| ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ | ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ | ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ | ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ | 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ | ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ ᠭᠡᠷ ᠤᠨ | ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 05 ᠡᠯᠧᠺᠲᠷᠣᠨ ᠦᠢᠯᠡᠳᠬᠦᠨ᠄ ᠳᠡᠯᠭᠡᠴᠡ ᠰᠣᠩᠭᠤᠬᠤ᠂ ᠴᠠᠭ ᠤᠨ ᠤᠷᠲᠤ ᠢ ᠡᠵᠡᠮᠳᠡᠬᠦ | 12. ᠡᠪᠦᠯ ᠤᠨ ᠠᠮᠠᠷᠠᠯᠲᠠ ᠳᠤ ᠭᠡᠷ ᠲᠤ ᠪᠠᠨ ᠦᠵᠡᠬᠦ ᠳᠡᠯᠭᠡᠴᠡ ᠶᠢᠨ ᠬᠡᠮᠵᠢᠶ᠎ᠡ ᠪᠠ ᠴᠠᠭ ᠤᠨ ᠤᠷᠲᠤ | ᠬᠡᠳᠦᠢ ᠪᠣᠯ ᠲᠣᠬᠢᠷᠠᠮᠵᠢᠲᠠᠢ ᠪᠤᠢ︖ | ᠬᠠᠷᠢᠭᠤᠯᠲᠠ᠄ ᠡᠯᠧᠺᠲᠷᠣᠨ ᠳᠡᠯᠭᠡᠴᠡ ᠶᠢ ᠦᠵᠡᠬᠦ ᠳᠤ ᠪᠠᠨ ᠲᠣᠬᠢᠷᠠᠮᠵᠢᠲᠠᠢ ᠠᠮᠠᠷᠠᠬᠤ ᠶᠢ ᠠᠩᠬᠠᠷᠴᠤ᠂ | ᠳᠡᠯᠭᠡᠴᠡ ᠶᠢ 20 ᠮᠢᠨᠦ᠋ᠲ ᠦᠵᠡᠭᠰᠡᠨ ᠤ ᠳᠠᠷᠠᠭ᠎ᠠ᠂ 20 ᠹᠦᠲ ︵6 ᠮᠧᠲᠷ︶ ᠠᠴᠠ ᠬᠤᠯᠠ ᠵᠠᠢ ᠶᠢ | ᠬᠠᠮᠤᠭ ᠤᠨ ᠪᠠᠭ᠎ᠠ ᠳᠤ ᠪᠠᠨ 20 ᠰᠧᠺᠦ᠋ᠨ᠋ᠳ᠋ ᠠᠴᠠ ᠳᠡᠭᠡᠭᠰᠢ ᠪᠠᠷᠠᠯᠠᠵᠤ᠂ ᠲᠤᠬᠠᠶᠢᠯᠠᠪᠠᠯ ︽20-20-20︾ ᠶᠢᠨ | ᠠᠮᠠᠨ ᠣᠩᠰᠢᠯᠭ᠎ᠠ ᠶᠢ ᠪᠠᠷᠢᠮᠲᠠᠯᠠᠬᠤ ᠬᠡᠷᠡᠭᠲᠡᠢ᠃ 3 ᠨᠠᠰᠤᠨ ᠠᠴᠠ ᠳᠣᠷᠣᠭᠰᠢᠬᠢ ᠬᠡᠦᠬᠡᠳ ᠢ ᠠᠯᠢ ᠴᠢᠳᠠᠬᠤ ᠪᠠᠷ | ᠡᠯᠧᠺᠲᠷᠣᠨ ᠦᠢᠯᠡᠳᠭᠦᠨ ᠲᠠᠢ ᠣᠶᠢᠷᠠᠲᠦᠭᠤᠯᠬᠤ ᠠᠴᠠ ᠵᠠᠶᠢᠯᠠᠰᠬᠢᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠬᠡᠦᠬᠡᠳ ᠠᠯᠢ ᠴᠢᠳᠠᠬᠤ ᠪᠠᠷ ᠡᠯᠧᠺᠲᠷᠣᠨ ᠦᠢᠯᠡᠳᠬᠦᠨ ᠢ ᠳᠤᠲᠠᠭᠤ ᠬᠡᠷᠡᠭᠯᠡᠨ᠎ᠡ᠃ ᠬᠡᠦᠬᠡᠳ ᠵᠠᠯᠠᠭᠤᠴᠤᠳ | ᠪᠠᠭᠠᠴᠤᠳ ᠤᠨ ᠡᠳᠦᠷ ᠪᠦᠷᠢ ᠶᠢᠨ ᠳᠡᠯᠭᠡᠴᠡ ᠦᠵᠡᠬᠦ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠦᠭᠡᠢ᠃ ᠨᠠᠰᠤ | ᠨᠢ ᠬᠡᠳᠦᠢ ᠪᠠᠭ᠎ᠠ ᠪᠣᠯ᠂ ᠡᠯᠧᠺᠲᠷᠣᠨ ᠦᠢᠯᠡᠳᠭᠦᠨ ᠢ ᠬᠡᠷᠡᠭᠯᠡᠬᠦ ᠴᠠᠭ ᠤᠯᠠᠮ ᠣᠬᠤᠷ ᠪᠠᠶᠢᠬᠤ ᠬᠡᠷᠡᠭᠲᠡᠢ᠃ | 13. ᠡᠯᠧᠺᠲᠷᠣᠨ ᠦᠢᠯᠡᠳᠬᠦᠨ ᠢ ᠰᠣᠩᠭᠤᠬᠤ ᠳᠤ ᠶᠠᠭᠤ ᠶᠢ ᠠᠩᠬᠠᠷᠬᠤ ᠪᠤᠢ︖ | ᠬᠠᠷᠢᠭᠤᠯᠲᠠ᠄ ᠡᠯᠧᠺᠲᠷᠣᠨ ᠳᠡᠯᠭᠡᠴᠡ ᠶᠢ ᠬᠡᠷᠡᠭᠯᠡᠬᠦ ᠳᠤ᠂ ᠳᠤᠰᠬᠠᠬᠤ ᠬᠡᠮᠵᠢᠭᠦᠷᠯᠢᠭ᠂ ᠲᠧᠯᠸᠢᠰ᠂ | ᠺᠣᠮᠫᠢᠦ᠋ᠲ᠋ᠧᠷ᠂ ᠬᠠᠪᠲᠠᠰᠤᠨ ᠺᠣᠮᠫᠢᠦ᠋ᠲ᠋ᠧᠷ ᠭᠡᠬᠦ ᠳᠠᠷᠠᠭᠠᠯᠠᠯ ᠶᠣᠰᠤᠭᠠᠷ ᠬᠡᠷᠡᠭᠯᠡᠬᠦ ᠶᠢ ᠰᠠᠨᠠᠭᠤᠯᠵᠤ᠂ ᠭᠠᠷ ᠤᠲᠠᠰᠤ | ᠬᠡᠷᠡᠭᠯᠡᠬᠦ ᠶᠢ ᠰᠠᠨᠠᠭᠤᠯᠬᠤ ᠦᠭᠡᠢ᠃ ᠶᠡᠷᠦᠩᠬᠡᠢ ᠵᠠᠷᠴᠢᠮ ᠪᠣᠯ ᠳᠡᠯᠭᠡᠴᠡ ᠶᠢᠨ ᠬᠡᠮᠵᠢᠶ᠎ᠡ ᠬᠡᠳᠦᠢ ᠶᠡᠭᠡ ᠪᠣᠯ ᠢᠯᠭᠠᠮᠵᠢ | ᠨᠢ ᠶᠡᠭᠡ ᠮᠥᠷᠲᠡᠭᠡᠨ ᠰᠠᠶᠢᠨ᠂ ᠣᠷᠴᠢᠨ ᠲᠣᠭᠤᠷᠢᠨ ᠢ ᠦᠨᠳᠦᠰᠦᠯᠡᠨ ᠭᠡᠷᠡᠯᠲᠦᠴᠡ ᠶᠢᠨ ᠬᠡᠮᠵᠢᠶ᠎ᠡ ᠶᠢ | ᠲᠣᠬᠢᠷᠠᠭᠤᠯᠤᠨ᠎ᠠ᠃ ᠨᠡᠯᠢᠶᠡᠳ ᠪᠦᠳᠡᠭᠢ ᠣᠷᠴᠢᠨ ᠳᠤ᠂ ᠭᠡᠷ ᠤᠨ ᠭᠡᠷᠡᠯᠲᠦᠭᠦᠯᠭᠡ ᠶᠢ ᠨᠡᠭᠡᠭᠡᠵᠦ᠂ ᠬᠠᠷᠠᠩᠭᠤᠢ | ᠣᠷᠴᠢᠨ ᠳᠤ ᠡᠯᠧᠺᠲᠷᠣᠨ ᠦᠢᠯᠡᠳᠭᠦᠨ ᠢ ᠬᠡᠷᠡᠭᠯᠡᠬᠦ ᠠᠴᠠ ᠵᠠᠶᠢᠯᠠᠰᠬᠢᠬᠤ ᠬᠡᠷᠡᠭᠲᠡᠢ᠃ | | | | | | 14. ᠲᠧᠯᠸᠢᠰ ᠦᠵᠡᠬᠦ ᠪᠤᠶᠤ ᠺᠣᠮᠫᠢᠦ᠋ᠲ᠋ᠧᠷ ᠬᠡᠷᠡᠭᠯᠡᠬᠦ ᠳᠤ ᠵᠠᠢ ᠨᠢ ᠬᠡᠳᠦᠢ ᠬᠤᠯᠠ ᠪᠣᠯ ᠲᠣᠬᠢᠷᠠᠮᠵᠢᠲᠠᠢ | ᠪᠤᠢ︖ | ᠬᠠᠷᠢᠭᠤᠯᠲᠠ᠄ ᠲᠧᠯᠸᠢᠰ ᠦᠵᠡᠬᠦ ᠳᠤ ᠨᠢᠳᠦ ᠪᠠᠨ ᠳᠡᠯᠭᠡᠴᠡ ᠠᠴᠠ 3 ᠮᠧᠲᠷ ᠠᠴᠠ ᠳᠡᠭᠡᠭᠰᠢ ᠪᠤᠶᠤ | ᠳᠡᠯᠭᠡᠴᠡ ᠶᠢᠨ ᠳᠠᠰᠢᠭᠤᠪᠴᠢ ᠱᠤᠭᠤᠮ ᠠᠴᠠ 6 ᠳᠠᠬᠢᠨ ᠢᠯᠡᠭᠦᠦ ᠬᠤᠯᠠ ᠪᠠᠶᠢᠯᠭᠠᠬᠤ ᠬᠡᠷᠡᠭᠲᠡᠢ᠃ ᠺᠣᠮᠫᠢᠶᠦ᠋ᠲ᠋ᠧᠷ | ᠬᠡᠷᠡᠭᠯᠡᠬᠦ ᠳᠤ ᠨᠢᠳᠦ ᠪᠠᠨ ᠳᠡᠯᠭᠡᠴᠡ ᠠᠴᠠ 50 ᠰᠡᠨᠲ᠋ᠢᠮᠧᠲᠷ ᠵᠠᠶᠢᠲᠠᠢ ᠪᠠᠶᠢᠯᠭᠠᠵᠤ᠂ ᠬᠠᠷᠠᠭᠠᠨ ᠱᠤᠭᠤᠮ ᠪᠠᠭ᠎ᠠ | ᠳᠣᠷᠤᠭᠰᠢ ᠬᠠᠨᠳᠤᠵᠤ᠂ ᠳᠡᠯᠭᠡᠴᠡ ᠶᠢᠨ ᠭᠤᠣᠯ ᠪᠠᠶᠢᠷᠢ ᠶᠢ ᠬᠠᠷᠠᠭᠠᠨ ᠱᠤᠭᠤᠮ ᠠᠴᠠ ᠳᠣᠷᠤᠭᠰᠢ 10 ᠰᠡᠨᠲ᠋ᠢᠮᠧᠲᠷ | ᠣᠷᠴᠢᠮ ᠪᠠᠶᠢᠯᠭᠠᠪᠠᠯ᠂ ᠨᠢᠳᠦ ᠬᠠᠭᠤᠷᠠᠶᠢᠲᠤᠬᠤ᠂ ᠨᠢᠳᠦ ᠶᠠᠳᠠᠷᠠᠬᠤ ᠵᠡᠷᠭᠡ ᠶᠢ ᠪᠦᠲᠦᠮᠵᠢᠲᠡᠢ ᠪᠠᠭᠠᠰᠬᠠᠨ᠎ᠠ᠃ | | | |