2025 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠮᠤᠷ ᠲᠣᠭᠲᠠᠭᠤᠨ ᠡᠮᠬᠢ ᠵᠢᠷᠤᠮ ᠲᠠᠢ | ᠪᠠᠶᠢᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠪᠦᠯᠬᠦᠮ | ᠳᠠᠭᠠᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠪᠡᠯᠡᠳᠬᠡᠯ ᠵᠢᠴᠢ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ | | | | | | ᠳ᠋ᠦ᠋ ᠬᠤᠢ ᠯᠢᠶᠠᠩ ᠨᠠᠷ ᠤᠷᠢᠳ ᠬᠤᠵᠢᠳ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠬᠠ ᠰᠦ᠋ | ᠬᠠᠢ ᠰᠤᠷᠭᠠᠭᠤᠯᠢ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ ᠪᠣᠯᠤᠨ | ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠢᠨ ᠴᠤᠸᠠᠨ ᠰᠤᠷᠭᠠᠭᠤᠯᠢ ᠶᠢᠨ ᠲᠣᠭᠤᠷᠢᠭ ᠲᠤ | ᠬᠦᠷᠴᠦ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ᠂ ᠪᠡᠶ᠎ᠡ ᠶᠢᠨ ᠲᠠᠮᠢᠷ ᠤᠨ ᠣᠷᠳᠣᠨ᠂ | ᠪᠠᠭᠰᠢ ᠰᠤᠷᠤᠭᠴᠢᠳ ᠤᠨ ᠦᠢᠯᠡᠴᠢᠯᠡᠭᠡᠨ ᠤ ᠲᠥᠪ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ | ᠪᠠᠶᠢᠴᠠᠭᠠᠨ ᠰᠣᠳᠤᠯᠪᠠ᠃ | ᠡᠯ᠎ᠡ ᠰᠤᠷᠭᠠᠭᠤᠯᠢ ᠳᠤ᠂ ᠳ᠋ᠦ᠋ ᠬᠤᠢ ᠯᠢᠶᠠᠩ ᠰᠤᠷᠭᠠᠭᠤᠯᠢ ᠶᠢᠨ ᠬᠤᠭᠤᠯᠠᠨ ᠭᠡᠷ ᠢ ᠭᠤᠣᠯᠳᠠᠯᠭ᠎ᠠ ᠲᠠᠢ | ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠢ ᠬᠤᠳᠠᠯᠳᠤᠨ | ᠠᠪᠤᠭᠰᠠᠨ ᠲᠡᠮᠳᠡᠭᠯᠡᠯ᠂ ᠪᠣᠯᠪᠠᠰᠤᠷᠠᠭᠤᠯᠬᠤ ᠶᠠᠪᠤᠴᠠ ᠵᠢᠴᠢ ᠬᠤᠭᠤᠯᠠᠨ ᠤ ᠬᠡᠷᠡᠭᠰᠡᠯ ᠢ ᠠᠷᠢᠭᠤᠳᠬᠠᠭᠰᠠᠨ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠤᠨ | ᠰᠢᠰᠲ᠋ᠧᠮ ᠢᠶᠠᠷ ᠳᠠᠮᠵᠢᠨ ᠴᠠᠭ ᠲᠤᠬᠠᠢ ᠳᠤ ᠨᠢ ᠬᠢᠨᠠᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠨ | ᠦᠵᠡᠪᠡ᠃ ᠲᠡᠷᠡ ᠪᠠᠷ᠂ ᠡᠯ᠎ᠡ ᠰᠤᠷᠭᠠᠭᠤᠯᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ | ᠲᠦᠪᠰᠢᠨ ᠤ ᠳᠠᠯᠳᠠ ᠭᠡᠮ ᠢ ᠲᠠᠰᠤ ᠬᠤᠷᠢᠭᠯᠠᠵᠤ᠂ ᠠᠵᠢᠯᠳᠠᠨ ᠤ ᠪᠣᠯᠪᠠᠰᠤᠷᠠᠯ ᠢ ᠲᠣᠭᠲᠠᠭᠰᠠᠨ ᠬᠤᠭᠤᠴᠠᠭ᠎ᠠ ᠲᠠᠢ | ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | ᠪᠠᠭᠰᠢ ᠰᠤᠷᠤᠭᠴᠢᠳ ᠤᠨ ᠦᠢᠯᠡᠴᠢᠯᠡᠭᠡᠨ ᠤ ᠲᠥᠪ ᠲᠤ᠂ ᠳ᠋ᠦ᠋ ᠬᠤᠢ ᠯᠢᠶᠠᠩ ᠰᠤᠷᠭᠠᠭᠤᠯᠢ ᠶᠢᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠲᠡᠷᠡ ᠪᠠᠷ᠂ ᠲᠤᠰᠬᠠᠢ ᠮᠡᠷᠭᠡᠵᠢᠯ ᠤᠨ ᠪᠠᠭᠰᠢ ᠶᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ︽ᠭᠡᠷ ᠪᠦᠯᠢ ᠪᠠ | ᠰᠤᠷᠭᠠᠭᠤᠯᠢ ᠶᠢᠨ ᠬᠠᠮᠵᠢᠯᠴᠠᠭ᠎ᠠ︾᠂ ︽ᠨᠠᠶᠢᠵᠠ ᠨᠥᠬᠦᠳ ᠤᠨ ᠬᠠᠪᠰᠤᠷᠤᠯᠭ᠎ᠠ︾ ᠪᠠᠷ ᠳᠠᠮᠵᠢᠭᠤᠯᠤᠨ | ᠰᠤᠷᠤᠭᠴᠢᠳ ᠤᠨ ᠤᠷᠮ᠎ᠠ ᠰᠡᠳᠬᠢᠯ ᠤᠨ ᠬᠤᠪᠢᠷᠠᠯᠲᠠ ᠶᠢ ᠠᠩᠬᠠᠷᠬᠤ ᠶᠢᠨ ᠬᠠᠮᠲᠤ ᠪᠡᠶ᠎ᠡ ᠶᠢᠨ ᠲᠠᠮᠢᠷ ᠤᠨ | ᠬᠥᠳᠡᠯᠭᠡᠭᠡᠨ᠂ ᠤᠷᠠᠯᠢᠭ ᠤᠨ ᠠᠵᠢᠯᠯᠠᠭ᠎ᠠ᠂ ᠬᠥᠳᠡᠯᠮᠦᠷᠢ ᠶᠢᠨ ᠦᠢᠯᠡᠳᠦᠯᠭᠡ ᠵᠡᠷᠭᠡ ᠠᠴᠢᠶᠠᠯᠠᠪᠤᠷᠢ ᠳᠤ ᠲᠦᠰᠢᠭᠯᠡᠨ | ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠵᠢᠭᠠᠨ ᠰᠤᠷᠭᠠᠯᠲᠠ ᠶᠢᠨ ︽ᠲᠠᠪᠤᠨ | ᠵᠦᠢᠯ ᠤᠨ ᠬᠠᠮᠢᠶᠠᠷᠤᠯᠲᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢᠨ | ᠱᠠᠳᠤᠴᠠ ᠶᠢ ᠵᠣᠬᠢᠰᠲᠠᠢ ᠲᠣᠬᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠣᠨᠴᠠᠯᠢᠭ ᠲᠠᠢ | ᠤᠶᠠᠯᠳᠤᠭᠤᠯᠤᠨ᠂ ᠳ᠋ᠦ᠋ ᠬᠤᠢ ᠯᠢᠶᠠᠩ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠡᠬᠡ ᠳᠠᠩᠰᠠ ᠶᠢ ᠨᠠᠷᠢᠨ ᠪᠠᠶᠢᠴᠠᠭᠠᠵᠤ᠂ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ | ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠥᠬᠦᠭᠡᠷᠦᠮᠵᠢ᠂ | ᠵᠢᠭᠠᠨ ᠰᠤᠷᠭᠠᠯᠲᠠ ᠶᠢᠨ ᠣᠷᠴᠢᠨ ᠵᠡᠷᠭᠡ ᠲᠠᠯ᠎ᠠ ᠶᠢᠨ ᠠᠵᠢᠯ ᠢ ᠭᠦᠨᠵᠡᠭᠡᠢ ᠪᠠᠶᠢᠴᠠᠭᠠᠨ ᠰᠣᠳᠤᠯᠵᠠᠢ᠃ ᠲᠡᠷᠡ ᠪᠠᠷ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠭᠤᠯᠢ ᠶᠢᠨ ᠠᠵᠢᠯ ᠤᠨ ᠠᠮᠢᠨ ᠰᠤᠳᠠᠰᠤ᠂ ᠡᠯ᠎ᠡ | ᠭᠠᠵᠠᠷ ᠤᠨ ᠡᠯ᠎ᠡ ᠰᠤᠷᠭᠠᠭᠤᠯᠢ ᠬᠤᠷᠢᠭ᠎ᠠ ᠱᠤᠭᠤᠮ ᠤᠨ ᠰᠡᠳᠬᠢᠮᠵᠢ ᠶᠢ ᠪᠠᠲᠤ ᠪᠠᠬᠢ ᠪᠣᠢ ᠪᠣᠯᠭᠠᠵᠤ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠳᠦᠷ ᠲᠤᠲᠤᠮ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠠᠵᠢᠯ ᠤᠨ ᠪᠠᠶᠢᠷᠢ ᠪᠠ | ᠭᠤᠭᠴᠤᠭ᠎ᠠ ᠨᠢᠭᠡ ᠪᠦᠷᠢ ᠳᠤ ᠨᠠᠷᠢᠯᠢᠬᠵᠢᠭᠤᠯᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ ᠡᠮᠬᠢ ᠵᠢᠷᠤᠮ ᠲᠠᠢ | ᠰᠤᠷᠤᠯᠴᠠᠬᠤ ᠣᠷᠴᠢᠨ ᠢ ᠪᠠᠶᠢᠭᠤᠯᠤᠨ ᠥᠭᠴᠦ᠂ ᠴᠢᠨᠠᠷᠯᠢᠭ ᠠᠮᠤᠷ ᠲᠦᠪᠰᠢᠨ ᠢᠶᠠᠷ ᠰᠤᠷᠭᠠᠨ ᠬᠥᠮᠦᠵᠢᠯ ᠤᠨ | ᠴᠢᠨᠠᠷᠯᠢᠭ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳ᠋ᠦ᠋ ᠬᠤᠢ ᠯᠢᠶᠠᠩ ᠡᠯ᠎ᠡ ᠭᠠᠵᠠᠷ ᠤᠨ ᠡᠯ᠎ᠡ ᠰᠤᠷᠭᠠᠭᠤᠯᠢ ᠲᠤᠰ ᠲᠤᠰ ᠤᠨ ᠪᠣᠳᠠᠲᠤ ᠪᠠᠶᠢᠳᠠᠯ ᠳᠤ ᠪᠠᠨ | ᠰᠠᠭᠤᠷᠢᠯᠠᠨ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠪᠦᠲᠦᠮᠵᠢᠲᠡᠢ | ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠦᠨᠡᠨ | ᠬᠦ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷᠯᠢᠭ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ | ᠬᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ | ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠥᠬᠡᠬᠤᠲᠠ ᠶᠢᠨ ᠰᠤᠷᠭᠠᠨ ᠬᠥᠮᠦᠵᠢᠯ ᠤᠨ | ᠳᠣᠪᠴᠢᠶ᠎ᠠ ᠶᠢᠨ ᠬᠤᠯᠪᠣᠭᠳᠠᠬᠤ ᠬᠠᠷᠢᠭᠤᠴᠠᠯᠭᠠᠲᠠᠨ ᠪᠠᠶᠢᠴᠠᠭᠠᠨ ᠰᠣᠳᠤᠯᠬᠤ ᠳᠤ ᠣᠷᠣᠯᠴᠠᠪᠠ᠃ | | | |