ᠰᠤᠷᠭᠠᠨ ᠬᠥᠮᠦᠵᠢᠯ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠡᠳ᠋ ᠳᠠᠷᠤᠭ᠎ᠠ ᠵᠠᠢ ᠭᠠᠩ ᠰᠢᠦᠸᠡᠢ ᠨᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/1/9
      1 ᠰᠠᠷ᠎ᠠ ᠶᠢᠨ 7᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠡᠳ᠋ ᠳᠠᠷᠤᠭ᠎ᠠ ᠵᠠᠢ ᠭᠠᠩ ᠰᠢᠦᠸᠡᠢ ᠨᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠢᠭᠠᠬᠤ ᠶᠢ ᠰᠣᠳᠤᠯᠬᠤ ᠲᠠᠰᠤᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠲᠠᠪᠴᠠᠩ ᠤᠨ ᠴᠢᠳᠠᠮᠵᠢ ᠶᠢᠨ ᠦᠵᠡᠭᠦᠯᠭᠡ ᠶᠢ ᠦᠵᠡᠵᠦ᠂ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠠᠵᠢᠯᠯᠠᠭ᠎ᠠ ᠵᠢᠴᠢ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠰᠦᠯᠵᠢᠶ᠎ᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠦᠢᠯᠡᠳᠦᠯᠭᠡ ᠶᠢᠨ ᠰᠠᠭᠤᠷᠢᠨ᠂ ᠢᠷᠭᠡᠨ ᠤ ᠬᠠᠤᠯᠢ ᠶᠢᠨ ᠪᠢᠴᠢᠭ ᠤᠨ ᠦᠵᠡᠭᠦᠯᠭᠡ ᠶᠢᠨ ᠲᠢᠩᠬᠢᠮ᠂ ᠮᠣᠩᠭᠤᠯ ᠬᠡᠯᠡᠨ ᠤ ᠡᠷᠲᠡᠨ ᠎ ᠤ ᠨᠣᠮ ᠪᠢᠴᠢᠭ ᠤᠨ ᠦᠵᠡᠭᠦᠯᠭᠡ ᠶᠢᠨ ᠲᠠᠰᠤᠭ ᠢ ᠪᠠᠶᠢᠴᠠᠭᠠᠨ ᠰᠣᠳᠤᠯᠵᠤ᠂ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠰᠤᠷᠭᠠᠭᠤᠯᠢ ᠶᠢ ᠵᠠᠰᠠᠬᠤ᠂ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ  ᠤᠮᠠᠷᠠᠲᠤ ᠬᠢᠯᠢ ᠶᠢ ᠬᠠᠤᠯᠢ ᠪᠠᠷ ᠵᠠᠰᠠᠬᠤ︾ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ 

1.webp.png

      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠤᠯᠢ ᠎ ᠪᠠᠷ ᠰᠤᠷᠭᠠᠭᠤᠯᠢ ᠶᠢ

ᠵᠠᠰᠠᠬᠤ᠂ ᠬᠠᠤᠯᠢ ᠪᠠᠷ ᠵᠠᠰᠠᠬᠤ ᠰᠤᠷᠭᠠᠨ ᠬᠥᠮᠦᠵᠢᠯ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ

ᠴᠢᠳᠠᠪᠤᠷᠢᠲᠠᠨ ᠢ ᠬᠠᠮᠵᠢᠯᠴᠠᠨ ᠬᠥᠮᠦᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠢᠯᠡᠳᠦᠯᠭᠡ ᠪᠠᠷ

ᠤᠳᠤᠷᠢᠳᠤᠮᠵᠢ ᠪᠣᠯᠭᠠᠭᠰᠠᠨ ᠬᠠᠤᠯᠢ ᠶᠢᠨ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ

ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠵᠢᠯ ᠤᠨ ᠲᠣᠭᠤᠷᠢᠨ ᠳᠤ᠂ ᠬᠡᠰᠡᠭ ᠶᠡᠭᠡ ᠳᠡᠭᠡᠳᠦ ᠰᠤᠷᠭᠠᠭᠤᠯᠢ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠥᠬᠡᠬᠤᠲᠠ ᠶᠢᠨ ᠰᠤᠷᠭᠠᠨ

ᠬᠥᠮᠦᠵᠢᠯ ᠤᠨ ᠲᠣᠪᠴᠢᠶ᠎ᠠ ᠶᠢᠨ ᠲᠠᠨᠢᠯᠴᠠᠭᠤᠯᠭ᠎ᠠ ᠶᠢ ᠲᠤᠰ ᠲᠤᠰ ᠰᠣᠨᠣᠰᠤᠭᠰᠠᠨ ᠪᠥᠭᠡᠳ ᠣᠳᠣᠬᠠᠨ ᠳᠤ

ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠲᠠᠢ ᠤᠶᠠᠯᠳᠤᠭᠤᠯᠤᠨ ᠶᠠᠷᠢᠯᠴᠠᠨ ᠰᠣᠯᠢᠯᠴᠠᠵᠤ᠂ ᠳᠠᠷᠠᠭ᠎ᠠ

ᠠᠯᠬᠤᠮ ᠤᠨ ᠠᠵᠢᠯ ᠳᠤ ᠵᠢᠯᠣᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号