ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠬᠦ ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ③
ᠨᠡᠶᠢᠲᠡᠯᠡᠭᠰᠡᠨ ᠴᠠᠭ᠄
2025/2/14
      ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ ᠰᠤᠷᠤᠯᠴᠠᠬᠤ ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ ᠪᠡᠯᠡᠳᠬᠡᠯ ᠢ ᠬᠢᠬᠦ ᠴᠢᠬᠤᠯᠠ ᠲᠠᠢ ᠪᠣᠢ︖ ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ ᠲᠠᠨᠢᠯᠴᠠᠭᠤᠯᠤᠶ᠎ᠠ︕      ᠰᠤᠷᠤᠯᠭ᠎ᠠ ᠶᠢᠨ ᠲᠠᠯ᠎ᠠ ᠪᠠᠷ ᠬᠢ ᠪᠡᠯᠡᠳᠬᠡᠯ      ᠳᠠᠰᠬᠠᠯ ᠢᠶᠠᠨ ᠪᠠᠶᠢᠴᠠᠭᠠᠵᠤ᠂ ᠣᠷᠬᠢᠭᠰᠠᠨ ᠵᠦᠢᠯ ᠢᠶᠠᠨ ᠨᠥᠬᠦᠪᠥᠷᠢᠯᠡᠨ᠎ᠡ᠃ ᠳᠠᠰᠬᠠᠯ ᠢᠶᠠᠨ ᠪᠠᠶᠢᠴᠠᠭᠠᠵᠤ ᠦᠵᠡᠬᠦ ᠶᠢ ᠬᠡᠦᠬᠡᠳ ᠲᠤ ᠰᠠᠨᠠᠭᠤᠯᠤᠨ᠎ᠠ᠃ ᠮᠠᠰᠢ ᠣᠯᠠᠨ ᠬᠡᠦᠬᠡᠳ ᠳᠠᠰᠬᠠᠯ ᠢᠶᠠᠨ ᠰᠤᠷᠭᠠᠭᠤᠯᠢ ᠡᠬᠢᠯᠡᠬᠦ ᠠᠴᠠ ᠡᠮᠦᠨ᠎ᠡ ᠡᠳᠦᠷ ᠪᠣᠯᠲᠠᠯ᠎ᠠ ᠰᠤᠨᠵᠢᠷᠠᠭᠤᠯᠵᠤ᠂ ᠰᠦᠨᠢᠵᠢᠨ ᠬᠢᠵᠦ᠂ ᠶᠡᠷᠦ ᠨᠢ ᠪᠡᠶ᠎ᠡ ᠰᠡᠳᠬᠢᠯ ᠶᠠᠳᠠᠷᠠᠭᠰᠠᠨ ᠪᠠᠶᠢᠳᠠᠯ ᠳᠤ᠂ ᠬᠠᠰᠢ ᠶᠠᠰᠢ ᠬᠢᠵᠦ ᠳᠠᠭᠤᠰᠬᠠᠳᠠᠭ᠃      ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠠᠷᠠᠯᠲᠠ ᠪᠠ ᠲᠥᠯᠥᠪᠯᠡᠭᠡ ᠶᠢ ᠲᠣᠭᠲᠠᠭᠠᠨ᠎ᠠ᠃ ᠭᠡᠷ ᠤᠨ ᠠᠬᠠᠮᠠᠳ ᠬᠡᠦᠬᠡᠳ ᠲᠠᠢ ᠪᠠᠨ ᠪᠣᠳᠠᠲᠤ ᠪᠠᠶᠢᠳᠠᠯ ᠢ ᠦᠨᠳᠦᠰᠦᠯᠡᠵᠦ᠂ ᠵᠠᠷᠢᠮ ᠬᠠᠷᠠᠯᠲᠠ ᠪᠠ ᠲᠥᠯᠥᠪᠯᠡᠭᠡ ᠶᠢ ᠲᠣᠭᠲᠠᠭᠠᠵᠤ ᠪᠣᠯᠤᠨ᠎ᠠ᠂ ᠲᠤᠬᠠᠶᠢᠯᠠᠪᠠᠯ᠂ ᠳᠠᠷᠠᠭ᠎ᠠ ᠬᠤᠭᠤᠴᠠᠭ᠎ᠠ ᠠᠯᠢ ᠬᠡᠳᠦᠨ ᠬᠢᠴᠢᠶᠡᠯ ᠤᠨ ᠬᠢᠷᠢ ᠪᠦᠲᠦᠮᠵᠢ ᠶᠢ ᠳᠡᠭᠡᠭᠰᠢᠯᠡᠭᠦᠯᠵᠦ᠂ ᠠᠯᠢ ᠨᠢᠭᠡ ᠵᠦᠢᠯ ᠤᠨ ᠰᠢᠨ᠎ᠡ ᠴᠢᠳᠠᠪᠤᠷᠢ ᠶᠢ ᠡᠵᠡᠮᠰᠢᠬᠦ ᠵᠡᠷᠭᠡ᠃ ᠬᠠᠷᠠᠯᠲᠠ ᠪᠠ ᠲᠥᠯᠥᠪᠯᠡᠭᠡ ᠳᠣᠭᠲᠠᠭᠠᠬᠤ ᠳᠤ ᠪᠠᠨ ᠶᠡᠭᠡ  ᠶᠢ ᠰᠠᠨᠠᠭᠠᠷᠬᠠᠵᠤ ᠪᠣᠯᠬᠤ ᠦᠭᠡᠢ᠂ ᠡᠷᠬᠡᠪᠰᠢ ᠨᠠᠶᠢᠳᠠᠪᠤᠷᠢᠵᠢᠭᠤᠯᠵᠤ ᠪᠣᠯᠬᠤᠶᠢᠴᠠ ᠬᠠᠷᠠᠯᠲᠠ ᠪᠠ ᠲᠥᠯᠥᠪᠯᠡᠭᠡ ᠪᠠᠶᠢᠬᠤ ᠬᠡᠷᠡᠭᠲᠡᠢ᠃ ᠢᠩᠭᠢᠵᠦ ᠬᠢᠬᠦ ᠨᠢ ᠬᠡᠦᠬᠡᠳ ᠢ ᠬᠠᠪᠰᠤᠷᠤᠨ᠂ ᠴᠢᠭᠯᠡᠯ  ᠢ ᠨᠢ ᠲᠣᠳᠤᠷᠬᠠᠶᠢᠯᠠᠵᠤ᠂ ᠪᠠᠰᠠ ᠬᠡᠦᠬᠡᠳ ᠢ ᠬᠠᠪᠰᠤᠷᠴᠤ ᠰᠤᠷᠤᠯᠴᠠᠬᠤ ᠣᠷᠴᠢᠨ ᠳᠤ ᠨᠢ ᠨᠡᠩ ᠰᠠᠶᠢᠨ ᠳᠠᠰᠬᠠᠨ᠎ᠠ᠃      ᠬᠡᠦᠬᠡᠳ ᠢᠶᠠᠨ ᠳᠠᠭᠠᠭᠤᠯᠤᠨ ᠨᠣᠮ ᠤᠨ ᠰᠠᠩ ᠪᠠ ᠨᠣᠮ ᠤᠨ ᠳᠡᠯᠭᠡᠭᠦᠷ ᠢᠶᠠᠷ ᠲᠣᠭᠤᠷᠢᠨ᠎ᠠ ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠭᠡᠷ ᠤᠨ ᠠᠬᠠᠮᠠᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠥᠯᠥᠪᠯᠡᠭᠡ ᠲᠠᠢ ᠨᠢ ᠤᠶᠠᠯᠳᠤᠭᠤᠯᠤᠨ᠂ ᠬᠡᠦᠬᠡᠳ ᠲᠠᠢ ᠪᠠᠨ ᠨᠣᠮ ᠤᠨ ᠰᠠᠩ᠂ ᠨᠣᠮ ᠤᠨ ᠳᠡᠯᠭᠡᠭᠦᠷ ᠵᠡᠷᠭᠡ ᠭᠠᠵᠠᠷ ᠣᠴᠢᠵᠤ᠂ ᠬᠡᠦᠬᠡᠳ ᠤᠨ ᠳᠤᠷᠠᠲᠠᠢ ᠨᠣᠮ ᠪᠠ ᠮᠠᠲ᠋ᠧᠷᠢᠶᠠᠯ ᠢ ᠡᠷᠢᠵᠦ ᠦᠵᠡᠬᠦ ᠪᠤᠶᠤ ᠬᠤᠳᠠᠯᠳᠤᠨ ᠠᠪᠴᠤ᠂ ᠬᠡᠦᠬᠡᠳ ᠤᠨ ᠨᠣᠮ ᠤᠩᠰᠢᠬᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠣᠬᠢᠰᠲᠠᠢ ᠪᠡᠯᠡᠳᠬᠡᠯ ᠬᠢᠨ᠎ᠡ᠃      ᠬᠡᠦᠬᠡᠳ ᠢᠶᠠᠨ ᠵᠣᠬᠢᠰᠲᠠᠢ ᠳᠠᠪᠲᠠᠬᠤ ᠪᠤᠶᠤ ᠤᠷᠢᠳᠴᠢᠯᠠᠨ ᠰᠤᠷᠬᠤ ᠪᠠᠷ ᠬᠥᠲᠥᠯᠥᠨ ᠵᠢᠯᠣᠭᠤᠳᠤᠨ᠎ᠠ᠃ ᠨᠢᠭᠡ ᠠᠮᠠᠷᠠᠯᠲᠠ ᠶᠢᠨ ᠬᠤᠭᠤᠴᠠᠭ᠎ᠠ ᠥᠩᠭᠡᠷᠡᠪᠡᠯ᠂ ᠬᠡᠦᠬᠡᠳ ᠳᠡᠭᠡᠷ᠎ᠡ ᠬᠤᠭᠤᠴᠠᠭᠠᠨ ᠤ ᠰᠤᠷᠤᠭᠰᠠᠨ ᠮᠡᠳᠡᠯᠭᠡ ᠪᠠᠨ ᠮᠠᠷᠲᠠᠬᠤ ᠪᠣᠯᠤᠯᠴᠠᠭ᠎ᠠ ᠲᠠᠢ᠂ ᠴᠠᠭ ᠭᠠᠷᠭᠠᠵᠤ ᠪᠠᠶᠢᠭᠠᠳ ᠭᠤᠣᠯ ᠮᠡᠳᠡᠯᠭᠡ ᠶᠢᠨ ᠴᠡᠭ ᠢ ᠡᠷᠭᠢᠴᠡᠭᠦᠯᠵᠦ           ᠪᠣᠯᠤᠨ᠎ᠠ᠃ ᠡᠭᠦᠨ ᠤ ᠬᠠᠮᠲᠤ ᠪᠠᠰᠠ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠬᠤ ᠮᠠᠲ᠋ᠧᠷᠢᠶᠠᠯ ᠢ ᠵᠣᠬᠢᠰᠲᠠᠢ ᠤᠷᠢᠳᠴᠢᠯᠠᠨ ᠦᠵᠡᠬᠦ ᠪᠤᠶᠤ ᠰᠤᠷᠪᠠᠯ᠂ ᠰᠢᠨ᠎ᠡ ᠬᠠᠭᠤᠴᠢᠨ ᠮᠡᠳᠡᠯᠭᠡ ᠶᠢ ᠰᠢᠭᠤᠳ ᠵᠣᠯᠭᠠᠭᠤᠯᠬᠤ ᠳᠤ ᠠᠰᠢᠭᠲᠠᠢ ᠶᠤᠮ᠃      ᠭᠡᠪᠡᠴᠦ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠵᠣᠬᠢᠰᠲᠠᠢ ᠤᠷᠢᠳᠴᠢᠯᠠᠨ ᠦᠵᠡᠵᠦ᠂ ᠰᠢᠨ᠎ᠡ ᠮᠡᠳᠡᠯᠭᠡ ᠶᠢ ᠤᠷᠢᠳᠴᠢᠯᠠᠨ ᠰᠤᠷᠬᠤ ᠦᠭᠡᠢ᠂ ᠢᠩᠭᠢᠪᠡᠯ ᠬᠡᠦᠬᠡᠳ ᠵᠢᠩᠬᠢᠨᠢ ᠪᠠᠷ ᠡᠬᠢᠯᠡᠵᠦ ᠰᠤᠷᠬᠤ ᠦᠶ᠎ᠡ ᠳᠤ ᠰᠣᠨᠢᠷᠬᠠᠯ ᠲᠠᠢ ᠰᠠᠨᠠᠭᠳᠠᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号