ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠥᠰᠦᠯ ᠢᠳᠡᠪᠬᠢᠲᠡᠢ ᠦᠷ᠎ᠡ ᠪᠦᠲᠦᠮᠵᠢ ᠣᠯᠤᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠳᠤ ᠦᠷᠭᠦᠯᠵᠢᠯᠡᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/1/8
      1 ᠳ᠋ᠦ᠋ᠭᠡᠷ ᠰᠠᠷ᠎ᠠ ᠶᠢᠨ 6 - 7᠎ ᠤ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠰᠦᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠬᠠᠷᠢᠭᠤ ᠮᠡᠳᠡᠭᠦᠯᠦᠯᠲᠡ ᠵᠢᠴᠢ 2025 ᠣᠨ ᠤ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠰᠦᠯ ᠳᠠᠭᠠᠭᠠᠴᠢᠯᠠᠭᠴᠢ ᠶᠢᠨ ᠪᠣᠯᠪᠠᠰᠤᠷᠠᠯ ᠤᠨ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠭᠰᠠᠨ ᠪᠥᠭᠡᠳ ᠪᠠᠶᠠᠷ ᠬᠦᠷᠭᠡᠪᠡ᠃

1.jpg

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ

ᠬᠥᠮᠦᠵᠢᠯ ᠤᠨ ᠰᠤᠳᠤᠯᠭᠠᠨ ᠪᠣᠯᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2024 ᠣᠨ ᠳᠤ ᠠᠩᠬᠠᠳᠠᠭᠴᠢ ᠪᠦᠯᠦᠭ ᠥᠪᠡᠷᠲᠡᠭᠡᠨ

ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠤᠨ ᠲᠤᠰᠬᠠᠢ ᠲᠥᠰᠦᠯ ᠢ

ᠪᠠᠶᠢᠭᠤᠯᠵᠤ᠂ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ

ᠵᠢᠷᠤᠮ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠪᠠ

ᠣᠨᠴᠠᠭᠠᠢ ᠰᠤᠷᠭᠠᠨ ᠬᠥᠮᠦᠵᠢᠯ ᠢ ᠬᠠᠮᠤᠷᠤᠨ᠂ ᠠᠭᠤᠯᠭ᠎ᠠ ᠨᠢ ᠰᠠᠭᠤᠷᠢ ᠰᠤᠷᠭᠠᠨ ᠬᠥᠮᠦᠵᠢᠯ ᠤᠨ ᠡᠯ᠎ᠡ ᠬᠢᠴᠢᠶᠡᠯ

ᠲᠥᠷᠥᠯ ᠤᠨ ᠵᠢᠭᠠᠨ ᠰᠤᠷᠭᠠᠯᠲᠠ ᠶᠢᠨ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠡᠯᠪᠡᠭ ᠪᠠᠶᠠᠯᠢᠭ

ᠬᠢᠴᠢᠶᠡᠯ ᠤᠨ ᠡᠬᠢ ᠪᠠᠶᠠᠯᠢᠭ ᠢ ᠢᠯᠡᠷᠡᠭᠦᠯᠦᠨ᠂ ᠬᠡᠰᠡᠭ ᠪᠦᠯᠦᠭ ᠥᠨᠳᠥᠷ ᠪᠦᠲᠦᠮᠵᠢᠲᠡᠢ ᠬᠢᠴᠢᠶᠡᠯ ᠤᠨ ᠲᠠᠩᠬᠢᠮ ᠤᠨ

ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠵᠤ᠂ ᠬᠡᠰᠡᠭ ᠪᠦᠯᠦᠭ ᠡᠷᠳᠡᠮ ᠰᠢᠨᠵᠢᠯᠡᠭᠡᠨ ᠤ ᠥᠭᠦᠯᠡᠯ ᠪᠠ

ᠰᠤᠳᠤᠯᠭᠠᠨ ᠤ ᠮᠡᠳᠡᠭᠦᠯᠦᠯᠲᠡ ᠶᠢ ᠪᠦᠷᠢᠯᠳᠦᠭᠦᠯᠪᠡ᠃

2.jpg

3.jpg

      ᠵᠢᠭᠠᠬᠤ ᠶᠢ ᠰᠤᠳᠤᠯᠬᠤ ᠲᠤᠰᠬᠠᠢ ᠰᠤᠳᠤᠯᠭᠠᠨ ᠤ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂

ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ

ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠬᠤᠢ ᠪᠠᠶᠢᠳᠠᠯ ᠳᠠᠬᠢ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠥᠯᠥᠭᠡ᠂ 2025 ᠣᠨ ᠳᠤ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠠᠭᠤᠷᠢ ᠰᠤᠷᠭᠠᠨ ᠬᠥᠮᠦᠵᠢᠯ ᠤᠨ

ᠵᠢᠭᠠᠬᠤ ᠶᠢ ᠰᠣᠳᠤᠯᠬᠤ ᠳᠤᠰᠬᠠᠢ ᠲᠥᠰᠦᠯ 235᠎ ᠶᠢ ᠲᠣᠬᠢᠷᠠᠭᠤᠯᠵᠤ᠂ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠵᠠᠭᠪᠤᠷ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠨ᠎ᠡ᠃

   

4.jpg

5.jpg

      ᠪᠦᠬᠦ ᠣᠷᠣᠨ ᠤ 179 ᠳᠤᠰᠬᠠᠢ ᠲᠥᠰᠦᠯ ᠦᠷ᠎ᠡ ᠪᠦᠲᠦᠭᠡᠯ ᠤᠨ ᠦᠵᠡᠭᠦᠯᠭᠡ ᠬᠢᠵᠦ᠂ 50 ᠲᠥᠰᠦᠯ

ᠰᠤᠳᠤᠯᠭᠠᠨ ᠤ ᠬᠠᠷᠢᠭᠤ ᠮᠡᠳᠡᠭᠦᠯᠦᠯᠲᠡ ᠪᠠ ᠠᠬᠤᠢ ᠲᠠᠯᠠᠪᠠᠢ ᠶᠢᠨ ᠵᠢᠭᠠᠨ ᠰᠤᠷᠭᠠᠯᠲᠠ ᠥᠷᠨᠢᠭᠦᠯᠵᠦ᠂ ᠬᠠᠮᠢᠶ᠎ᠠ

ᠪᠦᠬᠦᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯᠲᠠᠨ 400 ᠰᠢᠬᠠᠮ ᠬᠥᠮᠦᠨ ᠪᠣᠯᠪᠠᠰᠤᠷᠠᠯ ᠳᠤ

ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号