2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠶᠢ ᠪᠠᠭᠰᠢ ᠰᠤᠷᠤᠭᠴᠢ ᠭᠡᠷ ᠤᠨ ᠠᠬᠠᠮᠠᠳ ᠲᠤ ᠳᠠᠮᠵᠢᠭᠤᠯᠬᠤ ᠨᠢ ①
ᠨᠡᠶᠢᠲᠡᠯᠡᠭᠰᠡᠨ ᠴᠠᠭ᠄
2025/1/24
      ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ ᠤᠬᠠᠭᠠᠨᠴᠢ ᠪᠠᠷ ᠨᠢᠳᠦ  ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃      01᠄ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ᠄ ᠡᠷᠲᠡ ᠪᠠᠶᠢᠴᠠᠭᠠᠵᠤ᠂ ᠡᠷᠲᠡ ᠰᠡᠷᠭᠡᠶᠢᠯᠡᠬᠦ

1.png

      1. ᠶᠠᠭᠠᠬᠢᠭᠠᠳ ᠡᠪᠦᠯ ᠤᠨ ᠠᠮᠠᠷᠠᠯᠲᠠ ᠶᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ

ᠴᠠᠭ ᠭᠡᠬᠦ ᠪᠤᠢ︖

      ᠬᠠᠷᠢᠭᠤᠯᠲᠠ᠄ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠴᠠᠭᠠᠨ ᠰᠠᠷ᠎ᠠ ᠬᠡᠦᠬᠡᠳ ᠵᠠᠯᠠᠭᠤᠴᠤᠳ

ᠪᠠᠭᠠᠴᠤᠳ ᠭᠡᠷ ᠤᠨ ᠠᠬᠠᠮᠠᠳ ᠢᠶᠠᠨ ᠳᠠᠭᠠᠵᠤ ᠲᠥᠷᠥᠯ ᠰᠠᠳᠤᠨ ᠢᠶᠠᠨ ᠡᠷᠭᠢᠨ ᠦᠵᠡᠵᠦ᠂ ᠰᠠᠳᠤᠨ

ᠲᠥᠷᠦᠯ ᠢᠶᠠᠷ ᠢᠶᠠᠨ ᠴᠤᠭᠯᠠᠷᠠᠳᠠᠭ᠂ ᠡᠭᠦᠨ ᠤ ᠤᠯᠠᠮ ᠠᠴᠠ ᠭᠡᠷ ᠤᠨ ᠭᠠᠳᠠᠨᠠᠬᠢ ᠬᠥᠳᠡᠯᠭᠡᠭᠡᠨ ᠠᠶᠠᠨᠳᠠᠭᠠᠨ

ᠪᠠᠭᠠᠰᠴᠤ᠂ ᠬᠤᠯᠠ ᠶᠢ ᠬᠠᠷᠠᠬᠤ ᠲᠣᠬᠢᠶᠠᠯ ᠤᠷᠲᠤ ᠬᠤᠭᠤᠴᠠᠭ᠎ᠠ ᠪᠠᠷ ᠪᠠᠭᠠᠰᠤᠨ᠂ ᠤᠨᠲᠠᠵᠤ ᠠᠮᠠᠷᠠᠬᠤ ᠪᠠ ᠢᠳᠡᠵᠦ

ᠤᠤᠭᠤᠬᠤ ᠡᠮᠬᠢ ᠵᠢᠷᠤᠮ ᠦᠭᠡᠢ ᠪᠣᠯᠬᠤ ᠪᠠᠶᠢᠳᠠᠯ ᠠᠮᠠᠷᠬᠠᠨ ᠡᠭᠦᠰᠳᠡᠭ᠃ ᠣᠯᠠᠨ ᠵᠢᠯ ᠤᠨ ᠣᠶᠢᠷ᠎ᠠ ᠬᠠᠷᠠᠭ᠎ᠠ ᠶᠢ

ᠰᠡᠷᠭᠡᠶᠢᠯᠡᠨ ᠡᠵᠡᠮᠳᠡᠭᠰᠡᠨ ᠦᠢᠯᠡᠳᠦᠯᠭᠡ ᠠᠴᠠ ᠦᠵᠡᠪᠡᠯ᠂ ᠴᠥᠭᠡᠨ ᠪᠤᠰᠤ ᠬᠡᠦᠬᠡᠳ ᠵᠠᠯᠠᠭᠤᠴᠤᠳ ᠪᠠᠭᠠᠴᠤᠳ

ᠡᠪᠦᠯ ᠤᠨ ᠠᠮᠠᠷᠠᠯᠲᠠ ᠳᠤ ᠣᠶᠢᠷ᠎ᠠ ᠬᠠᠷᠠᠭ᠎ᠠ ᠲᠠᠢ ᠪᠣᠯᠤᠭᠰᠠᠨ ᠪᠤᠶᠤ ᠣᠶᠢᠷ᠎ᠠ ᠬᠠᠷᠠᠭ᠎ᠠ ᠨᠢ ᠤᠯᠠᠮ ᠬᠦᠨᠳᠦᠷᠡᠭᠰᠡᠨ

ᠪᠠᠶᠢᠳᠠᠭ᠃ ᠡᠶᠢᠮᠦ ᠠᠴᠠ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨᠴᠢ ᠪᠠᠷ ᠬᠡᠦᠬᠡᠳ

ᠬᠥᠮᠥᠵᠢᠭᠦᠯᠬᠦ ᠣᠶᠢᠯᠠᠭᠠᠭᠳᠠᠬᠤᠨ ᠢ ᠪᠦᠷᠢᠯᠳᠦᠭᠦᠯᠵᠦ᠂ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ

ᠵᠢᠯᠣᠭᠤᠳᠴᠤ ᠠᠮᠠᠷᠠᠯᠲᠠ ᠶᠢᠨ ᠬᠤᠭᠤᠴᠠᠭᠠᠨ  ᠤ ᠠᠮᠢᠳᠤᠷᠠᠯ ᠢ ᠨᠢ ᠵᠣᠬᠢᠰᠲᠠᠢ ᠲᠥᠯᠦᠪᠵᠢᠭᠦᠯᠦᠨ᠂ ᠭᠡᠷ ᠤᠨ

ᠭᠠᠳᠠᠨᠠᠬᠢ ᠬᠥᠳᠡᠯᠭᠡᠭᠡᠨ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠭᠡᠷ ᠤᠨ ᠠᠵᠢᠯ᠂ ᠨᠡᠶᠢᠭᠡᠮ ᠤᠨ ᠦᠢᠯᠡᠳᠦᠯᠭᠡ᠂

ᠰᠠᠶᠢᠨ ᠳᠤᠷ᠎ᠠ ᠶᠢᠨ ᠦᠢᠯᠡᠴᠢᠯᠡᠭᠡ᠂ ᠭᠠᠳᠠᠭᠰᠢ ᠭᠠᠷᠴᠤ ᠵᠢᠭᠤᠯᠴᠢᠯᠠᠬᠤ ᠵᠡᠷᠭᠡ ᠳᠤ ᠢᠳᠡᠪᠬᠢᠲᠡᠢ ᠣᠷᠣᠯᠴᠠᠭᠤᠯᠵᠤ᠂

ᠡᠯᠧᠺᠲᠷᠣᠨ ᠦᠢᠯᠡᠳᠬᠦᠨ ᠬᠡᠷᠡᠭᠯᠡᠬᠦ ᠶᠢ ᠤᠬᠠᠮᠰᠠᠷ ᠠᠴᠠ ᠪᠠᠨ ᠰᠢᠨᠵᠢᠯᠡᠬᠦ ᠤᠬᠠᠭᠠᠨᠴᠢ  ᠪᠠᠷ ᠬᠠᠮᠢᠶᠠᠷᠴᠤ ᠡᠵᠡᠮᠳᠡᠬᠦ

ᠬᠡᠷᠡᠭᠲᠡᠢ᠃

      2. ᠡᠪᠦᠯ ᠤᠨ ᠠᠮᠠᠷᠠᠯᠲᠠ ᠳᠤ ᠬᠠᠷᠠᠭ᠎ᠠ ᠪᠠᠶᠢᠴᠠᠭᠠᠬᠤ ᠬᠡᠷᠡᠭᠲᠡᠢ ᠦᠦ︖

      ᠬᠠᠷᠢᠭᠤᠯᠲᠠ᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠷᠡᠯ ᠤᠨ ᠨᠤᠭᠤᠷᠠᠯᠲᠠ ᠶᠢᠨ

ᠪᠤᠶᠢᠵᠢᠯᠲᠠ ᠶᠠᠭ ᠰᠠᠶᠢᠬᠠᠨ ᠰᠡᠷᠭᠡᠭ ᠬᠤᠭᠤᠴᠠᠭᠠᠨ ᠳᠤ ᠪᠠᠶᠢᠵᠤ᠂ ᠲᠣᠭᠲᠠᠮᠠᠯ ᠬᠤᠭᠤᠴᠠᠭ᠎ᠠ ᠲᠠᠢ ᠬᠠᠷᠠᠭ᠎ᠠ ᠪᠠ

ᠭᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠬᠡᠦᠬᠡᠳ ᠤᠨ ᠬᠤᠯᠠ ᠬᠠᠷᠠᠭ᠎ᠠ ᠶᠢᠨ

ᠨᠥᠭᠡᠴᠡ ᠶᠢᠨ ᠬᠡᠮᠵᠢᠶ᠎ᠡ ᠪᠤᠶᠤ ᠣᠶᠢᠷ᠎ᠠ ᠬᠠᠷᠠᠭᠠᠨ ᠤ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠭᠡᠷ ᠤᠨ

ᠠᠬᠠᠮᠠᠳ ᠬᠡᠦᠬᠡᠳ ᠤᠨ ᠨᠢᠳᠦᠨ ᠤ ᠡᠷᠡᠭᠦᠯ ᠮᠡᠨᠳᠦ ᠶᠢ ᠰᠠᠨᠠᠭᠠᠴᠢᠯᠠᠭ᠎ᠠ ᠠᠴᠠ ᠪᠠᠨ ᠠᠩᠬᠠᠷᠴᠤ᠂ ᠬᠡᠦᠬᠡᠳ ᠶᠠᠭᠤᠮ᠎ᠠ

ᠬᠠᠷᠠᠬᠤ ᠳᠤ ᠪᠠᠨ ᠨᠢᠳᠦ ᠪᠠᠨ ᠰᠡᠶᠢᠮᠡᠶᠢᠯᠭᠡᠬᠦ᠂ ᠬᠥᠮᠥᠰᠬᠡ ᠪᠠᠨ ᠠᠲᠤᠷᠢᠭᠤᠯᠬᠤ᠂ ᠲᠣᠯᠣᠭᠠᠢ ᠪᠠᠨ ᠭᠢᠯᠵᠢᠢᠯᠭᠡᠬᠦ᠂

ᠬᠠᠷᠠᠭ᠎ᠠ ᠮᠠᠭᠤᠲᠠᠬᠤ ᠵᠡᠷᠭᠡ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ᠂ ᠳᠠᠷᠤᠢ ᠳᠤ ᠨᠢ ᠬᠡᠦᠬᠡᠳ ᠢᠶᠠᠨ

ᠳᠠᠭᠠᠭᠤᠯᠤᠨ ᠵᠢᠩᠬᠢᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠬᠤ ᠪᠤᠶᠤ

ᠵᠠᠯᠠᠷᠠᠭᠤᠯᠤᠨ ᠵᠠᠰᠠᠵᠤ᠂ ᠡᠷᠲᠡ ᠪᠠᠶᠢᠴᠠᠭᠠᠯᠭᠠᠬᠤ᠂ ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠬᠠᠮᠢᠶᠠᠷᠬᠤ᠂

ᠡᠷᠲᠡ ᠵᠠᠰᠠᠬᠤ ᠶᠢ ᠪᠡᠶᠡᠯᠡᠭᠦᠯᠵᠦ᠂ ᠣᠶᠢᠷ᠎ᠠ ᠬᠠᠷᠠᠭ᠎ᠠ ᠶᠢᠨ ᠡᠭᠦᠰᠴᠦ ᠬᠥᠭᠵᠢᠬᠦ ᠶᠢ ᠬᠢᠵᠠᠭᠠᠷᠯᠠᠬᠤ ᠬᠡᠷᠡᠭᠲᠡᠢ᠃

       

2.png

      3. ᠶᠠᠭᠠᠬᠢᠭᠠᠳ ᠬᠡᠦᠬᠡᠳ ᠤᠨ ᠬᠤᠯᠠ ᠬᠠᠷᠠᠭ᠎ᠠ ᠶᠢᠨ ᠨᠥᠭᠡᠴᠡ ᠶᠢ ᠠᠩᠬᠠᠷᠬᠤ ᠬᠡᠷᠡᠭᠲᠡᠢ ᠪᠤᠢ︖

      ᠬᠠᠷᠢᠭᠤᠯᠲᠠ᠄ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠣᠯᠠᠨ ᠵᠤᠷᠪᠤᠰ ᠤᠨ ᠳᠣᠲᠤᠷ᠎ᠠ ᠤᠷᠢᠳᠴᠢᠯᠠᠨ

ᠰᠡᠷᠭᠡᠶᠢᠯᠡᠬᠦ ᠪᠠᠷ ᠭᠤᠣᠯ ᠪᠣᠯᠭᠠᠬᠤ ᠪᠣᠯ ᠨᠢᠭᠡᠳᠦᠭᠡᠷ ᠵᠦᠢᠯ᠃ ᠬᠤᠯᠠ ᠬᠠᠷᠠᠭ᠎ᠠ ᠶᠢᠨ ᠨᠥᠭᠡᠴᠡ ᠶᠢᠨ ᠬᠡᠮᠵᠢᠶ᠎ᠡ ᠪᠣᠯ

ᠭᠡᠷᠡᠯ ᠤᠨ ᠨᠤᠭᠤᠷᠠᠯᠲᠠ ᠶᠢᠨ ᠭᠡᠮᠵᠢᠶ᠎ᠡ ᠶᠢᠨ ᠶᠡᠭᠡ ᠪᠠᠭ᠎ᠠ ᠶᠢ ᠰᠢᠯᠭᠠᠬᠤ ᠴᠢᠬᠤᠯᠠ ᠭᠦᠢᠴᠡᠳᠭᠡᠯ ᠲᠤᠭ᠎ᠠ ᠪᠣᠯᠤᠨ᠎ᠠ᠂

ᠬᠡᠲᠦᠷᠬᠡᠢ ᠡᠷᠲᠡ ᠬᠡᠲᠦᠷᠬᠡᠢ ᠣᠶᠢᠷ᠎ᠠ ᠵᠠᠢ ᠳᠤ ᠨᠢᠳᠦ ᠬᠡᠷᠡᠭᠯᠡᠭᠰᠡᠨ ᠠᠴᠠ ᠪᠣᠯᠵᠤ᠂ ᠵᠠᠷᠢᠮ ᠬᠡᠦᠬᠡᠳ ᠪᠠᠭᠠᠴᠤᠳ 6

ᠨᠠᠰᠤᠨ ᠠᠴᠠ ᠡᠮᠦᠨ᠎ᠡ ᠨᠢᠭᠡᠨᠲᠡ ᠬᠤᠯᠠ ᠬᠠᠷᠠᠭ᠎ᠠ ᠶᠢᠨ ᠨᠥᠭᠡᠴᠡ ᠶᠢ ᠵᠠᠷᠤᠴᠠᠭᠤᠯᠤᠨ᠂ ᠪᠠᠭ᠎ᠠ ᠰᠤᠷᠭᠠᠭᠤᠯᠢ ᠶᠢᠨ

ᠱᠠᠲᠤᠨ ᠳᠤ ᠠᠮᠠᠷᠬᠠᠨ ᠣᠶᠢᠷ᠎ᠠ ᠬᠠᠷᠠᠭ᠎ᠠ ᠲᠠᠢ ᠪᠣᠯᠳᠠᠭ᠃ ᠬᠡᠪ ᠤᠨ ᠪᠠᠶᠢᠳᠠᠯ ᠳᠤ᠂ 6 ᠨᠠᠰᠤᠲᠠᠢ ᠬᠡᠦᠬᠡᠳ          

1.0 - 1.5D ᠬᠤᠯᠠ ᠬᠠᠷᠠᠭ᠎ᠠ ᠶᠢᠨ ᠨᠥᠭᠡᠴᠡ ᠲᠠᠢ ᠪᠠᠶᠢᠬᠤ ᠬᠡᠷᠡᠭᠲᠡᠢ᠃ ᠬᠤᠯᠠ ᠬᠠᠷᠠᠭ᠎ᠠ ᠶᠢᠨ ᠨᠥᠭᠡᠴᠡ ᠶᠢ

ᠦᠨᠡᠨ ᠬᠦ ᠰᠠᠶᠢᠲᠤᠷ ᠬᠠᠮᠠᠭᠠᠯᠠᠵᠤ᠂ ᠬᠡᠳᠦ ᠡᠷᠲᠡ ᠪᠤᠶᠤ ᠬᠡᠳᠦ ᠵᠠᠷᠤᠴᠠᠭᠤᠯᠬᠤ ᠠᠴᠠ ᠵᠠᠶᠢᠯᠠᠰᠬᠢᠵᠦ᠂ ᠣᠶᠢᠷ᠎ᠠ

ᠬᠠᠷᠠᠭ᠎ᠠ ᠡᠭᠦᠰᠬᠦ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠭᠡᠷ ᠤᠨ ᠠᠬᠠᠮᠠᠳ  ᠡᠪᠦᠯ ᠤᠨ ᠠᠮᠠᠷᠠᠯᠲᠠ ᠶᠢᠨ

ᠬᠤᠭᠤᠴᠠᠭᠠᠨ ᠳᠤ ᠬᠡᠦᠬᠡᠳ ᠢᠶᠠᠨ ᠳᠠᠭᠠᠭᠤᠯᠤᠨ ᠭᠠᠳᠠᠨ᠎ᠠ ᠢᠯᠡᠭᠦᠬᠡᠨ ᠬᠥᠳᠡᠯᠭᠡᠭᠡᠨ ᠬᠢᠵᠦ᠂ ᠬᠡᠦᠬᠡᠳ ᠤᠨ ᠣᠶᠢᠷ᠎ᠠ

ᠵᠠᠢ  ᠳᠤ ᠨᠢᠳᠦ ᠬᠡᠷᠡᠭᠯᠡᠬᠦ ᠶᠢ ᠪᠠᠭᠠᠰᠬᠠᠨ᠂ ᠬᠡᠦᠬᠡᠳ ᠤᠨ ᠬᠤᠯᠠ ᠬᠠᠷᠠᠭ᠎ᠠ ᠶᠢᠨ ᠨᠥᠭᠡᠴᠡ ᠶᠢ ᠪᠦᠲᠦᠮᠵᠢᠲᠡᠢ

ᠬᠠᠮᠠᠭᠠᠯᠠᠬᠤ ᠬᠡᠷᠡᠭᠲᠡᠢ᠃

 

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号