠢᠯ︶ ᠶᠢᠨ ᠲᠥᠯᠥᠪᠯᠡᠭᠡ ᠶᠢ ᠲᠣᠬᠢᠷᠠᠭᠤᠯᠵᠤ᠂ ᠳᠡᠰ ᠳᠠᠷᠠᠭᠠᠯᠠᠯᠲᠤ ᠡᠷᠡᠮᠡᠯᠵᠡᠯ ᠲᠠᠭᠯᠠᠬᠤ ᠶᠢ | ᠬᠡᠷᠡᠭᠵᠢᠭᠦᠯᠦᠨ᠎ᠡ᠃ 6 ᠲᠤᠰᠬᠠᠢ ᠮᠡᠷᠭᠡᠵᠢᠯ ᠤᠨ ᠡᠷᠡᠮᠡᠯᠵᠡᠯ ᠠᠳᠠᠯᠢ ᠨᠢᠭᠡᠨ ᠳᠡᠭᠡᠳᠦ ᠰᠤᠷᠭᠠᠭᠤᠯᠢ ᠶᠢᠨ ᠠᠳᠠᠯᠢ ᠨᠢᠭᠡᠨ | ᠨᠢᠭᠡᠳᠦᠯᠲᠡᠢ ᠰᠢᠯᠭᠠᠯᠲᠠ ᠶᠢᠨ ᠲᠥᠷᠥᠯ ᠤᠨ ᠲᠤᠰᠬᠠᠢ ᠮᠡᠷᠭᠡᠵᠢᠯ ᠤᠨ ᠡᠷᠡᠮᠡᠯᠵᠡᠯ ᠪᠠᠶᠢᠵᠤ ᠪᠣᠯᠤᠨ᠎ᠠ᠂ ᠪᠠᠰᠠ ᠠᠳᠠᠯᠢ | ᠨᠢᠭᠡᠨ ᠳᠡᠭᠡᠳᠦ ᠰᠤᠷᠭᠠᠭᠤᠯᠢ ᠶᠢᠨ ᠳᠣᠲᠣᠷᠠᠬᠢ ᠬᠠᠪᠰᠤᠷᠭᠠᠨ ᠮᠡᠳᠡᠭᠦᠯᠬᠦ ᠳᠦᠷᠢᠮ ᠳᠤ ᠨᠡᠶᠢᠴᠡᠭᠰᠡᠨ ᠠᠳᠠᠯᠢ ᠪᠤᠰᠤ | ᠨᠢᠭᠡᠳᠦᠯᠲᠡᠢ ᠰᠢᠯᠭᠠᠯᠲᠠ ᠶᠢᠨ ᠲᠥᠷᠥᠯ ᠢᠯᠭᠠᠯ ᠤᠨ ᠠᠳᠠᠯᠢ ᠪᠤᠰᠤ ᠴᠢᠭᠯᠡᠯ ︵ᠲᠥᠷᠥᠯ ᠢᠯᠭᠠᠯ︶ ᠤᠨ ᠲᠤᠰᠬᠠᠢ | ᠮᠡᠷᠭᠡᠵᠢᠯ ᠤᠨ ᠡᠷᠡᠮᠡᠯᠵᠡᠯ ᠪᠠᠶᠢᠵᠤ ᠪᠣᠯᠤᠨ᠎ᠠ᠃ ᠵᠢᠱᠢᠶᠡᠯᠡᠪᠡᠯ᠂ ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ | ᠲᠥᠷᠥᠯ ᠤᠨ 6 ᠲᠤᠰᠬᠠᠢ ᠮᠡᠷᠭᠡᠵᠢᠯ ᠤᠨ ᠳᠣᠲᠣᠷ᠎ᠠ ᠶᠠᠮᠠᠷ ᠨᠢᠭᠡᠨ ᠳᠡᠭᠡᠳᠦ ᠰᠤᠷᠭᠠᠭᠤᠯᠢ ᠶᠢᠨ ᠳᠠᠭᠤᠤ | ᠬᠥᠭᠵᠢᠮ ᠤᠨ ᠰᠤᠷᠭᠠᠨ ᠬᠥᠮᠦᠵᠢᠯ ᠤᠨ ᠲᠥᠷᠥᠯ ᠤᠨ ᠲᠤᠰᠬᠠᠢ ᠮᠡᠷᠭᠡᠵᠢᠯ ᠢ ᠲᠠᠭᠯᠠᠨ ᠮᠡᠳᠡᠭᠦᠯᠵᠦ ᠪᠣᠯᠬᠤ ᠪᠥᠭᠡᠳ | ᠪᠠᠰᠠ ᠲᠤᠰ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠲᠣᠭᠯᠠᠯᠲᠠ ᠶᠢᠨ ᠲᠥᠷᠥᠯ ᠤᠨ ᠲᠤᠰᠬᠠᠢ | ᠮᠡᠷᠭᠡᠵᠢᠯ ᠢ ᠬᠠᠮᠲᠤ ᠳᠤ ᠨᠢ ᠲᠠᠭᠯᠠᠨ ᠮᠡᠳᠡᠭᠦᠯᠵᠦ ᠪᠣᠯᠤᠨ᠎ᠠ᠃ | 2. ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠱᠠᠲᠤ᠄ ᠨᠢᠭᠡᠳᠦᠯᠲᠡᠢ ᠰᠢᠯᠭᠠᠯᠲᠠ ᠶᠢᠨ ᠬᠢᠷᠢ | ᠪᠦᠲᠦᠮᠵᠢ ᠪᠠᠷ ᠡᠯᠰᠡᠬᠦ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠤᠨ ᠲᠥᠯᠥᠪᠯᠡᠭᠡ ᠶᠢ ᠲᠣᠬᠢᠷᠠᠭᠤᠯᠵᠤ᠂ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠲᠠᠭᠯᠠᠬᠤ ᠶᠢ ᠬᠡᠷᠡᠭᠵᠢᠭᠦᠯᠦᠨ᠎ᠡ᠃ | 3. ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠤᠷᠢᠳᠴᠢᠯᠠᠨ | ᠡᠯᠰᠡᠬᠦ ᠪᠥᠯᠦᠭ᠄ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ︵ᠮᠡᠷᠭᠡᠵᠢᠯ︶ ᠶᠢᠨ | ᠲᠥᠯᠥᠪᠯᠡᠭᠡ ᠶᠢ ᠲᠣᠬᠢᠷᠠᠭᠤᠯᠵᠤ᠂ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠴᠤᠭᠯᠠᠷᠠᠯ︾ ᠤᠨ | ᠵᠡᠷᠭᠡᠴᠡᠭᠡ ᠡᠷᠡᠮᠡᠯᠵᠡᠯ ᠲᠠᠭᠯᠠᠬᠤ ᠶᠢ ᠬᠡᠷᠡᠭᠵᠢᠭᠦᠯᠦᠨ᠎ᠡ᠃ | ︵ᠭᠤᠷᠪᠠ︶ ᠪᠡᠶ᠎ᠡ ᠶᠢᠨ ᠲᠠᠮᠢᠷ ᠤᠨ ᠲᠥᠷᠥᠯ ᠤᠨ ᠰᠤᠷᠤᠭᠴᠢ ᠡᠯᠰᠡᠬᠦ ᠪᠥᠯᠦᠭ ᠤᠳᠠᠭ᠎ᠠ ᠵᠢᠴᠢ | ᠡᠷᠡᠮᠡᠯᠵᠡᠯ ᠤᠨ ᠲᠣᠬᠢᠷᠠᠭᠤᠯᠤᠯᠲᠠ | ᠪᠡᠶ᠎ᠡ ᠶᠢᠨ ᠲᠠᠮᠢᠷ ᠤᠨ ᠲᠥᠷᠥᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠥᠯᠦᠭ ᠪᠠ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠤᠷᠢᠳᠴᠢᠯᠠᠨ ᠡᠯᠰᠡᠬᠦ ᠪᠥᠯᠦᠭ ᠭᠡᠵᠦ | 2 ᠪᠥᠯᠦᠭ ᠤᠳᠠᠭ᠎ᠠ ᠶᠢ ᠲᠣᠬᠢᠷᠠᠭᠤᠯᠵᠤ᠂ ᠲᠤᠰ ᠲᠤᠰ ᠪᠡᠶ᠎ᠡ ᠶᠢᠨ ᠲᠠᠮᠢᠷ ᠤᠨ ᠲᠥᠷᠥᠯ ᠤᠨ ᠵᠢᠩᠬᠢᠨᠢ ᠠᠩᠭᠢ᠂ | ᠲᠤᠰᠬᠠᠢ ᠮᠡᠷᠭᠡᠵᠢᠯ ᠤᠨ ᠠᠩᠭᠢ ᠶᠢᠨ ᠲᠥᠯᠥᠪᠯᠡᠭᠡ ᠶᠢ ᠲᠣᠬᠢᠷᠠᠭᠤᠯᠤᠨ᠂ ︽ᠳᠡᠭᠡᠳᠦ ᠰᠤᠷᠭᠠᠭᠤᠯᠢ ᠶᠢᠨ ᠲᠤᠰᠬᠠᠢ | ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠢ ᠲᠠᠭᠯᠠᠵᠤ᠂ ᠳᠡᠰ ᠳᠠᠷᠠᠭᠠᠯᠠᠯ ᠲᠠᠢ ᠡᠯᠰᠡᠨ ᠠᠪᠤᠨ᠎ᠠ᠃ | ᠲᠠᠪᠤ᠂ ᠬᠢᠵᠠᠭᠠᠷ ᠬᠤᠪᠢ ᠲᠣᠭᠲᠠᠭᠠᠬᠤ ᠠᠷᠭ᠎ᠠ | ︵ᠨᠢᠭᠡ︶ ᠡᠩ ᠤᠨ ᠲᠦᠷᠦᠯ ᠤᠨ ᠬᠢᠵᠠᠭᠠᠷ ᠬᠤᠪᠢ ᠳᠣᠭᠲᠠᠭᠠᠬᠤ | ᠡᠩ ᠤᠨ ᠲᠥᠷᠥᠯ ᠤᠨ ᠵᠢᠩᠬᠢᠨᠢ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ | ᠮᠡᠷᠭᠡᠵᠢᠯ︶ ᠤᠨ ᠰᠤᠷᠭᠠᠭᠤᠯᠢ ᠶᠢᠨ ᠡᠯᠰᠡᠬᠦ ᠪᠥᠯᠦᠭ ᠤᠨ ᠬᠢᠵᠠᠭᠠᠷ ᠬᠤᠪᠢ ᠶᠢ ᠲᠡᠦᠬᠡ ᠶᠢᠨ ᠲᠥᠷᠥᠯ᠂ ᠹᠢᠽᠢᠺ ᠤᠨ | ᠲᠥᠷᠥᠯ ᠤᠨ ᠶᠣᠰᠣᠭᠠᠷ ᠲᠤᠰ ᠲᠤᠰ ᠲᠣᠭᠲᠠᠭᠠᠨ᠎ᠠ᠃ | ᠣᠨᠴᠠᠭᠠᠢ ᠲᠥᠷᠥᠯ ᠤᠨ ᠰᠤᠷᠤᠭᠴᠢ ᠡᠯᠰᠡᠬᠦ ᠬᠢᠵᠠᠭᠠᠷ ᠬᠤᠪᠢ ᠶᠢ ᠲᠡᠦᠬᠡ ᠶᠢᠨ ᠲᠥᠷᠥᠯ᠂ ᠹᠢᠽᠢᠺ ᠤᠨ | ᠲᠥᠷᠥᠯ ᠤᠨ ᠶᠣᠰᠣᠭᠠᠷ ᠲᠤᠰ ᠲᠤᠰ ᠵᠠᠭᠠᠭᠯᠠᠨ ᠲᠣᠭᠲᠠᠭᠠᠵᠤ᠂ ᠰᠠᠭᠤᠷᠢ ᠶᠢ ᠬᠦᠴᠦᠷᠬᠡᠭᠵᠢᠭᠦᠯᠬᠦ ᠲᠥᠯᠥᠪᠯᠡᠭᠡ᠂ | ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠵᠡᠷᠭᠡ ᠬᠡᠰᠡᠭ ᠣᠨᠴᠠᠭᠠᠢ ᠲᠥᠷᠥᠯ ᠤᠨ ᠰᠤᠷᠤᠭᠴᠢ ᠡᠯᠰᠡᠬᠦ ᠳᠤ | ᠬᠡᠷᠡᠭᠯᠡᠨ᠎ᠡ᠃ | ᠥᠨᠳᠥᠷ ᠬᠢᠷᠢ ᠲᠦᠪᠰᠢᠨᠲᠦ ᠪᠡᠶ᠎ᠡ ᠶᠢᠨ ᠲᠠᠮᠢᠷ ᠤᠨ ᠠᠩᠭᠢ ᠶᠢᠨ ᠰᠤᠷᠤᠭᠴᠢ ᠡᠯᠰᠡᠬᠦ ᠶᠢ ᠡᠵᠡᠮᠳᠡᠬᠦ ᠬᠢᠵᠠᠭᠠᠷ | ᠬᠤᠪᠢ ᠶᠢ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠂ | ᠲᠤᠬᠠᠶᠢᠯᠠᠪᠠᠯ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠰᠢᠯᠭᠠᠭᠤᠯᠤᠭᠰᠠᠳ ᠤᠨ | ᠪᠦᠬᠦ ᠤᠯᠤᠰ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠰᠣᠶᠣᠯ ᠤᠨ | ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠡᠷᠬᠡᠪᠰᠢ ᠥᠪᠥᠷ ᠮᠣᠩᠭᠤᠯ ᠤᠨ ᠡᠩ ᠤᠨ | ᠲᠥᠷᠥᠯ ᠤᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠬᠢᠵᠠᠭᠠᠷ ᠬᠤᠪᠢ ᠳᠤ ᠬᠦᠷᠭᠡᠬᠦ ᠬᠡᠷᠡᠭᠲᠡᠢ︔ ᠪᠤᠰᠤᠳ | ᠳᠡᠭᠡᠳᠦ ᠰᠤᠷᠭᠠᠭᠤᠯᠢ ᠶᠢᠨ ᠰᠢᠯᠭᠠᠭᠤᠯᠤᠭᠰᠠᠳ ᠲᠤ ᠴᠢᠭᠯᠡᠭᠦᠯᠦᠭᠰᠡᠨ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠰᠢᠯᠭᠠᠯᠲᠠ ᠶᠢᠨ | ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠡᠷᠬᠡᠪᠰᠢ ᠥᠪᠥᠷ ᠮᠣᠩᠭᠤᠯ ᠤᠨ ᠡᠩ ᠤᠨ ᠲᠥᠷᠥᠯ ᠤᠨ ᠵᠢᠩᠬᠢᠨᠢ | ᠠᠩᠭᠢ ᠶᠢᠨ ᠰᠤᠷᠤᠭᠴᠢ ᠡᠯᠰᠡᠬᠦ ᠬᠢᠵᠠᠭᠠᠷ ᠬᠤᠪᠢ ᠶᠢᠨ 80% ᠳᠤ ᠬᠦᠷᠭᠡᠬᠦ ᠬᠡᠷᠡᠭᠲᠡᠢ᠃ | ︵ᠬᠤᠶᠠᠷ︶ ᠤᠷᠠᠯᠢᠭ ᠤᠨ ᠲᠥᠷᠥᠯ ᠤᠨ ᠬᠢᠵᠠᠭᠠᠷ ᠬᠤᠪᠢ ᠳᠣᠭᠲᠠᠭᠠᠬᠤ | ᠤᠷᠠᠯᠢᠭ ᠤᠨ ᠲᠥᠷᠥᠯ ᠤᠨ ᠵᠢᠩᠬᠢᠨᠢ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ | ᠮᠡᠷᠭᠡᠵᠢᠯ︶ ᠤᠨ ᠰᠤᠷᠭᠠᠭᠤᠯᠢ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠠ ᠲᠤᠰᠬᠠᠢ ᠮᠡᠷᠭᠡᠵᠢᠯ ᠤᠨ | ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠡᠯᠰᠡᠬᠦ ᠬᠢᠵᠠᠭᠠᠷ ᠬᠤᠪᠢ ᠶᠢ ᠲᠤᠰ ᠲᠤᠰ ᠵᠠᠭᠠᠭᠯᠠᠨ | ᠲᠣᠭᠲᠠᠭᠠᠨ᠎ᠠ᠃ | ᠴᠥᠭᠡᠨ ᠲᠣᠭᠠᠨ ᠤ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠶᠢᠨ | ᠤᠷᠠᠯᠢᠭ ᠤᠨ ᠲᠥᠷᠥᠯ᠂ ᠮᠤᠵᠢ ᠶᠢᠨ ᠬᠤᠭᠤᠷᠣᠨᠳᠣᠬᠢ ᠬᠠᠮᠲᠤᠷᠠᠭᠰᠠᠨ ᠰᠢ ᠲᠠᠭᠤᠤᠷᠢᠯᠢᠭ ᠤᠨ ᠲᠥᠷᠥᠯ ᠤᠨ | ᠲᠤᠰᠬᠠᠢ ᠮᠡᠷᠭᠡᠵᠢᠯ ᠤᠨ ᠬᠤᠪᠢ ᠶᠢ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ︵ᠭᠤᠷᠪᠠ︶ ᠪᠡᠶ᠎ᠡ ᠶᠢᠨ ᠲᠠᠮᠢᠷ ᠤᠨ ᠲᠥᠷᠥᠯ ᠤᠨ ᠬᠢᠵᠠᠭᠠᠷ ᠬᠤᠪᠢ ᠳᠣᠭᠲᠠᠭᠠᠬᠤ | ᠪᠡᠶ᠎ᠡ ᠶᠢᠨ ᠲᠠᠮᠢᠷ ᠤᠨ ᠲᠥᠷᠥᠯ ᠤᠨ ᠵᠢᠩᠬᠢᠨᠢ ᠠᠩᠭᠢ ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ | ᠮᠡᠷᠭᠡᠵᠢᠯ︶ ᠤᠨ ᠰᠤᠷᠭᠠᠭᠤᠯᠢ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠪᠠ ᠲᠤᠰᠬᠠᠢ ᠮᠡᠷᠭᠡᠵᠢᠯ ᠤᠨ | ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠰᠤᠷᠤᠭᠴᠢ ᠡᠯᠰᠡᠬᠦ ᠬᠢᠵᠠᠭᠠᠷ ᠬᠤᠪᠢ ᠶᠢ ᠲᠤᠰ ᠲᠤᠰ | ᠵᠠᠭᠠᠭᠯᠠᠨ ᠲᠣᠭᠲᠠᠭᠠᠨ᠎ᠠ᠃ | ᠵᠢᠷᠭᠤᠭ᠎ᠠ᠂ ᠡᠷᠡᠮᠡᠯᠵᠡᠯ ᠲᠠᠭᠯᠠᠨ ᠮᠡᠳᠡᠭᠦᠯᠬᠦ | ︵ᠨᠢᠭᠡ︶ ᠴᠠᠭ ᠤᠨ ᠲᠣᠬᠢᠷᠠᠭᠤᠯᠤᠯᠲᠠ᠃ ᠡᠷᠡᠮᠡᠯᠵᠡᠯ ᠲᠠᠭᠯᠠᠨ ᠮᠡᠳᠡᠭᠦᠯᠬᠦ᠂ ᠡᠯᠧᠺᠲᠷᠣᠨ ᠳᠠᠩᠰᠠ | ᠡᠪᠬᠡᠮᠡᠯ ᠢ ᠣᠷᠣᠭᠤᠯᠬᠤ ᠪᠠ ᠡᠯᠰᠡᠨ ᠠᠪᠬᠤ ᠪᠣᠳᠠᠲᠠᠢ ᠴᠠᠭ ᠢ ᠠᠰ ᠲᠤ ᠨᠢ ᠨᠡᠶᠢᠲᠡᠯᠡᠨ᠎ᠡ᠃ | ︵ᠬᠤᠶᠠᠷ︶ ᠲᠠᠭᠯᠠᠨ ᠮᠡᠳᠡᠭᠦᠯᠬᠦ ᠠᠷᠭ᠎ᠠ ᠬᠡᠯᠪᠡᠷᠢ᠃ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www.nm.zsks.cn /︶ ᠶᠢᠨ | ᠡᠷᠡᠮᠡᠯᠵᠡᠯ ᠲᠠᠭᠯᠠᠬᠤ ᠰᠢᠰᠲ᠋ᠧᠮ ᠳᠤ ᠣᠷᠣᠵᠤ᠂ ᠰᠦᠯᠵᠢᠶᠡᠨ ᠳᠤ ᠡᠷᠡᠮᠡᠯᠵᠡᠯ ᠲᠠᠭᠯᠠᠨ ᠮᠡᠳᠡᠭᠦᠯᠦᠨ᠎ᠡ᠃ | ︵ᠭᠤᠷᠪᠠ︶ ᠡᠷᠡᠮᠡᠯᠵᠡᠯ ᠴᠤᠭᠯᠠᠭᠤᠯᠬᠤ᠃ ︽ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠤᠨ ᠪᠦᠯᠦᠭ ︵ ᠱᠠᠲᠤ︶ ᠤᠳᠠᠭ᠎ᠠ ᠶᠢᠨ ᠡᠯᠰᠡᠨ ᠠᠪᠬᠤ ᠶᠢ ᠬᠡᠷᠡᠭᠵᠢᠭᠦᠯᠬᠦ | ᠦᠶ᠎ᠡ ᠳᠤ᠂ ᠰᠤᠷᠤᠭᠴᠢ ᠡᠯᠰᠡᠬᠦ ᠲᠥᠯᠥᠪᠯᠡᠭᠡ ᠶᠢᠨ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠵᠣᠬᠢᠰᠲᠠᠢ | ᠴᠠᠭ ᠲᠤ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠶᠢᠨ ᠲᠤᠬᠠᠢ ᠢᠯᠡ ᠪᠠᠷ ᠡᠷᠡᠮᠡᠯᠵᠡᠯ ᠴᠤᠭᠯᠠᠭᠤᠯᠬᠤ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ | ᠨᠡᠶᠢᠲᠡᠯᠡᠭᠰᠡᠨ ᠠᠯᠪᠠᠨ ᠨᠡᠶᠢᠲᠡᠯᠡᠯ ᠢᠶᠠᠷ ᠪᠠᠷᠢᠮᠵᠢᠶ᠎ᠠ ᠪᠣᠯᠭᠠᠨ᠎ᠠ᠃ | ︵ᠳᠥᠷᠪᠡ︶ ᠡᠷᠡᠮᠡᠯᠵᠡᠯ ᠢ ᠵᠡᠷᠭᠡ ᠳᠤ ᠨᠢ ᠲᠠᠭᠯᠠᠨ ᠮᠡᠳᠡᠭᠦᠯᠬᠦ᠃ ᠠᠰ ᠲᠤ ᠨᠢ ᠪᠢᠴᠢᠭ ᠮᠠᠲ᠋ᠧᠷᠢᠶᠠᠯ ᠢᠶᠠᠷ | ᠮᠡᠳᠡᠭᠳᠡᠨ᠎ᠡ᠃ | ᠳᠣᠯᠤᠭ᠎ᠠ᠂ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠪᠠ ᠡᠯᠰᠡᠨ ᠠᠪᠬᠤ | ᠡᠩ ᠤᠨ ᠲᠥᠷᠥᠯ ︵ᠲᠡᠦᠬᠡ ᠶᠢᠨ ᠲᠥᠷᠥᠯ᠂ ᠹᠢᠽᠢᠺ ᠤᠨ ᠲᠥᠷᠥᠯ︶᠂ ᠤᠷᠠᠯᠢᠭ ᠤᠨ ᠲᠥᠷᠥᠯ᠂ | ᠪᠡᠶ᠎ᠡ ᠶᠢᠨ ᠲᠠᠮᠢᠷ ᠤᠨ ᠲᠥᠷᠥᠯ ᠶᠣᠰᠤᠭᠠᠷ ᠲᠤᠰ ᠲᠤᠰ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠪᠠ ᠡᠯᠰᠡᠨ | ᠠᠪᠤᠨ᠎ᠠ᠃ | ︵ᠨᠢᠭᠡ︶ ᠳᠠᠷᠠᠭᠠᠯᠠᠯᠲᠤ ᠡᠷᠡᠮᠡᠯᠵᠡᠯ | ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠰᠢᠯᠭᠠᠯᠲᠠ ᠪᠠ ᠮᠤᠵᠢ ᠶᠢᠨ ᠬᠤᠭᠤᠷᠣᠨᠳᠣᠬᠢ ᠬᠠᠮᠲᠤᠷᠠᠭᠰᠠᠨ | ᠰᠢᠯᠭᠠᠯᠲᠠ ᠳᠤ ᠬᠢᠷᠢ ᠲᠡᠩᠴᠡᠭᠰᠡᠨ ᠰᠤᠷᠤᠭᠴᠢ ᠶᠢᠨ ᠢᠷᠡᠯᠲᠡ ᠶᠢᠨ ᠳᠣᠲᠣᠷ᠎ᠠ᠂ ᠰᠢᠯᠭᠠᠭᠤᠯᠤᠭᠴᠢ ᠶᠢᠨ | ᠡᠷᠡᠮᠡᠯᠵᠡᠯ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ | ᠬᠡᠷᠡᠭᠲᠡᠢ᠃ ᠶᠡᠷᠦᠩᠬᠡᠶᠢᠯᠡᠭᠰᠡᠨ ᠦᠨᠡᠯᠡᠯᠲᠡ ᠪᠠᠷ ᠰᠤᠷᠤᠭᠴᠢ ᠡᠯᠰᠡᠬᠦ᠂ ᠮᠤᠵᠢ ᠬᠤᠪᠢᠶᠠᠬᠤ ᠦᠭᠡᠢ ᠶᠡᠭᠡ ᠳᠡᠭᠡᠳᠦ | ᠰᠤᠷᠭᠠᠭᠤᠯᠢ ᠶᠢᠨ ᠲᠤᠰᠬᠠᠢ ᠲᠥᠯᠥᠪᠯᠡᠭᠡ᠂ ᠥᠨᠳᠥᠷ ᠬᠢᠷᠢ ᠲᠦᠪᠰᠢᠨᠲᠦ ᠪᠡᠶ᠎ᠡ ᠶᠢᠨ ᠲᠠᠮᠢᠷ ᠤᠨ ᠠᠩᠭᠢ ᠪᠣᠯ | ᠰᠢᠯᠭᠠᠭᠤᠯᠤᠭᠴᠢ ᠶᠢᠨ ᠡᠷᠡᠮᠡᠯᠵᠡᠯ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠡᠯᠧᠺᠲᠷᠣᠨ ᠳᠠᠩᠰᠠ | ᠡᠪᠬᠡᠮᠡᠯ ᠢ ᠣᠷᠣᠭᠤᠯᠤᠨ᠎ᠠ᠃ | ︵ᠬᠤᠶᠠᠷ︶ ᠵᠡᠷᠭᠡᠴᠡᠭᠡ ᠡᠷᠡᠮᠡᠯᠵᠡᠯ | ︽ᠬᠤᠪᠢ ︵ᠵᠢᠭᠰᠠᠭᠠᠯᠲᠠ︶ ᠶᠢ ᠤᠷᠢᠳ ᠢᠶᠠᠷ ᠪᠣᠳᠣᠯᠬᠢᠯᠠᠬᠤ᠂ ᠡᠷᠡᠮᠡᠯᠵᠡᠯ ᠢ ᠵᠢᠷᠤᠮᠯᠠᠬᠤ᠂ ᠨᠢᠭᠡ | ᠡᠭᠡᠯᠵᠢ ᠳᠤ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ︾ ᠵᠠᠷᠴᠢᠮ ᠶᠣᠰᠣᠭᠠᠷ ︽ᠳᠡᠭᠡᠳᠦ ᠰᠤᠷᠭᠠᠭᠤᠯᠢ ᠶᠢᠨ | ᠲᠤᠰᠬᠠᠢ ᠮᠡᠷᠭᠡᠵᠢᠯ ᠤᠨ ᠴᠤᠭᠯᠠᠷᠠᠯ︾ ᠤᠨ ᠵᠡᠷᠭᠡᠴᠡᠭᠡ ᠡᠷᠡᠮᠡᠯᠵᠡᠯ ᠳᠤ ᠡᠯᠧᠺᠲᠷᠣᠨ ᠳᠠᠩᠰᠠ ᠡᠪᠬᠡᠮᠡᠯ ᠢ | ᠣᠷᠣᠭᠤᠯᠤᠨ᠎ᠠ᠃ | 1. ᠡᠩ ᠤᠨ ᠲᠥᠷᠥᠯ | ᠰᠢᠯᠭᠠᠭᠤᠯᠤᠭᠰᠠᠳ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠤᠪᠢ ︵ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠶᠡᠷᠦᠩᠬᠡᠢ ᠬᠤᠪᠢ + | ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠮᠡᠬᠦ ᠬᠤᠪᠢ᠂ ᠳᠣᠷᠤᠭᠰᠢ ᠠᠳᠠᠯᠢ︶ ᠶᠢᠨ ᠥᠨᠳᠥᠷ ᠬᠤᠪᠢ ᠠᠴᠠ ᠳᠣᠣᠷ᠎ᠠ | ᠬᠤᠪᠢ ᠲᠡᠶᠢᠰᠢ ᠶᠢᠨ ᠳᠠᠷᠠᠭᠠᠯᠠᠯ ᠢ ᠦᠨᠳᠦᠰᠦᠯᠡᠨ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠳᠡᠰ ᠳᠠᠷᠠᠭᠠᠯᠠᠯ | ᠢ ᠲᠣᠭᠲᠠᠭᠠᠨ᠎ᠠ᠂ ᠬᠡᠷᠪᠡ ᠰᠢᠯᠭᠠᠭᠤᠯᠤᠭᠴᠢ ᠶᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠤᠪᠢ ᠠᠳᠠᠯᠢ ᠪᠣᠯ ᠳᠣᠣᠷᠠᠬᠢ ᠳᠦᠷᠢᠮ ᠶᠣᠰᠣᠭᠠᠷ ᠳᠡᠰ | ᠳᠠᠷᠠᠭᠠᠯᠠᠯ ᠢ ᠲᠣᠭᠲᠠᠭᠠᠨ᠎ᠠ᠄ ᠰᠢᠯᠭᠠᠭᠤᠯᠤᠭᠴᠢ ᠶᠢᠨ ᠬᠡᠯᠡ ᠪᠢᠴᠢᠭ ᠪᠠ ᠲᠣᠭᠠᠨ ᠤ ᠤᠬᠠᠭᠠᠨ ᠤ ᠬᠢᠴᠢᠶᠡᠯ ᠤᠨ | ᠰᠢᠯᠭᠠᠯᠲᠠ ᠶᠢᠨ ᠬᠤᠪᠢ ᠶᠢᠨ ᠨᠡᠶᠢᠯᠡᠪᠦᠷᠢ᠂ ᠬᠡᠯᠡ ᠪᠢᠴᠢᠭ ᠪᠤᠶᠤ ᠲᠣᠭᠠᠨ ᠤ ᠤᠬᠠᠭᠠᠨ ᠤ ᠳᠠᠩ ᠬᠢᠴᠢᠶᠡᠯ ᠤᠨ | ᠰᠢᠯᠭᠠᠯᠲᠠ ᠶᠢᠨ ᠬᠠᠮᠤᠭ ᠤᠨ ᠥᠨᠳᠦᠷ ᠬᠤᠪᠢ᠂ ᠭᠠᠳᠠᠭᠠᠳᠤ ᠬᠡᠯᠡᠨ ᠤ ᠳᠠᠩ ᠬᠢᠴᠢᠶᠡᠯ ᠤᠨ ᠬᠤᠪᠢ᠂ ᠲᠥᠷᠦᠭᠦᠨ | ᠳᠤ ᠰᠣᠩᠭᠤᠭᠰᠠᠨ ᠬᠢᠴᠢᠶᠡᠯ ᠲᠥᠷᠦᠯ ᠤᠨ ᠳᠠᠩ ᠬᠢᠴᠢᠶᠡᠯ ᠤᠨ ᠬᠤᠪᠢ᠂ ᠳᠠᠬᠢᠨ ᠰᠣᠩᠭᠤᠬᠤ ᠬᠢᠴᠢᠶᠡᠯ | ᠲᠥᠷᠥᠯ ᠤᠨ ᠳᠠᠩ ᠬᠢᠴᠢᠶᠡᠯ ᠤᠨ ᠬᠠᠮᠤᠭ ᠤᠨ ᠥᠨᠳᠥᠷ ᠬᠤᠪᠢ᠂ ᠳᠠᠬᠢᠨ ᠰᠣᠩᠭᠤᠬᠤ ᠬᠢᠴᠢᠶᠡᠯ ᠲᠥᠷᠥᠯ ᠤᠨ ᠳᠠᠩ | ᠬᠢᠴᠢᠶᠡᠯ ᠤᠨ ᠳᠡᠳ᠋ ᠥᠨᠳᠥᠷ ᠬᠤᠪᠢ ᠶᠢ ᠥᠨᠳᠥᠷ ᠬᠤᠪᠢ ᠠᠴᠠ ᠳᠣᠣᠷ᠎ᠠ ᠬᠤᠪᠢ ᠲᠡᠶᠢᠰᠢ ᠵᠢᠭᠰᠠᠭᠠᠭᠰᠠᠨ | ᠳᠠᠷᠠᠭᠠᠯᠠᠯ ᠢᠶᠠᠷ ᠡᠯᠧᠺᠲᠷᠣᠨ ᠳᠠᠩᠰᠠ ᠡᠪᠬᠡᠮᠡᠯ ᠢ ᠣᠷᠣᠭᠤᠯᠤᠨ᠎ᠠ︔ ᠬᠡᠷᠪᠡ ᠬᠤᠪᠢ ᠨᠢ ᠮᠥᠨ ᠬᠦ ᠠᠳᠠᠯᠢ ᠪᠣᠯ᠂ | ᠰᠢᠯᠭᠠᠭᠤᠯᠤᠭᠴᠢ ᠶᠢᠨ ᠡᠷᠡᠮᠡᠯᠵᠡᠯ ᠤᠨ ᠳᠠᠷᠠᠭᠠᠯᠠᠯ ᠢ ᠠᠳᠠᠯᠢᠳᠬᠠᠵᠦ᠂ ᠳᠠᠷᠠᠭᠠᠯᠠᠯ ᠡᠮᠦᠨ᠎ᠡ ᠪᠠᠶᠢᠬᠤ ᠨᠢ ᠤᠷᠢᠳ ᠢᠶᠠᠷ | ᠡᠯᠧᠺᠲᠷᠣᠨ ᠳᠠᠩᠰᠠ ᠡᠪᠬᠡᠮᠡᠯ ᠢᠶᠠᠨ ᠣᠷᠣᠭᠤᠯᠵᠤ᠂ ᠡᠷᠡᠮᠡᠯᠵᠡᠯ ᠤᠨ ᠳᠡᠰ ᠳᠠᠷᠠᠭᠠᠯᠠᠯ ᠨᠢ ᠠᠳᠠᠯᠢ ᠪᠣᠯ | ᠪᠦᠬᠦᠨ ᠢᠶᠠᠷ ᠢᠶᠠᠨ ᠡᠯᠧᠺᠲᠷᠣᠨ ᠳᠠᠩᠰᠠ ᠡᠪᠬᠡᠮᠡᠯ ᠢᠶᠠᠨ ᠣᠷᠣᠭᠤᠯᠤᠨ᠎ᠠ᠃ | 2. ᠤᠷᠠᠯᠢᠭ ᠤᠨ ᠲᠥᠷᠥᠯ | ᠰᠢᠯᠭᠠᠭᠤᠯᠤᠭᠰᠠᠳ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠤᠪᠢ᠂ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ | ᠪᠦᠲᠦᠮᠵᠢ ᠲᠤᠰ ᠲᠤᠰ ᠥᠪᠥᠷ ᠮᠣᠩᠭᠤᠯ ᠤᠨ ᠰᠤᠷᠤᠭᠴᠢ ᠡᠯᠰᠡᠬᠦ ᠬᠢᠵᠠᠭᠠᠷ ᠬᠤᠪᠢ ᠳᠤ ᠬᠦᠷᠦᠭᠰᠡᠨ ᠤᠷᠢᠲᠠᠯ | ᠳᠣᠣᠷ᠎ᠠ᠂ ᠰᠢᠯᠭᠠᠭᠤᠯᠤᠭᠴᠢ ᠶᠢᠨ ᠶᠡᠷᠦᠩᠬᠡᠢ ᠬᠢᠷᠢ ᠪᠦᠲᠦᠮᠵᠢ ᠶᠢ ᠦᠨᠳᠦᠰᠦᠯᠡᠨ ᠵᠢᠭᠰᠠᠭᠠᠨ᠎ᠠ᠃ ᠰᠢᠯᠭᠠᠭᠤᠯᠤᠭᠰᠠᠳ | ᠤᠨ ᠶᠡᠷᠦᠩᠬᠡᠢ ᠬᠢᠷᠢ ᠪᠦᠲᠦᠮᠵᠢ ᠠᠳᠠᠯᠢ ᠦᠶ᠎ᠡ ᠳᠤ᠂ ᠤᠷᠢᠳ ᠢᠶᠠᠷ ᠲᠤᠰᠬᠠᠢ ᠮᠡᠷᠭᠡᠵᠢᠯ ᠤᠨ ᠨᠢᠭᠡᠳᠦᠯᠲᠡᠢ | ᠰᠢᠯᠭᠠᠯᠲᠠ ᠶᠢᠨ ᠬᠢᠷᠢ ᠪᠦᠲᠦᠮᠵᠢ ᠶᠢ ᠠᠳᠠᠯᠢᠳᠬᠠᠵᠤ᠂ ᠬᠡᠷᠪᠡ ᠠᠳᠠᠯᠢ ᠪᠣᠯ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠪᠢ ᠶᠢ ᠠᠳᠠᠯᠢᠳᠬᠠᠵᠤ᠂ ᠬᠤᠪᠢ ᠨᠢ | ᠮᠥᠨ ᠬᠦ ᠠᠳᠠᠯᠢ ᠪᠣᠯ᠂ ᠡᠩ ᠤᠨ ᠲᠥᠷᠥᠯ ᠤᠨ ᠳᠦᠷᠢᠮ ᠶᠣᠰᠣᠭᠠᠷ ᠬᠡᠷᠡᠭᠵᠢᠭᠦᠯᠦᠨ᠎ᠡ᠃ | ᠶᠡᠷᠦᠩᠬᠡᠢ ᠬᠢᠷᠢ ᠪᠦᠲᠦᠮᠵᠢ ᠶᠢ ᠪᠣᠳᠣᠬᠤ ᠲᠣᠮᠢᠶ᠎ᠠ ᠳᠣᠣᠷᠠᠬᠢ ᠮᠡᠲᠦ᠄ | ᠳᠠᠭᠤᠤ ᠬᠥᠭᠵᠢᠮ ᠤᠨ ᠲᠥᠷᠥᠯ᠂ ᠪᠥᠵᠢᠭ ᠤᠨ ᠲᠥᠷᠥᠯ᠂ ᠲᠣᠭᠯᠠᠯᠲᠠ ︵ᠤᠳᠤᠷᠢᠳᠤᠭᠠᠴᠢ︶ ᠶᠢᠨ | ᠲᠥᠷᠥᠯ ᠤᠨ ᠲᠤᠰᠬᠠᠢ ᠮᠡᠷᠭᠡᠵᠢᠯ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠷᠢ ᠪᠦᠲᠦᠮᠵᠢ ᠶᠢᠨ ᠡᠵᠡᠯᠡᠬᠦ ᠬᠠᠷᠢᠴᠠᠯ 50% ᠪᠣᠯᠤᠨ᠎ᠠ᠂ | ᠲᠤᠬᠠᠶᠢᠯᠠᠪᠠᠯ᠄ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠬᠤᠪᠢ = [ ︵ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠤᠪᠢ ÷ ᠰᠣᠶᠤᠯ ᠤᠨ | ᠪᠦᠷᠢᠨ ᠬᠤᠪᠢ︶ ×50% + ︵ᠲᠤᠰᠬᠠᠢ ᠮᠡᠷᠭᠡᠵᠢᠯ ᠤᠨ ᠬᠤᠪᠢ ÷ ᠲᠤᠰᠬᠠᠢ ᠮᠡᠷᠭᠡᠵᠢᠯ ᠤᠨ ᠪᠦᠷᠢᠨ | ᠬᠤᠪᠢ︶ × 50%] ×750᠂ ᠳ᠋ᠦᠩ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠨ ᠪᠥᠬᠦᠯᠢ ᠶᠢ | ᠠᠪᠤᠨ᠎ᠠ᠃ | ᠤᠷᠠᠨ ᠵᠢᠷᠤᠭ ᠪᠠ ᠵᠢᠷᠤᠭ ᠲᠥᠯᠥᠪᠯᠡᠭᠡᠨ ᠤ ᠲᠥᠷᠥᠯ᠂ ᠤᠷᠠᠨ ᠪᠢᠴᠢᠯᠭᠡ ᠶᠢᠨ ᠲᠥᠷᠥᠯ ᠤᠨ ᠲᠤᠰᠬᠠᠢ | ᠮᠡᠷᠭᠡᠵᠢᠯ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠡᠵᠡᠯᠡᠬᠦ ᠬᠠᠷᠢᠴᠠᠯ 60%᠂ ᠲᠤᠬᠠᠶᠢᠯᠠᠪᠠᠯ᠄ | ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠬᠤᠪᠢ = [ ︵ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠤᠪᠢ ÷ ᠰᠣᠶᠤᠯ ᠤᠨ ᠪᠦᠷᠢᠨ | ᠬᠤᠪᠢ︶ × 60%+ ︵ᠲᠤᠰᠬᠠᠢ ᠮᠡᠷᠭᠡᠵᠢᠯ ᠤᠨ ᠬᠤᠪᠢ ÷ ᠲᠤᠰᠬᠠᠢ ᠮᠡᠷᠭᠡᠵᠢᠯ ᠤᠨ ᠪᠦᠷᠢᠨ ᠬᠤᠪᠢ︶ × | 60%] ×750᠂ ᠳ᠋ᠦᠩ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠨ ᠪᠥᠬᠦᠯᠢ ᠶᠢ ᠠᠪᠤᠨ᠎ᠠ᠃ | ᠨᠡᠪᠲᠡᠷᠡᠭᠦᠯᠦᠭᠴᠢ ᠪᠣᠯᠤᠨ ᠬᠥᠲᠦᠯᠦᠭᠴᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠡᠩ ᠤᠨ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠷᠢ | ᠪᠦᠲᠦᠮᠵᠢ ᠶᠢᠨ ᠡᠵᠡᠯᠡᠬᠦ ᠬᠠᠷᠢᠴᠠᠯ 70%᠂ ᠲᠤᠬᠠᠶᠢᠯᠠᠪᠠᠯ᠄ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ | ᠬᠤᠪᠢ = [ ︵ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠰᠣᠶᠣᠯ ᠤᠨ ᠬᠤᠪᠢ÷ ᠰᠣᠶᠤᠯ ᠤᠨ ᠪᠦᠷᠢᠨ ᠬᠤᠪᠢ︶ ×70% + ︵ᠲᠤᠰᠬᠠᠢ ᠮᠡᠷᠭᠡᠵᠢᠯ | ᠤᠨ ᠬᠤᠪᠢ÷ ᠲᠤᠰᠬᠠᠢ ᠮᠡᠷᠭᠡᠵᠢᠯ ᠤᠨ ᠪᠦᠷᠢᠨ ᠬᠤᠪᠢ︶ × 70%] ×750᠂ ᠳ᠋ᠦᠩ ᠨᠢ ᠳᠥᠷᠪᠡ ᠶᠢ | ᠬᠠᠶᠠᠵᠤ ᠲᠠᠪᠤ ᠶᠢ ᠳᠡᠪᠰᠢᠭᠦᠯᠦᠨ ᠪᠥᠬᠦᠯᠢ ᠶᠢ ᠠᠪᠤᠨ᠎ᠠ᠃ | 3. ᠪᠡᠶ᠎ᠡ ᠶᠢᠨ ᠲᠠᠮᠢᠷ ᠤᠨ ᠲᠥᠷᠥᠯ | ᠰᠢᠯᠭᠠᠭᠤᠯᠤᠭᠰᠠᠳ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠤᠪᠢ᠂ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ | ᠬᠢᠷᠢ ᠪᠦᠲᠦᠮᠵᠢ ᠲᠤᠰ ᠲᠤᠰ ᠥᠪᠥᠷ ᠮᠣᠩᠭᠤᠯ ᠤᠨ ᠰᠤᠷᠤᠭᠴᠢ ᠡᠯᠰᠡᠬᠦ ᠬᠢᠵᠠᠭᠠᠷ ᠬᠤᠪᠢ ᠳᠤ ᠬᠦᠷᠦᠭᠰᠡᠨ | ᠤᠷᠢᠲᠠᠯ ᠳᠣᠣᠷ᠎ᠠ᠂ ᠰᠢᠯᠭᠠᠭᠤᠯᠤᠭᠴᠢ ᠶᠢᠨ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ | ᠪᠦᠲᠦᠮᠵᠢ ᠶᠢᠨ ᠵᠢᠭᠰᠠᠭᠠᠯᠲᠠ ᠶᠢ ᠦᠨᠳᠦᠰᠦᠯᠡᠨ ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠬᠤᠪᠢ ᠶᠢ | ᠲᠣᠭᠲᠠᠭᠠᠨ᠎ᠠ᠃ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠠᠳᠠᠯᠢ ᠦᠶ᠎ᠡ ᠳᠤ᠂ | ᠡᠩ ᠲᠡᠷᠢᠭᠦᠨ ᠳᠤ ᠰᠢᠯᠭᠠᠭᠤᠯᠤᠭᠴᠢ ᠶᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠤᠪᠢ ᠲᠠᠢ ᠠᠳᠠᠯᠢᠳᠬᠠᠵᠤ᠂ ᠮᠥᠨ ᠬᠦ ᠠᠳᠠᠯᠢ ᠪᠣᠯ᠂ | ᠡᠩ ᠤᠨ ᠲᠥᠷᠥᠯ ᠤᠨ ᠳᠦᠷᠢᠮ ᠶᠣᠰᠣᠭᠠᠷ ᠬᠡᠷᠡᠭᠵᠢᠭᠦᠯᠦᠨ᠎ᠡ᠃ | ︵ᠭᠤᠷᠪᠠ︶ ᠪᠤᠰᠤᠳ ᠵᠦᠢᠯ | 1. ᠡᠯᠰᠡᠬᠦ ᠶᠠᠪᠤᠴᠠ ᠳᠤ ᠪᠠ ᠡᠯᠰᠡᠵᠦ ᠳᠠᠭᠤᠰᠤᠭᠰᠠᠨ ᠤ ᠳᠠᠷᠠᠭ᠎ᠠ᠂ ᠡᠷᠡᠮᠡᠯᠵᠡᠯ ᠲᠠᠭᠯᠠᠬᠤ ᠳᠤ ᠪᠠᠨ | ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ | ᠰᠤᠷᠭᠠᠭᠤᠯᠢ ᠶᠢᠨ ᠤᠷᠢᠳᠴᠢᠯᠠᠨ ᠡᠯᠰᠡᠬᠦ ︵ᠡᠩ ᠤᠨ ᠲᠥᠷᠥᠯ︶ ᠪᠤᠶᠤ ᠵᠢᠩᠬᠢᠨᠢ ᠠᠩᠭᠢ ᠶᠢᠨ ᠡᠷᠡᠮᠡᠯᠵᠡᠯ | ᠲᠠᠭᠯᠠᠵᠤ ᠡᠯᠰᠡᠨ ᠠᠪᠬᠤ ᠶᠢ ᠲᠠᠶᠠᠭᠳᠠᠭᠰᠠᠨ ᠰᠢᠯᠭᠠᠭᠤᠯᠤᠭᠴᠢ ᠶᠢ ᠲᠤᠰ ᠵᠢᠯ ᠤᠨ ᠪᠥᠬᠦ ᠵᠢᠩᠬᠢᠨᠢ ᠠᠩᠭᠢ ᠶᠢᠨ | ᠡᠷᠡᠮᠡᠯᠵᠡᠯ ᠲᠠᠭᠯᠠᠵᠤ ᠡᠯᠰᠡᠨ ᠠᠪᠬᠤ ᠶᠢ ᠲᠠᠶᠠᠭᠳᠠᠭᠰᠠᠨ ᠢᠶᠠᠷ ᠦᠵᠡᠵᠦ᠂ ᠵᠥᠪᠬᠡᠨ ᠳᠡᠭᠡᠳᠦ ᠵᠡᠷᠭᠡ ᠶᠢᠨ ᠠᠵᠢᠯ | ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠡᠷᠡᠮᠡᠯᠵᠡᠯ ᠲᠠᠭᠯᠠᠬᠤ ᠪᠤᠶᠤ ᠡᠯᠧᠺᠲᠷᠣᠨ ᠳᠠᠩᠰᠠ | ᠡᠪᠬᠡᠮᠡᠯ ᠢ ᠣᠷᠣᠭᠤᠯᠵᠤ ᠡᠯᠰᠡᠨ ᠠᠪᠬᠤ ᠳᠤ ᠣᠷᠣᠯᠴᠠᠵᠤ ᠪᠣᠯᠤᠨ᠎ᠠ︔ ᠳᠡᠭᠡᠳᠦ ᠵᠡᠷᠭᠡ ᠶᠢᠨ ᠠᠵᠢᠯ ᠮᠡᠷᠭᠡᠵᠢᠯ | ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠤᠷᠢᠳᠴᠢᠯᠠᠨ ᠡᠯᠰᠡᠬᠦ ︵ᠤᠷᠠᠯᠢᠭ ᠤᠨ ᠲᠥᠷᠥᠯ᠂ ᠪᠡᠶ᠎ᠡ ᠶᠢᠨ | ᠲᠠᠮᠢᠷ ᠤᠨ ᠲᠥᠷᠥᠯ︶᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ | ᠡᠷᠡᠮᠡᠯᠵᠡᠯ ᠲᠠᠭᠯᠠᠵᠤ ᠡᠯᠰᠡᠨ ᠠᠪᠬᠤ ᠶᠢ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠰᠢᠯᠭᠠᠭᠤᠯᠤᠭᠴᠢ ᠪᠦᠬᠦᠨ ᠢ | ᠲᠤᠰ ᠵᠢᠯ ᠤᠨ ᠪᠥᠬᠦ ᠡᠷᠡᠮᠡᠯᠵᠡᠯ ᠲᠠᠭᠯᠠᠵᠤ ᠡᠯᠰᠡᠨ ᠠᠪᠬᠤ ᠶᠢ ᠲᠠᠶᠠᠭᠳᠠᠭᠰᠠᠨ ᠢᠶᠠᠷ ᠦᠵᠡᠨ᠎ᠡ᠃ | 2. ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠡᠯ᠎ᠡ ᠳᠡᠭᠡᠳᠦ ᠰᠤᠷᠭᠠᠭᠤᠯᠢ ᠣᠨᠴᠠᠭᠠᠢ | ᠡᠯᠧᠺᠲᠷᠣᠨ ᠳᠠᠩᠰᠠ ᠡᠪᠬᠡᠮᠡᠯ ᠢ ᠣᠷᠣᠭᠤᠯᠬᠤ ᠱᠠᠭᠠᠷᠳᠠᠯᠭ᠎ᠠ ᠲᠠᠢ ᠪᠣᠯ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃ | 3. ᠨᠢᠭᠡᠨᠲᠡ ᠡᠯᠰᠡᠭᠳᠡᠭᠰᠡᠨ ᠰᠢᠯᠭᠠᠭᠤᠯᠤᠭᠴᠢ ᠵᠠᠯᠭᠠᠭᠠᠳ ᠡᠷᠡᠮᠡᠯᠵᠡᠯ ᠲᠠᠭᠯᠠᠵᠤ ᠪᠣᠯᠬᠤ ᠦᠭᠡᠢ᠃ | ᠨᠠᠢᠮᠠ᠂ ᠪᠠᠲᠤᠯᠬᠠᠤ ᠠᠷᠭ᠎ᠠ ᠪᠣᠳᠤᠯᠭ᠎ᠠ | ︵ᠨᠢᠭᠡ︶ ᠤᠳᠤᠷᠢᠳᠴᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ | ᠡᠯᠰᠡᠬᠦ ᠪᠠ ᠡᠯᠰᠡᠨ ᠠᠪᠬᠤ ᠠᠵᠢᠯ ᠢ ︽ᠨᠢᠭᠡᠳᠦᠭᠡᠷ ᠬᠠᠷᠢᠭᠤᠴᠠᠯᠭᠠᠲᠠᠨ︾ ᠤ ᠢᠨᠵᠧᠨᠧᠷᠢᠩ ᠪᠣᠯᠤᠨ ᠠᠷᠠᠳ ᠤᠨ | ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠭᠠᠵᠤ᠂ ︽ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ | ᠬᠠᠮᠵᠢᠯᠴᠠᠬᠤ᠂ ᠱᠠᠲᠤ ᠬᠤᠪᠢᠶᠠᠨ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ︾ ᠵᠠᠷᠴᠢᠮ | ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠰᠤᠷᠤᠭᠴᠢ ᠡᠯᠰᠡᠬᠦ ᠵᠥᠪᠯᠡᠯ᠂ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠢᠯᠭᠠᠯᠲᠠ ᠪᠠᠷ ᠰᠤᠷᠤᠭᠴᠢ ᠡᠯᠰᠡᠬᠦ ᠪᠠᠶᠢᠭᠤᠯᠤᠮᠵᠢ᠂ | ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠪᠣᠯᠤᠨ ᠳᠤᠮᠳᠠᠳᠤ ᠰᠤᠷᠭᠠᠭᠤᠯᠢ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠵᠢᠯ ᠤᠨ ᠲᠥᠰᠦᠯ ᠲᠣᠭᠲᠠᠭᠠᠵᠤ᠂ ᠴᠢᠬᠤᠯᠠ ᠶᠡᠭᠡ ᠠᠰᠠᠭᠤᠳᠠᠯ ᠢ | ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ 2025 ᠣᠨ ᠤ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠤᠷᠤᠭᠴᠢ ᠡᠯᠰᠡᠬᠦ ᠪᠠ ᠡᠯᠰᠡᠨ ᠠᠪᠬᠤ ᠠᠵᠢᠯ ᠢ ᠲᠣᠭᠲᠠᠭᠤᠨ ᠪᠥᠭᠡᠳ ᠡᠮᠬᠢ ᠴᠡᠭᠴᠡ ᠲᠠᠢ ᠬᠡᠷᠡᠭᠵᠢᠭᠦᠯᠬᠦ ᠶᠢ | ᠪᠠᠲᠤᠯᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠠᠮᠤᠷ ᠲᠦᠪᠰᠢᠨ ᠤ | ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠰᠢᠯᠭᠠᠯᠲᠠ ᠶᠢᠨ ᠰᠡᠳᠦᠪ ᠭᠠᠷᠭᠠᠬᠤ᠂ ᠰᠢᠯᠭᠠᠯᠲᠠ ᠶᠢᠨ ᠰᠡᠳᠦᠪ ᠢ | ᠳᠣᠭᠲᠠᠭᠠᠬᠤ᠂ ᠰᠢᠯᠭᠠᠯᠲᠠ ᠶᠢ ᠵᠣᠬᠢᠶᠠᠨ ᠪᠠᠶᠢᠭᠤᠯᠬᠤ᠂ ᠰᠤᠷᠤᠭᠴᠢ ᠡᠯᠰᠡᠬᠦ ᠵᠡᠷᠭᠡ ᠪᠦᠬᠦ ᠶᠠᠪᠤᠴᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠵᠣᠬᠢᠰᠲᠠᠢ ᠰᠣᠷᠢᠯᠲᠠ ᠬᠢᠬᠦ ᠠᠵᠢᠯ ᠢ ᠰᠠᠶᠢᠲᠤᠷ ᠬᠢᠵᠦ᠂ ᠰᠢᠯᠭᠠᠭᠤᠯᠤᠭᠰᠠᠳ ᠲᠤ ᠥᠭᠡᠷᠡᠴᠢᠯᠡᠯᠲᠡ ᠶᠢᠨ | ᠠᠭᠤᠯᠭ᠎ᠠ ᠶᠢᠨ ᠬᠤᠪᠢᠷᠠᠯᠲᠠ ᠶᠢ ᠭᠦᠨᠵᠡᠭᠡᠢ ᠣᠶᠢᠯᠠᠭᠠᠭᠤᠯᠵᠤ᠂ ᠲᠦᠷᠭᠡᠨ ᠵᠣᠬᠢᠴᠠᠭᠤᠯᠤᠨ᠎ᠠ᠃ ᠴᠠᠭ ᠲᠤᠬᠠᠢ ᠳᠤ ᠨᠢ | ᠠᠯᠬᠤᠮ ᠳᠠᠷᠠᠭ᠎ᠠ ᠶᠢ ᠲᠡᠭᠦᠯᠳᠡᠷᠵᠢᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠰᠢᠯᠭᠠᠵᠤ ᠡᠯᠰᠡᠬᠦ ᠡᠩᠨᠡᠭᠡ ᠶᠢᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ | ᠵᠠᠩᠭᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠴᠢᠩᠭᠠᠷᠠᠭᠤᠯᠵᠤ᠂ ᠡᠩ ᠤᠨ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠢ᠃ | ︵ᠭᠤᠷᠪᠠ︶ ᠤᠠᠬᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠡᠯ᠎ᠡ ᠶᠡᠭᠡ ᠳᠡᠭᠡᠳᠦ ᠰᠤᠷᠭᠠᠭᠤᠯᠢ ᠥᠭᠡᠷᠡᠴᠢᠯᠡᠯᠲᠡ ᠶᠢᠨ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠪ ᠤᠨ ᠠᠵᠢᠯ ᠤᠨ | ᠲᠣᠭᠤᠷᠢᠨ ᠳᠤ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ | ᠴᠢᠩᠭᠠᠷᠠᠭᠤᠯᠵᠤ᠂ ᠰᠤᠷᠤᠯᠴᠠᠯᠭ᠎ᠠ ᠪᠣᠯᠪᠠᠰᠤᠷᠠᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠦᠪᠯᠡᠯᠭᠡ ᠥᠭᠬᠦ | ᠦᠢᠯᠡᠴᠢᠯᠡᠭᠡ ᠶᠢ ᠣᠯᠠᠨ ᠠᠷᠭ᠎ᠠ ᠵᠠᠮ ᠢᠶᠠᠷ ᠥᠷᠨᠢᠭᠦᠯᠦᠨ᠂ ᠰᠢᠯᠭᠠᠭᠤᠯᠤᠭᠴᠢ ᠪᠠ ᠭᠡᠷ ᠤᠨ ᠠᠬᠠᠮᠠᠳ ᠲᠤ | ᠰᠢᠯᠭᠠᠯᠲᠠ ᠪᠠᠷ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠦᠨᠡᠨ ᠬᠦ ᠣᠶᠢᠯᠠᠭᠠᠭᠤᠯᠬᠤ | ᠬᠡᠷᠡᠭᠲᠡᠢ᠃ ᠰᠢᠯᠭᠠᠯᠲᠠ ᠪᠠᠷ ᠰᠤᠷᠤᠭᠴᠢ ᠡᠯᠰᠡᠬᠦ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠵᠦ᠂ | ᠠᠵᠢᠯ ᠤᠨ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠵᠤ ᠬᠥᠲᠥᠯᠥᠨ | ᠵᠢᠯᠣᠭᠤᠳᠬᠤ ᠶᠢ ᠴᠢᠩᠭᠠᠳᠬᠠᠨ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤ ᠨᠢ ᠬᠠᠷᠢᠭᠤᠯᠵᠤ᠂ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠪᠠ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ | ︵ᠳᠥᠷᠪᠡ︶ ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠤᠨ ᠰᠤᠷᠤᠭᠴᠢ ᠡᠯᠰᠡᠬᠦ ᠡᠯ᠎ᠡ ᠶᠡᠭᠡ ᠳᠡᠭᠡᠳᠦ ᠰᠤᠷᠭᠠᠭᠤᠯᠢ ᠵᠠᠷᠤᠳᠠᠯ ᠤᠨ ᠪᠡᠯᠡ | ᠣᠷᠣᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠪᠡᠯᠡᠳᠬᠡᠮᠵᠢ ᠲᠥᠬᠦᠭᠡᠷᠦᠮᠵᠢ ᠶᠢᠨ ᠲᠡᠭᠦᠯᠳᠡᠷᠵᠢᠯᠲᠡ ᠵᠡᠷᠭᠡ | ᠲᠠᠯ᠎ᠠ ᠶᠢᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠰᠢᠯᠭᠠᠯᠲᠠ ᠪᠠᠷ ᠰᠤᠷᠤᠭᠴᠢ ᠡᠯᠰᠡᠬᠦ | ᠪᠠᠶᠢᠭᠤᠯᠤᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ | ᠤᠢᠭᠡᠢ ᠳᠡᠭᠡᠭᠰᠢᠯᠡᠭᠦᠯᠵᠦ᠂ ᠭᠠᠳᠠᠭᠠᠳᠤ ᠬᠡᠯᠡᠨ ᠤ ᠰᠣᠨᠣᠰᠬᠤ ᠰᠢᠯᠭᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢᠨ | ᠪᠠᠲᠤᠯᠠᠭ᠎ᠠ ᠪᠠ ᠰᠢᠯᠭᠠᠯᠲᠠ ᠶᠢᠨ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠣᠭᠲᠠᠯᠴᠠᠭᠠᠨ ᠤ | ᠪᠠᠶᠢᠭᠤᠯᠤᠯᠲᠠ ᠵᠡᠷᠭᠡ ᠠᠵᠢᠯ ᠢ ᠦᠨᠡᠨ ᠬᠦ ᠴᠢᠩᠭᠠᠷᠠᠭᠤᠯᠤᠨ᠂ ᠮᠡᠷᠭᠡᠵᠢᠯ ᠤᠨ ᠳᠡᠮᠵᠢᠯᠭᠡ ᠶᠢᠨ ᠦᠢᠯᠡᠴᠢᠯᠡᠭᠡ ᠶᠢ | ᠰᠠᠶᠢᠲᠤᠷ ᠬᠢᠵᠦ᠂ ᠰᠢᠯᠭᠠᠯᠲᠠ ᠪᠠᠷ ᠰᠤᠷᠤᠭᠴᠢ ᠡᠯᠰᠡᠬᠦ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ | ᠰᠢᠰᠲ᠋ᠧᠮ ᠤᠨ ᠠᠮᠤᠷ ᠲᠣᠭᠲᠠᠭᠤᠨ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠤᠰ ᠲᠥᠰᠦᠯ ᠨᠢ 2025 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠠᠮᠤᠷ ᠤᠨ | ᠤᠯᠠᠷᠢᠯ ᠤᠨ ᠨᠢᠭᠡᠳᠦᠯᠲᠡᠢ ᠰᠢᠯᠭᠠᠯᠲᠠ ︵ᠪᠠᠭᠠᠴᠤᠳ ᠤᠨ ᠠᠩᠭᠢ᠂ ᠣᠨᠴᠠᠭᠠᠢ ᠣᠷᠦ᠋ᠢᠯᠠᠭᠰᠠᠨ ᠴᠢᠳᠠᠪᠤᠷᠢᠲᠠᠨ ᠢ | ᠰᠣᠩᠭᠤᠬᠤ ᠲᠤᠷᠰᠢᠯᠲᠠ ᠶᠢᠨ ᠴᠡᠭ ᠢ ᠪᠠᠭᠲᠠᠭᠠᠨ᠎ᠠ︶ ᠳᠤ ᠲᠣᠬᠢᠷᠠᠨ᠎ᠠ᠃ ᠡᠯ᠎ᠡ ᠡᠩ ᠤᠨ ᠳᠡᠭᠡᠳᠦ ᠰᠤᠷᠭᠠᠭᠤᠯᠢ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠠᠵᠢᠯ ᠲᠥᠷᠦᠯ ᠢᠶᠠᠷ ᠡᠯᠰᠡᠬᠦ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠤᠰᠠᠭᠠᠷ ᠰᠢᠯᠭᠠᠯᠲᠠ ᠪᠠᠷ ᠰᠤᠷᠤᠭᠴᠢ ᠡᠯᠰᠡᠬᠦ ᠬᠠᠮᠢᠶ᠎ᠠ ᠪᠦᠬᠦᠢ | ᠲᠣᠭᠲᠠᠭᠠᠯ ᠤᠨ ᠪᠢᠴᠢᠭ ᠮᠠᠲ᠋ᠧᠷᠢᠶᠠᠯ ᠢ ᠠᠰ ᠲᠤ ᠨᠢ ᠨᠡᠶᠢᠲᠡᠯᠡᠨ᠎ᠡ᠃ ᠲᠤᠰ ᠲᠥᠰᠦᠯ ᠤᠨ ᠪᠡᠶᠡᠯᠡᠭᠦᠯᠦᠭᠡᠳᠦᠢ | ᠵᠦᠢᠯ ᠢ ᠰᠤᠷᠭᠠᠨ ᠬᠥᠮᠦᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | | |