ᠴᠢᠭᠯᠡᠯ ᠢᠶᠠᠨ ᠲᠣᠳᠤᠷᠬᠠᠶᠢᠯᠠᠨ ᠬᠠᠷᠠᠯᠲᠠ ᠪᠠᠨ ᠲᠣᠭᠲᠠᠭᠠᠵᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠯᠬᠤᠴᠠ ᠶᠢ ᠲᠦᠷᠭᠡᠳᠭᠡᠶ᠎ᠡ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/12
      2 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2025 ᠣᠨ ᠤ 2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ︽ᠰᠠᠨᠠᠯ︾ ᠤᠨ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠪᠠ ᠰᠣᠯᠢᠯᠴᠠᠭ᠎ᠠ ᠬᠢᠵᠦ᠂ ᠪᠦᠬᠦ ᠲᠠᠯ᠎ᠠ ᠪᠠᠷ ᠰᠤᠷᠤᠯᠴᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠢᠷᠢᠰ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠪᠠᠶᠢᠳᠠᠯ ᠢ ᠤᠯᠠᠮ ᠨᠢᠭᠡ ᠠᠯᠬᠤᠮ ᠰᠤᠳᠤᠯᠤᠨ ᠮᠠᠭᠠᠳᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠴᠢᠭᠯᠡᠯ ᠢ ᠲᠣᠳᠣᠷᠬᠠᠶᠢᠯᠠᠵᠤ᠂ ᠬᠠᠮ ᠬᠦᠴᠦᠨ ᠢ ᠪᠦᠷᠢᠯᠳᠦᠭᠦᠯᠦᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠥᠨᠳᠥᠷ ᠭᠠᠷᠤᠭ᠎ᠠ ᠠᠴᠠ ᠪᠠᠶᠢᠷᠢᠯᠠᠭᠤᠯᠵᠤ᠂ ᠴᠢᠨᠠᠷᠯᠢᠭ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ  ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠳ ᠡᠨᠡ ᠤᠳᠠᠭᠠᠨ ᠤ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠴᠠᠭᠠᠰᠢᠲᠠ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠤᠬᠠᠮᠰᠠᠷ ᠠᠴᠠ ᠪᠠᠨ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠤᠷᠭᠠᠨ ᠬᠥᠮᠦᠵᠢᠯ ᠤᠨ ᠤᠯᠤᠰ ᠲᠥᠷᠦᠴᠢ ᠴᠢᠨᠠᠷ᠂ ᠠᠷᠠᠳ ᠲᠥᠮᠡᠨᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ ᠢ ᠪᠠᠲᠤ ᠡᠵᠡᠮᠳᠡᠨ᠂ ᠬᠠᠷᠢᠭᠤᠴᠠᠬᠤ ᠤᠬᠠᠮᠰᠠᠷ ᠪᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠦᠭᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠣᠨᠣᠯ ᠢᠶᠠᠷ ᠵᠡᠪᠰᠡᠭᠯᠡᠬᠦ ᠶᠢ ᠤᠯᠠᠮ ᠴᠠᠭᠠᠰᠢᠲᠠ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠲᠡᠦᠬᠡᠨ ᠣᠷᠣᠨ ᠪᠠᠶᠢᠷᠢ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠷᠢᠰ ᠪᠣᠯᠪᠠᠰᠤᠷᠠᠯ ᠥᠷᠨᠢᠭᠦᠯᠵᠦ᠂ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠭᠦᠢᠴᠡᠳᠬᠡᠯ ᠲᠤᠭ᠎ᠠ ᠶᠢᠨ ᠳᠣᠭᠲᠠᠯᠴᠠᠭ᠎ᠠ ᠶᠢ ᠨᠢᠭᠡᠳᠬᠡᠵᠦ᠂ ᠤᠬᠠᠭᠤᠯᠤᠨ ᠮᠡᠳᠡᠭᠡᠯᠡᠬᠦ ᠶᠢ ᠰᠠᠶᠢᠲᠤᠷ ᠬᠢᠵᠦ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠲᠣᠪᠴᠢ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ︽ᠰᠠᠨᠠᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ︽ᠶᠠᠭᠤ ᠶᠢ           ᠠᠳᠬᠤᠬᠤ︾ ᠶᠢ ᠲᠣᠳᠣᠷᠬᠠᠶᠢᠯᠠᠵᠤ᠂ ᠣᠷᠣᠨ ᠢᠶᠠᠨ ᠬᠦᠴᠦᠷᠬᠡᠭᠵᠢᠭᠦᠯᠬᠦ ᠱᠠᠲᠤᠴᠢ ᠬᠠᠷᠠᠯᠲᠠ᠂ 12 ᠵᠦᠢᠯ ᠤᠨ ᠭᠤᠣᠯ ᠭᠦᠢᠴᠡᠳᠬᠡᠯ ᠲᠤᠭ᠎ᠠ᠂ 9 ᠢᠨᠵᠧᠨᠧᠷᠢᠩ᠂ 30 ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠭᠤᠭᠴᠤᠭ᠎ᠠ ᠪᠥᠬᠦᠨ ᠢ ᠨᠢᠭᠲᠠ ᠤᠶᠠᠯᠳᠤᠭᠤᠯᠤᠨ᠂ ᠠᠯᠬᠤᠮ ᠳᠠᠷᠠᠭ᠎ᠠ ᠲᠠᠢ ᠠᠬᠢᠭᠤᠯᠵᠤ᠂ ᠬᠠᠷᠢᠭᠤᠴᠠᠯᠭ᠎ᠠ ᠲᠠᠢ᠂ ᠳᠣᠲᠤᠷ᠎ᠠ ᠪᠠᠨ ᠲᠤᠭ᠎ᠠ ᠲᠠᠢ᠂ ᠠᠷᠭ᠎ᠠ ᠲᠠᠢ ᠪᠠᠶᠢᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠪᠠ ᠬᠠᠷᠠᠯᠲᠠ ᠶᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ︽ᠶᠠᠭᠠᠬᠢᠵᠤ ᠠᠳᠬᠤᠬᠤ︾ ᠶᠢ ᠣᠶᠢᠯᠠᠭᠠᠵᠤ᠂ ᠨᠢᠭᠡ ᠳᠤ᠂ ︽ᠢᠨᠵᠧᠨᠧᠷ︾᠂ ︽ᠵᠢᠷᠤᠭ ᠲᠥᠯᠥᠪᠯᠡᠭᠴᠢ︾ ᠪᠣᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠲᠠᠯ᠎ᠠ ᠪᠠᠷ ᠰᠠᠶᠢᠨ ᠡᠬᠢᠯᠡᠯᠲᠡ ᠲᠠᠢ ᠪᠣᠯᠭᠠᠵᠤ᠂ ᠰᠠᠭᠤᠷᠢ ᠶᠢ ᠰᠠᠶᠢᠲᠤᠷ ᠴᠣᠭᠴᠠᠯᠠᠬᠤ ᠬᠡᠷᠡᠭᠲᠡᠢ᠃ ᠬᠤᠶᠠᠷ ᠲᠤ᠂ ︽ᠭᠠᠪᠰᠢᠭᠠᠶᠢᠯᠠᠭᠴᠢ︾᠂ ︽ᠦᠢᠯᠡᠳᠦᠯᠭᠡᠵᠢᠭᠦᠯᠦᠭᠴᠢ︾ ᠪᠣᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠮᠠᠷᠠᠲᠤ ᠬᠢᠯᠢ  ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠪᠣᠭᠤᠮᠲᠠ ᠰᠢᠪᠲᠤᠯᠬᠤ ᠶᠢ ᠲᠦᠷᠭᠡᠳᠬᠡᠬᠦ ᠬᠡᠷᠡᠭᠲᠡᠢ᠃ ᠭᠤᠷᠪᠠ ᠳᠤ᠂ ᠵᠣᠷᠢᠭᠲᠠᠢ ︽ᠬᠦᠨᠳᠦ ᠡᠭᠦᠷᠭᠡ ᠡᠭᠦᠷᠭᠡᠯᠡᠵᠦ︾᠂ ︽ᠬᠠᠲᠠᠭᠤ ᠳᠠᠶᠢᠯᠠᠯᠳᠤᠭᠠᠨ           ᠬᠢᠵᠦ︾᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠨᠢᠭᠡᠳᠦᠯᠲᠡᠢ ᠰᠢᠯᠭᠠᠯᠲᠠ  ᠶᠢᠨ ᠥᠭᠡᠷᠡᠴᠢᠯᠡᠯᠲᠡ᠂ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢᠨ ᠥᠭᠡᠷᠡᠴᠢᠯᠡᠯᠲᠡ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠦᠬᠦ ᠲᠠᠯ᠎ᠠ ᠪᠠᠷ ᠠᠬᠢᠭᠤᠯᠤᠨ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号