ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠡᠮᠦᠨ᠎ᠡ ᠪᠡᠭᠡᠵᠢᠩ ᠳᠤ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ ᠲᠡᠷᠡ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ | ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠬᠤ ᠴᠤ ᠦᠭᠡᠢ ᠶᠤᠮ᠃ ᠰᠢᠨ᠎ᠡ ᠴᠠᠭ ᠦᠶ᠎ᠡ | ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ | ᠶᠡᠭᠡ ᠡᠷᠡᠮᠡᠯᠵᠡᠯ ᠲᠠᠢ ᠪᠠᠶᠢᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ ᠴᠢᠳᠠᠯ ᠢᠶᠠᠨ ᠶᠡᠭᠡ ᠪᠠᠷ ᠭᠠᠶᠢᠬᠠᠭᠤᠯᠬᠤ ᠴᠠᠭ | ᠪᠣᠯᠪᠠ᠃ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠥᠷᠭᠡᠨ | ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠬᠡᠬᠦᠳᠡᠭ ᠴᠡᠭᠡᠵᠢᠨ ᠳᠡᠭᠡᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠡᠪᠦᠷᠯᠡᠨ᠂ ᠨᠢᠭᠡ ᠰᠡᠳᠬᠢᠯ ᠢᠶᠠᠷ | ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠵᠢᠷᠤᠮᠯᠠᠨ ᠴᠢᠳᠠᠮᠠᠭᠠᠢ ᠡᠵᠡᠩᠨᠡᠵᠦ᠂ ᠤᠷᠢᠳ ᠢᠶᠠᠷ ᠪᠠᠶᠠᠵᠢᠬᠤ ᠪᠠᠷ | ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | | | | | 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ | ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ ᠶᠠᠷᠢᠯᠴᠠᠬᠤ ᠬᠤᠷᠠᠯ ᠢ ᠡᠷᠭᠢᠯᠡᠵᠠᠢ᠃ | ᠶᠠᠷᠢᠯᠴᠠᠬᠤ ᠬᠤᠷᠠᠯ ᠳᠡᠭᠡᠷ᠎ᠡ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ | ᠭᠦᠢᠴᠡᠳᠭᠡᠭᠴᠢ ᠲᠤᠰᠢᠶᠠᠯᠲᠠᠨ ᠷᠧᠨ ᠵᠧᠩ ᠹᠧᠢ᠂ ᠪᠢ ᠶᠠ ᠳ᠋ᠢ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠸᠠᠩ ᠴᠤᠸᠠᠨ ᠹᠦ᠋᠂ ᠰᠢᠨ ᠰᠢ ᠸᠠᠩ ᠰᠲ᠋ᠣᠺ ᠡᠵᠡᠮᠰᠢᠯ ᠤᠨ ᠪᠦᠯᠦᠭᠯᠡᠯ ᠤᠨ ᠬᠢᠵᠠᠭᠠᠷᠲᠤ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠬᠤᠤ᠂ ᠱᠠᠩᠬᠠᠢ ᠶᠢᠨ ᠸᠧᠢ ᠡᠯ ᠬᠠᠭᠠᠰ | ᠳᠠᠮᠵᠢᠭᠤᠯᠤᠭᠴᠢ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ | ᠷᠦᠩ᠂ ᠬᠠᠩᠵᠧᠦ ᠶᠢᠨ ᠢᠦᠢ ᠱᠣ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ | ᠲᠡᠷᠢᠭᠦᠨ ᠭᠦᠢᠴᠡᠳᠭᠡᠭᠴᠢ ᠳᠠᠷᠤᠭ᠎ᠠ ᠸᠠᠩ ᠰᠢᠩ ᠰᠢᠩ᠂ ᠰᠢᠶᠣᠣ ᠮᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠧᠢ ᠵᠢᠶᠦ᠋ᠨ ᠵᠡᠷᠭᠡ 6 ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠰᠢᠨ᠎ᠡ ᠪᠠᠶᠢᠳᠠᠯ | ᠳᠣᠣᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ | ᠳᠤᠷᠠᠳᠪᠠ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ | ᠶᠠᠪᠤᠴᠠ ᠶᠢ ᠳᠠᠭᠠᠯᠳᠤᠨ ᠥᠷᠨᠢᠭᠦᠨ ᠬᠥᠭᠵᠢᠵᠦ ᠢᠷᠡᠭᠰᠡᠨ ᠶᠤᠮ᠃ ᠬᠡᠳᠦᠨ ᠠᠷᠪᠠᠨ ᠵᠢᠯ ᠤᠨ ᠲᠤᠷᠰᠢ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ | ᠨᠠᠮ ᠪᠠ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠭᠯᠡᠯᠲᠡ ᠲᠦᠷᠦ ᠶᠢᠨ | ᠪᠣᠳᠣᠯᠭ᠎ᠠ ᠶᠢᠨ ᠲᠤᠬᠠᠢ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ | ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ | ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ | ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠤᠨ᠎ᠠ︔ ᠨᠠᠮ ᠪᠠ | ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ | ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ | ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ ᠡᠯ᠎ᠡ | ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ | ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ | ᠠᠬᠢᠭᠤᠯᠤᠨ᠎ᠠ ᠭᠡᠵᠦ ᠢᠯᠡᠳᠬᠡᠪᠡ᠃ | ᠰᠢ ᠶᠢᠨ ᠫᠢᠩ᠂ ᠤᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠨᠢᠭᠡᠨᠲᠡ | ᠨᠡᠯᠢᠶᠡᠳ ᠶᠡᠭᠡ ᠬᠡᠪᠴᠢᠶ᠎ᠡ ᠲᠠᠢ ᠪᠣᠯᠵᠤ᠂ ᠮᠠᠰᠢ ᠬᠦᠨᠳᠦ ᠬᠤᠪᠢ ᠶᠢᠨ ᠵᠢᠩ ᠢ ᠡᠵᠡᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠢ | ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ | ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ | ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ | ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ | ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ ᠯᠤᠲᠤ ᠶᠡᠭᠡ᠂ | ᠬᠡᠪ ᠴᠢᠨᠠᠷ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ ᠰᠠᠭᠤᠷᠢ ᠲᠥᠬᠦᠭᠡᠷᠦᠮᠵᠢ ᠶᠢᠨ ᠰᠢᠰᠲ᠋ᠧᠮ | ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠲᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠮᠠᠰᠢ ᠣᠯᠠᠨ ᠰᠢᠨ᠎ᠡ ᠠᠵᠠ ᠲᠣᠭᠢᠶᠠᠯ ᠣᠯᠭᠤᠵᠤ᠂ ᠨᠠᠩ ᠶᠡᠭᠡ ᠬᠥᠭᠵᠢᠯᠲᠡ ᠶᠢᠨ ᠣᠷᠣᠨ ᠵᠠᠢ | ᠬᠠᠩᠭᠠᠬᠤ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠨᠢ ᠤᠯᠠᠨ | ᠲᠠᠯ᠎ᠠ ᠶᠢᠨ ᠢᠯᠡᠳᠲᠡ ᠳᠠᠪᠠᠭᠤᠯᠢᠭ ᠲᠠᠢ ᠪᠠᠶᠢᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ | ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ ᠪᠣᠯ ᠶᠡᠷᠦᠩᠬᠡᠢ ᠳᠡᠭᠡᠨ ᠥᠭᠡᠷᠡᠴᠢᠯᠡᠯᠲᠡ | ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ | ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ ᠲᠦᠷ ᠴᠠᠭ ᠤᠨ ᠪᠤᠯᠬᠤ ᠠᠴᠠ ᠪᠢᠰᠢ | ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ | ᠶᠤᠮ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠢᠷᠳᠡᠯ | ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ | ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ | ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ | ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠵᠦᠢᠯ ᠪᠣᠯᠭᠠᠨ ᠢ ᠡᠷᠡᠰ ᠬᠡᠷᠡᠭᠵᠢᠭᠦᠯᠬᠦ ᠬᠡᠷᠡᠭᠲᠡᠢ᠂ | ᠳᠤᠲᠠᠭᠤ ᠲᠤᠷᠭᠤᠨ ᠬᠡᠷᠡᠭᠵᠢᠭᠦᠯᠵᠦ ᠪᠤᠯᠬᠤ ᠦᠭᠡᠢ᠃ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ | ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ | ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ | ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ | ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ | ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ | ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ | ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ | ᠮᠠᠨ ᠤ ᠤᠯᠤᠰ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠮᠥᠨ ᠪᠣᠯᠬᠤᠷ ᠡᠯ᠎ᠡ ᠲᠦᠷᠦᠯ ᠤᠨ | ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ ᠪᠠᠶᠢᠴᠠᠭᠠᠨ | ᠰᠢᠢᠳᠪᠦᠷᠢᠯᠡᠬᠦ ᠠᠴᠠ ᠵᠠᠶᠢᠯᠠᠵᠤ ᠪᠤᠯᠬᠤ ᠦᠭᠡᠢ᠃ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠳᠤ | ᠨᠢᠭᠡ ᠯᠡ ᠠᠳᠠᠯᠢ ᠪᠠᠷ ᠬᠠᠨᠳᠤᠬᠤ ᠬᠡᠷᠡᠭᠲᠡᠢ᠃ ᠳᠣᠲᠣᠨᠣᠰᠤᠭ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ᠂ ᠠᠵᠤ ᠠᠬᠤᠶᠢᠯᠠᠯ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯ ᠲᠡᠷᠢᠭᠦᠨ ᠪᠠᠶᠢᠷᠢ ᠳᠤ ᠪᠠᠶᠢᠭ᠎ᠠ ᠶᠤᠮ᠃ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ | ᠦᠢᠯᠡᠰ ᠪᠣᠰᠬᠠᠬᠤ ᠪᠠ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ | ᠬᠦᠰᠡᠯᠡᠩ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠭᠡᠷ ᠤᠨ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠪᠠᠶᠠᠵᠢᠭᠰᠠᠨ ᠴᠤ ᠤᠭ ᠦᠨᠳᠦᠰᠦ ᠪᠠᠨ ᠪᠤᠳᠤᠵᠤ᠂ ᠪᠠᠶᠠᠵᠢᠭᠰᠠᠨ ᠴᠤ | ᠤᠷᠤᠭᠰᠢᠯᠠᠨ ᠲᠠᠪᠰᠢᠬᠤ ᠶᠢ ᠪᠤᠳᠤᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ | ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠵᠦ ᠰᠢᠯᠢᠳᠡᠭᠵᠢᠭᠦᠯᠵᠦ ᠰᠠᠶᠢᠲᠤᠷ ᠡᠵᠡᠩᠨᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠬᠢᠭᠤᠯᠤᠭᠴᠢ ᠪᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠵᠦ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠠᠨ | ᠬᠤᠪᠢᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ᠂ ᠦᠷ᠎ᠡ ᠠᠰᠢᠭ ᠪᠣᠯᠣᠨ ᠭᠤᠣᠯᠯᠠᠭᠴᠢ ᠥᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ | ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ | ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠭᠦᠳᠡᠯᠮᠦᠷᠢ᠂ ᠴᠢᠳᠠᠪᠤᠷᠢᠲᠠᠨ᠂ ᠮᠡᠳᠡᠯᠭᠡ᠂ | ᠮᠡᠷᠭᠡᠵᠢᠯ᠂ ᠬᠥᠷᠥᠩᠭᠡ᠂ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠡᠷᠡᠭᠯᠡᠯᠲᠡ᠂ ᠬᠠᠮᠢᠶᠠᠷᠤᠯᠲᠠ᠂ | ᠬᠠᠮᠠᠭᠠᠯᠠᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠵᠠᠯᠭᠠᠮᠵᠢᠯᠠᠭᠴᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ | ᠡᠵᠡᠩᠨᠡᠬᠦ ᠶᠢ ᠪᠠᠷᠢᠮᠲᠠᠯᠠᠵᠤ᠂ ᠵᠥᠪ ᠦᠷᠳᠡᠭ ᠤᠨ ᠦᠵᠡᠯᠲᠡ ᠪᠣᠯᠣᠨ ᠶᠣᠰᠣ ᠰᠤᠷᠲᠠᠬᠤᠨ ᠤ ᠦᠵᠡᠯᠲᠡ ᠶᠢ ᠪᠤᠢ | ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠡᠶ᠎ᠡ | ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ | ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠨᠡᠶᠢᠭᠡᠮ ᠳᠤ ᠢᠯᠡᠭᠦᠬᠡᠨ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ᠃ | ᠸᠠᠩ ᠬᠤ᠋ ᠨᠢᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ | ᠨᠡᠮᠡᠷᠢ ᠶᠢ ᠭᠦᠢᠴᠡᠳ ᠨᠤᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠢ ᠵᠥᠪ ᠢᠶᠠᠷ ᠲᠠᠨᠢᠬᠤ ᠶᠢ ᠴᠢᠬᠤᠯᠠᠴᠢᠯᠠᠵᠤ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠬᠥᠭᠵᠢᠯᠲᠡ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠶᠠᠷᠢᠶᠠᠨ ᠤ | ᠤᠳᠬ᠎ᠠ ᠰᠠᠨᠠᠭ᠎ᠠ ᠠᠯᠤᠰ ᠭᠡᠲᠦ ᠶᠢᠨ ᠪᠠᠶᠢᠵᠤ᠂ ᠦᠵᠡᠯ ᠰᠠᠨᠠᠭ᠎ᠠ ᠭᠦᠨ ᠭᠦᠨᠵᠡᠭᠡᠢ᠂ ᠥᠭᠦᠯᠡᠯᠲᠡ ᠨᠠᠷᠢᠯᠢᠭ | ᠣᠨᠣᠴᠠᠲᠠᠢ᠂ ᠠᠭᠤᠯᠤᠭᠳᠠᠬᠤᠨ ᠡᠯᠪᠡᠭ ᠪᠠᠶᠠᠯᠢᠭ ᠶᠤᠮ᠂ ᠪᠢᠳᠡ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠪᠦᠭᠦ ᠲᠠᠯ᠎ᠠ ᠶᠢᠨ ᠤᠬᠠᠮᠰᠠᠷ᠂ ᠰᠢᠰᠲ᠋ᠧᠮ ᠤᠨ ᠦᠵᠡᠯᠲᠡ᠂ ᠬᠠᠤᠯᠢᠵᠢᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠢᠯᠡᠳᠬᠡᠪᠡ᠃ | ᠱᠢ ᠲᠠᠢ ᠹᠧᠩ᠂ ᠯᠢ ᠱᠦ ᠯᠧᠢ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ | ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ | | | |