2 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠵᠢᠭᠠᠬᠤ ᠮᠠᠲ᠋ᠧᠷᠢᠶᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠣᠳᠣᠬᠠᠨ ᠤ ᠵᠢᠭᠠᠬᠤ | ᠮᠠᠲ᠋ᠧᠷᠢᠶᠠᠯ ᠤᠨ ᠠᠵᠢᠯ ᠤᠨ ᠪᠠᠶᠢᠳᠠᠯ ᠢ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠭᠤᠣᠯᠳᠠᠯᠭ᠎ᠠ ᠲᠠᠢ | ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ | ᠲᠦᠷᠭᠡᠳᠬᠡᠨ ᠪᠠᠶᠢᠭᠤᠯᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠨᠡᠩ | ᠥᠨᠳᠥᠷ ᠵᠣᠭᠰᠣᠴᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠢᠭᠠᠬᠤ ᠮᠠᠲ᠋ᠧᠷᠢᠶᠠᠯ ᠤᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠵᠢᠭᠠᠬᠤ ᠮᠠᠲ᠋ᠧᠷᠢᠶᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠬᠤ ᠮᠠᠲ᠋ᠧᠷᠢᠶᠠᠯ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠵᠢᠭᠠᠬᠤ ᠮᠠᠲ᠋ᠧᠷᠢᠶᠠᠯ ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ | ᠪᠠᠷᠢᠮᠲᠠᠯᠠᠨ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠵᠥᠪ ᠴᠢᠭᠯᠡᠯ ᠢ | ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ | ᠲᠠᠷᠢᠬᠢ ᠲᠣᠯᠣᠭᠠᠢ ᠳᠤ ᠨᠢ ᠬᠠᠳᠠᠩᠰᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠢᠭᠠᠬᠤ | ᠮᠠᠲ᠋ᠧᠷᠢᠶᠠᠯ ᠤᠨ ᠳᠣᠭᠲᠠᠯᠴᠠᠭ᠎ᠠ ᠪᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠵᠢᠭᠰᠠᠭᠠᠯ ᠤᠨ ᠭᠠᠵᠠᠷ ᠤᠨ ᠤᠬᠠᠮᠰᠠᠷ ᠢ ᠴᠢᠩᠭᠠᠷᠠᠭᠤᠯᠤᠨ᠂ ᠵᠢᠭᠠᠬᠤ ᠮᠠᠲ᠋ᠧᠷᠢᠶᠠᠯ ᠤᠨ ᠤᠯᠤᠰ | ᠲᠥᠷᠥ ᠶᠢᠨ ᠪᠣᠭᠤᠮᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠬᠢᠨᠠᠨ ᠬᠠᠷᠭᠤᠭᠤᠯᠤᠯᠲᠠ ᠶᠢ ᠰᠠᠶᠢᠲᠤᠷ ᠡᠵᠡᠮᠳᠡᠵᠦ᠂ | ᠲᠣᠭᠤᠷᠢᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ | ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ᠂ ᠬᠢᠨᠠᠨ | ᠬᠠᠷᠭᠤᠭᠤᠯᠬᠤ᠂ ᠰᠣᠩᠭᠤᠬᠤ᠂ ᠬᠡᠷᠡᠭᠯᠡᠬᠦ᠂ ᠬᠢᠨᠠᠯᠲᠠ ᠲᠠᠯᠪᠢᠬᠤ ᠵᠡᠷᠭᠡ ᠪᠠᠶᠢᠩᠭᠤ ᠶᠢᠨ ᠠᠵᠢᠯ ᠤᠨ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ | ᠨᠤᠲᠤᠭ ᠤᠨ ᠬᠢᠴᠢᠶᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠵᠢᠭᠠᠬᠤ ᠮᠠᠲ᠋ᠧᠷᠢᠶᠠᠯ ᠢ ᠬᠢᠨᠠᠨ | ᠰᠢᠯᠭᠠᠬᠤ ᠳᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ | ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠵᠠᠷᠤᠳᠠᠯ ᠤᠨ | ᠪᠠᠲᠤᠯᠠᠭ᠎ᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠭᠠᠬᠤ ᠮᠠᠲ᠋ᠧᠷᠢᠶᠠᠯ ᠤᠨ ᠠᠵᠢᠯ ᠤᠨ ᠪᠦᠬᠦ | ᠶᠠᠪᠤᠴᠠ ᠶᠢ ᠪᠠᠲᠤᠯᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠵᠢᠭᠠᠬᠤ ᠮᠠᠲ᠋ᠧᠷᠢᠶᠠᠯ ᠤᠨ ᠲᠤᠰᠬᠠᠢ ᠮᠡᠷᠭᠡᠵᠢᠯᠲᠡᠨ ᠤ ᠵᠥᠪᠯᠡᠯ ᠢ ᠪᠠᠶᠢᠭᠤᠯᠤᠨ᠂ ᠥᠨᠳᠥᠷ ᠬᠢᠷᠢ ᠲᠦᠪᠰᠢᠨᠲᠦ ᠲᠤᠰᠬᠠᠢ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠬᠠᠮᠢᠶᠠᠷᠤᠯᠲᠠ ᠶᠢᠨ | ᠡᠩᠨᠡᠭᠡᠨ ᠤ ᠵᠢᠯᠣᠭᠤᠳᠣᠯᠭ᠎ᠠ ᠪᠠ ᠪᠣᠯᠪᠠᠰᠤᠷᠠᠯ ᠢ ᠥᠷᠨᠢᠭᠦᠯᠵᠦ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ | ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯ ᠰᠡᠳᠦᠪ ᠭᠤᠣᠯ ᠰᠢᠵᠢᠮ ᠢ | ᠪᠦᠬᠦ ᠲᠠᠯ᠎ᠠ ᠪᠠᠷ ᠲᠤᠭᠤᠰᠢᠯᠠᠭᠤᠯᠤᠨ ᠰᠢᠯᠢᠳᠡᠭ ᠵᠢᠭᠠᠬᠤ ᠮᠠᠲ᠋ᠧᠷᠢᠶᠠᠯ ᠢ ᠡᠭᠦᠳᠴᠦ᠂ ᠰᠢᠯᠢᠳᠡᠭ ᠪᠦᠲᠦᠭᠡᠯ ᠤᠨ | ᠤᠬᠠᠮᠰᠠᠷ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠪᠣᠯᠤᠨ ᠲᠡᠷᠢᠭᠦᠨ ᠤ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ︽ᠦᠨᠳᠦᠰᠦ ᠶᠢ ᠪᠤᠶᠢᠵᠢᠭᠤᠯᠵᠤ ᠰᠦᠭ ᠢ | ᠱᠤᠭᠤᠬᠤ᠂ ᠪᠢᠯᠢᠭ ᠢ ᠨᠡᠭᠡᠭᠡᠭᠳᠡᠭᠦᠯᠵᠦ ᠤᠬᠠᠭᠠᠨ ᠢ ᠨᠡᠮᠡᠭᠳᠡᠭᠦᠯᠬᠦ︾᠂ ᠥᠪᠥᠷ ᠮᠣᠩᠭᠤᠯ ᠤᠨ ᠣᠨᠴᠠᠯᠢᠭ ᠲᠠᠢ ᠰᠢᠯᠢᠳᠡᠭ | ᠵᠢᠭᠠᠬᠤ ᠮᠠᠲ᠋ᠧᠷᠢᠶᠠᠯ ᠢ ᠰᠡᠳᠬᠢᠯ ᠲᠠᠯᠪᠢᠨ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠵᠢᠭᠠᠬᠤ | ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠰᠤᠷᠤᠯᠭ᠎ᠠ ᠶᠢᠨ ᠱᠠᠲᠤ᠂ ᠪᠦᠬᠦ ᠲᠠᠯ᠎ᠠ ᠪᠠᠷ ᠠᠬᠢᠭᠤᠯᠵᠤ᠂ | ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠥᠵᠢᠯ ᠤᠨ ᠠᠵᠢᠯ ᠤᠨ ᠬᠤᠷᠢᠶ᠎ᠠ᠂ | ᠰᠤᠷᠭᠠᠨ ᠬᠥᠮᠥᠵᠢᠯ ᠤᠨ ᠲᠢᠩᠬᠢᠮ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠭᠠᠵᠠᠷ ᠳᠠᠰᠤᠭ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | |