2 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2025 ᠣᠨ ᠤ ᠴᠠᠭᠠᠨ ᠰᠠᠷ᠎ᠠ ᠶᠢᠨ ᠬᠠᠮᠲᠤ ᠶᠢᠨ | ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠤᠯᠠᠮ ᠴᠠᠭᠠᠰᠢᠲᠠ | ᠡᠷᠴᠢ ᠵᠣᠷᠢᠭ ᠢᠶᠠᠨ ᠬᠥᠪᠴᠢᠯᠡᠵᠦ᠂ ᠲᠦᠷᠦᠭᠦᠯᠡᠨ ᠡᠷᠲᠡ ᠠᠴᠠ ᠠᠳᠬᠤᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ | ᠰᠠᠨᠠᠭᠠᠴᠢᠯᠠᠭᠠᠲᠤ ᠴᠢᠨᠠᠷ ᠢᠶᠠᠨ ᠬᠥᠭᠵᠢᠭᠡᠵᠦ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠶᠢᠨ ᠥᠨᠳᠥᠷ ᠭᠠᠷᠤᠭ᠎ᠠ ᠲᠠᠢ ᠨᠢᠭᠲᠠ ᠤᠶᠠᠯᠳᠤᠭᠤᠯᠤᠨ ᠠᠰᠠᠭᠤᠳᠠᠯ ᠢ ᠰᠢᠪᠠᠳᠠᠭᠤᠯᠤᠨ | ᠰᠢᠢᠳᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠳᠲᠡᠷ | ᠲᠦᠷᠭᠡᠨ ᠥᠷᠨᠢᠭᠦᠯᠵᠦ᠂ ᠪᠦᠬᠦ ᠵᠢᠯ ᠤᠨ ᠠᠵᠢᠯ ᠤᠯᠠᠨ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠂ ᠢᠳᠡᠪᠬᠢᠲᠡᠢ | ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠣᠷᠣᠨ ᠪᠦᠰᠡ ᠶᠢ ᠵᠣᠬᠢᠴᠠᠩᠭᠤᠢ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠭᠦᠢᠴᠡᠳ ᠠᠰᠢᠭᠯᠠᠵᠤ᠂ ︽ᠭᠤᠷᠪᠠᠨ ᠮᠤᠵᠢ ᠨᠢᠭᠡ | ᠣᠷᠣᠨ︾ ᠰᠤᠷᠭᠠᠨ ᠬᠥᠮᠦᠵᠢᠯ ᠤᠨ ᠲᠠᠯ᠎ᠠ ᠪᠠᠷ ᠭᠦᠨᠵᠡᠭᠡᠢ ᠬᠠᠮᠵᠢᠯᠴᠠᠬᠤ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠯᠢᠪᠠ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ | ᠰᠠᠶᠢᠲᠤᠷ ᠠᠳᠬᠤᠨ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠪᠠᠭᠰᠢ ᠰᠤᠷᠤᠭᠴᠢᠳ ᠢ ᠬᠥᠲᠥᠯᠥᠨ | ᠵᠢᠯᠣᠭᠤᠳᠴᠤ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠵᠤ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠵᠦ᠂ ᠮᠡᠳᠡᠬᠦ ᠢᠲᠡᠭᠡᠬᠦ ᠬᠢᠬᠦ ᠶᠢ | ᠨᠢᠭᠡᠳᠬᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠳᠡᠭᠡᠷ᠎ᠡ ᠰᠡᠳᠬᠢᠯ ᠢᠶᠠᠨ ᠲᠥᠪᠯᠡᠷᠡᠭᠦᠯᠦᠨ ᠰᠦᠭ ᠢ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠬᠢᠴᠢᠶᠡᠯ ᠤᠨ ᠲᠠᠩᠬᠢᠮ ᠤᠨ ᠬᠥᠮᠦᠨ ᠬᠥᠮᠦᠵᠢᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ | ᠪᠠᠳᠠᠷᠠᠭᠤᠯᠤᠨ᠂ ᠶᠣᠰᠣ ᠵᠦᠢ ᠶᠢ ᠰᠣᠳᠤᠯᠤᠨ ᠪᠠ ᠰᠢᠰᠲ᠋ᠧᠮ ᠲᠠᠢ ᠲᠠᠶᠢᠯᠪᠤᠷᠢᠯᠠᠬᠤ ᠶᠢ ᠴᠢᠩᠭᠠᠳᠬᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠵᠢᠭᠠᠬᠤ ᠮᠠᠲ᠋ᠧᠷᠢᠶᠠᠯ᠂ ᠬᠢᠴᠢᠶᠡᠯ ᠤᠨ ᠲᠠᠩᠬᠢᠮ᠂ ᠲᠠᠷᠢᠬᠢ ᠲᠣᠯᠣᠭᠠᠢ ᠳᠤ ᠨᠢ ᠣᠷᠣᠭᠤᠯᠬᠤ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠬᠦᠴᠦᠷᠬᠡᠭ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ | ᠰᠤᠷᠤᠭᠴᠢᠳ ᠤᠨ ᠦᠵᠡᠯ ᠰᠠᠨᠠᠭᠠᠨ ᠤ ᠬᠥᠮᠦᠵᠢᠯ ᠵᠢᠯᠣᠭᠤᠳᠣᠯᠭ᠎ᠠ ᠶᠢ ᠬᠠᠨᠳᠤᠯᠭᠠᠲᠠᠢ ᠰᠠᠶᠢᠲᠤᠷ ᠬᠢᠵᠦ᠂ ᠭᠡᠷ ᠪᠦᠯᠢ | ᠪᠠ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ | ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠣᠷᠴᠢᠨ ᠤ ᠨᠡᠪᠴᠢᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠥᠷᠥᠯ ᠤᠨ ᠠᠴᠢᠶᠠᠯᠠᠪᠤᠷᠢ ᠶᠢᠨ | ᠲᠠᠪᠴᠠᠩ ᠢ ᠰᠠᠶᠢᠲᠤᠷ ᠠᠰᠢᠭᠯᠠᠨ᠂ ᠪᠠᠶᠠᠯᠢᠭ ᠰᠠᠶᠢᠬᠠᠨ ᠡᠬᠡ ᠣᠷᠣᠨᠴᠢ ᠦᠵᠡᠯ ᠤᠨ ᠦᠢᠯᠡᠳᠦᠯᠭᠡ ᠪᠠᠷ ᠬᠥᠮᠦᠨ | ᠬᠥᠮᠦᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠤᠯᠤᠰ ᠢᠶᠠᠨ | ᠬᠠᠶᠢᠷᠠᠯᠠᠬᠤ ᠤᠯᠤᠰ ᠲᠤ ᠪᠠᠨ ᠵᠢᠳᠬᠦᠬᠦ ᠵᠣᠷᠢᠭ ᠢ ᠬᠥᠭᠵᠢᠭᠡᠬᠦ ᠬᠡᠷᠡᠭᠲᠡᠢ᠃ ᠶᠡᠭᠡ ᠠᠮᠤᠷ ᠲᠦᠪᠰᠢᠨ ᠤ | ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠢ | ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠶᠢ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠳᠡᠭᠡᠷᠡᠬᠢ ᠬᠤᠯᠪᠣᠭᠳᠠᠯ ᠪᠦᠬᠦᠢ ᠶᠠᠷᠢᠶ᠎ᠠ ᠪᠣᠯᠤᠨ | ᠮᠡᠳᠡᠭᠦᠯᠦᠯᠲᠡ ᠶᠢ ᠤᠯᠠᠮᠵᠢᠯᠠᠨ ᠰᠤᠷᠤᠯᠴᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠰᠠᠶᠢᠲᠤᠷ | ᠠᠳᠬᠤᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠳᠠᠬᠢᠨ | ᠪᠠᠶᠢᠷᠢᠯᠠᠭᠤᠯᠵᠤ᠂ ᠳᠠᠬᠢᠨ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |