2025 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
      2 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠳ᠋ᠦᠩᠨᠡᠨ᠂ ᠪᠠᠶᠢᠳᠠᠯ ᠢ ᠵᠠᠳᠠᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠥᠨᠳᠥᠷ ᠭᠠᠷᠤᠭ᠎ᠠ ᠠᠴᠠ ᠪᠠᠶᠢᠷᠢᠯᠠᠭᠤᠯᠤᠨ᠂ ᠴᠢᠨᠠᠷᠯᠢᠭ ᠠᠬᠢᠭᠤᠯᠬᠤ ᠶᠢ ᠦᠨᠡᠨ ᠬᠦ           ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠡᠷᠬᠢᠯᠡᠪᠡ᠃   

1.png

2.png

      ᠬᠤᠷᠠᠯ ᠠᠴᠠ᠂ 2024 ᠣᠨ ᠪᠣᠯ ᠰᠤᠷᠭᠠᠨ ᠬᠥᠮᠦᠵᠢᠯ ᠤᠨ ᠹᠷᠣᠨᠲ ᠤᠨ ᠪᠡᠯᠭᠡ ᠲᠡᠮᠳᠡᠭ ᠤᠨ ᠠᠴᠢ

ᠬᠤᠯᠪᠣᠭᠳᠠᠯ ᠲᠠᠢ ᠨᠢᠭᠡ ᠵᠢᠯ ᠪᠣᠯᠤᠨ᠎ᠠ᠂ ᠲᠥᠪ ᠠᠴᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠢ

ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠨ᠂ ᠰᠤᠷᠭᠠᠨ ᠬᠥᠮᠥᠵᠢᠯ ᠤᠨ

ᠬᠦᠴᠦᠷᠬᠡᠭ ᠤᠯᠤᠰ ᠢ ᠥᠳᠲᠡᠷ ᠲᠦᠷᠭᠡᠨ ᠪᠠᠶᠢᠭᠤᠯᠬᠤ ᠳᠠᠶᠢᠴᠢᠯᠠᠯᠲᠠ ᠶᠢᠨ ᠵᠠᠷᠯᠢᠭ ᠢ ᠨᠡᠶᠢᠲᠡᠯᠡᠵᠦ᠂ ᠰᠤᠷᠭᠠᠨ

ᠬᠥᠮᠦᠵᠢᠯ ᠤᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ

ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠰᠠᠭᠤᠷᠢ

ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ ᠠᠬᠢᠭᠤᠯᠬᠤ  ᠶᠢ ᠰᠢᠨ᠎ᠡ ᠭᠠᠷᠤᠭ᠎ᠠ ᠠᠴᠠ ᠡᠬᠢᠯᠡᠭᠦᠯᠵᠦ᠂ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠳᠡᠰ ᠳᠡᠪᠰᠢᠭᠦᠯᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠠᠵᠢᠯ

ᠮᠡᠷᠭᠡᠵᠢᠯ ᠤᠨ ᠰᠤᠷᠭᠠᠨ ᠬᠥᠮᠥᠵᠢᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠰᠢᠨ᠎ᠡ

ᠳᠠᠪᠰᠢᠯᠲᠠ ᠲᠠᠢ ᠪᠣᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠰᠢᠨ᠎ᠡ ᠠᠮᠵᠢᠯᠲᠠ ᠣᠯᠤᠨ᠂ ᠰᠤᠷᠭᠠᠨ

ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠵᠤ᠂ ᠰᠤᠷᠭᠠᠨ ᠬᠥᠮᠦᠵᠢᠯ ᠤᠨ

ᠠᠷᠠᠳ ᠤᠨ ᠠᠮᠢᠳᠤᠷᠠᠯ ᠢ ᠪᠠᠲᠤᠯᠠᠬᠤ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠤᠨ᠂ ᠰᠤᠷᠭᠠᠨ ᠬᠥᠮᠥᠵᠢᠯ ᠤᠨ

ᠠᠮᠢ ᠠᠬᠤᠢ ᠳᠤ ᠰᠢᠨ᠎ᠡ ᠪᠠᠶᠢᠳᠠᠯ ᠲᠣᠳᠤᠷᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠰᠢᠨ᠎ᠡ ᠦᠷ᠎ᠡ

ᠪᠦᠲᠦᠮᠵᠢ ᠣᠯᠤᠭᠰᠠᠨ ᠶᠤᠮ ᠭᠡᠵᠦ ᠵᠢᠭᠠᠵᠤ ᠭᠠᠷᠭᠠᠪᠠ᠃

      ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠵᠢᠯ

ᠪᠠ ︽ᠠᠷᠪᠠᠨ ᠲᠠᠪᠤᠳᠤᠭᠠᠷ ᠲᠠᠪᠤᠨ ᠵᠢᠯ︾ ᠢ  ᠲᠥᠯᠦᠪᠵᠢᠭᠦᠯᠬᠦ ᠵᠢᠯ᠂ ᠠᠷᠪᠠᠨ ᠵᠢᠯ ᠳᠤ ᠰᠤᠷᠭᠠᠨ ᠬᠥᠮᠦᠵᠢᠯ ᠤᠨ

ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠥᠨᠳᠥᠷ ᠲᠦᠪᠰᠢᠨ ᠢᠶᠠᠷ

ᠠᠬᠢᠭᠤᠯᠬᠤ ᠵᠢᠯ ᠪᠣᠯᠤᠨ᠎ᠠ᠃ ᠰᠢᠨ᠎ᠡ ᠲᠡᠦᠬᠡ ᠶᠢᠨ ᠥᠨᠳᠦᠷᠴᠡ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠪᠠ ᠡᠭᠦᠷᠭᠡ ᠶᠢ ᠪᠠᠲᠤ ᠡᠵᠡᠮᠳᠡᠵᠦ᠂

︽ᠬᠤᠰᠢᠭᠤᠴᠢᠯᠠᠵᠤ᠂ ᠦᠯᠢᠭᠡᠷ ᠳᠠᠭᠤᠷᠢᠶᠠᠯ ᠪᠣᠯᠬᠤ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ

ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠲᠠᠨᠢᠵᠤ᠂ ᠰᠤᠷᠭᠠᠨ ᠬᠥᠮᠦᠵᠢᠯ ᠤᠨ ᠤᠯᠤᠰ ᠲᠥᠷᠦᠴᠢ ᠴᠢᠨᠠᠷ᠂

ᠠᠷᠠᠳ ᠲᠥᠮᠡᠨᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ ᠢ ᠪᠠᠲᠤ ᠡᠵᠡᠮᠳᠡᠨ᠂ ︽ᠨᠢᠭᠡ ᠭᠤᠣᠯ          

ᠱᠤᠭᠤᠮ︾᠂ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ

ᠠᠵᠢᠯᠯᠠᠭ᠎ᠠ︾ ᠶᠢᠨ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ︽ᠨᠡᠩ ᠬᠦᠴᠦᠷᠬᠡᠭ ᠣᠨᠴᠠᠯᠢᠭ᠂

ᠨᠡᠩ ᠬᠦᠴᠦᠷᠬᠡᠭ ᠴᠢᠨᠠᠷ ᠴᠢᠨᠰᠠᠭ᠎ᠠ᠂ ᠨᠡᠩ ᠬᠦᠴᠦᠷᠬᠡᠭ ᠬᠥᠳᠡᠯᠭᠡᠬᠦ ᠬᠦᠴᠦᠨ᠂ ᠨᠡᠩ ᠬᠦᠴᠦᠷᠬᠡᠭ ᠬᠠᠮᠵᠢᠯᠴᠠᠭ᠎ᠠ᠂

ᠨᠡᠩ ᠬᠦᠴᠦᠷᠬᠡᠭ ᠪᠠᠲᠤᠯᠠᠭ᠎ᠠ︾ ᠲᠠᠢ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠥᠳᠲᠡᠷ ᠲᠦᠷᠭᠡᠨ

ᠪᠠᠶᠢᠭᠤᠯᠵᠤ᠂ ᠰᠤᠷᠭᠠᠨ ᠬᠥᠮᠦᠵᠢᠯ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ

ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠬᠤᠪᠢ ᠨᠡᠮᠡᠷᠢ ᠶᠢ ᠦᠷᠭᠦᠯᠵᠢᠯᠡᠨ

ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠪᠦᠬᠦ ᠵᠢᠯ ᠤᠨ ᠠᠵᠢᠯ ᠢ ᠰᠠᠶᠢᠲᠤᠷ ᠠᠳᠬᠤᠬᠤ ᠳᠤ᠂ ᠭᠤᠣᠯᠳᠠᠭᠤ ᠲᠤᠯᠤᠭᠠᠨ

ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠰᠤᠷᠭᠠᠨ

ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠨᠠᠮ          

ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂

ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠯ ᠲᠠᠢ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ

ᠡᠩᠨᠡᠭᠡ ᠪᠠᠨ ᠬᠦᠴᠦᠷᠬᠡᠭᠵᠢᠭᠦᠯᠬᠦ ᠶᠢ ᠠᠬᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ

ᠴᠥᠬᠦᠷᠡᠰᠢ ᠦᠭᠡᠢ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠲᠠᠯ ᠴᠢᠬᠡᠴᠢ ᠣᠪᠣᠷ ᠲᠥᠪ

ᠤᠯᠤᠰ ᠲᠥᠷᠥ ᠶᠢᠨ ᠠᠮᠢ ᠠᠬᠤᠢ ᠶᠢ ᠪᠠᠲᠤᠯᠬᠠᠤ ᠬᠡᠷᠡᠭᠲᠡᠢ᠃ ᠬᠤᠶᠠᠷ  ᠲᠤ᠂ ᠰᠤᠷᠭᠠᠨ ᠬᠥᠮᠦᠵᠢᠯ ᠤᠨ ᠦᠵᠡᠯ

ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠦᠢᠯᠡᠳᠦᠯ ᠢ ᠬᠦᠴᠦᠯᠡᠨ ᠳᠡᠭᠡᠭᠰᠢᠯᠡᠭᠦᠯᠬᠦ          

ᠬᠡᠷᠡᠭᠲᠡᠢ ᠃ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠬᠥᠮᠦᠵᠢᠯ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢ

ᠪᠣᠢ ᠪᠣᠯᠭᠠᠵᠤ ᠬᠥᠮᠦᠨ ᠬᠥᠮᠦᠵᠢᠭᠦᠯᠬᠦ ᠵᠠᠩᠭᠢᠯᠠᠭ᠎ᠠ ᠶᠢᠨ ᠬᠢᠴᠢᠶᠡᠯ ᠢ ᠪᠠᠶᠢᠭᠤᠯᠤᠨ ᠬᠦᠴᠦᠷᠬᠡᠭᠵᠢᠭᠦᠯᠵᠦ᠂ ᠤᠮᠠᠷᠠᠲᠤ

ᠬᠢᠯᠢ ᠶᠢᠨ ᠦᠢᠯᠡᠳᠦᠯᠭᠡ ᠬᠥᠮᠦᠨ ᠬᠥᠮᠦᠵᠢᠭᠦᠯᠬᠦ ᠲᠣᠮᠤ ᠬᠢᠴᠢᠶᠡᠯ ᠤᠨ ᠲᠠᠩᠬᠢᠮ  ᠢ ᠪᠠᠶᠢᠭᠤᠯᠵᠤ᠂ ᠪᠠᠭᠰᠢ

ᠰᠤᠷᠤᠭᠴᠢ ᠶᠢ ᠬᠠᠮᠲᠤ ᠳᠤ ᠪᠠᠨ ᠰᠣᠳᠤᠯᠵᠤ ᠬᠠᠮᠲᠤ  ᠳᠤ ᠪᠠᠨ ᠦᠢᠯᠡᠳᠦᠯᠭᠡᠵᠢᠭᠦᠯᠬᠦ ᠶᠠᠪᠤᠴᠠ ᠳᠤ ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠷ ᠬᠥᠲᠦᠯᠦᠨ ᠵᠢᠯᠣᠭᠤᠳᠬᠤ

ᠬᠡᠷᠡᠭᠲᠡᠢ᠃ ᠭᠤᠷᠪᠠ ᠳᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢ ᠪᠠᠨ ᠬᠦᠴᠦᠷᠬᠡᠭᠵᠢᠭᠦᠯᠬᠦ ᠶᠢ

ᠬᠦᠴᠦᠯᠡᠨ ᠠᠬᠢᠭᠤᠯᠬᠤ ᠬᠡᠷᠡᠭᠲᠡᠢ᠃ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠬᠠᠷᠠᠯᠲᠠ ᠶᠢ ᠴᠢᠩᠭ᠎ᠠ

ᠠᠩᠬᠠᠷᠴᠤ᠂ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠶᠡᠭᠡ

ᠳᠡᠭᠡᠳᠦ ᠰᠤᠷᠭᠠᠭᠤᠯᠢ ᠪᠠ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ  ᠤᠨ ᠪᠠᠶᠢᠷᠢᠰᠢᠭᠤᠯᠤᠯᠲᠠ ᠶᠢ

ᠰᠢᠯᠢᠳᠡᠭᠵᠢᠭᠦᠯᠦᠨ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ

ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ

ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠠᠴᠢᠮ ᠱᠠᠭᠠᠷᠳᠠᠭᠳᠠᠬᠤ ᠰᠢᠨᠵᠢᠯᠡᠭᠡᠨ ᠤ

ᠰᠠᠯᠠᠭ᠎ᠠ ᠪᠠ ᠤᠷᠢᠳᠴᠢᠯᠠᠨ ᠰᠡᠷᠡᠮᠵᠢᠯᠡᠭᠦᠯᠬᠦ ᠰᠢᠨᠵᠢᠯᠡᠭᠡᠨ ᠤ ᠰᠠᠯᠠᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ

ᠵᠣᠬᠢᠶᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠭᠡᠳᠦ ᠳᠡᠰ ᠤᠨ

ᠴᠢᠳᠠᠪᠤᠷᠢᠲᠠᠨ ᠤ ᠳᠠᠭᠠᠭᠤᠯᠤᠨ ᠬᠥᠮᠦᠵᠢᠭᠦᠯᠬᠦ ᠶᠢ ᠴᠢᠩᠭᠠᠳᠬᠠᠵᠤ᠂ ᠬᠠᠮᠲᠤᠷᠠᠯᠴᠠᠵᠤ ᠰᠣᠯᠢᠯᠴᠠᠬᠤ ᠶᠢ

ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ

ᠴᠢᠨᠰᠠᠭ᠎ᠠ ᠶᠢᠨ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠬᠦᠴᠦᠯᠡᠨ

ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ ᠶᠢᠨ ᠴᠢᠨᠠᠷ ᠢ ᠳᠡᠭᠡᠭᠰᠢᠯᠡᠭᠦᠯᠦᠨ ᠰᠢᠯᠢᠳᠡᠭ ᠢ

ᠥᠷᠭᠡᠳᠬᠡᠬᠦ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ

ᠪᠦᠯᠦᠭᠯᠡᠯ ᠪᠠ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ

ᠲᠣᠭᠤᠷᠢᠨ ᠳᠤ᠂ ᠬᠤᠶᠠᠳᠤᠭᠠᠷ ᠪᠦᠯᠦᠭ ᠤᠨ ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠤᠨ ᠬᠤᠯᠪᠣᠭᠠᠲᠤ ᠴᠣᠭᠴᠠ ᠵᠢᠴᠢ ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠬᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠡᠬᠢᠯᠡᠭᠦᠯᠵᠦ᠂ ︽ᠤᠷᠠᠨ ᠳᠠᠷᠬᠠᠨ ᠤ ᠠᠩᠭᠢ︾ ᠶᠢᠨ

ᠲᠥᠯᠥᠪᠯᠡᠭᠡ ᠪᠠ ᠠᠬᠤᠢ ᠲᠠᠯᠠᠪᠠᠢ ᠶᠢᠨ ᠢᠨᠵᠧᠨᠧᠷ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂

ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠠᠵᠤ ᠦᠢᠯᠡᠰ ᠪᠠ ᠮᠡᠷᠭᠡᠵᠢᠯ ᠤᠨ ᠬᠥᠭᠵᠢᠯᠲᠡ ᠶᠢ ᠰᠠᠯᠤᠯ ᠦᠭᠡᠢ

ᠲᠠᠭᠠᠬᠤ ᠶᠢ ᠠᠬᠢᠭᠤᠯᠬᠤ ᠬᠡᠷᠡᠭᠲᠡᠢ᠃ ᠲᠠᠪᠤ ᠳᠤ᠂ ᠰᠠᠭᠤᠷᠢ ᠰᠤᠷᠭᠠᠨ ᠬᠥᠮᠦᠵᠢᠯ ᠤᠨ ᠲᠥᠪ ᠭᠤᠣᠯᠴᠢ ᠴᠢᠨᠠᠷᠯᠢᠭ          

ᠪᠠᠶᠢᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠵᠢᠴᠢ

ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ

ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠤᠰ  ᠤᠨ

ᠨᠢᠭᠡᠳᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ

ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠷᠢᠳᠴᠢᠯᠠᠨ

ᠲᠥᠯᠦᠪᠵᠢᠭᠦᠯᠬᠦ ᠶᠢ ᠣᠷᠣᠨ ᠪᠦᠰᠡ ᠬᠤᠪᠢᠶᠠᠨ᠂ ᠲᠥᠷᠥᠯ ᠬᠤᠪᠢᠶᠠᠨ ᠰᠠᠶᠢᠲᠤᠷ ᠬᠢᠵᠦ᠂ ᠣᠷᠣᠨ ᠪᠦᠰᠡ ᠶᠢᠨ

ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠂ ᠰᠤᠷᠤᠭᠴᠢᠳ ᠤᠨ

ᠶᠡᠷᠦᠩᠬᠡᠶᠢᠯᠡᠭᠰᠡᠨ ᠬᠡᠪ ᠴᠢᠨᠠᠷ  ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ᠥᠨᠳᠦᠷ ᠬᠡᠪ ᠪᠣᠯᠪᠠᠰᠤᠷᠠᠯ

 ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠬᠠᠮᠤᠭ ᠤᠨ ᠴᠢᠬᠤᠯᠠ ᠰᠠᠭᠤᠷᠢ

ᠠᠵᠢᠯ ᠪᠣᠯᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠢ ᠱᠤᠭᠤᠵᠤ ᠪᠠᠭᠰᠢ ᠶᠢ

ᠬᠦᠴᠦᠷᠬᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠠᠭᠰᠢ ᠶᠢᠨ ᠡᠬᠢ ᠪᠠᠶᠠᠯᠢᠭ ᠤᠨ

ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠮᠥᠵᠢᠭᠦᠯᠬᠦ ᠪᠣᠯᠪᠠᠰᠤᠷᠠᠭᠤᠯᠬᠤ ᠳᠣᠭᠲᠠᠯᠴᠠᠭ᠎ᠠ ᠶᠢ ᠳᠡᠭᠦᠯᠳᠡᠷᠵᠢᠭᠦᠯᠵᠦ᠂

ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ

ᠪᠣᠯᠭᠠᠬᠤ ᠬᠡᠷᠡᠭᠲᠡᠢ᠃ ᠳᠣᠯᠤᠭ᠎ᠠ ᠳᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠪᠣᠯᠤᠨ ᠰᠤᠷᠭᠠᠨ

ᠬᠥᠮᠦᠵᠢᠯ ᠤᠨ ᠲᠣᠭᠠᠵᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠳᠡᠭᠡᠳᠦ ᠳᠡᠰ ᠤᠨ ᠲᠥᠯᠥᠪᠵᠢᠭᠦᠯᠭᠡ

ᠪᠠ ᠲᠤᠷᠰᠢᠯᠲᠠ ᠶᠢᠨ ᠴᠡᠭ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ

ᠲᠣᠭᠠᠵᠢᠭᠤᠯᠤᠯᠲᠠ ᠶᠢ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠵᠤ᠂ ᠤᠯᠤᠰ ᠤᠨ ᠳᠤᠮᠳᠠᠳᠤ

ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠦᠬᠦ ᠴᠠᠷᠠᠭᠠᠨ ᠳᠤ ᠬᠡᠷᠡᠭᠯᠡᠬᠦ

ᠲᠤᠷᠰᠢᠯᠲᠠ ᠶᠢᠨ ᠴᠡᠭ ᠪᠠ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠥᠬᠦ ᠮᠤᠵᠢ ᠶᠢᠨ

ᠲᠤᠷᠰᠢᠯᠲᠠ ᠶᠢᠨ ᠴᠡᠭ ᠤᠨ ᠠᠵᠢᠯ  ᠢ ᠭᠦᠨᠵᠡᠭᠡᠢ ᠠᠬᠢᠭᠤᠯᠤᠨ᠎ᠠ᠃ ᠬᠡᠷᠡᠭᠯᠡᠭᠡᠨ  ᠤ ᠰᠠᠭᠤᠷᠢ ᠶᠢ ᠪᠠᠬᠢᠵᠢᠭᠦᠯᠵᠦ᠂ ᠬᠢᠮᠡᠯ

ᠣᠶᠤᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠲᠦᠷᠭᠡᠳᠬᠡᠨ ᠪᠠᠶᠢᠷᠢᠰᠢᠭᠤᠯᠵᠤ᠂ ᠬᠡᠪᠴᠢᠶᠡᠵᠢᠭᠦᠯᠦᠭᠰᠡᠨ

ᠪᠠᠭᠰᠢ ᠶᠢᠨ ᠬᠠᠩᠭᠠᠯᠭ᠎ᠠ ᠶᠢ ᠠᠬᠢᠭᠤᠯᠤᠨ᠂ ᠬᠢᠮᠡᠯ ᠣᠶᠤᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠰᠢᠨ᠎ᠡ ᠶᠢ

ᠡᠭᠦᠳᠴᠦ ᠬᠡᠷᠡᠭᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠡᠬᠢᠯᠡᠯᠲᠡ ᠪᠦᠬᠦ ᠲᠠᠯ᠎ᠠ ᠶᠢ ᠲᠣᠭᠲᠠᠭᠠᠵᠤ᠂ ᠡᠬᠢᠯᠡᠯᠲᠡ ᠠᠯᠤᠰ ᠢᠷᠡᠭᠡᠳᠦᠢ ᠶᠢ ᠳᠣᠭᠲᠠᠭᠠᠨ᠎ᠠ᠂

ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠬᠦ ᠳᠤ ︽ᠠᠵᠢᠯ

ᠬᠢᠬᠦ ᠶᠢ ᠪᠣᠳᠣᠬᠤ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ᠂ ᠬᠡᠷᠡᠭ ᠭᠠᠷᠭᠠᠬᠤ ᠦᠭᠡᠢ︾ ᠴᠠᠭᠠᠷᠠᠭᠰᠠᠨ

ᠡᠩᠨᠡᠭᠡ ᠳᠤᠯᠭᠠᠮ ᠱᠠᠭᠠᠷᠳᠠᠭᠳᠠᠵᠤ ᠪᠣᠢ᠃ ᠰᠢᠰᠲ᠋ᠧᠮ ᠲᠠᠢ ᠲᠥᠯᠦᠪᠵᠢᠭᠦᠯᠦᠨ ᠨᠠᠶᠢᠳᠠᠪᠤᠷᠢᠵᠢᠭᠤᠯᠤᠯᠲᠠ ᠶᠢ

ᠠᠳᠬᠤᠵᠤ᠂ ᠰᠤᠷᠲᠠᠯ  ᠢ ᠴᠢᠩᠭᠠᠳᠬᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠂ ᠦᠨᠡᠨ ᠬᠦ ᠬᠠᠲᠠᠭᠤ ᠲᠠᠢ

ᠬᠠᠯᠳᠠᠬᠤ ᠡᠷᠴᠢ ᠵᠣᠷᠢᠭ ᠢ ᠢᠮᠠᠭᠲᠠ ᠪᠠᠷᠢᠮᠲᠠᠯᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ

ᠴᠢᠷᠮᠠᠶᠢᠬᠤ ᠤᠬᠠᠮᠰᠠᠷ᠂ ᠳᠠᠭᠠᠭᠤᠯᠤᠭᠴᠢ ᠪᠣᠯᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ

ᠶᠠᠪᠤᠴᠠ ᠳᠠᠬᠢ ᠬᠡᠯᠪᠡᠷᠢᠴᠢ ᠦᠵᠡᠯ ᠪᠣᠯᠤᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠡᠷᠡᠰ

ᠵᠠᠯᠠᠷᠠᠭᠤᠯᠵᠤ᠂ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠠᠵᠢᠯᠯᠠᠭ᠎ᠠ ᠪᠣᠯᠭᠠᠨ ᠬᠤᠪᠢᠷᠠᠭᠤᠯᠵᠤ᠂

ᠲᠥᠯᠥᠪᠯᠡᠭᠡ ᠶᠢ ᠪᠣᠳᠠᠲᠠᠢ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ

ᠬᠥᠳᠡᠯᠦᠯᠴᠡᠵᠦ ᠬᠠᠮᠵᠢᠯᠴᠠᠬᠤ ᠶᠢ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ

ᠪᠠᠲᠤᠯᠬᠠᠤ ᠬᠡᠷᠡᠭᠲᠡᠢ᠂ ᠡᠯ᠎ᠡ ᠭᠠᠵᠠᠷ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ

ᠳᠤᠭᠤᠶᠢᠯᠠᠩ ᠲᠦᠷᠦᠭᠦᠯᠡᠨ ᠶᠡᠷᠦᠩᠬᠡᠢ ᠡᠭᠦᠷᠭᠡ ᠴᠢᠳᠠᠪᠬᠢ ᠶᠢ ᠰᠠᠶᠢᠲᠤᠷ ᠪᠠᠳᠠᠷᠠᠭᠤᠯᠵᠤ᠂ ᠰᠠᠯᠠᠭ᠎ᠠ ᠮᠥᠴᠢᠷ

 ᠯᠦᠭᠡ ᠶᠢᠨ ᠣᠯᠣᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮ ᠬᠦᠴᠦᠨ ᠢ ᠨᠢᠭᠲᠠᠷᠠᠭᠤᠯᠬᠤ

ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ  ᠤᠨ ᠠᠮᠤᠷ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠡᠷᠡᠰ

ᠡᠭᠦᠷᠭᠡᠯᠡᠵᠦ᠂ ᠰᠤᠷᠭᠠᠭᠤᠯᠢ ᠡᠬᠢᠯᠡᠬᠦ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂

ᠰᠤᠷᠭᠠᠭᠤᠯᠢ ᠡᠬᠢᠯᠡᠬᠦ ᠪᠡᠯᠡᠳᠬᠡᠯ᠂ ᠨᠥᠬᠦᠴᠡᠯ ᠤᠨ ᠪᠠᠲᠤᠯᠠᠭ᠎ᠠ᠂ ᠢᠳᠡᠭᠡᠨ ᠤ ᠠᠮᠤᠷ ᠲᠦᠪᠰᠢᠨ ᠵᠡᠷᠭᠡ

ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠨᠠᠷᠢᠨ ᠳᠠᠩᠰᠠ ᠶᠢᠨ ᠬᠡᠯᠪᠡᠷᠢ᠂ ᠲᠣᠣᠷᠯᠢᠭ ᠬᠡᠯᠪᠡᠷᠢ ᠪᠠᠷ

ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠢᠯᠡᠷᠡᠭᠦᠯᠦᠭᠰᠡᠨ ᠠᠶᠤᠯ ᠲᠦᠭᠰᠢᠭᠦᠷᠢ ᠶᠢᠨ

ᠳᠠᠯᠳᠠ ᠭᠡᠮ ᠢ ᠥᠳᠲᠡᠷ ᠲᠦᠷᠭᠡᠨ ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠲᠣᠣᠷ ᠢ ᠪᠦᠬᠦ ᠬᠦᠴᠦᠨ ᠢᠶᠠᠷ ᠨᠢᠭᠲᠠ ᠰᠦᠯᠵᠢᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ

ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠦᠬᠠᠢ ᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂

ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ

ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠵᠡᠷᠭᠡ ᠨᠢᠭᠡᠴᠢ ᠰᠠᠨᠠᠯ ᠢᠶᠠᠨ ᠰᠣᠯᠢᠯᠴᠠᠪᠠ᠃ ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ

ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠡᠯ᠎ᠡ

ᠶᠡᠭᠡ ᠳᠡᠭᠡᠳᠦ ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号