ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | | | ᠥᠪᠥᠷ ᠵᠠᠰᠠᠭ ᠲᠠᠷᠬᠠᠭᠠᠭᠰᠠᠨ ﹇2024﹈ 35 ᠳ᠋ᠤᠭᠠᠷ ᠲᠣᠭᠠᠲᠤ | | | ᠠᠵᠢᠯ ᠣᠯᠭᠤᠯᠲᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠴᠢᠨᠠᠷ | ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ ᠶᠢᠨ ᠲᠤᠰᠠᠳᠠ᠂ ᠡᠳᠦᠭᠡ | ᠠᠵᠢᠯ ᠣᠯᠭᠤᠯᠲᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ | ᠳᠣᠤᠷᠠᠬᠢ ᠮᠡᠲᠦ ᠰᠠᠨᠠᠯ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠠᠵᠢᠯ ᠣᠯᠭᠤᠯᠲᠠ ᠶᠢᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠣᠬᠢᠴᠠᠭᠰᠠᠨ ᠣᠳᠣᠬᠢᠴᠢᠯᠠᠭᠰᠠᠨ | ᠬᠥᠮᠦᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠣᠯᠭᠠᠵᠤ᠂ ᠠᠵᠢᠯ ᠣᠯᠭᠤᠯᠲᠠ ᠶᠢᠨ ᠴᠢᠨᠠᠷ ᠤᠨ | ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠲᠠᠰᠤᠷᠠᠯᠲᠠ ᠦᠭᠡᠢ ᠠᠬᠢᠭᠤᠯᠤᠨ᠂ | ᠠᠵᠢᠯ ᠣᠯᠭᠤᠯᠲᠠ ᠶᠢᠨ ᠲᠣᠬᠢᠶᠠᠯ ᠨᠡᠩ ᠭᠦᠢᠴᠡᠳ᠂ ᠠᠵᠢᠯ ᠣᠯᠭᠤᠯᠲᠠ ᠶᠢᠨ ᠣᠷᠴᠢᠨ ᠨᠥᠬᠦᠴᠡᠯ ᠨᠡᠩ ᠲᠥᠪ | ᠭᠤᠣᠯᠴᠢ᠂ ᠠᠵᠢᠯ ᠣᠯᠭᠤᠯᠲᠠ ᠶᠢᠨ ᠪᠦᠲᠦᠴᠡ ᠨᠡᠩ ᠰᠢᠯᠢᠳᠡᠭᠵᠢᠭᠰᠡᠨ᠂ ᠠᠵᠢᠯᠲᠠᠨ ᠪᠠ ᠠᠵᠢᠯ ᠤᠨ ᠪᠠᠶᠢᠷᠢ ᠶᠢᠨ | ᠲᠣᠬᠢᠷᠠᠯᠴᠠᠯ ᠨᠡᠩ ᠥᠨᠳᠥᠷ ᠪᠦᠲᠦᠮᠵᠢᠲᠡᠢ᠂ ᠬᠥᠳᠡᠯᠮᠦᠷᠢ ᠶᠢᠨ ᠬᠠᠷᠢᠴᠠᠭ᠎ᠠ ᠨᠡᠩ ᠡᠶ᠎ᠡ ᠵᠣᠬᠢᠴᠠᠩᠭᠤᠢ ᠪᠠᠶᠢᠳᠠᠯ ᠢ | ᠢᠳᠡᠭ ᠢᠳᠡᠭ ᠢᠶᠠᠷ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠠᠵᠤ ᠠᠬᠤᠶ ᠨᠡᠶᠢᠭᠡᠮ ᠤᠨ ᠬᠥᠭᠵᠢᠯᠲᠡ ᠬᠢᠭᠡᠳ ᠠᠵᠢᠯ ᠣᠯᠭᠤᠯᠲᠠ ᠶᠢᠨ ᠠᠬᠢᠭᠤᠯᠤᠯᠲᠠ ᠶᠢᠨ | ᠵᠣᠬᠢᠴᠠᠩᠭᠤᠢ ᠪᠠᠷ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ | ︵ᠨᠢᠭᠡ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠲᠤᠳᠬᠠᠨ᠎ᠠ᠃ ᠴᠢᠨᠠᠷ | ᠰᠠᠶᠢᠲᠠᠶ ᠭᠦᠢᠴᠡᠳ ᠠᠵᠢᠯ ᠣᠯᠭᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠡᠷᠢᠭᠦᠨ ᠬᠠᠷᠠᠯᠲᠠ | ᠪᠣᠯᠭᠠᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢᠨ ᠠᠵᠢᠯ ᠣᠯᠭᠤᠯᠲᠠ ᠳᠠᠬᠢ ᠨᠥᠯᠥᠭᠡ ᠶᠢ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠬᠢᠭᠡᠳ ᠠᠵᠤ ᠦᠢᠯᠡᠰ᠂ ᠪᠠᠯᠠ | ᠣᠷᠣᠭᠤᠯᠤᠯᠲᠠ᠂ ᠭᠠᠳᠠᠭᠠᠳᠤ ᠠᠷᠠᠯᠵᠢᠶ᠎ᠠ᠂ ᠬᠡᠷᠡᠭᠯᠡᠭᠡ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ | ᠵᠣᠬᠢᠴᠠᠩᠭᠤᠢ ᠪᠠᠷ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ | ᠠᠵᠤ ᠦᠢᠯᠡᠰ ᠪᠠ ᠠᠵᠤ ᠠᠬᠤᠶᠢᠯᠠᠯ ᠢ ᠡᠩ ᠲᠡᠷᠢᠭᠦᠨ ᠳᠤ ᠬᠥᠭᠵᠢᠭᠦᠯᠦᠨ᠂ ᠠᠵᠢᠯ ᠣᠯᠭᠤᠯᠲᠠ ᠳᠠᠬᠢ ᠬᠤᠶᠠᠳᠤᠭᠠᠷ | ᠠᠵᠤ ᠦᠢᠯᠡᠰ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠂ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠬᠤ | ᠪᠠᠭᠲᠠᠭᠠᠮᠵᠢ ᠶᠢ ᠥᠷᠭᠡᠳᠬᠡᠨ᠎ᠡ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤᠮᠳᠠ᠂ ᠪᠡᠯᠡ | ᠮᠥᠩᠭᠦ᠂ ᠮᠡᠷᠭᠡᠵᠢᠯ ᠪᠠ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠳᠠᠭᠠᠭᠠᠨ ᠵᠠᠯᠭᠠᠭᠤᠯᠵᠤ᠂ | ᠠᠵᠢᠯ ᠣᠯᠭᠤᠯᠲᠠ ᠶᠢᠨ ᠰᠢᠨ᠎ᠡ ᠪᠥᠭᠡᠮᠨᠡᠷᠡᠯ ᠤᠨ ᠣᠷᠣᠨ ᠪᠠ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ | ᠲᠦᠢᠯ ᠢ ᠪᠠᠶᠢᠭᠤᠯᠤᠨ᠎ᠠ᠃ | ︵ᠬᠤᠶᠠᠷ︶ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠰᠢᠨ᠎ᠡ | ᠬᠥᠳᠡᠯᠭᠡᠭᠴᠢ ᠴᠢᠳᠠᠪᠤᠷᠢ ᠶᠢ ᠪᠤᠶᠢᠵᠢᠭᠤᠯᠤᠨ᠎ᠠ᠃ ᠤᠮᠠᠷᠠᠲᠤ ᠶᠢᠨ ᠳ᠋ᠢᠭᠢᠲ ᠠᠵᠤ ᠠᠬᠤᠢ ᠶᠢᠨ ᠬᠥᠭᠵᠢᠯᠲᠡ ᠶᠢᠨ | ᠥᠨᠳᠦᠷᠯᠢᠭ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠢᠭᠢᠲ ᠠᠵᠤ ᠠᠬᠤᠢ ᠶᠢᠨ ᠬᠦᠷᠢᠶᠡᠨ ᠳᠠᠬᠢ | ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠭᠦᠨᠵᠡᠭᠡᠢ ᠠᠭᠤᠳᠠᠯᠵᠤ᠂ ᠳ᠋ᠢᠭᠢᠲ ᠠᠵᠤ ᠠᠬᠤᠢ ᠶᠢᠨ ᠠᠵᠢᠯ | ᠣᠯᠭᠤᠯᠲᠠ ᠶᠢᠨ ᠰᠢᠨ᠎ᠡ ᠣᠷᠣᠨ ᠵᠠᠢ ᠶᠢ ᠥᠷᠭᠡᠳᠬᠡᠨ᠎ᠡ᠃ ᠨᠡᠭᠦᠷᠡᠰᠦᠲᠥ᠋ᠷᠥᠭᠴᠢ ᠪᠠᠭᠠᠲᠠᠢ ᠣᠷᠴᠢᠯ ᠠᠵᠤ ᠠᠬᠤᠶ᠂ | ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠵᠡᠷᠭᠡ ᠪᠣᠬᠢᠷᠲᠤᠯ ᠥᠬᠡᠶ ᠠᠵᠤ ᠦᠢᠯᠡᠰ ᠢ ᠬᠥᠭᠵᠢᠭᠦᠯᠬᠦ ᠶᠢᠨ | ᠲᠣᠭᠤᠷᠢᠨ ᠳᠤ᠂ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠵᠣᠯᠭᠠᠯᠴᠠᠭ᠎ᠠ ᠶᠢ ᠴᠢᠩᠭᠠᠳᠬᠠᠵᠤ᠂ ᠲᠤᠬᠠᠶ ᠶᠢᠨ ᠭᠠᠵᠠᠷ᠂ | ᠣᠶᠢᠷ᠎ᠠ ᠬᠠᠪᠢ ᠳᠤ ᠪᠠᠨ ᠠᠵᠢᠯ ᠤᠯᠬᠤ ᠶᠢ ᠠᠬᠢᠭᠤᠯᠤᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠰᠣᠶᠣᠯ | ᠵᠢᠭᠤᠯᠴᠢᠯᠠᠯ ᠵᠡᠷᠭᠡ ᠠᠵᠤ ᠦᠢᠯᠡᠰ ᠢ ᠳᠡᠮᠵᠢᠨ ᠬᠥᠭᠵᠢᠭᠦᠯᠵᠦ᠂ ᠪᠤᠭᠤᠷᠤᠯᠴᠤᠳ ᠤᠨ ᠠᠵᠤ ᠠᠬᠤᠢ ᠳᠠᠬᠢ ᠠᠵᠢᠯ | ᠣᠯᠭᠤᠯᠲᠠ ᠶᠢᠨ ᠰᠢᠨ᠎ᠡ ᠨᠡᠮᠡᠭᠳᠡᠯ ᠴᠡᠭ ᠢ ᠰᠢᠮᠳᠠᠭᠤᠯᠤᠨ ᠪᠣᠢ ᠪᠣᠯᠭᠠᠨ᠎ᠠ᠃ | ︵ᠭᠤᠷᠪᠠ︶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠶᠡᠭᠡ ᠪᠠᠷ | ᠬᠥᠭᠵᠢᠭᠦᠯᠦᠨ᠎ᠡ᠃ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠦᠯᠳᠦᠭᠡᠨ ᠡᠮᠬᠢ ᠳᠢᠭᠯᠢᠮ ᠲᠠᠢ ᠬᠥᠮᠥᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ | ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠦᠲᠦᠮᠵᠢᠲᠡᠢ | ᠲᠣᠬᠢᠷᠠᠯᠴᠠᠬᠤ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠨᠥᠯᠥᠭᠡᠯᠡᠬᠦ ᠬᠦᠴᠦᠨ | ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ | ᠠᠪᠴᠢᠷᠠᠬᠤ ᠶᠢ ᠴᠢᠬᠤᠯᠠᠴᠢᠯᠠᠵᠤ᠂ ᠥᠷᠢᠰᠥᠯᠳᠦᠬᠦ ᠬᠦᠴᠦᠨ ᠪᠦᠬᠦᠢ ᠴᠢᠨᠠᠷ ᠰᠠᠶᠢᠲᠠᠶ ᠠᠵᠤ ᠠᠬᠤᠶᠢᠯᠠᠯ ᠤᠳ ᠢ | ᠪᠤᠶᠢᠵᠢᠭᠤᠯᠤᠨ᠂ ᠠᠵᠢᠯ ᠲᠥᠷᠥᠯ ᠤᠨ ᠳ᠋ᠢᠭᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠦᠮᠦᠨ ᠤ | ᠬᠦᠴᠣᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠡᠭᠡᠳᠦ ᠦᠵᠦᠭᠦᠷ ᠤᠨ ᠴᠢᠳᠡᠪᠦᠷᠢᠳᠡᠨ | ᠬᠦᠮᠦᠵᠢᠬᠦᠯᠬᠦ ᠳᠥᠯᠥᠪᠯᠡᠭᠡ ᠶᠢ ᠭᠡᠷᠡᠭᠵᠢᠬᠦᠯᠵᠦ᠂ ᠬᠠᠮ ᠬᠡᠯᠪᠡᠷᠢᠲᠦ ᠳᠡᠭᠡᠳᠦ ᠳᠡᠰ ᠲᠠᠪᠬᠤᠷᠭ᠎ᠠ ᠶᠢᠨ | ᠴᠢᠳᠠᠪᠤᠷᠢᠲᠠᠳ ᠢ ᠬᠦᠮᠦᠵᠢᠬᠦᠯᠥᠨᠠ᠃ | ᠭᠤᠷᠪᠠ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠨ᠎ᠡ | ︵ᠲᠦᠷᠪᠡ︶ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠥᠨᠳᠥᠷ ᠬᠡᠪ | ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ ᠡᠯ᠎ᠡ ᠠᠶᠢᠮᠠᠭ ᠬᠤᠲᠠ ᠪᠠ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠰ ᠳᠠᠪᠬᠤᠷᠭ᠎ᠠ᠂ ᠲᠦᠷᠦᠯ ᠬᠡᠯᠪᠡᠷᠢ᠂ ᠬᠦᠷᠢᠶ᠎ᠡ ᠴᠠᠷᠠᠭ᠎ᠠ | ᠬᠤᠪᠢᠶᠠᠭᠰᠠᠨ ᠴᠢᠳᠠᠪᠤᠷᠢᠲᠠᠨ ᠤ ᠬᠡᠷᠡᠭᠴᠡᠭᠡ ᠶᠢ ᠲᠥᠰᠦᠭᠡᠯᠡᠬᠦ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠤ | ᠬᠡᠷᠡᠭᠴᠡᠭᠡ ᠶᠢᠨ ᠮᠡᠳᠡᠭᠦᠯᠦᠯᠲᠡ ᠪᠠ ᠴᠢᠳᠠᠪᠤᠷᠢᠲᠠᠨ ᠤ ᠬᠡᠷᠡᠭᠴᠡᠭᠡᠨ ᠤ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ | ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠢᠭᠲᠠ ᠠᠩᠬᠠᠷᠴᠤ ᠳᠡᠭᠡᠳᠦ | ᠰᠤᠷᠭᠠᠭᠤᠯᠢ ᠶᠡᠭᠡ ᠰᠤᠷᠭᠠᠭᠤᠯᠢ ᠶᠢᠨ ᠣᠲᠣ ᠪᠠᠶᠢᠭ᠎ᠠ ᠲᠤᠰᠬᠠᠶ ᠮᠡᠷᠭᠡᠵᠢᠯ ᠢ ᠰᠢᠯᠢᠳᠡᠭᠵᠢᠭᠦᠯᠦᠨ ᠲᠣᠬᠢᠷᠠᠭᠤᠯᠵᠤ᠂ | ᠰᠣᠯᠪᠢᠴᠠᠨ ᠠᠭᠤᠰᠤᠯᠴᠠᠭᠰᠠᠨ ᠲᠤᠰᠬᠠᠶ ᠮᠡᠷᠭᠡᠵᠢᠯ ᠢ ᠪᠤᠶᠢᠵᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠬᠢᠭᠡᠳ | ᠵᠠᠬ᠎ᠠ ᠳᠡᠯᠭᠡᠭᠦᠷ ᠤᠨ ᠬᠡᠷᠡᠭᠴᠡᠭᠡᠨ ᠤ ᠵᠣᠬᠢᠴᠠᠯᠳᠤᠯ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢᠨ ᠪᠠᠶᠢᠳᠠᠯ ᠢ ᠮᠥᠷᠳᠡᠨ ᠪᠠᠶᠢᠴᠠᠭᠠᠵᠤ᠂ ᠠᠵᠢᠯ ᠣᠯᠭᠤᠯᠲᠠ ᠶᠢᠨ ᠶᠠᠰᠤ | ᠴᠢᠨᠠᠷ ᠢᠶᠠᠷ ᠥᠨᠳᠥᠷ ᠪᠤᠰᠤ ᠲᠤᠰᠬᠠᠶ ᠮᠡᠷᠭᠡᠵᠢᠯ ᠳᠤ ᠤᠯᠠᠭᠠᠨ ᠰᠢᠷ᠎ᠠ ᠫᠠᠶᠢᠰᠠ ᠶᠢᠨ ᠰᠠᠨᠠᠭᠤᠯᠤᠮᠵᠢ ᠥᠭᠬᠦ ᠶᠢᠨ | ᠬᠠᠮᠲᠤ ᠰᠤᠷᠭᠠᠭᠤᠯᠢ ᠡᠷᠬᠢᠯᠡᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠣᠬᠢᠴᠠᠩᠭᠤᠶ ᠪᠠᠷ ᠬᠠᠷᠭᠤᠭᠤᠯᠤᠨ | ᠬᠠᠰᠤᠵᠤ᠂ ᠰᠤᠷᠤᠭᠴᠢ ᠡᠯᠰᠡᠬᠦ ᠲᠥᠯᠥᠪᠯᠡᠭᠡ ᠶᠢᠨ ᠲᠣᠬᠢᠷᠠᠭᠤᠯᠤᠯᠲᠠ ᠶᠢ ᠪᠠᠭᠠᠰᠬᠠᠨ᠎ᠠ᠃ ᠠᠵᠢᠯ ᠮᠡᠷᠭᠡᠵᠢᠯ ᠤᠨ | ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠦᠵᠢᠯ ᠠᠭᠤᠰᠤᠯᠴᠠᠨ ᠨᠡᠪᠲᠡᠷᠡᠯᠴᠡᠬᠦ᠂ ᠠᠵᠤ ᠦᠢᠯᠡᠰ ᠪᠠ ᠰᠤᠷᠭᠠᠨ | ᠬᠥᠮᠦᠵᠢᠯ ᠠᠭᠤᠰᠤᠯᠴᠠᠨ ᠨᠡᠶᠢᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠰᠤᠷᠭᠠᠨ ᠬᠥᠮᠥᠵᠢᠯ ᠠᠭᠤᠰᠤᠯᠴᠠᠨ | ᠤᠶᠠᠯᠳᠤᠬᠤ ᠶᠢ ᠠᠬᠢᠭᠤᠯᠵᠤ᠂ ︽ᠠᠵᠢᠯ ᠰᠤᠷᠤᠯᠴᠠᠯᠭ᠎ᠠ ᠶᠢ ᠨᠢᠭᠡ ᠴᠤᠭᠴᠠᠵᠢᠭᠤᠯᠬᠤ︾᠂ ︽ᠬᠤᠤᠰ ᠡᠰᠢᠲᠦ | ᠲᠦᠷᠢᠮ︾ ᠵᠡᠷᠭᠡ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠬᠡᠪ ᠢ ᠪᠥᠬᠦ ᠲᠠᠯ᠎ᠠ ᠪᠠᠷ ᠬᠡᠷᠡᠭᠵᠢᠭᠦᠯᠵᠦ᠂ 2027 | ᠣᠨ ᠪᠣᠯᠬᠤ ᠳᠤ ᠮᠡᠷᠭᠡᠰᠢᠯᠲᠦ ᠴᠢᠳᠠᠪᠤᠷᠢᠲᠠᠨ ᠳᠤ ᠡᠵᠡᠯᠡᠬᠦ ᠳᠡᠭᠡᠳᠦ ᠮᠡᠷᠭᠡᠰᠢᠯᠳᠦ ᠴᠢᠳᠠᠪᠤᠷᠢᠲᠠᠨ ᠤ ᠬᠠᠷᠢᠴᠠᠯ ᠢ | 35% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃ | ︵ᠲᠠᠪᠤ︶ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠣᠨᠴᠠᠯᠢᠭᠲᠤ | ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠮᠡᠷᠭᠡᠵᠢᠯ ᠤᠨ | ᠠᠵᠢᠯᠴᠢᠨ ᠤ ᠰᠤᠷᠭᠠᠨ ᠬᠥᠮᠦᠵᠢᠯ ᠢ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠵᠠᠷᠤᠳᠠᠯ ᠠᠴᠠ ᠵᠣᠬᠢᠬᠤ ᠬᠠᠷᠢᠴᠠᠯ ᠢᠶᠠᠷ ᠬᠤᠪᠢᠶᠠᠷᠢᠯᠠᠨ ᠭᠠᠷᠭᠠᠵᠤ ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠲᠣᠬᠢᠷᠠᠭᠤᠯᠤᠭᠰᠠᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ | ᠮᠠᠰᠲ᠋ᠧᠷ ᠤᠨ ᠳᠡᠭᠡᠳᠦ ᠰᠤᠷᠭᠠᠭᠤᠯᠢ ᠶᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠴᠤᠪᠤᠷᠠᠭ᠎ᠠ ᠳᠤ ᠣᠷᠣᠭᠤᠯᠤᠨ᠎ᠠ᠃ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ | ᠵᠠᠷᠤᠳᠠᠯ ᠢ ᠬᠡᠷᠡᠭᠯᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ | ᠪᠠᠶᠢᠭᠤᠯᠬᠤ ᠶᠢ ᠵᠥᠪᠰᠢᠶᠡᠷᠡᠨ᠎ᠡ᠃ ᠠᠵᠢᠯ ᠲᠦᠷᠦᠯ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠮᠡᠷᠭᠡᠵᠢᠯ ᠤᠨ | ᠠᠵᠢᠯᠴᠢᠨ ᠤ ᠰᠤᠷᠭᠠᠨ ᠬᠦᠮᠦᠵᠢᠯ ᠤᠨ ᠬᠤᠯᠪᠤᠭ᠎ᠠ ︵ᠪᠦᠯᠦᠭᠯᠡᠯ︶ ᠨᠤᠭᠤᠳ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠮᠡᠷᠭᠡᠰᠢᠯᠳᠦ ᠴᠢᠳᠠᠪᠤᠷᠢᠲᠠᠨ ᠤ ᠬᠥᠭᠵᠢᠯᠲᠡ ᠶᠢᠨ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ︽ᠮᠡᠷᠭᠡᠰᠢᠯ ᠴᠢᠳᠠᠪᠤᠷᠢᠲᠤ ᠦᠪᠤᠷ ᠮᠣᠩᠭᠤᠯ ᠤᠨ ᠠᠵᠢᠯᠯᠠᠭᠠᠨ︾ ᠢ ᠬᠦᠨᠵᠡᠭᠡᠶᠢᠷᠡᠬᠦᠯᠵᠦ᠂ | ᠠᠵᠦ ᠦᠢᠯᠡᠰ ᠤᠨ ᠠᠵᠢᠯᠴᠢᠨ ᠵᠡᠷᠭᠡ ᠡᠯ᠎ᠠ ᠳᠥᠷᠦᠯ ᠤᠨ ᠬᠦᠮᠦᠰ ᠤᠨ ᠨᠠᠰᠣᠨ ᠲᠣᠷᠰᠢᠳᠡ ᠶᠢᠨ ᠠᠵᠢᠯ | ᠮᠡᠷᠭᠡᠵᠢᠯ ᠤᠨ ᠪᠣᠯᠪᠠᠰᠤᠷᠠᠯ ᠤᠨ ᠴᠢᠳᠠᠪᠤᠷᠢ ᠶᠢᠨ ᠳᠥᠷᠢᠮ ᠢ ᠪᠦᠷᠢᠨᠰᠢᠬᠦᠯᠥᠨ᠎ᠠ᠃ ᠠᠵᠢᠯ ᠮᠡᠷᠭᠡᠵᠢᠯ ᠤᠨ ᠬᠢᠷᠢ ᠬᠡᠮ᠂ | ᠠᠵᠢᠯ ᠮᠡᠷᠭᠡᠵᠢᠯ ᠤᠨ ᠵᠡᠷᠭᠡ ᠳᠡᠰ ᠬᠢᠭᠡᠳ ᠲᠡᠭᠦᠨ ᠳᠤ ᠵᠣᠬᠢᠴᠠᠭᠰᠠᠨ ᠮᠡᠷᠭᠡᠵᠢᠯ ᠤᠨ ᠴᠣᠯᠠ᠂ ᠰᠤᠷᠤᠯᠭ᠎ᠠ ᠶᠢᠨ | ᠨᠠᠮᠲᠠᠷ ᠢ ᠬᠤᠤᠰ ᠴᠢᠭᠯᠡᠯ ᠢᠶᠠᠷ ᠬᠠᠷᠢᠴᠠᠭᠤᠯᠤᠨ ᠦᠨᠡᠮᠰᠢᠬᠦ ᠶᠢ ᠠᠬᠢᠭᠤᠯᠵᠤ᠂ ᠣᠷᠣᠨ ᠨᠤᠲᠤᠭ ᠤᠨ ᠣᠨᠴᠠᠯᠢᠭ | ᠪᠦᠬᠦᠢ ᠰᠢᠨ᠎ᠡ ᠠᠵᠢᠯ ᠮᠡᠷᠭᠡᠵᠢᠯ ᠤᠨ ᠴᠤᠪᠤᠷᠠᠭ᠎ᠠ ᠶᠢ ᠠᠭᠤᠳᠠᠯᠤᠨ ᠪᠤᠶᠢᠵᠢᠭᠤᠯᠤᠨ᠎ᠠ᠃ ᠪᠦᠬᠦ ᠣᠷᠣᠨ ᠤ ᠠᠵᠢᠯ | ᠮᠡᠷᠭᠡᠵᠢᠯ ᠤᠨ ᠴᠢᠳᠠᠪᠦᠷᠢ ᠶᠢᠨ ᠤᠷᠤᠯᠳᠤᠭᠠᠨ ᠢᠶᠠᠷ ᠲᠣᠯᠣᠭᠠᠶᠢᠯᠠᠭᠤᠯᠤᠭᠰᠠᠨ ︽1+N︾ ᠮᠥᠷᠦ᠋ᠢᠴᠡᠭᠡᠨ ᠤ | ᠲᠣᠭᠲᠠᠯᠴᠠᠭ᠎ᠠ ᠶᠢ ᠪᠦᠷᠢᠨᠰᠢᠭᠦᠯᠵᠦ᠂ ᠤᠷᠤᠯᠳᠤᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠡᠷᠭᠡᠰᠢᠯᠲᠦ ᠴᠢᠳᠠᠪᠤᠷᠢᠲᠠᠨ ᠢ ᠰᠣᠩᠭᠤᠬᠤ ᠡᠷᠴᠢᠮ ᠢᠶᠠᠨ | ᠴᠢᠩᠭᠠᠷᠠᠭᠤᠯᠵᠤ᠂ ᠬᠥᠬᠢᠭᠦᠯᠦᠨ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠳᠤᠯᠤᠭ᠎ᠠ︶ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ᠂ ᠰᠢᠨ᠎ᠡ ᠪᠠᠷ | ᠪᠠᠶᠢᠭᠤᠯᠤᠭᠳᠠᠭᠰᠠᠨ ᠠᠵᠤ ᠠᠬᠤᠶᠢᠯᠠᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠪᠠᠴᠢᠮ ᠱᠠᠭᠠᠷᠳᠠᠭᠳᠠᠵᠤ | ᠳᠤᠲᠠᠭᠳᠠᠵᠤ ᠪᠠᠶᠢᠭ᠎ᠠ ᠴᠢᠳᠠᠪᠤᠷᠢᠲᠠᠨ ᠵᠡᠷᠭᠡ ᠶᠢᠨ ᠲᠣᠭᠤᠷᠢᠨ ᠳᠤ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠥᠲᠥᠯᠥᠨ ᠵᠢᠯᠣᠭᠤᠳᠴᠤ | ᠪᠠᠶᠢᠭᠠᠳ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠬᠢᠶᠠᠯᠠᠭ᠎ᠠ ᠶᠢᠨ᠂ ᠬᠠᠨᠳᠤᠯᠭ᠎ᠠ ᠲᠠᠢ᠂ ᠠᠵᠢᠯ ᠤᠨ ᠪᠠᠶᠢᠷᠢ | ᠲᠣᠭᠲᠠᠭᠠᠭᠰᠠᠨ ᠪᠣᠯᠪᠠᠰᠤᠷᠠᠯ ᠢ ᠥᠷᠨᠢᠭᠦᠯᠵᠦ᠂ ᠲᠣᠭᠲᠠᠭᠠᠯ ᠶᠣᠰᠣᠭᠠᠷ ᠪᠣᠯᠪᠠᠰᠤᠷᠠᠯ ᠤᠨ ᠨᠡᠮᠡᠭᠦᠷᠢ | ᠣᠯᠭᠤᠨ᠎ᠠ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ | ᠪᠡᠶ᠎ᠡ ᠪᠠᠨ ᠳᠠᠭᠠᠭᠠᠵᠤ ᠦᠨᠡᠯᠡᠬᠦ᠂ ᠣᠨᠴᠠ ᠲᠡᠰ ᠤᠨ ᠮᠠᠰᠲ᠋ᠧᠷ ᠪᠠ ᠲᠡᠷᠢᠭᠦᠨ ᠮᠠᠰᠲ᠋ᠧᠷ ᠢ ᠦᠨᠡᠯᠡᠨ ᠤᠷᠢᠬᠤ ᠠᠵᠢᠯ | ᠥᠷᠨᠢᠭᠦᠯᠦᠨ᠎ᠡ᠃ ᠠᠵᠤ ᠠᠬᠤᠶᠢᠯᠠᠯ ᠤᠨ ᠪᠠᠶᠢᠭᠤᠯᠤᠭᠰᠠᠨ ᠬᠥᠳᠡᠯᠮᠦᠷᠢ ᠶᠢᠨ ᠵᠢᠱᠢᠶᠡᠴᠢ ᠤᠷᠠᠴᠤᠳ ᠤᠨ ᠰᠢᠨ᠎ᠡ | ᠡᠭᠦᠳᠦᠯᠲᠡ ᠶᠢᠨ ᠠᠵᠢᠯ ᠤᠨ ᠲᠠᠰᠤᠭ᠂ ᠮᠡᠷᠭᠡᠰᠢᠯᠲᠦ ᠮᠠᠰᠲ᠋ᠧᠷ ᠤᠨ ᠠᠵᠢᠯ ᠤᠨ ᠲᠠᠰᠤᠭ ᠪᠠ ᠳᠡᠭᠡᠳᠦ ᠮᠡᠷᠭᠡᠰᠢᠯᠲᠦ | ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠪᠡᠯᠡ ᠮᠥᠩᠭᠦᠨ ᠤ ᠳᠡᠮᠵᠢᠯᠭᠡ | ᠦᠵᠡᠭᠦᠯᠦᠨ᠎ᠡ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ | ᠵᠠᠷᠤᠳᠠᠯ ᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠭᠠᠷᠭᠠᠨ ᠠᠪᠬᠤ ᠪᠠ ᠬᠡᠷᠡᠭᠯᠡᠭᠦᠯᠵᠦ᠂ 60% ᠠᠴᠠ | ᠳᠡᠭᠡᠭᠰᠢᠬᠢ ᠵᠠᠷᠤᠳᠠᠯ ᠢ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠯ ᠳᠤ ᠬᠡᠷᠡᠭᠯᠡᠬᠦ ᠶᠢ | ᠪᠠᠲᠤᠯᠠᠨ᠎ᠠ᠃ | ᠳᠥᠷᠪᠡ᠂ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ | ︵ᠨᠠᠢᠮᠠ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ | ᠠᠬᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠨᠡᠶᠢᠭᠡᠮ ᠤᠨ ᠠᠵᠢᠯ᠂ ᠬᠠᠤᠯᠢ ᠴᠠᠭᠠᠵᠠ ᠶᠢᠨ ᠲᠤᠰᠠᠯᠠᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ | ᠵᠡᠷᠭᠡ ᠠᠵᠢᠯ ᠤᠨ ᠪᠠᠶᠢᠷᠢ ᠶᠢ ᠭᠦᠨᠵᠡᠭᠡᠢ ᠠᠭᠤᠳᠠᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠬᠠᠨᠳᠤᠭᠤᠯᠤᠨ ᠲᠤᠰᠬᠠᠶ ᠮᠡᠷᠭᠡᠵᠢᠯ᠂ ᠠᠵᠢᠯ ᠲᠥᠷᠥᠯ᠂ ᠠᠵᠤ ᠦᠢᠯᠡᠰ ᠬᠤᠪᠢᠶᠠᠭᠰᠠᠨ ᠤᠷᠢᠵᠤ ᠡᠯᠰᠡᠬᠦ ᠠᠵᠢᠯᠯᠠᠭ᠎ᠠ | ᠥᠷᠨᠢᠭᠦᠯᠦᠨ᠎ᠡ᠃ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠠᠮᠲᠤ ᠡᠳ᠋ᠯᠡᠬᠦ ᠲᠣᠭᠲᠠᠴᠠ ᠶᠢ ᠪᠠᠶᠢᠭᠤᠯᠤᠨ᠂ | ᠰᠤᠷᠭᠠᠨ ᠬᠥᠮᠦᠵᠢᠯ ᠪᠠ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠠᠵᠢᠯ ᠣᠯᠭᠤᠬᠤ ᠦᠢᠯᠡᠴᠢᠯᠡᠭᠡ ᠪᠠᠨ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠎ᠠ᠃ ᠠᠵᠢᠯ ᠣᠯᠭᠤᠯᠲᠠ ᠶᠢᠨ | ᠲᠠᠳᠤᠯᠭ᠎ᠠ᠂ ᠲᠠᠭᠠᠨ ᠰᠣᠷᠣᠯᠴᠠᠬᠤ ᠳᠦᠷᠢᠮ ᠢ ᠲᠡᠭᠦᠯᠳᠡᠷᠵᠢᠭᠦᠯᠦᠨ᠎ᠡ᠃ ᠭᠠᠳᠠᠭᠠᠳᠤ ᠳᠤ ᠰᠤᠷᠤᠯᠴᠠᠵᠤ | ᠤᠯᠤᠰ ᠲᠤ ᠪᠠᠨ ᠪᠤᠴᠠᠭᠰᠠᠳ ᠢ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠳᠡᠮᠵᠢᠬᠦ | ᠬᠡᠪᠴᠢᠶᠡᠨ ᠳᠤ ᠣᠷᠣᠭᠤᠯᠤᠨ᠎ᠠ᠃ | ︵ᠶᠢᠰᠦ︶ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠨ᠎ᠡ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ︽ᠬᠥᠮᠦᠵᠢᠯ ᠪᠣᠯᠪᠠᠰᠤᠷᠠᠯ + ᠠᠵᠢᠯ ᠤᠨ ᠪᠠᠶᠢᠷᠢ ᠶᠢ ᠥᠷᠭᠡᠳᠬᠡᠨ ᠠᠵᠢᠯ | ᠣᠯᠭᠤᠬᠤ︾ ᠶᠢ ᠴᠢᠩᠭᠠᠳᠬᠠᠨ᠎ᠠ᠃ ᠴᠡᠷᠢᠭ ᠤᠨ ᠠᠯᠪᠠᠨ ᠠᠴᠠ ᠬᠠᠯᠠᠭᠳᠠᠭᠰᠠᠨ ᠨᠠᠮ ᠤᠨ ᠭᠡᠰᠢᠭᠦᠳ ᠠᠴᠠ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢ ᠪᠤᠶᠢᠵᠢᠭᠤᠯᠵᠤ | ᠰᠢᠯᠢᠨ ᠳᠡᠪᠰᠢᠭᠦᠯᠬᠦ ᠶᠢ ᠴᠢᠬᠤᠯᠠᠴᠢᠯᠠᠨ᠎ᠠ᠃ ᠰᠢᠯᠢᠳᠡᠭ ᠴᠡᠷᠢᠭ ᠤᠨ ᠠᠯᠪᠠᠨ ᠠᠴᠠ ᠬᠠᠯᠠᠭᠳᠠᠭᠰᠠᠳ ᠨᠢ ᠴᠡᠷᠢᠭ ᠤᠨ | ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠠᠵᠢᠯᠯᠠᠬᠤ ᠶᠢ | ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠬᠠᠯᠠᠭᠳᠠᠭᠰᠠᠳ ᠳᠤᠮᠳᠠᠳᠤ ᠪᠠᠭ᠎ᠠ | ᠰᠤᠷᠭᠠᠭᠤᠯᠢ ᠳᠤ ᠣᠴᠢᠵᠤ ᠪᠠᠭᠰᠢᠯᠠᠬᠤ ᠶᠢ ᠳᠡᠮᠵᠢᠵᠦ᠂ ᠡᠯ᠎ᠡ ᠭᠠᠵᠠᠷ ᠤᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢ ᠤᠷᠢᠬᠤ ᠲᠥᠯᠥᠪᠯᠡᠭᠡ ᠲᠣᠭᠲᠠᠭᠠᠬᠤ ᠳᠤ ᠪᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ | ᠬᠠᠨᠳᠤᠭᠤᠯᠤᠨ ᠠᠰ ᠲᠤ ᠨᠢ ᠲᠥᠯᠥᠪᠯᠡᠭᠡ ᠭᠠᠷᠭᠠᠵᠤ ᠪᠣᠯᠬᠤ ᠪᠥᠭᠡᠳ ᠠᠯᠪᠠ ᠬᠠᠭᠠᠭᠰᠠᠨ ᠵᠢᠯ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠭᠠᠳ ᠨᠠᠰᠤᠨ ᠤ ᠬᠢᠵᠠᠭᠠᠷᠯᠠᠯ ᠢ ᠵᠣᠬᠢᠰᠲᠠᠶ ᠪᠠᠷ ᠠᠭᠤᠵᠢᠭᠤ ᠲᠠᠯᠪᠢᠵᠤ | ᠪᠣᠯᠤᠨ᠎ᠠ᠃ | ︵ᠠᠷᠪᠠ︶ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠣᠷᠣᠯᠭ᠎ᠠ | ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡᠨ ᠤ ᠪᠠᠶᠢᠴᠠᠭᠠᠯᠲᠠ ᠶᠢ ᠥᠷᠨᠢᠭᠦᠯᠵᠦ᠂ ᠠᠵᠤ ᠦᠢᠯᠡᠰ ᠤᠨ | ᠬᠥᠭᠵᠢᠯᠲᠡ ᠪᠠ ᠠᠵᠢᠯᠴᠢᠨ ᠬᠡᠷᠡᠭᠯᠡᠬᠦ ᠦᠢᠯᠡᠴᠢᠯᠡᠭᠡ ᠪᠠᠷ ᠲᠠᠷᠢᠶᠠᠴᠢᠨ ᠮᠠᠯᠴᠢᠨ ᠲᠤᠬᠠᠶ ᠶᠢᠨ ᠭᠠᠵᠠᠷ᠂ ᠣᠶᠢᠷ᠎ᠠ | ᠬᠠᠪᠢ ᠳᠤ ᠪᠠᠨ ᠠᠵᠢᠯ ᠤᠯᠬᠤ ᠶᠢ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ᠂ ᠬᠠᠲᠤᠨ ᠭᠤᠤᠯ ᠳᠠᠭᠠᠤ ᠶᠢᠨ | ᠮᠤᠵᠢ ᠣᠷᠣᠨ᠂ ᠪᠠᠷᠠᠭᠤᠨ ᠬᠡᠰᠡᠭ ᠤᠨ ᠮᠤᠵᠢ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ | ᠣᠷᠣᠨ ᠪᠠ ᠠᠶᠢᠮᠠᠭ ᠬᠤᠲᠠ ᠶᠢᠨ ᠬᠤᠭᠤᠷᠣᠨᠳᠣᠬᠢ ︽4+N︾ ᠬᠥᠳᠡᠯᠮᠦᠷᠢ ᠬᠦᠴᠦᠨ ᠤ ᠬᠠᠮᠵᠢᠯᠴᠠᠭᠠᠨ ᠤ | ᠬᠤᠯᠪᠣᠭ᠎ᠠ ᠶᠢ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ ᠢ | ᠥᠷᠭᠡᠳᠬᠡᠨ᠎ᠡ᠃ ᠪᠠᠷᠢᠯᠭ᠎ᠠ᠂ ᠰᠡᠯᠪᠢᠨ ᠵᠠᠰᠠᠬᠤ᠂ ᠬᠡᠷ ᠠᠬᠤᠢ᠂ ᠢᠳᠡᠭᠡᠨ ᠤᠮᠳᠠᠭᠠᠨ᠂ ᠪᠠᠷᠠᠭᠠᠨ ᠤ ᠭᠦᠢᠯᠭᠡᠭᠡ᠂ | ᠰᠢᠨ᠎ᠡ ᠠᠵᠢᠯ ᠮᠡᠷᠭᠡᠵᠢᠯ ᠰᠢᠨ᠎ᠡ ᠠᠵᠤ ᠪᠠᠶᠢᠳᠠᠯ ᠵᠡᠷᠭᠡ ᠬᠠᠮᠢᠶ᠎ᠠ ᠪᠥᠬᠦᠶ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠯ ᠢ ᠬᠠᠨᠳᠤᠯᠭ᠎ᠠ ᠲᠠᠢ ᠪᠠᠷ ᠥᠷᠨᠢᠭᠦᠯᠵᠦ᠂ ︽ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ + | ᠬᠥᠳᠡᠯᠮᠦᠷᠢ ᠬᠦᠴᠦ︾ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃ ᠬᠤᠲᠠ ᠳᠤ ᠣᠷᠤᠭᠰᠠᠨ ᠲᠠᠷᠢᠶᠠᠴᠢᠨ ᠮᠠᠯᠴᠢᠨ | ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ ᠪᠦᠯᠢ ᠶᠢᠨ ᠬᠢᠨ ᠳᠤ ᠬᠤᠲᠠ ᠶᠢᠨ ᠰᠢᠨ᠎ᠡ ᠠᠷᠠᠳ ᠤᠨ | ᠪᠣᠯᠪᠠᠰᠤᠷᠠᠯ ᠥᠷᠨᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠤᠲᠠ ᠳᠤ ᠠᠭᠤᠰᠤᠯᠴᠠᠬᠤ ᠶᠢ | ᠠᠬᠢᠭᠤᠯᠤᠨ᠎ᠠ᠃ ᠲᠣᠰᠬᠤᠨ ᠤ ᠱᠠᠲᠤᠨ ᠤ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ᠂ ᠨᠡᠶᠢᠭᠡᠮ ᠤᠨ | ᠲᠡᠩᠬᠡᠷᠡᠭᠦᠯᠦᠨ ᠲᠤᠰᠠᠯᠠᠯᠲᠠ ᠶᠢᠨ ᠲᠤᠰᠠᠯᠠᠭᠴᠢ ᠶᠢᠨ ᠡᠩᠨᠡᠭᠡ ᠶᠢ ᠨᠡᠶᠢᠳᠬᠡᠵᠦ᠂ ᠲᠠᠷᠢᠶᠠᠯᠠᠬᠤ ᠮᠠᠯᠵᠢᠬᠤ | ᠣᠷᠣᠨ ᠳᠠᠬᠢ ᠠᠵᠢᠯ ᠣᠯᠭᠤᠬᠤ᠂ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠶᠢ ᠴᠢᠩᠭᠠᠳᠬᠠᠨ᠎ᠠ᠃ | ︵ᠠᠷᠪᠠᠨ ᠨᠢᠭᠡ︶ ᠠᠵᠢᠯ ᠣᠯᠬᠤ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ ᠶᠢ ᠴᠢᠩᠭᠠᠷᠠᠭᠤᠯᠤᠨ᠎ᠠ᠃ ᠳ᠋ᠠᠶᠢᠲ᠋ᠠ ᠮᠡᠳᠡᠭᠡ ᠵᠠᠩᠭᠢ ᠶᠢ ᠬᠠᠮᠲᠤ ᠡᠳ᠋ᠯᠡᠵᠦ ᠬᠠᠷᠢᠴᠠᠭᠤᠯᠬᠤ ᠶᠢ | ᠴᠢᠩᠭᠠᠳᠬᠠᠵᠤ᠂ ᠨᠠᠰᠤ ᠠᠬᠠᠰᠢᠷᠠᠭᠰᠠᠨ᠂ ᠵᠡᠮᠳᠡᠭᠯᠡᠭᠰᠡᠨ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠠᠯᠳᠠᠭᠰᠠᠨ | ᠵᠡᠷᠭᠡ ᠠᠵᠢᠯ ᠣᠯᠬᠤ ᠬᠦᠴᠢᠷᠳᠡᠯᠲᠡᠢ ᠬᠥᠮᠥᠰ ᠢ ᠣᠨᠣᠴᠠᠲᠠᠢ ᠪᠠᠷ ᠢᠯᠭᠠᠨ ᠲᠠᠨᠢᠵᠤ᠂ ᠲᠤᠰᠠᠯᠠᠮᠵᠢ ᠬᠦᠷᠲᠡᠭᠰᠡᠳ ᠲᠤ | ᠲᠣᠬᠢᠷᠠᠬᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯ ᠤᠨ ᠪᠠᠶᠢᠷᠢ᠂ ᠠᠮᠢᠳᠤᠯᠢᠭ ᠢᠶᠠᠷ ᠠᠵᠢᠯᠯᠠᠬᠤ | ᠠᠵᠢᠯ ᠤᠨ ᠪᠠᠶᠢᠷᠢ ᠶᠢ ᠥᠷᠭᠡᠨ ᠢᠶᠠᠷ ᠴᠤᠭᠯᠠᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ | ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠰᠠᠭᠤᠷᠢ ᠠᠴᠠ ᠨᠢ ᠪᠠᠲᠤᠯᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠢᠯ | ᠣᠯᠭᠤᠯᠲᠠ ᠬᠢᠭᠡᠳ ᠠᠵᠢᠯ ᠠᠯᠳᠠᠯᠲᠠ ᠶᠢᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠠᠴᠠ ᠠᠭᠠᠵᠢᠮ ᠢᠶᠠᠷ ᠭᠠᠷᠭᠠᠬᠤ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠠᠰᠤᠬᠤ ᠵᠡᠷᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠬᠤᠶᠠᠷ︶ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠪᠠ ᠠᠮᠢᠳᠤᠯᠢᠭ ᠢᠶᠠᠷ ᠠᠵᠢᠯ ᠣᠯᠬᠤ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠦᠢᠯᠡᠰ ᠪᠣᠰᠬᠠᠬᠤᠢ ᠥᠪᠥᠷ ᠮᠣᠩᠭᠤᠯ ᠤᠨ ᠠᠵᠢᠯᠯᠠᠭᠠᠨ︾ ᠢ | ᠭᠦᠨᠵᠡᠭᠡᠶᠢᠷᠡᠭᠦᠯᠦᠨ᠂ ᠦᠢᠯᠡᠰ ᠪᠣᠰᠬᠠᠬᠤ ᠶᠢ ᠳᠡᠮᠵᠢᠬᠦ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠦᠢᠯᠡᠰ | ᠪᠣᠰᠬᠠᠬᠤ ᠶᠢ ᠵᠢᠯᠣᠭᠤᠳᠬᠤ ᠮᠠᠰᠲ᠋ᠧᠷ ᠤᠨ ᠲᠠᠰᠤᠭ ᠪᠠᠶᠢᠭᠤᠯᠬᠤ ᠠᠵᠢᠯ ᠢ ᠥᠷᠨᠢᠭᠦᠯᠦᠨ᠂ ᠦᠢᠯᠡᠰ ᠪᠣᠰᠬᠠᠬᠤ | ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤᠯᠢᠭ ᠢᠶᠠᠷ ᠠᠵᠢᠯ | ᠣᠯᠬᠤ ᠶᠢ ᠠᠬᠢᠭᠤᠯᠤᠨ᠂ ᠲᠠᠪᠴᠠᠩ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠢᠯᠴᠢᠨ ᠤ ᠡᠪᠯᠡᠯ | ᠪᠠᠶᠢᠭᠤᠯᠬᠤ ᠵᠡᠷᠭᠡ ᠠᠵᠢᠯ ᠢ ᠵᠢᠷᠤᠮᠵᠢᠭᠤᠯᠤᠨ᠎ᠠ᠃ ᠶᠠᠪᠤᠭᠤᠯ ᠠᠵᠢᠯᠲᠠᠨ ᠤ ᠠᠵᠢᠯᠲᠠᠨ ᠤ ᠶᠠᠪᠤᠳᠠᠯ ᠤᠨ ᠳᠠᠩᠰᠠ | ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠠᠵᠢᠯ ᠣᠯᠭᠤᠯᠲᠠ ᠶᠢᠨ ᠠᠵᠢᠯ | ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠠᠵᠢᠯ ᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠢᠯ | ᠣᠯᠭᠤᠯᠲᠠ ᠶᠢᠨ ᠲᠥᠪᠯᠡᠷᠡᠩᠭᠦᠢ ᠡᠶᠡᠳᠡᠭᠦᠯᠬᠦ ᠲᠣᠭᠲᠠᠴᠠ ᠶᠢ ᠪᠠᠶᠢᠭᠤᠯᠵᠤ᠂ ᠬᠥᠳᠡᠯᠮᠦᠷᠢ ᠶᠢᠨ ᠵᠠᠭᠤᠷᠠᠯᠳᠤᠭᠠᠨ ᠢ | ᠨᠢᠭᠡ ᠴᠣᠭᠴᠠᠵᠢᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ | ᠲᠠᠪᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠭᠦᠯᠦᠨ᠎ᠡ | ︵ᠠᠷᠪᠠᠨ ᠭᠤᠷᠪᠠ︶ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠲᠡᠬᠦ᠋ᠢᠴᠡ | ᠴᠢᠨᠠᠷ ᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ | ᠠᠢ ᠳᠤ ᠠᠭᠤᠰᠬᠠᠵᠤ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ | ᠵᠦᠢᠯᠡᠰ ᠲᠤ ᠣᠷᠣᠭᠤᠯᠤᠨ᠎ᠠ᠃ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠯᠤᠭ᠎ᠠ ᠬᠤᠯᠪᠣᠭᠠᠯᠠᠨ ︽ᠬᠡᠷ ᠤᠨ ᠡᠭᠦᠳᠡᠨ︾ ᠳᠠᠬᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠥᠷᠲᠡᠭᠡ᠂ ︽15 ᠮᠢᠨᠦ᠋ᠲ ᠤᠨ ᠵᠠᠶᠢᠲᠠᠢ︾ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠤᠷᠢᠭ ᠢ ᠪᠠᠶᠢᠭᠤᠯᠤᠨ᠎ᠠ᠃ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠪᠠ ᠭᠠᠷᠲᠠᠨ | ᠭᠦᠢᠴᠡᠳᠬᠡᠬᠦ ᠳᠦᠷᠢᠮ ᠵᠢᠷᠤᠮ ᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠪᠠᠶᠢᠩᠭᠤ ᠰᠠᠭᠤᠭ᠎ᠠ ᠭᠠᠵᠠᠷ᠂ ᠠᠵᠢᠯ | ᠣᠯᠤᠭᠰᠠᠨ ᠭᠠᠵᠠᠷ ᠲᠤ ᠪᠠᠨ ᠠᠵᠢᠯ ᠣᠯᠭᠤᠯᠲᠠ ᠦᠢᠯᠡᠰ ᠪᠣᠰᠬᠠᠬᠤ ᠶᠢᠨ ᠦᠢᠯᠡᠴᠢᠯᠡᠭᠡ ᠬᠦᠷᠲᠡᠬᠦ ᠶᠢ | ᠪᠠᠲᠤᠯᠠᠨ᠎ᠠ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠ ᠡᠵᠡᠩᠨᠡᠯᠲᠡ ᠶᠢᠨ | ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠮᠡᠷᠭᠡᠰᠢᠯ ᠤᠨ | ᠪᠣᠯᠪᠠᠰᠤᠷᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠬᠤᠯᠪᠣᠭᠠᠯᠠᠨ ᠨᠡᠪᠲᠡᠷᠡᠯᠴᠡᠬᠦ᠂ ᠦᠢᠯᠡᠴᠢᠯᠡᠭᠡ | ᠠᠭᠤᠰᠤᠯᠴᠠᠭᠤᠯᠤᠨ ᠨᠡᠪᠲᠡᠷᠡᠯᠴᠡᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠢᠯ | ᠮᠡᠷᠭᠡᠵᠢᠯ ᠤᠨ ᠵᠢᠯᠣᠭᠤᠳᠤᠯᠭ᠎ᠠ᠂ ᠮᠡᠷᠭᠡᠰᠢᠯ ᠤᠨ ᠪᠣᠯᠪᠠᠰᠤᠷᠠᠯ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠮᠥᠷᠳᠡᠯ | ᠬᠠᠷᠢᠭᠤ ᠰᠤᠷᠪᠤᠯᠵᠢᠯᠠᠯ ᠤᠨ ᠪᠥᠬᠦ ᠬᠡᠯᠬᠢᠶᠡᠨ ᠤ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠣᠶ | ᠪᠣᠯᠭᠠᠨ᠎ᠠ᠃ | ︵ᠠᠷᠪᠠᠨ ᠳᠥᠷᠪᠡ︶ ᠳ᠋ᠢᠭᠢᠲ ᠢᠶᠠᠷ ᠬᠦᠴᠦᠨ ᠴᠢᠳᠠᠮᠵᠢ ᠡᠷᠴᠢᠮᠯᠡᠭᠰᠡᠨ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠡᠪ ᠵᠠᠭᠪᠤᠷ ᠢ ᠬᠡᠷᠡᠭᠵᠢᠭᠦᠯᠦᠨ᠎ᠡ᠃ ᠪᠥᠬᠦ ᠣᠷᠣᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠨᠢᠭᠡᠳᠦᠯᠲᠡᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠵᠢᠯ ᠤᠨ ᠪᠠᠶᠢᠷᠢ ᠶᠢ ᠣᠶᠤᠨᠴᠢ ᠪᠠᠷ ᠲᠣᠬᠢᠷᠠᠯᠴᠠᠭᠤᠯᠬᠤ ᠮᠡᠳᠡᠭᠡ ᠵᠠᠩᠭᠢᠴᠢᠯᠠᠯᠲᠠ ᠶᠢᠨ ᠲᠥᠬᠦᠭᠡᠷᠦᠮᠵᠢ | ᠳᠣᠭᠢᠷᠠᠭᠤᠯᠤᠨ᠂ ︽ᠲᠣᠮᠣ ᠳ᠋ᠠᠶᠢᠲ᠋ᠠ + ᠲᠡᠮᠦᠷ ᠤᠯᠠᠲᠤ︾ ᠠᠵᠢᠯ ᠣᠯᠭᠤᠬᠤ ᠦᠢᠯᠡᠴᠢᠯᠡᠭᠡᠨ ᠤ ᠬᠡᠪ ᠵᠠᠭᠪᠤᠷ ᠢ | ᠳᠡᠯᠭᠡᠷᠡᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠶᠠᠷ ᠭᠤᠣᠯᠯᠠᠭᠤᠯᠤᠭᠰᠠᠨ᠂ ᠵᠠᠬ᠎ᠠ ᠳᠡᠯᠭᠡᠭᠦᠷ ᠤᠨ | ᠪᠠᠶᠢᠭᠤᠯᠤᠮᠵᠢ ᠥᠷᠭᠡᠨ ᠢᠶᠠᠷ ᠣᠷᠣᠯᠴᠠᠭᠰᠠᠨ ᠠᠵᠢᠯ ᠡᠷᠢᠨ ᠤᠷᠢᠵᠤ ᠡᠯᠰᠡᠬᠦ ᠰᠦᠯᠵᠢᠶᠡᠨ ᠲᠠᠪᠴᠠᠩ ᠢ | ᠲᠥᠪᠯᠡᠷᠡᠭᠦᠯᠦᠨ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠥᠨᠳᠥᠷ ᠪᠦᠲᠦᠮᠵᠢᠲᠡᠶ ᠪᠠᠷ ᠲᠣᠬᠢᠷᠠᠯᠴᠠᠬᠤ ᠶᠢ | ᠠᠬᠢᠭᠤᠯᠤᠨ᠎ᠠ᠃ ᠬᠥᠳᠡᠯᠮᠦᠷᠢ ᠶᠢᠨ ᠡᠯᠧᠺᠳ᠋ᠷᠣᠨ ᠭᠡᠷ᠎ᠡ ᠶᠢ ᠪᠦᠷᠢᠨ ᠪᠥᠷᠬᠦᠭᠦᠯᠬᠦ ᠶᠢ ᠲᠦᠷᠭᠡᠳᠬᠡᠨ | ᠠᠬᠢᠭᠤᠯᠤᠨ᠎ᠠ᠃ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠰᠠᠯᠠᠭ᠎ᠠ ᠮᠦᠴᠢᠷ ᠬᠢᠭᠡᠳ | ᠰᠣᠷᠭᠠᠨ ᠬᠦᠮᠦᠵᠢᠯ᠂ ᠲᠣᠳᠣᠭᠠᠳᠣ ᠶᠢ ᠬᠠᠮᠠᠭᠠᠯᠠᠬᠤ᠂ ᠠᠷᠡᠳ ᠤᠨ ᠶᠠᠪᠤᠳᠡᠯ᠂ ᠭᠠᠶᠢᠯᠢ ᠶᠢᠨ ᠶᠠᠪᠤᠳᠡᠯ᠂ ᠵᠠᠬ᠎ᠠ | ᠳᠡᠯᠭᠡᠬᠦᠷ ᠤᠨ ᠬᠢᠨᠡᠯᠳᠡ ᠬᠠᠮᠢᠶᠡᠷᠦᠯᠳᠡ ᠵᠡᠷᠭᠡ ᠰᠠᠯᠠᠭ᠎ᠠ ᠮᠦᠴᠢᠷ ᠤᠨ ᠳ᠋ᠠᠶᠢᠲ᠋ᠠ ᠶᠢᠨ ᠬᠠᠷᠢᠯᠴᠠᠨ ᠬᠤᠯᠪᠤᠭᠠᠯᠠᠵᠦ | ᠨᠡᠪᠳᠡᠷᠡᠯᠴᠡᠬᠦ ᠶᠢ ᠠᠬᠢᠭᠤᠯᠵᠦ᠂ ᠲᠣᠬᠠᠶᠢᠯᠬᠠᠰᠠᠨ ᠠᠵᠢᠯ ᠤᠨ ᠬᠠᠮᠵᠢᠯᠴᠠᠭ᠎ᠠ ᠪᠠ ᠳ᠋ᠠᠶᠢᠲ᠋ᠠ ᠶᠢ ᠬᠠᠮᠲᠤ ᠡᠳ᠋ᠯᠡᠬᠦ ᠶᠢ | ᠪᠠᠶᠠᠯᠠᠬᠦᠯᠥᠨ᠎ᠠ᠃ | ᠵᠢᠷᠭᠤᠭ᠎ᠠ᠂ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠨ᠎ᠠ | ︵ᠠᠷᠪᠠᠨ ᠲᠠᠪᠤ︶ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠨᠠᠮ ᠤᠨ | ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ᠂ ᠠᠵᠢᠯᠴᠢᠨ ᠤ ᠡᠪᠯᠡᠯ᠂ ᠠᠵᠤ ᠠᠬᠤᠶᠢᠯᠠᠯ ᠭᠤᠷᠪᠠᠨ ᠲᠠᠯ᠎ᠠ ᠪᠠᠷ | ᠬᠠᠮᠲᠤ ᠣᠷᠣᠯᠴᠠᠭᠰᠠᠨ ᠬᠥᠳᠡᠯᠮᠦᠷᠢ ᠶᠢᠨ ᠬᠠᠷᠢᠴᠠᠭ᠎ᠠ ᠶᠢᠨ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ᠂ ᠬᠥᠳᠡᠯᠮᠦᠷᠢ ᠶᠢᠨ ᠬᠠᠷᠢᠴᠠᠭ᠎ᠠ ᠶᠢ | ᠵᠣᠬᠢᠴᠠᠭᠤᠯᠬᠤ᠂ ᠬᠥᠳᠡᠯᠮᠦᠷᠢ ᠶᠢᠨ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ | ᠵᠥᠷᠢᠴᠡᠯ ᠢ ᠠᠷᠢᠯᠭᠠᠬᠤ ᠬᠦᠴᠦᠨ ᠢ ᠭᠦᠢᠴᠡᠳ ᠮᠥᠷᠲᠡᠭᠡᠨ ᠴᠢᠩᠭ᠎ᠠ ᠲᠣᠬᠢᠷᠠᠭᠤᠯᠤᠨ᠎ᠠ᠃ ᠠᠵᠢᠯ ᠣᠯᠭᠤᠯᠲᠠ ᠶᠢᠨ | ᠭᠠᠳᠠᠭᠤᠷᠴᠢᠯᠠᠯ ᠠᠴᠠ ᠲᠡᠩᠬᠡᠷᠡᠭᠦᠯᠦᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠂ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠢᠷᠭᠡᠨ ᠤ ᠬᠡᠷᠡᠭ ᠤᠨ | ᠵᠠᠭᠠᠯᠳᠤᠯᠭ᠎ᠠ ᠶᠢ ᠳᠡᠮᠵᠢᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ ᠶᠢ | ᠬᠢᠨᠠᠨ ᠪᠠᠶᠢᠴᠠᠭᠠᠬᠤ ᠪᠠ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠴᠠᠯᠢᠩ | ᠳᠠᠭᠠᠳᠬᠠᠯ ᠥᠷᠢᠲᠦᠬᠦ᠂ ᠬᠠᠤᠯᠢ ᠠᠴᠠ ᠵᠥᠷᠢᠴᠡᠨ ᠠᠵᠢᠯᠲᠠᠨ ᠬᠠᠰᠤᠬᠤ᠂ ᠬᠤᠳᠠᠯ ᠬᠠᠭᠤᠷᠮᠠᠭ ᠢᠶᠠᠷ ᠡᠯᠰᠡᠬᠦ᠂ | ︽ᠬᠠᠷ᠎ᠠ ᠵᠠᠭᠤᠴᠢ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠨᠠᠰᠤ ᠬᠡᠲᠦᠷᠡᠭᠰᠡᠨ ᠬᠥᠳᠡᠯᠮᠦᠷᠢᠴᠢᠨ ᠤ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠠᠵᠢᠯ ᠢ | ᠰᠠᠶᠢᠲᠤᠷ ᠬᠢᠨ᠎ᠡ᠃ | ︵ᠠᠷᠪᠠᠨ ᠵᠢᠷᠭᠤᠭ᠎ᠠ︶ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠵᠦᠶ ᠵᠣᠬᠢᠰᠲᠠᠶ ᠨᠡᠮᠡᠭᠳᠡᠯ ᠢ | ᠠᠬᠢᠭᠤᠯᠤᠨ᠎ᠠ᠃ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠵᠤ ᠦᠨᠡᠯᠡᠨ ᠵᠢᠱᠢᠬᠦ ᠲᠣᠭᠲᠠᠴᠠ ᠶᠢ | ᠪᠦᠷᠢᠨᠰᠢᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠴᠠᠯᠢᠩ ᠢ ᠲᠣᠭᠲᠠᠭᠠᠬᠤ᠂ ᠵᠦᠢ | ᠵᠣᠬᠢᠰᠲᠠᠢ ᠪᠠᠷ ᠨᠡᠮᠡᠭᠳᠡᠭᠦᠯᠬᠦ ᠪᠠ ᠲᠣᠭᠠᠴᠠᠭ᠎ᠠ ᠬᠢᠬᠦ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠶᠢ ᠴᠢᠩᠭᠠᠳᠬᠠᠵᠤ᠂ ᠣᠯᠠᠨ ᠬᠦᠷᠢᠶ᠎ᠡ᠂ ᠣᠯᠠᠨ ᠲᠠᠰ | ᠳᠠᠪᠬᠤᠷᠭ᠎ᠠ᠂ ᠣᠯᠠᠨ ᠲᠥᠷᠥᠯ ᠤᠨ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ | ᠴᠠᠯᠢᠩ ᠬᠥᠯᠥᠰᠥ ᠶᠢᠨ ᠪᠠᠶᠢᠴᠠᠭᠠᠯᠲᠠ ᠶᠢᠨ ᠮᠡᠳᠡᠭᠡ ᠵᠠᠩᠭᠢ᠂ ᠠᠵᠤ ᠠᠬᠤᠶᠢᠯᠠᠯ ᠪᠠ ᠠᠵᠢᠯ ᠲᠥᠷᠥᠯ ᠬᠤᠪᠢᠶᠠᠭᠰᠠᠨ | ᠴᠠᠯᠢᠩ ᠤᠨ ᠵᠢᠯᠣᠭᠤᠳᠬᠤ ᠱᠤᠭᠤᠮ ᠢ ᠵᠢᠯ ᠪᠣᠯᠭᠠᠨ ᠨᠡᠶᠢᠲᠡᠯᠡᠨ᠎ᠡ᠃ | ᠲᠤᠯᠤᠭ᠎ᠠ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠨᠡᠶᠢᠯᠡᠮᠡᠯ | ᠬᠦᠴᠦᠨ ᠢ ᠨᠢᠭᠲᠠᠷᠠᠭᠤᠯᠤᠨ᠎ᠠ | ᠠᠵᠢᠯ ᠣᠯᠭᠤᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ | ᠣᠷᠳᠣᠨ ᠤᠳᠤᠷᠢᠳᠤᠭᠰᠠᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠦᠷᠦᠭᠦᠯᠡᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠭᠰᠠᠨ᠂ ᠨᠡᠶᠢᠭᠡᠮ ᠤᠨ | ᠡᠯ᠎ᠡ ᠡᠲᠡᠭᠡᠳ ᠤᠨ ᠬᠢᠨ ᠬᠠᠮᠲᠤ ᠣᠷᠣᠯᠴᠠᠭᠰᠠᠨ ᠠᠵᠢᠯ ᠣᠯᠭᠤᠬᠤ ᠠᠵᠢᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ | ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠪᠠ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠤᠭᠯᠠᠭᠤᠯᠤᠨ | ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠠᠵᠢᠯ ᠣᠯᠭᠤᠬᠤ ᠠᠵᠢᠯ ᠢ ᠬᠤᠰᠢᠭᠤ ᠰᠢᠶᠠᠨ ᠠᠴᠠ ᠳᠡᠭᠡᠭᠰᠢᠬᠢ ᠨᠠᠮ | ᠵᠠᠰᠠᠭ ᠤᠨ ᠤᠳᠤᠷᠢᠳᠬᠤ ᠪᠠᠭ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠪᠣᠯᠭᠠᠵᠤ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠠᠵᠢᠯ ᠣᠯᠭᠤᠯᠲᠠ ᠶᠢᠨ ᠠᠵᠢᠯ ᠢ ᠬᠥᠬᠢᠭᠦᠯᠦᠨ ᠰᠠᠶᠢᠰᠢᠶᠠᠨ᠎ᠠ᠃ ᠴᠢᠨᠠᠷ ᠰᠠᠶᠢᠲᠠᠢ | ᠭᠦᠢᠴᠡᠳ ᠠᠵᠢᠯ ᠣᠯᠭᠤᠬᠤ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠪᠠ ᠪᠦᠷᠢᠳᠬᠡᠵᠦ ᠬᠢᠨᠠᠨ ᠰᠢᠨᠵᠢᠬᠦ | ᠲᠣᠭᠲᠠᠯᠴᠠᠭ᠎ᠠ ᠶᠢ ᠪᠦᠷᠢᠨᠰᠢᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢᠨ ᠦᠨᠡᠯᠡᠨ ᠵᠢᠱᠢᠯᠲᠡ ᠶᠢ | ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠠᠵᠢᠯ ᠣᠯᠭᠤᠯᠲᠠ ᠪᠠ ᠠᠵᠢᠯ ᠠᠯᠳᠠᠯᠲᠠ ᠶᠢ ᠬᠢᠨᠠᠨ ᠰᠢᠨᠵᠢᠵᠦ | ᠰᠡᠷᠡᠮᠵᠢᠯᠡᠭᠦᠯᠬᠦ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ ᠬᠡᠪᠴᠢᠶᠡᠵᠢᠯ ᠤᠨ ᠴᠢᠨᠠᠷᠲᠠᠶ | ᠬᠥᠮᠦᠨ ᠬᠠᠰᠤᠬᠤ ᠵᠢᠴᠢ ᠭᠡᠨᠡᠳᠲᠡ ᠶᠢᠨ ᠬᠡᠷᠡᠭ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ | 2024 ᠣᠨ ᠤ 12 ᠳ᠋ᠤᠭᠠᠷ ᠰᠠᠷ᠎ᠠ ᠶᠢᠨ 9 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ | | |