ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ | ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ | ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ | ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ | 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ | ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ ᠭᠡᠷ ᠤᠨ | ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | | | 04 ᠬᠢᠴᠢᠶᠡᠯ ᠤᠨ ᠭᠠᠳᠠᠨᠠᠬᠢ ᠤᠩᠰᠢᠯᠭ᠎ᠠ᠄ ᠲᠥᠪ ᠰᠠᠭᠤᠵᠤ᠂ ᠭᠡᠷᠡᠯᠲᠦᠭᠦᠯᠭᠡ ᠬᠠᠩᠭᠠᠮᠵᠢᠲᠠᠢ ᠪᠠᠶᠢᠬᠤ | 9. ᠤᠷᠲᠤ ᠬᠤᠭᠤᠴᠠᠭ᠎ᠠ ᠪᠠᠷ ᠨᠣᠮ ᠤᠩᠰᠢᠪᠠᠯ ᠬᠠᠷᠠᠭ᠎ᠠ ᠮᠠᠭᠤᠲᠠᠨ᠎ᠠ ᠤᠤ︖ | ᠬᠠᠷᠢᠭᠤᠯᠲᠠ᠄ ᠡᠯᠧᠺᠲᠷᠣᠨ ᠳᠡᠯᠭᠡᠴᠡ ᠦᠵᠡᠬᠦ ᠲᠠᠢ ᠬᠠᠷᠢᠴᠠᠭᠤᠯᠪᠠᠯ᠂ ᠨᠣᠮ ᠣᠩᠰᠢᠬᠤ ᠨᠢ ᠬᠠᠷᠠᠭ᠎ᠠ ᠶᠢ | ᠮᠠᠭᠤᠲᠠᠭᠤᠯᠬᠤ ᠪᠠᠷ ᠬᠠᠷᠢᠴᠠᠩᠭᠤᠢ ᠪᠠᠭ᠎ᠠ ᠪᠠᠶᠢᠳᠠᠭ᠃ ᠭᠡᠪᠡᠴᠦ ᠲᠥᠪ ᠰᠠᠭᠤᠬᠤ ᠦᠭᠡᠢ᠂ ᠣᠶᠢᠷ᠎ᠠ ᠵᠠᠢ ᠳᠤ ᠬᠡᠲᠦ | ᠤᠷᠲᠤ ᠴᠠᠭ ᠨᠢᠳᠦ ᠬᠡᠷᠡᠭᠯᠡᠪᠡᠯ ᠨᠢᠳᠦ ᠶᠠᠳᠠᠷᠠᠬᠤ ᠪᠣᠯᠤᠨ᠎ᠠ᠃ ᠨᠣᠮ ᠤᠩᠰᠢᠬᠤ ᠳᠤ ᠴᠠᠭ ᠢᠶᠠᠨ ᠲᠣᠬᠢᠷᠠᠮᠵᠢᠲᠠᠢ | ᠲᠣᠬᠢᠷᠠᠭᠤᠯᠬᠤ ᠶᠢ ᠠᠩᠬᠠᠷᠴᠤ᠂ ᠦᠷᠭᠦᠯᠵᠢᠯᠡᠨ ᠨᠢᠳᠦ ᠬᠡᠷᠡᠭᠯᠡᠬᠦ ᠴᠠᠭ ᠢ ᠬᠠᠮᠤᠭ ᠤᠨ ᠤᠷᠲᠤ ᠳᠤ ᠪᠠᠨ 40 | ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃ ᠨᠠᠰᠤ ᠨᠢ ᠬᠡᠳᠦᠢ ᠪᠠᠭ᠎ᠠ ᠪᠣᠯ ᠦᠷᠭᠦᠯᠵᠢᠯᠡᠨ ᠨᠢᠳᠦ ᠬᠡᠷᠡᠭᠯᠡᠬᠦ ᠴᠠᠭ | ᠬᠡᠳᠦᠢ ᠣᠬᠤᠷ ᠪᠠᠶᠢᠬᠤ ᠬᠡᠷᠡᠭᠲᠡᠢ᠃ | | | | | | | 10. ᠡᠪᠦᠯ ᠤᠨ ᠠᠮᠠᠷᠠᠯᠲᠠ ᠳᠤ ᠭᠡᠷ ᠲᠤ ᠪᠠᠨ ᠨᠣᠮ ᠤᠩᠰᠢᠬᠤ ᠳᠤ ᠶᠠᠭᠠᠬᠢᠵᠤ ᠰᠠᠭᠤᠪᠠᠯ | ᠳᠠᠭᠠᠷᠠᠬᠤ ᠪᠤᠢ︖ | ᠬᠠᠷᠢᠭᠤᠯᠲᠠ᠄ ᠰᠠᠭᠤᠬᠤ ᠬᠡᠯᠪᠡᠷᠢ ᠵᠥᠪ ᠪᠣᠯ ᠣᠶᠢᠷ᠎ᠠ ᠬᠠᠷᠠᠭ᠎ᠠ ᠲᠠᠢ ᠪᠣᠯᠬᠤ ᠪᠤᠶᠤ ᠣᠶᠢᠷ᠎ᠠ ᠬᠠᠷᠠᠭ᠎ᠠ | ᠬᠦᠨᠳᠦᠷᠡᠬᠦ ᠶᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ᠃ ᠪᠢᠴᠢᠬᠦ ᠪᠤᠶᠤ ᠤᠩᠰᠢᠬᠤ ᠳᠤ ᠨᠢᠳᠦᠨ ᠤ ᠵᠠᠢ ᠵᠣᠬᠢᠰᠲᠠᠢ᠂ | ᠲᠣᠯᠣᠭᠠᠢ ᠢᠶᠠᠨ ᠳᠡᠭᠰᠢᠭᠡᠨ ᠪᠠᠶᠢᠯᠭᠠᠵᠤ᠂ ︽ᠨᠢᠭᠡ ᠲᠣᠬᠤᠢ ᠨᠢᠭᠡ ᠨᠢᠳᠤᠷᠭ᠎ᠠ ᠨᠢᠭᠡ ᠢᠮᠠᠬᠤ︾ ᠶᠢ ᠪᠠᠷᠢᠮᠲᠠᠯᠠᠬᠤ | ᠬᠡᠷᠡᠭᠲᠡᠢ᠂ ᠳᠠᠷᠤᠢ ᠨᠢᠳᠦ ᠨᠣᠮ ᠠᠴᠠ ᠨᠢᠭᠡ ᠲᠣᠬᠤᠢ ︵ᠪᠠᠷᠤᠭ 33 ᠰᠡᠨᠲ᠋ᠢᠮᠧᠲᠷ︶ ᠵᠠᠶᠢᠲᠠᠢ᠂ ᠴᠡᠭᠡᠵᠢ | ᠰᠢᠷᠡᠭᠡᠨ ᠤ ᠢᠷᠮᠡᠭ ᠠᠴᠠ ᠨᠢᠭᠡ ᠨᠢᠳᠤᠷᠭ᠎ᠠ ︵ᠪᠠᠷᠤᠭ 10 ᠰᠡᠨᠲ᠋ᠢᠮᠧᠲᠷ︶ ᠵᠠᠶᠢᠲᠠᠢ᠂ ᠪᠢᠷ ᠠᠳᠬᠤᠬᠤ ᠬᠤᠷᠤᠭᠤ | ᠪᠢᠷ ᠤᠨ ᠦᠵᠦᠭᠦᠷ ᠠᠴᠠ ᠨᠢᠭᠡ ᠢᠮᠠᠬᠤ ︵ᠪᠠᠷᠤᠭ 3 ᠰᠡᠨᠲ᠋ᠢᠮᠧᠲᠷ︶ ᠵᠠᠶᠢᠲᠠᠢ ᠪᠠᠶᠢᠬᠤ ᠬᠡᠷᠡᠭᠲᠡᠢ᠃ ᠰᠢᠷᠡᠭᠡᠨ | ᠳᠡᠭᠡᠷ᠎ᠡ ᠬᠡᠪᠲᠡᠬᠦ ᠪᠤᠶᠤ ᠣᠷᠣᠨ ᠳᠡᠭᠡᠷ᠎ᠡ ᠬᠡᠪᠲᠡᠵᠦ ᠨᠣᠮ ᠦᠵᠡᠵᠦ ᠪᠣᠯᠬᠤ ᠦᠭᠡᠢ᠂ ᠨᠡᠩ ᠴᠤ ᠶᠠᠪᠤᠵᠤ ᠪᠠᠶᠢᠭ᠎ᠠ | ᠲᠡᠷᠭᠡᠨ ᠳᠡᠭᠡᠷ᠎ᠡ ᠨᠣᠮ ᠦᠵᠡᠵᠦ ᠪᠣᠯᠬᠤ ᠦᠭᠡᠢ᠃ | | | | | | 11. ᠰᠤᠷᠤᠯᠴᠠᠬᠤ ᠪᠤᠶᠤ ᠨᠣᠮ ᠤᠩᠰᠢᠬᠤ ᠦᠶ᠎ᠡ ᠳᠤ ᠭᠡᠷᠡᠯ ᠤᠨ ᠱᠤᠭᠤᠮ ᠳᠤ ᠶᠠᠮᠠᠷ ᠱᠠᠭᠠᠷᠳᠠᠯᠭ᠎ᠠ ᠲᠠᠢ | ᠪᠤᠢ︖ | ᠬᠠᠷᠢᠭᠤᠯᠲᠠ᠄ ᠬᠡᠦᠬᠡᠳ ᠰᠤᠷᠤᠯᠴᠠᠬᠤ ᠦᠶ᠎ᠡ ᠳᠤ ᠭᠡᠷᠡᠯᠳᠦᠭᠦᠯᠭᠡ ᠰᠠᠶᠢᠨ ᠪᠠᠶᠢᠬᠤ ᠬᠡᠷᠡᠭᠲᠡᠢ᠂ ᠭᠡᠷᠡᠯᠳᠦᠭᠦᠯᠭᠡ | ᠮᠠᠭᠤ ᠪᠣᠯ ᠬᠡᠦᠬᠡᠳ ᠤᠨ ᠨᠢᠳᠦᠨ ᠳᠤ ᠮᠠᠭᠤ ᠨᠥᠯᠥᠭᠡ ᠦᠵᠡᠭᠦᠯᠬᠦ ᠪᠣᠯᠤᠨ᠎ᠠ᠃ ᠭᠡᠷ ᠤᠨ ᠠᠬᠠᠮᠠᠳ ᠭᠡᠷ | ᠳᠣᠲᠤᠷᠡᠬᠢ ᠬᠠᠷᠠᠭᠠᠨ ᠤ ᠣᠷᠴᠢᠨ ᠢ ᠰᠠᠶᠢᠵᠢᠷᠠᠭᠤᠯᠵᠤ᠂ ᠬᠡᠦᠬᠡᠳ ᠤᠨ ᠪᠢᠴᠢᠭ ᠤᠨ ᠰᠢᠷᠡᠭᠡ ᠶᠢ ᠥᠷᠥᠭᠡᠨ ᠳᠠᠬᠢ | ᠭᠡᠷᠡᠯ ᠤᠨ ᠳᠤᠰᠤᠯᠲᠠ ᠨᠡᠯᠢᠶᠡᠳ ᠰᠠᠶᠢᠨ ᠪᠠᠶᠢᠷᠢᠨ ᠳᠤ ᠲᠠᠯᠪᠢᠬᠤ ᠬᠡᠷᠡᠭᠲᠡᠢ᠃ ᠡᠳᠦᠷ ᠰᠤᠷᠤᠯᠴᠠᠬᠤ ᠦᠶ᠎ᠡ ᠳᠤ᠂ | ᠪᠠᠶᠢᠭᠠᠯᠢ ᠶᠢᠨ ᠭᠡᠷᠡᠯ ᠢ ᠭᠦᠢᠴᠡᠳ ᠠᠰᠢᠭᠯᠠᠨ ᠭᠡᠷᠡᠯᠳᠦᠭᠦᠯᠵᠦ᠂ ᠭᠡᠷᠡᠯ ᠰᠢᠷᠡᠭᠡᠨ ᠳᠡᠭᠡᠷ᠎ᠡ ᠰᠢᠭᠤᠳ ᠲᠤᠰᠬᠤ ᠠᠴᠠ | ᠵᠠᠶᠢᠯᠠᠰᠬᠢᠨ᠎ᠡ᠃ ᠣᠷᠣᠶ ᠰᠤᠷᠤᠯᠴᠠᠬᠤ ᠦᠶ᠎ᠡ ᠳᠤ᠂ ᠭᠡᠷᠡᠯᠲᠦᠭᠦᠯᠭᠡ ᠪᠠᠨ ᠨᠡᠭᠡᠭᠡᠬᠦ ᠠᠴᠠ ᠭᠠᠳᠠᠨ᠎ᠠ᠂ ᠥᠷᠥᠭᠡᠨ | ᠳᠣᠲᠣᠷ᠎ᠠ ᠪᠠᠰᠠ ᠵᠣᠬᠢᠬᠤ ᠲᠤᠰᠠᠯᠠᠬᠤ ᠭᠡᠷᠡᠯ ᠢ ᠬᠡᠷᠡᠭᠯᠡᠨ᠂ ᠥᠷᠥᠭᠡᠨ ᠳᠣᠲᠣᠷᠠᠬᠢ ᠢᠯᠡ ᠪᠦᠳᠡᠭᠢ ᠶᠢᠨ ᠵᠥᠷᠢᠶ᠎ᠡ ᠶᠢ | ᠪᠠᠭᠠᠰᠬᠠᠵᠤ᠂ ᠰᠢᠷᠡᠭᠡᠨ ᠳᠡᠭᠡᠷᠡᠬᠢ ᠭᠡᠷᠡᠯ ᠤᠨ ᠱᠤᠭᠤᠮ ᠢ ᠡᠷᠭᠢᠨ ᠲᠣᠭᠤᠷᠢᠨ ᠯᠤᠭ᠎ᠠ ᠵᠣᠬᠢᠴᠠᠯ ᠲᠠᠢ ᠪᠠᠶᠢᠯᠭᠠᠬᠤ | ᠬᠡᠷᠡᠭᠲᠡᠢ᠃ ᠰᠢᠷᠡᠭᠡᠨ ᠳ᠋ᠧᠩ ᠳ᠋ᠧᠩ ᠤᠨ ᠪᠥᠷᠬᠦᠭᠦᠯ ᠲᠠᠢ ᠪᠠᠶᠢᠵᠤ᠂ ᠦᠰᠦᠭ ᠪᠢᠴᠢᠬᠦ ᠭᠠᠷ ᠤᠨ ᠡᠰᠡᠷᠭᠦ ᠲᠠᠯ᠎ᠠ ᠶᠢᠨ | ᠡᠮᠦᠨ᠎ᠡ ᠲᠠᠯ᠎ᠠ ᠳᠤ ᠲᠠᠯᠪᠢᠨ᠎ᠠ᠃ | | | |