ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/21
      2 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢ ᠶᠠᠷᠢᠯᠴᠠᠬᠤ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠣᠷᠣᠨ  ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠥᠳᠲᠡᠷ ᠲᠦᠷᠭᠡᠨ ᠪᠠᠶᠢᠭᠤᠯᠬᠤ ᠰᠠᠨᠠᠯ ᠤᠨ ᠬᠠᠷᠠᠯᠲᠠ ᠪᠠ ᠡᠭᠦᠷᠭᠡ ᠲᠠᠢ ᠪᠠᠷᠢᠮᠵᠢᠶᠠᠯᠠᠨ ᠬᠠᠷᠢᠴᠠᠭᠤᠯᠵᠤ᠂ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ᠂ ᠣᠯᠠᠨ ᠲᠠᠯ᠎ᠠ ᠪᠠᠷ ᠰᠢᠪᠲᠤᠯᠬᠤ᠂ ᠳᠡᠰ ᠳᠡᠪᠰᠢᠭᠦᠯᠬᠦ ᠶᠢ ᠪᠡᠶᠡᠯᠡᠭᠦᠯᠬᠦ ᠰᠡᠳᠬᠢᠮᠵᠢ ᠪᠠ ᠠᠷᠭ᠎ᠠ ᠬᠡᠮᠵᠢᠶ᠎ᠡ ᠶᠢ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ  ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠡᠷᠬᠢᠯᠡᠪᠡ᠃   

1.jpg

      ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ  ᠤ ᠰᠢᠯᠭᠠᠯᠲᠠ ᠪᠠ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠵᠢᠴᠢ ᠡᠩ ᠤᠨ ᠶᠡᠭᠡ

ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ 

 ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ

ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ

ᠠᠵᠢᠯ ᠤᠨ ᠲᠣᠭᠤᠷᠢᠨ ᠳᠤ ᠪᠣᠳᠣᠯᠬᠢᠯᠠᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠤ᠂ ᠬᠥᠭᠵᠢᠯᠲᠡ ᠶᠢ ᠰᠦᠪᠡᠭᠴᠢᠯᠡᠨ᠂

ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠠᠮᠲᠤ ᠶᠢᠨ ᠲᠠᠨᠢᠯᠲᠠ ᠪᠣᠯᠤᠨ ᠬᠠᠮ

ᠬᠦᠴᠦᠨ ᠢ ᠨᠢᠭᠲᠠᠷᠠᠭᠤᠯᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ

ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂

ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ

ᠪᠣᠯᠤᠨ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠰᠠᠨᠠᠯ ᠢ ᠪᠦᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠲᠥᠪ ᠭᠤᠣᠯᠴᠢ ᠴᠢᠨᠠᠷᠯᠢᠭ ᠰᠠᠭᠤᠷᠢ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠠᠶᠢᠮᠠᠭ ᠬᠤᠲᠠ ᠰᠤᠷᠭᠠᠨ ᠬᠥᠮᠦᠵᠢᠯ ᠤᠨ ᠤᠯᠤᠰ  ᠲᠥᠷᠦᠴᠢ ᠴᠢᠨᠠᠷ ᠢ ᠪᠠᠲᠤ

ᠡᠵᠡᠮᠳᠡᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ

ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ

ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ

ᠳᠦᠷᠢᠮ ᠢ ᠭᠦᠨᠵᠡᠭᠡᠢ ᠠᠬᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠨ

ᠬᠥᠮᠦᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷ ᠢ ᠪᠠᠲᠤ ᠡᠵᠡᠮᠳᠡᠵᠦ᠂ ᠰᠤᠷᠭᠠᠨ ᠬᠥᠮᠦᠵᠢᠯ ᠢᠶᠠᠷ ᠣᠷᠣᠨ ᠢᠶᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠᠷ ᠲᠣᠬᠢᠶᠠᠯ ᠪᠣᠯᠭᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠯᠥᠪᠯᠡᠬᠦ ᠠᠵᠢᠯ ᠢ ᠰᠠᠶᠢᠲᠤᠷ ᠬᠢᠵᠦ᠂ ᠬᠥᠮᠦᠨ

ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠵᠠᠳᠠᠯᠤᠨ ᠲᠥᠰᠦᠭᠡᠯᠡᠵᠦ᠂ ᠣᠷᠣᠨ ᠪᠦᠰᠡ ᠶᠢᠨ ᠰᠤᠷᠭᠠᠨ

ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ

ᠲᠦᠷᠭᠡᠳᠭᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠤᠨ

ᠬᠥᠭᠵᠢᠯᠲᠡ ᠶᠢ ᠴᠢᠩᠭᠠᠳᠬᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ

ᠲᠦᠪᠰᠢᠨ ᠤ ᠰᠢᠯᠭᠠᠯᠲᠠ ᠪᠠ ᠳᠡᠭᠡᠳᠦ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ

ᠰᠤᠷᠤᠭᠴᠢ ᠡᠯᠰᠡᠬᠦ ᠰᠢᠯᠭᠠᠯᠲᠠ ᠵᠢᠴᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ

ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠵᠤ᠂

ᠠᠮᠵᠢᠯᠲᠠ ᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠠᠷᠠᠳ ᠤᠨ

ᠠᠮᠢᠳᠤᠷᠠᠯ ᠤᠨ ᠴᠢᠨᠠᠷ ᠢ ᠪᠠᠲᠤ ᠡᠵᠡᠮᠳᠡᠵᠦ᠂ ︽ᠬᠤᠶᠠᠷ ᠢ ᠬᠥᠩᠭᠡᠷᠡᠭᠦᠯᠬᠦ︾ ᠪᠠ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂

ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠤᠨ᠂ ᠪᠠᠭᠰᠢ ᠶᠢ ᠬᠦᠨᠳᠦᠳᠬᠡᠵᠦ ᠪᠠᠭᠰᠢ ᠶᠢ

ᠬᠠᠷᠠᠭᠠᠯᠵᠠᠬᠤ ᠠᠵᠢᠯ ᠢ ᠤᠯᠠᠮ ᠴᠠᠭᠠᠰᠢᠲᠠ ᠴᠢᠩᠭᠠᠳᠬᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ

ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠬᠡᠦᠬᠡᠳ ᠤᠨ ᠴᠡᠴᠡᠷᠯᠢᠭ ᠲᠤ ᠣᠷᠣᠬᠤ ᠪᠠ

ᠰᠤᠷᠭᠠᠭᠤᠯᠢ ᠳᠤ ᠣᠷᠣᠬᠤ ᠶᠢ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠵᠡᠷᠭᠡ ᠰᠤᠷᠭᠠᠨ

ᠬᠥᠮᠦᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ

ᠴᠢᠩᠭᠠᠳᠬᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂

ᠪᠣᠯᠤᠮᠵᠢᠲᠤ ᠴᠢᠨᠠᠷ᠂ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃

     ᠬᠤᠷᠠᠯ ᠠᠴᠠ᠂ ᠡᠭᠦᠷᠭᠡ ᠲᠤᠰᠢᠶᠠᠯ ᠢ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ

ᠡᠭᠦᠷᠭᠡ ᠪᠠ ᠬᠠᠷᠠᠯᠲᠠ ᠶᠢ ᠴᠢᠩᠭ᠎ᠠ ᠠᠩᠬᠠᠷᠤᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠰᠠᠨ

ᠬᠤᠭᠤᠴᠠᠭᠠᠨ ᠳᠤ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ

ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠵᠢᠭᠰᠠᠭᠠᠵᠤ᠂

ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠨᠡᠪᠲᠡᠷᠡᠲᠡᠯ᠎ᠡ ᠣᠶᠢᠯᠠᠭᠠᠵᠤ᠂ ︽ᠲᠥᠷᠦ ᠶᠢᠨ ᠪᠣᠳᠤᠯᠭ᠎ᠠ ᠶᠢ

ᠡᠷᠬᠢᠮᠯᠡᠵᠦ᠂ ᠣᠯᠠᠨ ᠲᠦᠮᠡᠨ ᠢ ᠬᠦᠨᠳᠦᠳᠭᠡᠬᠦ︾ ᠶᠢ ᠪᠡᠶᠡᠯᠡᠭᠦᠯᠵᠦ᠂ ᠲᠤᠰᠬᠠᠢ ᠳᠡᠭᠡᠭᠰᠢᠯᠡᠭᠦᠯᠬᠦ ᠲᠥᠰᠦᠯ ᠲᠣᠭᠲᠠᠭᠠᠵᠤ᠂

ᠳᠤᠲᠠᠭᠤᠳᠠᠯ ᠪᠠᠭᠤᠷᠠᠢ ᠲᠠᠯ᠎ᠠ ᠪᠠᠨ ᠦᠨᠡᠨ ᠬᠦ ᠨᠥᠬᠦᠪᠥᠷᠢᠯᠡᠬᠦ ᠬᠡᠷᠡᠭᠲᠡᠢ᠃ ᠵᠠᠰᠠᠯᠲᠠ ᠶᠢᠨ ᠴᠢᠳᠠᠪᠤᠷᠢ ᠪᠠᠨ

ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠠᠷᠢᠮᠲᠠᠯᠠᠨ᠂ ᠠᠵᠢᠯ  ᠤᠨ ᠬᠠᠷᠢᠭᠤᠴᠠᠯᠭ᠎ᠠ ᠶᠢ ᠭᠦᠢᠴᠡᠳᠬᠡᠬᠦ

ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠴᠢᠩᠭ᠎ᠠ᠂ ᠰᠤᠷᠲᠠᠯ

ᠰᠢᠯᠢᠳᠡᠭ ᠰᠠᠶᠢᠨ ᠡᠩᠨᠡᠭᠡ ᠶᠢ ᠪᠠᠶᠢᠭᠤᠯᠤᠨ᠂ ᠠᠰᠠᠭᠤᠳᠠᠯ ᠢ ᠳᠠᠷᠤᠢ ᠳᠤ ᠨᠢ ᠪᠠᠶᠢᠴᠠᠭᠠᠵᠤ ᠳᠠᠷᠤᠢ ᠳᠤ ᠨᠢ

ᠥᠭᠡᠷᠡᠴᠢᠯᠡᠵᠦ᠂ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ

ᠨᠠᠶᠢᠳᠠᠪᠤᠷᠢᠵᠢᠭᠤᠯᠤᠯᠲᠠ ᠶᠢ ᠠᠳᠬᠤᠨ᠂ ᠡᠯ᠎ᠡ ᠵᠦᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ

ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

           

2.jpg

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ

ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号