2 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ | ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠵᠤ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠰᠤᠷᠤᠯᠴᠠᠵᠤ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠪᠠ ᠰᠠᠨᠠᠭᠤᠯᠭ᠎ᠠ | ᠬᠤᠷᠢᠶᠠᠨ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ | ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃ | ᠬᠤᠷᠠᠯ ᠠᠴᠠ ᠡᠩ ᠲᠡᠷᠢᠭᠦᠨ ᠳᠤ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ | ᠪᠠᠶᠢᠳᠠᠯ ᠵᠢᠴᠢ ᠡᠨᠡ ᠤᠳᠠᠭᠠᠨ ᠤ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ | ᠪᠠᠶᠢᠳᠠᠯ ᠢ ᠮᠡᠳᠡᠭᠳᠡᠪᠡ᠃ ᠳ᠋ᠦ᠋ ᠬᠤᠢ ᠯᠢᠶᠠᠩ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠢ | ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠪᠠᠶᠢᠴᠠᠭᠠᠯᠲᠠ | ᠬᠢᠪᠡ᠃ ᠪᠠᠭ ᠤᠨ ᠪᠦᠷᠢᠯᠳᠦᠬᠦᠨ ᠨᠡᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠥᠷᠨᠢᠭᠦᠯᠪᠡ᠃ | ᠬᠤᠷᠠᠯ ᠳᠡᠭᠡᠷ᠎ᠡ᠂ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠦᠦ ᠴᠢ ᡁᠢ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠪᠡ᠃ | ᠬᠤᠷᠠᠯ ᠠᠴᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠬᠤ ᠶᠢ ᠲᠦᠷᠦᠭᠦᠯᠡᠨ ᠪᠠᠷᠢᠮᠲᠠᠯᠠᠵᠤ᠂ ︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ | ᠲᠥᠷᠥ ᠶᠢᠨ ᠲᠣᠭᠲᠠᠯ ᠬᠦᠴᠦᠨ ᠢ ᠪᠠᠲᠤᠯᠠᠨ᠂ ᠤᠯᠤᠰ ᠲᠥᠷᠥ ᠶᠢᠨ ᠴᠢᠭᠯᠡᠯ ᠢ ᠡᠵᠡᠮᠳᠡᠵᠦ᠂ ᠤᠯᠤᠰ ᠲᠥᠷᠥ ᠶᠢᠨ | ᠬᠠᠷᠢᠭᠤᠴᠠᠯᠭ᠎ᠠ ᠶᠢ ᠡᠭᠦᠷᠭᠡᠯᠡᠨ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ | ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠡᠭᠴᠡᠯᠡᠨ | ᠥᠭᠡᠷᠡᠴᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠣᠳᠣ ᠥᠭᠡᠷᠡᠴᠢᠯᠡᠬᠦ︾ ᠪᠠ ︽ᠳᠠᠭᠠᠭᠠᠮᠠᠭᠠᠢ | ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠢᠭᠡ ᠨᠢᠭᠡ ᠪᠠᠷ | ᠴᠡᠭᠴᠡᠯᠡᠨ ᠥᠭᠡᠷᠡᠴᠢᠯᠡᠬᠦ ᠶᠢ ᠰᠠᠶᠢᠲᠤᠷ ᠠᠳᠬᠤᠬᠤ ᠬᠡᠷᠡᠭᠲᠡᠢ᠃ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ | ︽ᠭᠤᠷᠪᠠᠨ ᠬᠤᠷᠠᠯ ᠨᠢᠭᠡ ᠬᠢᠴᠢᠶᠡᠯ︾᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠵᠡᠷᠭᠡ ᠳᠦᠷᠢᠮ ᠢ ᠲᠦᠷᠦᠭᠦᠯᠡᠨ | ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ | ᠨᠠᠮ ᠤᠨ ᠳᠣᠲᠣᠭᠠᠳᠤ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ | ᠲᠥᠷᠥ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠶᠢᠴᠢᠨ | ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠷᠪᠡᠨ | ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ | ᠠᠮᠢ ᠠᠬᠤᠢ ᠶᠢ ᠪᠣᠢ ᠪᠣᠯᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ | ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠮᠠᠨ ᠤ ᠣᠷᠣᠨ ᠤ | ᠰᠤᠷᠭᠠᠨ ᠬᠥᠮᠦᠵᠢᠯ ᠤᠨ ᠬᠦᠷᠢᠶᠡᠨ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠱᠠᠭᠠᠷᠳᠠᠪᠠ᠃ | | |