2 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ 2024 ᠣᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠠᠴᠠ ᠡᠮᠦᠨᠡᠬᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠵᠤ᠂ | ᠪᠠᠲᠤᠯᠠᠵᠤ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠤᠳᠤᠯᠤᠨ ᠶᠠᠷᠢᠯᠴᠠᠬᠤ ᠬᠤᠷᠠᠯ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠦᠨ ᠱᠤᠤ ᠴᠧᠩ ᠱᠦᠵᠢ ᠶᠢᠨ ᠤᠯᠠᠭᠠᠨᠴᠠᠪ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠳᠤ ᠣᠷᠣᠯᠴᠠᠨ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠳᠡᠭᠡᠷ᠎ᠡ᠂ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ ᠬᠤᠷᠠᠯ ᠠᠴᠠ ᠡᠮᠦᠨ᠎ᠡ | ᠥᠪᠡᠰᠦᠪᠡᠨ ᠰᠤᠷᠤᠯᠴᠠᠭᠰᠠᠨ ᠰᠠᠭᠤᠷᠢᠨ ᠳᠡᠭᠡᠷ᠎ᠡ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠥᠷᠨᠢᠭᠦᠯᠵᠦ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃ | ᠬᠤᠷᠠᠯ ᠠᠴᠠ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠠᠮ ᠤᠨ ᠳᠣᠲᠣᠭᠠᠳᠤ ᠶᠢᠨ ᠤᠯᠤᠰ | ᠲᠥᠷᠥ ᠶᠢᠨ ᠠᠮᠢᠳᠤᠷᠠᠯ ᠤᠨ ᠴᠢᠬᠤᠯᠠ ᠠᠭᠤᠯᠭ᠎ᠠ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠬᠤ᠂ | ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠯᠪᠡᠷᠢ ᠮᠥᠨ᠃ ᠡᠨᠡ ᠵᠢᠯ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠬᠤ ᠴᠢᠬᠤᠯᠠ ᠴᠠᠭ ᠦᠶ᠎ᠡ ᠳᠤ ᠬᠤᠷᠠᠯᠳᠤᠵᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ | ᠬᠤᠷᠠᠯ ᠠᠴᠠ᠂ ᠲᠤᠭ ᠲᠡᠮᠳᠡᠭ ᠲᠣᠳᠣᠷᠬᠠᠢ ᠤᠯᠤᠰ ᠲᠥᠷᠥ ᠶᠢ ᠡᠷᠬᠢᠮᠯᠡᠵᠦ᠂ ︽ᠬᠤᠶᠠᠷ ᠢ | ᠳᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠨ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠭᠡᠨ ᠰᠦᠭ ᠢ ᠱᠤᠭᠤᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ | ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ | ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠲᠠᠢ ᠬᠠᠮᠲᠤ ᠳᠤ ᠨᠢ ᠬᠤᠷᠠᠯᠳᠤᠭᠤᠯᠵᠤ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠳᠤ ᠰᠠᠭᠤᠷᠢ ᠲᠠᠯᠪᠢᠬᠤ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷᠯᠢᠭ | ᠮᠥᠷᠲᠡᠭᠡᠨ ᠰᠠᠶᠢᠲᠤᠷ ᠬᠤᠷᠠᠯᠳᠤᠭᠤᠯᠵᠤ᠂ ᠡᠯ᠎ᠡ ᠭᠤᠭᠴᠤᠭ᠎ᠠ ᠶᠢ ᠴᠢᠩᠭ᠎ᠠ ᠪᠣᠳᠠᠲᠠᠢ ᠠᠳᠬᠤᠨ᠂ ᠤᠯᠤᠰ ᠲᠥᠷᠥ ᠶᠢ | ᠡᠷᠬᠢᠮᠯᠡᠬᠦ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠬᠤ᠂ ᠰᠡᠳᠬᠢᠯ ᠤᠨ ᠦᠭᠡ ᠪᠠᠨ ᠶᠠᠷᠢᠯᠴᠠᠬᠤ᠂ ᠬᠠᠷᠢᠴᠠᠭᠤᠯᠤᠨ | ᠪᠠᠶᠢᠴᠠᠭᠠᠬᠤ᠂ ᠬᠡᠷᠡᠭ ᠤᠨ ᠵᠢᠱᠢᠶ᠎ᠡ ᠶᠢ ᠵᠠᠳᠠᠯᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠳᠣᠲᠤᠭᠠᠲᠤ ᠳᠤ ᠪᠠᠨ | ᠥᠭᠡᠷᠡᠴᠢᠯᠡᠯᠲᠡ ᠬᠢᠵᠦ ᠥᠪᠡᠷ ᠪᠡᠶ᠎ᠡ ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠠᠯᠪᠠᠨ ᠭᠡᠷ᠂ ᠠᠵᠢᠯᠲᠠᠨ ᠤ | ᠶᠠᠪᠤᠳᠠᠯ ᠤᠨ ᠭᠠᠵᠠᠷ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠭᠠᠵᠠᠷ᠂ ᠪᠠᠶᠢᠭᠤᠯᠭ᠎ᠠ ᠶᠢᠨ ᠨᠠᠮ ᠤᠨ | ᠬᠤᠷᠢᠶᠠᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | |