2 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ | ᠯᠢᠶᠠᠩ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ | ᠶᠠᠷᠢᠯᠴᠠᠬᠤ ᠬᠤᠷᠠᠯ ᠢ ᠡᠷᠬᠢᠯᠡᠪᠡ᠃ | | | | | | | ᠶᠠᠷᠢᠯᠴᠠᠬᠤ ᠬᠤᠷᠠᠯ ᠳᠡᠭᠡᠷ᠎ᠡ᠂ ᠵᠠᠯᠠᠭᠤ ᠺᠠᠳ᠋ᠷᠴᠤᠳ ᠪᠣᠳᠣᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ | ᠠᠵᠢᠯ ᠤᠨ ᠶᠠᠪᠤᠴᠠ ᠳᠠᠬᠢ ᠲᠤᠷᠰᠢᠯᠭ᠎ᠠ ᠪᠣᠯᠤᠨ ᠲᠥᠭᠡᠷᠢᠭᠳᠡᠯ ᠢᠶᠠᠨ ᠬᠤᠪᠢᠶᠠᠯᠴᠠᠨ᠂ ᠬᠤᠪᠢ ᠬᠥᠮᠦᠨ ᠤ ᠥᠰᠦᠨ | ᠪᠣᠶᠢᠵᠢᠯᠲᠠ ᠶᠢᠨ ᠶᠠᠪᠤᠴᠠ ᠳᠠᠬᠢ ᠲᠥᠷᠥᠭᠳᠡᠯ ᠢᠶᠠᠨ ᠰᠣᠯᠢᠯᠴᠠᠬᠤ ᠶᠢᠨ ᠬᠠᠮᠲᠤ ᠰᠤᠷᠭᠠᠨ ᠬᠥᠮᠦᠵᠢᠯ ᠢᠶᠠᠷ | ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠠᠷᠭ᠎ᠠ ᠤᠬᠠᠭᠠᠨ ᠲᠡᠪᠰᠢᠭᠦᠯᠪᠡ᠃ ᠠᠬᠤᠢ ᠲᠠᠯᠠᠪᠠᠢ ᠶᠢᠨ | ᠠᠭᠤᠷ ᠠᠮᠢᠰᠬᠤᠯ ᠬᠥᠭᠵᠢᠶᠡᠨᠲᠡᠢ ᠮᠥᠷᠲᠡᠭᠡᠨ ᠡᠶ᠎ᠡ ᠨᠠᠶᠢᠷᠲᠠᠢ ᠪᠠᠶᠢᠵᠤ᠂ ᠵᠠᠯᠠᠭᠤ ᠺᠠᠳ᠋ᠷᠴᠤᠳ ᠤᠨ ᠵᠣᠷᠢᠭᠲᠠᠢ | ᠤᠷᠤᠭᠰᠢᠯᠠᠨ ᠳᠠᠪᠰᠢᠬᠤ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠬᠤᠷᠠᠯ ᠠᠴᠠ᠂ ᠵᠠᠯᠠᠭᠤ ᠺᠠᠳ᠋ᠷᠴᠤᠳ ᠢ ᠲᠠᠪᠤᠨ ᠦᠰᠦᠭ ᠢ ᠪᠠᠷᠢᠮᠲᠠᠯᠠᠬᠤ ᠳᠤ ᠬᠦᠴᠦ ᠲᠠᠯᠪᠢᠬᠤ ᠬᠡᠷᠡᠭᠲᠡᠢ | ᠭᠡᠵᠦ ᠱᠠᠭᠠᠷᠳᠠᠪᠠ᠃ ᠨᠢᠭᠡᠳᠦᠭᠡᠷ ᠨᠢ ︽ᠲᠣᠭᠲᠠᠭᠠᠬᠤ︾ ᠪᠣᠯᠤᠨ᠎ᠠ ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠬᠤᠶᠠᠷ ᠢ | ᠳᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠤᠯᠤᠰ ᠲᠥᠷᠥ ᠶᠢᠨ ᠲᠠᠯ᠎ᠠ ᠪᠠᠷ ᠨᠡᠩ ᠡᠷᠡᠰ ᠪᠠᠲᠤ᠂ ᠵᠣᠭᠰᠣᠯᠲᠠ ᠶᠢᠨ ᠲᠠᠯ᠎ᠠ ᠪᠠᠷ ᠨᠡᠩ ᠯᠠᠪᠳᠠᠭᠤᠨ | ᠪᠠᠲᠤᠲᠠᠢ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠨᠢ ︽ᠬᠠᠲᠠᠭᠤ ᠴᠢᠩᠭ᠎ᠠ︾ ᠪᠣᠯᠤᠨ᠎ᠠ᠂ ᠵᠣᠷᠢᠭᠲᠠᠢ | ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠵᠠᠩ ᠰᠤᠷᠲᠠᠯ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠳᠠᠪᠲᠠᠨ | ᠪᠣᠯᠪᠠᠰᠤᠷᠠᠭᠤᠯᠵᠤ᠂ ᠴᠢᠳᠠᠮᠠᠭᠠᠢ ᠰᠤᠷᠤᠯᠴᠠᠬᠤ᠂ ᠴᠢᠷᠮᠠᠶᠢᠨ ᠦᠢᠯᠡᠳᠦᠯᠭᠡᠵᠢᠭᠦᠯᠬᠦ᠂ ᠳᠤᠷᠠᠲᠠᠶ᠎ᠠ ᠬᠤᠪᠢ ᠨᠡᠮᠡᠷᠢ | ᠦᠵᠡᠭᠦᠯᠬᠦ ᠶᠢ ᠪᠡᠶᠡᠯᠡᠭᠦᠯᠵᠦ᠂ ᠬᠠᠲᠠᠭᠤ ᠴᠢᠩᠭ᠎ᠠ ᠣᠪᠣᠷ ᠰᠤᠷᠲᠠᠯ ᠢᠶᠠᠷ ᠠᠵᠢᠯ ᠤᠨ ᠶᠠᠪᠤᠴᠠ ᠳᠠᠬᠢ ︽ᠬᠦᠴᠢᠷ | ᠠᠰᠠᠭᠤᠳᠠᠯ︾ ᠢ ᠰᠢᠢᠳᠪᠦᠷᠢᠯᠡᠵᠦ᠂ ᠠᠰᠠᠭᠤᠳᠠᠯ ᠳᠤ ᠰᠢᠭᠤᠳ ᠬᠠᠨᠳᠤᠨ᠂ ᠬᠦᠴᠢᠷ ᠠᠰᠠᠭᠤᠳᠠᠯ ᠢ ᠰᠢᠢᠳᠪᠦᠷᠢᠯᠡᠬᠦ | ᠶᠠᠪᠤᠴᠠ ᠳᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠭᠤᠷᠪᠠᠳᠤᠭᠠᠷ ᠨᠢ | ︽ᠰᠢᠨ᠎ᠡ︾ ᠪᠣᠯᠤᠨ᠎ᠠ ᠂ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ ᠶᠢ ᠰᠤᠷᠭᠠᠨ ᠬᠥᠮᠦᠵᠢᠯ ᠢᠶᠠᠷ ᠣᠷᠣᠨ | ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠠᠭᠤᠰᠬᠠᠵᠤ᠂ ᠬᠤᠪᠢᠷᠠᠯᠲᠠ ᠶᠢ | ᠣᠨᠣᠪᠴᠢᠲᠠᠢ ᠲᠠᠨᠢᠨ᠂ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠬᠤᠪᠢᠷᠠᠯᠲᠠ ᠶᠢ ᠡᠷᠢᠯᠬᠢᠯᠡᠬᠦ | ᠶᠠᠪᠤᠴᠠ ᠳᠤ ᠰᠠᠨᠠᠭᠠᠴᠢᠯᠠᠭᠠᠲᠤ ᠡᠷᠬᠡ ᠶᠢ ᠣᠯᠵᠤ᠂ ᠵᠣᠷᠢᠭᠲᠠᠢ ᠥᠭᠡᠷᠡᠴᠢᠯᠡᠯᠲᠡ ᠬᠢᠬᠦ᠂ ᠵᠠᠮ ᠨᠡᠭᠡᠭᠡᠨ ᠰᠢᠨ᠎ᠡ ᠶᠢ | ᠡᠭᠦᠳᠬᠦ᠂ ᠰᠢᠨ᠎ᠡ ᠬᠠᠭᠤᠳᠠᠰᠤ ᠶᠢ ᠵᠢᠷᠤᠭᠯᠠᠬᠤ ᠵᠠᠮ ᠳᠤ ᠬᠥᠭᠵᠢᠯᠲᠡ ᠶᠢ ᠡᠷᠢᠯᠬᠢᠯᠡᠬᠦ ᠬᠡᠷᠡᠭᠲᠡᠢ᠃ ᠳᠥᠷᠪᠡᠳᠦᠭᠡᠷ ᠨᠢ | ︽ᠪᠣᠳᠠᠲᠠᠢ︾ ᠪᠣᠯᠤᠨ᠎ᠠ᠂ ᠬᠡᠯᠪᠡᠷᠢᠴᠢ ᠦᠵᠡᠯ ᠪᠣᠯᠤᠨ ᠨᠣᠶᠠᠨᠴᠢ ᠰᠤᠷᠲᠠᠯ ᠠᠴᠠ ᠡᠷᠡᠰ ᠵᠠᠶᠢᠯᠠᠰᠬᠢᠵᠦ᠂ ᠪᠣᠳᠠᠲᠠᠢ ᠶᠢ | ᠡᠷᠬᠢᠮᠯᠡᠬᠦ ᠣᠶᠢᠯᠠᠭᠠᠭᠳᠠᠬᠤᠨ ᠪᠣᠯᠤᠨ ᠦᠨᠡᠨ ᠪᠣᠳᠠᠲᠠᠢ ᠣᠪᠣᠷ ᠰᠤᠷᠲᠠᠯ ᠢ ᠪᠣᠢ ᠪᠣᠯᠭᠠᠵᠤ᠂ ᠪᠣᠳᠠᠲᠠᠢ ᠶᠢ ᠡᠷᠬᠢᠮᠯᠡᠨ | ᠭᠠᠪᠢᠶ᠎ᠠ ᠪᠠᠶᠢᠭᠤᠯᠵᠤ᠂ ᠪᠣᠳᠠᠲᠠᠢ ᠠᠷᠭ᠎ᠠ ᠭᠠᠷᠭᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ ᠲᠠᠪᠤᠳᠤᠭᠠᠷ ᠨᠢ ︽ᠡᠷᠡᠰ ᠴᠢᠩᠭ᠎ᠠ︾ ᠪᠣᠯᠤᠨ᠎ᠠ᠂ ᠠᠷᠢᠭᠤᠨ | ᠴᠢᠬᠡᠴᠢ ᠪᠠᠷ ᠵᠠᠰᠠᠭ ᠪᠠᠷᠢᠬᠤ ︽ᠠᠩᠬᠠᠨ ᠤ ᠠᠯᠬᠤᠮ︾ ᠢ ᠰᠠᠶᠢᠲᠤᠷ ᠠᠯᠬᠤᠵᠤ᠂ ᠰᠡᠳᠬᠢᠯ ᠰᠠᠨᠠᠭ᠎ᠠ ᠪᠠᠨ | ᠲᠣᠭᠲᠠᠪᠤᠷᠢᠵᠢᠭᠤᠯᠵᠤ᠂ ᠦᠢᠯᠡ ᠠᠵᠢᠯᠯᠠᠭ᠎ᠠ ᠪᠠᠨ ᠬᠠᠮᠢᠶᠠᠷᠴᠤ᠂ ᠠᠷᠢᠭᠤᠨ ᠴᠢᠬᠡᠴᠢ ᠪᠠᠷ ᠠᠵᠢᠯ ᠬᠢᠵᠦ᠂ ᠠᠷᠢᠭᠤᠨ | ᠴᠢᠬᠡᠴᠢ ᠨᠣᠶᠠᠨ ᠰᠠᠭᠤᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ | ᠠᠬᠤᠢ ᠶᠢ ᠢᠳᠡᠪᠬᠢᠲᠡᠢ ᠪᠣᠢ ᠪᠣᠯᠭᠠᠬᠤ ᠬᠡᠷᠡᠭᠲᠡᠢ᠃ | | | |