ᠵᠠᠰᠠᠭ ᠤᠨ ᠣᠷᠳᠣᠨ ᠤ ᠠᠵᠢᠯ ᠤᠨ ᠢᠯᠡᠳᠬᠡᠯ | —2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | | | ᠲᠥᠯᠥᠭᠡᠯᠡᠭᠴᠢᠳ ᠠ᠋ ᠄ | ᠣᠳᠣ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ | ᠳᠣᠣᠷ᠎ᠠ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠂ | ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ︽ᠬᠤᠶᠠᠷ ᠶᠡᠭᠡ ᠶᠠᠪᠤᠳᠠᠯ ︾ ᠢ ᠰᠠᠶᠢᠲᠤᠷ ᠬᠢᠵᠦ ᠂ | ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠳᠠᠪᠰᠢᠬᠤ ᠲᠠᠯ᠎ᠠ ᠪᠠᠷ ᠪᠣᠳᠠᠲᠤ ᠠᠬᠢᠴᠠ ᠲᠠᠢ ᠪᠣᠯᠪᠠ ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ 6% ᠣᠷᠴᠢᠮ ᠨᠡᠮᠡᠭᠳᠡᠨ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ | ᠬᠡᠮᠵᠢᠶ᠎ᠡ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠬᠦᠷᠬᠦ ᠪᠣᠯᠣᠮᠵᠢᠲᠠᠢ ᠪᠠᠶᠢᠵᠤ᠂ 5 ᠵᠢᠯ | ᠥᠩᠭᠡᠷᠡᠭᠡᠳ ᠳᠠᠬᠢᠨᠲᠠ ᠪᠦᠬᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠨ᠎ᠠ︔ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ ᠂ ᠪᠦᠬᠦ ᠤᠯᠤᠰ ᠤᠨ | ᠨᠡᠷᠡᠰ ᠤᠨ ᠵᠢᠭᠰᠠᠭᠠᠯᠲᠠ ᠳᠤ 3 ᠨᠡᠷᠡᠰ ᠳᠡᠭᠡᠭᠰᠢᠯᠡᠨ᠂ 14 ᠳ᠋ᠦ᠋ᠭᠡᠷ ᠲᠤ ᠬᠦᠷᠬᠦ ᠪᠣᠯᠣᠮᠵᠢᠲᠠᠢ ᠪᠠᠶᠢᠵᠤ ᠂ ᠰᠦ | ᠰᠠᠭᠠᠯᠢ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠨ ᠂ | ᠲᠤᠭ᠎ᠠ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠳᠣᠲᠣᠷ᠎ᠠ 2 ᠳ᠋ᠤᠭᠠᠷ ᠲᠤ ᠪᠠᠶᠢᠷᠢᠰᠢᠪᠠ ᠃ ᠠᠮᠤ | ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ | ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠪᠦᠬᠦ ᠤᠯᠤᠰ ᠤᠨ 3 ᠳ᠋ᠤᠭᠠᠷ ᠲᠤ | ᠪᠠᠶᠢᠷᠢᠰᠢᠪᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠪᠦᠬᠦ ᠤᠯᠤᠰ ᠲᠤ ᠡᠩ ᠲᠡᠷᠢᠭᠦᠨ ᠳᠤ ᠳ᠋ᠦᠩᠰᠢᠭᠤᠷ | ᠺᠢᠯᠣᠸᠠᠲ ᠢ ᠳᠠᠪᠠᠵᠤ᠂ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠠᠴᠠ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠳᠤ ᠲᠣᠭᠲᠠᠭᠠᠭᠰᠠᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠨᠢᠭᠡᠴᠢ | GDP ᠤᠨ ᠡᠨᠧᠷᠬᠢ ᠶᠢᠨ ᠬᠤᠷᠣᠭᠳᠠᠯ 3% ᠪᠠᠷ ᠪᠠᠭᠤᠷᠠᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ | ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠳᠤ ᠪᠠᠨ ᠨᠢᠭᠡ ᠵᠢᠯ ᠤᠷᠢᠳᠴᠢᠯᠠᠨ ᠬᠦᠷᠪᠡ ᠃ ᠣᠷᠣᠭᠤᠯᠤᠨ | ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ ᠢ ᠳᠠᠪᠠᠵᠤ᠂ ᠭᠤᠷᠪᠠᠨ | ᠵᠢᠯ ᠳᠤ ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ ᠪᠠᠨ ᠨᠢᠭᠡ ᠵᠢᠯ | ᠤᠷᠢᠳᠴᠢᠯᠠᠨ ᠪᠡᠶᠡᠯᠡᠭᠦᠯᠪᠡ᠃ ᠪᠣᠳᠣᠬᠤ ᠴᠢᠳᠠᠪᠤᠷᠢ ᠶᠢᠨ ᠶᠡᠷᠦᠩᠬᠡᠢ ᠬᠡᠪᠴᠢᠶᠡᠵᠢᠯ 9.4 ᠲᠦᠮᠡᠨ P ᠲᠤ ᠬᠦᠷᠴᠦ᠂ | ᠡᠭᠦᠨ ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶᠢᠵᠤ ᠂ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠯᠠᠪᠠ ᠃ | ᠨᠢᠭᠡ ᠵᠢᠯ ᠤᠨ ᠲᠤᠷᠰᠢ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠ ︽ᠲᠠᠪᠤᠨ ᠶᠡᠭᠡ ᠡᠭᠦᠷᠭᠡ ︾ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ | ᠣᠯᠪᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ | ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠵᠢᠴᠢ | 28 ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ | ᠥᠷᠨᠢᠭᠦᠯᠵᠦ ᠂ ᠭᠤᠣᠯ ᠰᠢᠵᠢᠮ ᠤᠨ ᠱᠠᠭᠠᠷᠳᠠᠯᠭ᠎ᠠ ᠳᠤ ᠦᠯᠦ ᠨᠡᠶᠢᠴᠡᠬᠦ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠵᠤ ᠂ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯ | ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠷᠢᠨ ᠪᠦᠷᠬᠦᠭᠦᠯᠪᠡ᠃ ︽ᠲᠠᠪᠤᠨ ᠶᠡᠭᠡ | ᠡᠭᠦᠷᠭᠡ ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠶᠢᠵᠤ ᠂ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ | ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠨ ᠤ | ᠡᠭᠦᠷᠭᠡ ᠶᠢᠨ ᠲᠣᠳᠣᠷᠬᠠᠢ ᠬᠠᠭᠤᠳᠠᠰᠤ ᠪᠠᠨ ᠲᠣᠳᠣᠷᠬᠠᠶᠢᠯᠠᠭᠰᠠᠨ ᠤ ᠳᠠᠷᠠᠭ᠎ᠠ ᠂ ᠪᠢᠳᠡ ᠮᠦᠷᠳᠡᠨ ᠲᠣᠬᠢᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠂ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠢᠯᠡᠳᠲᠡ ᠦᠷ᠎ᠡ | ᠪᠦᠲᠦᠮᠵᠢ ᠣᠯᠪᠠ ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ ᠂ ᠶᠡᠷᠦᠩᠬᠡᠢ ᠱᠦᠵᠢ | ᠰᠢ ᠶᠢᠨ ᠫᠢᠩ ᠤᠨ ᠳᠠᠶᠢᠴᠢᠯᠠᠯᠲᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠂ ᠡᠯᠡᠰᠦ ᠶᠢ ᠵᠠᠰᠠᠬᠤ᠂ | ᠣᠶᠢᠵᠢᠭᠤᠯᠬᠤ᠂ ᠡᠪᠡᠰᠦ ᠲᠠᠷᠢᠬᠤ ᠲᠠᠯ᠎ᠠ ᠪᠠᠷ ᠳᠤᠰ ᠪᠦᠷᠢ ᠣᠨ ᠤ ᠬᠠᠷᠠᠯᠲᠠ ᠡᠭᠦᠷᠭᠡ ᠪᠠᠨ 113% ᠂ 220% | ᠪᠠ 148% ᠪᠠᠷ ᠪᠡᠶᠡᠯᠡᠭᠦᠯᠪᠡ ︔ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠳ ᠢ ᠴᠢᠩᠭ᠎ᠠ ᠠᠩᠬᠠᠷᠴᠤ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ ᠂ ᠠᠮᠢ ᠠᠬᠤᠢ ᠣᠷᠴᠢᠨ ᠲᠣᠭᠤᠷᠢᠨ ᠤ | ᠠᠰᠠᠭᠤᠳᠠᠯ ᠤᠨ ᠭᠡᠮ ᠰᠣᠭᠤᠭ ᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ ᠂ ᠬᠠᠳᠤᠨ ᠭᠤᠣᠯ ᠵᠢᠴᠢ ︽ᠬᠥᠯᠥᠨ | ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ 47 ᠂ ᠦᠬᠠᠢ | ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠶᠢᠨ ᠠᠭᠠᠷ ᠮᠠᠨᠳᠠᠯ ᠤᠨ ᠵᠠᠰᠠᠯᠲᠠ ᠶᠢᠨ ᠲᠦᠷᠦᠯ ᠵᠦᠢᠯ ᠢ 63 | ᠬᠡᠷᠡᠭᠵᠢᠭᠦᠯᠵᠦ ᠂ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠤᠨ 5 ᠵᠢᠯ ᠳᠠᠷᠠᠭᠠᠯᠠᠨ II | ᠲᠦᠷᠦᠯ ᠠᠴᠠ ᠳᠡᠭᠡᠭᠰᠢ ᠪᠠᠶᠢᠬᠤ ᠶᠢ ᠪᠠᠲᠤᠯᠠᠵᠤ ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ ᠬᠢᠨᠠᠬᠤ | ᠣᠭᠲᠣᠯᠣᠭᠠᠰᠤ ᠳᠠᠬᠢ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠴᠢᠨᠠᠷ ᠤᠨ ᠰᠢᠯᠢᠳᠡᠭ ᠰᠠᠶᠢᠨ ᠤ ᠬᠠᠷᠢᠴᠠᠯ | 81.4% ᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ 90.6% ᠪᠠᠶᠢᠵᠤ ᠂ ᠴᠥᠮ | ᠤᠯᠤᠰ ᠤᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ ᠶᠢ ᠪᠡᠶᠡᠯᠡᠭᠦᠯᠪᠡ ᠃ ᠠᠮᠤᠷ ᠲᠣᠭᠲᠠᠭᠤᠨ ᠤ | ᠬᠠᠯᠬᠠᠪᠴᠢ ᠶᠢᠨ ᠲᠠᠯ᠎ᠠ ᠪᠠᠷ ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠣᠯᠬᠤ ᠦᠭᠡᠢ ︾ ᠭᠡᠳᠡᠭ ᠢ | ᠪᠠᠲᠤ ᠴᠡᠭᠡᠵᠢᠯᠡᠵᠦ ᠂ ᠠᠶᠤᠯ ᠦᠭᠡᠢ ᠦᠢᠯᠡᠳᠪᠦᠷᠢᠯᠡᠯ ᠢ ᠬᠦᠴᠦᠯᠡᠨ ᠠᠳᠬᠤᠵᠤ᠂ ᠦᠨᠳᠦᠰᠦ ᠠᠴᠠ ᠨᠢ ᠵᠠᠰᠠᠬᠤ | ᠰᠢᠪᠲᠤᠯᠤᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ᠂ ᠠᠳᠡᠭᠰᠡᠨ | ᠬᠥᠮᠥᠨ ᠤ ᠲᠤᠭ᠎ᠠ ᠴᠥᠮ ᠪᠠᠭᠤᠷᠠᠪᠠ᠃ ᠪᠢᠳᠡ ᠲᠦᠭᠰᠢᠭᠦᠷᠢ ᠶᠢ ᠰᠡᠷᠭᠡᠶᠢᠯᠡᠬᠦ ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠡᠳ᠋ ᠤᠨ ᠵᠠᠰᠠᠭ ᠢ | ᠪᠦᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ ᠂ ᠪᠡᠯᠡ ᠮᠥᠩᠭᠦ ᠶᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠤᠨ ᠂ 120.6 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ | ᠥᠭᠴᠡᠭᠡ ᠪᠠᠨ ᠠᠷᠢᠯᠭᠠᠬᠤ ᠶᠢ ᠨᠢ ᠳᠡᠮᠵᠢᠵᠥ ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ ︾ ᠰᠠᠭᠤᠷᠢ | ᠱᠤᠭᠤᠮ ᠢ ᠪᠠᠲᠤ ᠰᠠᠬᠢᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ | 66.5% ᠪᠠᠷ ᠪᠠᠭᠤᠷᠠᠭᠤᠯᠤᠨ᠂ 8 ᠬᠤᠰᠢᠭᠤ ᠰᠢᠶᠠᠨ ᠤ ᠳᠠᠯᠳᠠ ᠥᠷᠢ ᠥᠭᠴᠡᠭᠡ ᠶᠢ ᠪᠦᠷᠢᠮᠦᠰᠦᠨ ᠠᠷᠢᠯᠭᠠᠵᠤ ᠂ | 1 ᠠᠶᠢᠮᠠᠭ ᠬᠤᠳᠡ ᠶᠢᠨ ᠲᠤᠰ ᠱᠠᠲᠤ ᠪᠠ 10 ᠬᠤᠰᠢᠭᠤ ᠰᠢᠶᠠᠨ ᠨᠢ ᠲᠦᠭᠰᠢᠭᠦᠷᠢ ᠶᠡᠬᠡᠲᠡᠢ ᠵᠡᠷᠭᠡ ᠳᠡᠰ ᠠᠴᠠ | ᠪᠤᠴᠠᠵᠤ ᠭᠠᠷᠬᠤ ᠪᠣᠯᠣᠮᠵᠢᠲᠠᠢ ᠪᠠᠶᠢᠵᠤ ᠂ ᠪᠦᠬᠦ ᠣᠷᠣᠨ ᠤ ᠥᠷᠢ ᠥᠭᠴᠡᠭᠡᠨ ᠤ ᠲᠦᠭᠰᠢᠭᠦᠷᠢ ᠶᠢᠨ ᠳᠡᠰ ᠤᠨ | ᠪᠠᠭᠤᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ | ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠠᠬᠢᠭᠤᠯᠵᠤ᠂ ᠲᠦᠭᠰᠢᠭᠦᠷᠢ ᠶᠡᠬᠡᠲᠡᠢ | ᠪᠠᠶᠢᠭᠤᠯᠤᠮᠵᠢ ᠶᠢ 80% ᠪᠠᠷ ᠪᠠᠭᠤᠷᠠᠭᠤᠯᠪᠠ︔ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠂ ᠴᠠᠭ ᠲᠤ ᠪᠠᠨ | ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠪᠡᠶᠡᠯᠡᠭᠦᠯᠪᠡ ᠃ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ | ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠶᠡᠷᠦᠩᠬᠡᠢ ᠬᠡᠮᠵᠢᠶ᠎ᠡ | 46.5% ᠪᠠᠷ ᠪᠠᠭᠤᠷᠠᠪᠠ ᠃ ᠴᠠᠬᠢᠯᠭᠠᠨ ᠬᠤᠯᠪᠣᠭᠠᠨ ᠤ ᠮᠡᠬᠡᠯᠡᠯ ᠂ ᠰᠤᠷᠭᠠᠭᠤᠯᠢ ᠶᠢᠨ ᠬᠦᠷᠢᠶᠡᠨ ᠳᠠᠬᠢ ᠳᠠᠷᠤᠯᠠᠯ | ᠳᠣᠷᠣᠮᠵᠢᠯᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠮᠢᠨ | ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ ᠂ ᠨᠡᠶᠢᠭᠡᠮ ᠳᠠᠶᠠᠭᠠᠷ ᠤᠨ ᠠᠮᠤᠷ | ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ ᠃ ᠨᠠᠮ ᠵᠠᠰᠠᠭ ᠴᠡᠷᠢᠭ ᠴᠠᠭᠳᠠᠭ᠎ᠠ ᠠᠷᠠᠳ ︽ᠲᠠᠪᠤ ᠶᠢ | ᠨᠢᠭᠡ ᠴᠣᠭᠴᠠᠵᠢᠭᠤᠯᠬᠤ︾ ᠪᠠᠷ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠶᠢ | ᠴᠢᠩᠳᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠴᠢᠩᠭᠠᠳᠬᠠᠪᠠ ᠃ ᠡᠨᠧᠷᠬᠢ ᠶᠢᠨ ᠰᠤᠷᠪᠤᠯᠵᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ ᠂ ᠵᠢᠱᠢᠯᠲᠡ ᠪᠠᠷ ᠨᠡᠭᠦᠷᠡᠰᠦᠨ ᠤ ᠭᠠᠷᠤᠯᠲᠠ | 12.9 ᠳ᠋ᠦᠩᠰᠢᠭᠤᠷ ᠲᠤᠨ ᠳᠤ ᠬᠦᠷᠴᠦ ᠂ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 8.3 ᠳ᠋ᠦᠩᠰᠢᠭᠤᠷ ᠲᠤᠨ | ᠪᠡᠶᠡᠯᠡᠭᠦᠯᠦᠨ ᠂ ᠪᠦᠬᠦ ᠤᠯᠤᠰ ᠤᠨ 34.5% ᠶᠢ ᠡᠵᠡᠯᠡᠵᠦ ᠂ ᠴᠠᠬᠢᠯᠭᠠᠨ ᠭᠠᠷᠭᠠᠭᠰᠠᠨ ᠬᠡᠮᠵᠢᠶ᠎ᠡ 8000 | ᠳ᠋ᠦᠩᠰᠢᠭᠤᠷ ᠭᠷᠡᠳᠦ᠋ᠰ ᠢ ᠳᠠᠪᠠᠵᠤ ᠂ ᠭᠠᠳᠠᠭᠰᠢ ᠴᠠᠬᠢᠯᠭᠠᠨ ᠳᠠᠮᠵᠢᠭᠤᠯᠤᠭᠰᠠᠨ ᠬᠡᠮᠵᠢᠶ᠎ᠡ 3150 ᠳ᠋ᠦᠩᠰᠢᠭᠤᠷ | ᠭᠷᠡᠳᠦ᠋ᠰ ᠲᠤ ᠬᠦᠷᠴᠦ ᠂ ᠪᠦᠬᠦ ᠤᠯᠤᠰ ᠤᠨ 16% ᠶᠢ ᠡᠵᠡᠯᠡᠵᠦ ᠂ ᠴᠥᠮ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠰᠢᠪᠠ ︔ ᠪᠣᠬᠢᠷᠳᠤᠯ ᠦᠭᠡᠢ ᠴᠠᠬᠢᠯᠭᠠᠨ ᠭᠠᠷᠭᠠᠭᠰᠠᠨ ᠬᠡᠮᠵᠢᠶ᠎ᠡ 2000 ᠳ᠋ᠦᠩᠰᠢᠭᠤᠷ ᠭᠷᠡᠳᠦ᠋ᠰ ᠢ ᠳᠠᠪᠠᠵᠤ ᠂ | ᠪᠦᠬᠦ ᠤᠯᠤᠰ ᠤᠨ ᠪᠣᠬᠢᠷᠳᠤᠯ ᠦᠭᠡᠢ ᠴᠠᠬᠢᠯᠭᠠᠨ ᠤ ᠤᠯᠠᠨ ᠤᠯᠤᠰ ᠤᠨ ᠨᠡᠭᠦᠷᠡᠰᠦᠳᠦ᠋ᠷᠦᠭᠴᠢ ᠶᠢᠨ ᠤᠯᠠ ᠮᠥᠷ ᠤᠨ | ᠠᠩᠬᠠᠳᠠᠭᠴᠢ ᠦᠨᠡᠮᠯᠡᠯ ᠢ ᠲᠠᠷᠬᠠᠭᠠᠵᠤ ᠂ ᠪᠦᠬᠦ ᠤᠯᠤᠰ ᠲᠤ ᠡᠩ ᠲᠡᠷᠢᠭᠦᠨ ᠳᠤ ᠮᠤᠵᠢ ᠠᠯᠤᠰᠯᠠᠭᠰᠠᠨ ᠣᠨᠴᠠ | ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭᠠᠨ ᠤ ᠠᠷᠠᠯᠵᠢᠶ᠎ᠠ ᠥᠷᠨᠢᠭᠦᠯᠦᠨ᠂ ᠪᠣᠬᠢᠷᠳᠤᠯ ᠦᠭᠡᠢ ᠴᠠᠬᠢᠯᠭᠠᠨ ᠤ | ᠠᠷᠠᠯᠵᠢᠶᠠᠨ ᠤ ᠬᠡᠪᠴᠢᠶ᠎ᠡ ᠪᠦᠬᠦ ᠤᠯᠤᠰ ᠤᠨ ᠨᠢᠭᠡᠳᠦᠭᠡᠷ ᠲᠤ ᠪᠠᠶᠢᠷᠢᠰᠢᠵᠤ ᠂ ᠶᠤᠸᠠᠨ ᠵᠢᠩ ᠂ ᠮᠢᠩ ᠶᠠᠩ ᠂ | ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶᠢᠯᠠᠯ ᠤᠨ ᠶᠡᠷᠦᠩᠬᠡᠢ ᠬᠡᠯᠲᠡᠰ ᠳᠠᠩᠰᠠᠯᠠᠭᠤᠯᠤᠨ | ᠰᠠᠭᠤᠷᠢᠰᠢᠪᠠ︔ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠮᠠᠲ᠋ᠧᠷᠢᠶᠠᠯ ᠤᠨ ᠭᠠᠷᠤᠯᠲᠠ 30% ᠠᠴᠠ ᠳᠡᠭᠡᠭᠰᠢ | ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ | ᠲᠥᠭᠦᠷᠢᠭ ᠢ ᠳᠠᠪᠠᠪᠠ ︔ ᠠᠭᠤᠷᠬᠠᠢ ᠬᠠᠶᠢᠬᠤ ᠰᠢᠪᠲᠤᠯᠤᠯᠲᠠ ᠶᠢᠨ ᠠᠵᠢᠯᠯᠠᠭᠠᠨ ᠢᠶᠠᠷ ᠲᠣᠮᠣ ᠳᠤᠮᠳᠠ ᠬᠡᠯᠪᠡᠷᠢ ᠶᠢᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠣᠷᠣᠨ ᠢ ᠰᠢᠨ᠎ᠡ ᠪᠠᠷ 20 ᠢᠯᠡᠷᠡᠭᠦᠯᠵᠦ᠂ | 8 ᠵᠦᠢᠯ ᠤᠨ ᠠᠭᠤᠷᠬᠠᠢ ᠶᠢᠨ ᠭᠠᠷᠤᠯᠲᠠ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ | ᠨᠥᠭᠡᠴᠡ ᠨᠡᠮᠡᠭᠳᠡᠭᠦᠯᠬᠦ ᠡᠭᠦᠷᠭᠡ ᠶᠢ ᠪᠡᠶᠡᠯᠡᠭᠦᠯᠪᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 940 ᠲᠦᠮᠡᠨ ᠮᠦ᠂ | ︽ᠲᠣᠨ ᠤᠨᠠᠯᠲᠠ ᠲᠠᠢ ᠲᠠᠷᠢᠶ᠎ᠠ︾ ᠶᠢ 855 ᠲᠦᠮᠡᠨ ᠮᠦ ᠪᠠᠶᠢᠭᠤᠯᠵᠤ ᠂ ᠪᠡᠯᠡᠳᠭᠡᠮᠵᠢᠲᠦ ᠲᠠᠷᠢᠶᠠᠯᠠᠩ ᠢ 26 | ᠲᠦᠮᠡᠨ ᠮᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 300 ᠲᠦᠮᠡᠨ ᠺᠦᠸᠠᠳ᠋ ᠮᠧᠲᠷ ᠰᠢᠨ᠎ᠡ ᠪᠠᠷ | ᠨᠡᠮᠡᠭᠳᠡᠭᠦᠯᠦᠨ᠂ 78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ ᠤ ᠠᠵᠤ ᠠᠬᠤᠢ ᠶᠢ | ᠬᠥᠭᠵᠢᠭᠦᠯᠵᠦ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ | ᠲᠥᠮᠥᠰᠥ ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ ᠳᠤ ᠬᠦᠷᠴᠦ᠂ ᠦᠬᠡᠷ ᠬᠤᠨᠢᠨ ᠤ ᠮᠢᠬ᠎ᠠ᠂ | ᠦᠨᠢᠶᠡᠨ ᠰᠦᠨ ᠤ ᠭᠠᠷᠤᠯᠲᠠ ᠪᠦᠬᠦ ᠤᠯᠤᠰ ᠤᠨ ᠨᠢᠭᠡᠳᠦᠭᠡᠷ ᠲᠤ ᠯᠠᠪᠳᠠᠭᠤᠨ ᠪᠠᠶᠢᠷᠢᠯᠠᠵᠤ᠂ ᠰᠦ ᠰᠠᠭᠠᠯᠢ ᠂ | ᠤᠯᠠᠭᠠᠨ ᠢᠳᠡᠭᠡ ᠂ ᠲᠥᠮᠥᠰᠥ ᠂ ᠨᠣᠣᠯᠣᠭᠤᠷ ᠵᠡᠷᠭᠡ ᠭᠤᠣᠯᠳᠠᠯᠭ᠎ᠠ ᠪᠣᠯᠬᠤ 7 ᠠᠵᠤ ᠦᠢᠯᠡᠰ ᠤᠨ ᠬᠡᠯᠬᠢᠶᠡᠨ ᠤ | ᠦᠢᠯᠡᠳᠬᠦᠨ ᠤ ᠦᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ ᠂ ᠪᠦᠬᠦ ᠤᠯᠤᠰ ᠤᠨ ᠠᠷᠠᠳ ᠲᠦᠮᠡᠨ ᠤ | ᠬᠤᠭᠤᠯᠠᠨ ᠰᠢᠷᠡᠭᠡᠨ ᠳᠤ ᠲᠠᠯ᠎ᠠ ᠨᠤᠲᠤᠭ ᠠᠴᠠ ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ | ᠣᠯᠠᠰᠢᠷᠠᠪᠠ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠠᠯ᠎ᠠ ᠪᠠᠷ ᠂ 3 ᠬᠤᠣᠰ ᠤᠯᠠᠨ ᠤᠯᠤᠰ ᠤᠨ | ᠨᠦᠬᠦᠷᠰᠡᠭ ᠬᠤᠳᠠ ᠶᠢᠨ ᠬᠠᠷᠢᠴᠠᠭ᠎ᠠ ᠶᠢ ᠰᠢᠨ᠎ᠡ ᠪᠠᠷ ᠪᠠᠶᠢᠭᠤᠯᠤᠨ ᠂ ᠳᠤᠮᠳᠠᠳᠤ ᠮᠣᠩᠭᠤᠯ ᠤᠨ ᠡᠷᠢᠶᠡᠨ ᠬᠤᠳᠠ – | ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠂ ᠲᠦᠩᠯᠢᠶᠣᠣ ᠶᠢᠨ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠲᠥᠪ ᠵᠥᠪᠰᠢᠶᠡᠷᠡᠭᠳᠡᠵᠦ ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ | ᠵᠠᠮ ᠪᠦᠭᠦ ᠱᠤᠭᠤᠮ ᠢᠶᠠᠷ ᠨᠡᠪᠲᠡᠷᠡᠵᠥ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠠᠷᠢᠯᠴᠠᠨ | ᠠᠷᠠᠯᠵᠢᠶᠠᠯᠠᠬᠤ ᠣᠷᠣᠨ ᠢ ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ ᠂ ᠵᠢᠱᠢᠯᠲᠡ ᠪᠠᠷ ᠪᠦᠬᠦ ᠣᠷᠣᠨ ᠤ | ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ | ᠳᠠᠪᠠᠵᠤ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ | ᠲᠥᠭᠦᠷᠢᠭ ᠢ ᠳᠠᠪᠠᠨ ᠂ ︽ᠰᠢᠨ᠎ᠡ ᠭᠤᠷᠪᠠᠨ ᠵᠦᠢᠯ ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ | 50% ᠠᠴᠠ ᠳᠡᠭᠡᠭᠰᠢ ᠨᠡᠮᠡᠭᠳᠡᠪᠡ ᠃ | ᠨᠢᠭᠡ ᠵᠢᠯ ᠤᠨ ᠲᠤᠷᠰᠢ ᠂ ᠪᠢᠳᠡ ᠡᠷᠴᠢᠮ ᠢᠶᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂ ᠴᠢᠩᠭ᠎ᠠ | ᠠᠳᠬᠤᠨ ᠱᠠᠯᠠᠪᠳᠠᠨ ᠭᠦᠢᠴᠡᠳᠬᠡᠵᠦ ᠂ ︽ᠵᠢᠷᠭᠤᠭᠠᠨ ᠢᠨᠵᠧᠨᠧᠷᠢᠩ ︾ ᠢ ᠠᠬᠢᠭᠤᠯᠵᠤ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠣᠯᠪᠠ ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠦᠷ᠎ᠡ ᠪᠦᠲᠦᠮᠵᠢ | ᠢᠯᠡᠳᠲᠡ ᠪᠠᠶᠢᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠪᠢᠴᠢᠭ ᠮᠠᠲ᠋ᠧᠷᠢᠶᠠᠯ ᠢ ᠲᠦᠷᠭᠡᠳᠬᠡᠨ | ᠬᠡᠷᠡᠭᠵᠢᠭᠦᠯᠵᠦ ᠂ 86 ᠴᠢᠬᠤᠯᠠ ᠶᠡᠭᠡ ᠲᠦᠷᠦᠯ ᠵᠦᠢᠯ ᠤᠨ 74 ᠶᠢ ᠨᠢ ᠠᠵᠢᠯ ᠡᠬᠢᠯᠡᠭᠦᠯᠵᠦ ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠥᠮ ᠪᠦᠲᠦᠮᠵᠢᠳᠠᠢ | ᠨᠠᠶᠢᠳᠠᠪᠤᠷᠢᠵᠢᠭᠤᠯᠪᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ︽ᠬᠠᠪᠤᠷ ᠪᠣᠯᠣᠮᠠᠭᠴᠠ ᠠᠵᠢᠯ ᠡᠬᠢᠯᠡᠭᠦᠯᠬᠦ ︾ ᠶᠢ | ᠪᠡᠶᠡᠯᠡᠭᠦᠯᠵᠦ ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ | ᠺᠢᠯᠣᠸᠠᠲ ᠪᠦᠲᠦᠭᠡᠨ ᠪᠠᠶᠢᠭᠤᠯᠵᠤ ᠂ 238 ᠲᠦᠮᠡᠨ ᠮᠦ ᠡᠯᠡᠰᠦ ᠶᠢ ᠵᠠᠰᠠᠵᠤ ᠂ ᠬᠥᠪᠴᠢ ᠶᠢᠨ ᠡᠯᠡᠰᠦ ᠶᠢᠨ | ︽ᠭᠡᠷᠡᠯᠴᠢ ᠴᠡᠨᠡᠭ ᠤᠨ ᠣᠷᠲᠦ ᠴᠠᠭᠠᠨ ᠬᠡᠷᠡᠮ︾ ᠠᠩᠬ᠎ᠠ ᠬᠡᠪᠴᠢᠶᠡᠵᠢᠵᠦ ᠂ ᠪᠣᠷᠣᠬᠤᠲᠠ ᠠᠴᠠ ᠪᠠᠶᠠᠨᠲᠤᠬᠤᠢ ᠬᠦᠷᠬᠦ | ᠡᠯᠡᠰᠦ ᠶᠢ ᠵᠠᠰᠠᠬᠤ ᠵᠠᠰᠠᠮᠠᠯ ᠵᠠᠮ ᠪᠦᠬᠦ ᠤᠯᠤᠰ ᠤᠨ ᠬᠠᠮᠤᠭ ᠤᠨ ᠰᠠᠶᠢᠬᠠᠨ ᠬᠥᠳᠡᠭᠡ ᠳᠤᠰᠬᠤᠨ ᠤ ᠵᠠᠮ ᠢᠶᠠᠷ | ᠦᠨᠡᠯᠡᠭᠳᠡᠵᠦ ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ︾ ᠪᠠᠷ ᠤᠯᠠᠨ ᠲᠦᠮᠡᠨ ᠢ ᠳᠠᠶᠢᠴᠢᠯᠠᠨ 8.5 | ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠭᠦᠯᠦᠨ ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠂ ᠰᠢᠨ᠎ᠡ | ᠡᠨᠧᠷᠬᠢ ᠶᠢ ᠬᠥᠭᠵᠢᠭᠦᠯᠬᠦ ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠴᠥᠮ ᠠᠰᠢᠭ ᠬᠦᠷᠲᠡᠬᠦ ᠶᠢ | ᠪᠡᠶᠡᠯᠡᠭᠦᠯᠪᠡ ᠃ ᠳᠤᠯᠠᠭᠠᠯᠠᠭ᠎ᠠ ᠶᠢᠨ ᠢᠨᠵᠧᠨᠧᠷᠢᠩ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ ᠂ 200 | ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠵᠤ ᠂ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ | ᠲᠦᠮᠡᠨ ᠺᠢᠯᠣᠮᠧᠳ᠋ᠷ ᠰᠢᠬᠠᠮ ᠥᠭᠡᠷᠡᠴᠢᠯᠡᠨ ᠰᠢᠨᠡᠳᠬᠡᠵᠦ ᠂ ᠪᠦᠬᠦ ᠣᠷᠣᠨ ᠤ ᠰᠦᠯᠵᠢᠶ᠎ᠡ ᠪᠠᠷ ᠬᠢᠨᠠᠨ ᠰᠢᠨᠵᠢᠭᠰᠡᠨ | ᠥᠷᠥᠭᠡᠨ ᠤ ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠨᠤᠷᠮ᠎ᠠ 99% ᠠᠴᠠ ᠳᠡᠭᠡᠭᠰᠢ ᠳᠤ ᠬᠦᠷᠴᠦ ᠂ 19.3 | ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ ᠂ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ᠢ | ᠨᠡᠶᠢᠲᠡᠯᠡᠨ ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠵᠤ ᠂ ᠦᠨᠡᠨᠴᠢ ᠢᠲᠡᠭᠡᠮᠵᠢ ᠶᠢᠨ ᠵᠠᠭᠠᠯᠳᠤᠯᠭ᠎ᠠ ᠶᠢᠨ ᠴᠣᠩᠬᠤᠪᠴᠢ ᠭᠠᠷᠭᠠᠵᠤ ᠂ ᠡᠯ᠎ᠡ ᠲᠦᠷᠦᠯ | ᠤᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ ᠂ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠᠨ ᠳᠠᠬᠢ ᠵᠣᠭᠤᠰ ᠢ ᠨᠢ ᠢᠯᠭᠠᠷᠠᠭᠤᠯᠤᠨ ᠂ 71.4 ᠳ᠋ᠦᠩᠰᠢᠭᠤᠷ ᠲᠥᠭᠦᠷᠢᠭ ᠤᠨ | ᠬᠤᠬᠢᠷᠠᠯ ᠢ ᠡᠭᠡᠭᠦᠯᠵᠦ ᠠᠪᠴᠢᠷᠠᠪᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ ︾ ᠠᠵᠢᠯ ᠠᠩᠬ᠎ᠠ ᠡᠬᠢᠯᠡᠮᠡᠭᠴᠡ ᠲᠥᠯᠥᠪᠵᠢᠵᠦ ᠂ 5 ᠴᠡᠭ ᠪᠠᠶᠢᠷᠢᠯᠠᠯ ᠤᠨ 36 ᠵᠦᠢᠯ ᠤᠨ | ᠭᠤᠣᠯᠳᠠᠯᠭ᠎ᠠ ᠪᠣᠯᠬᠤ ᠡᠭᠦᠷᠭᠡ ᠶᠢ ᠪᠦᠬᠦ ᠲᠠᠯ᠎ᠠ ᠪᠠᠷ ᠠᠬᠢᠭᠤᠯᠤᠨ ᠂ ᠰᠦ ᠰᠠᠭᠠᠯᠢ ᠶᠢᠨ ᠦᠢᠯᠡᠰ ᠂ ᠬᠤᠪᠣᠷ ᠰᠢᠷᠣᠢ ᠂ | ᠣᠰᠣᠳᠦ᠋ᠷᠦᠭᠴᠢ ᠂ ᠨᠥᠭᠡᠴᠡ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠠᠵᠢᠯ ᠲᠦᠷᠦᠯ ᠤᠨ | ᠬᠤᠭᠤᠰᠤᠨ ᠣᠷᠣᠨ ᠵᠠᠢ ᠶᠢ ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠲᠠᠢ ᠪᠣᠯᠵᠤ ᠂ ᠠᠭᠠᠷ ᠰᠠᠨᠰᠠᠷ ᠤᠨ | ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠬᠢᠭᠡᠳ | ᠴᠢᠳᠠᠮᠵᠢ ᠰᠠᠶᠢᠲᠠᠢ ᠬᠡᠷᠡᠯᠳᠦ ᠰᠠᠷᠠᠯᠵᠢ ᠶᠢ ᠠᠵᠤ ᠦᠢᠯᠡᠰᠵᠢᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠪᠠ ︔ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠶᠢᠭᠤᠯᠵᠤ ᠂ ᠳᠠᠯᠠᠨ ᠬᠠᠷ᠎ᠠ ᠠᠭᠤᠯᠠ ᠂ ᠣᠷᠳᠣᠰ ᠲᠤᠷᠰᠢᠯᠲᠠ ᠶᠢᠨ ᠲᠠᠰᠤᠭ ᠫᠠᠶᠢᠰᠠ ᠡᠯᠭᠦᠨ | ᠠᠵᠢᠯᠯᠠᠵᠤ ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠵᠡᠷᠭᠡ | ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠂ ᠠᠵᠤ ᠠᠬᠤᠶᠢᠯᠠᠯ ᠤᠳ | ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ 13 ᠲᠦᠷᠦᠯ ᠵᠦᠢᠯ ᠢ ᠳᠠᠭᠠᠭᠠᠨ ᠠᠪᠴᠤ ᠵᠠᠯᠭᠠᠭᠤᠯᠪᠠ ︔ | ︽ᠮᠧᠩ ᠺᠧ ᠵᠢᠦᠢ︾ ᠲᠠᠪᠴᠠᠩ ᠤᠨ ᠦᠷ᠎ᠡ ᠪᠦᠲᠦᠮᠵᠢ ᠲᠣᠳᠣᠷᠠᠵᠤ ᠂ ᠨᠡᠶᠢᠲᠡ 2412 ᠬᠤᠪᠢ ᠠᠷᠠᠯᠵᠢᠶᠠᠯᠠᠨ | ᠤᠯᠠᠷᠢᠭᠤᠯᠵᠤ ᠂ 8.7% ᠪᠠᠷ ᠨᠡᠮᠡᠭᠳᠡᠨ ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ 33.6% ᠪᠠᠷ | ᠨᠡᠮᠡᠭᠳᠡᠪᠡ ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ | 853 ᠡᠷᠦᠬᠡ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 ᠡᠷᠦᠬᠡ ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 20 ᠡᠷᠦᠬᠡ ᠪᠣᠳᠠᠲᠠᠢ ᠨᠡᠮᠡᠭᠳᠡᠵᠦ ᠂ ᠳ᠋ᠣᠺᠲ᠋ᠣᠷ ᠮᠠᠰᠲ᠋ᠧᠷ ᠤᠨ | ᠡᠷᠳᠡᠮ ᠤᠨ ᠴᠣᠯᠠ ᠣᠯᠭᠤᠬᠤ ᠴᠡᠭ 45 ᠰᠢᠨ᠎ᠡ ᠪᠠᠷ ᠨᠡᠮᠡᠭᠳᠡᠨ ᠂ 11 ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ | ᠴᠡᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ ᠂ 2 ᠲᠦᠷᠦᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ ᠂ ᠮᠠᠨ ᠤ ᠣᠷᠣᠨ ᠤ ᠣᠷᠣᠨ | ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 4 ᠨᠡᠷᠡᠰ | ᠳᠡᠭᠡᠭᠰᠢᠯᠡᠪᠡ ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ | ᠶᠡᠷᠦᠩᠬᠡᠢ ᠲᠥᠰᠥᠯ ᠢ ᠨᠠᠶᠢᠷᠠᠭᠤᠯᠤᠨ ᠳᠠᠭᠤᠰᠬᠠᠵᠤ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢ 223 ᠬᠠᠭᠤᠯᠪᠤᠷᠢᠯᠠᠨ ᠳᠡᠯᠭᠡᠷᠡᠭᠦᠯᠵᠦ᠂ ᠪᠡᠯᠡ ᠣᠷᠣᠭᠤᠯᠤᠯᠳᠠ᠂ ᠠᠷᠠᠯᠵᠢᠶ᠎ᠠ᠂ | ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠲᠤᠷᠰᠢᠨ ᠥᠷᠨᠢᠭᠦᠯᠪᠡ ᠃ | ᠨᠢᠭᠡ ᠵᠢᠯ ᠤᠨ ᠲᠤᠷᠰᠢ ᠂ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠬᠦ ᠶᠢ ᠪᠠᠷᠢᠮᠲᠠᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ | ᠠᠮᠢᠵᠢᠷᠠᠯ ᠤᠨ ᠬᠦᠴᠦᠨ ᠢ ᠪᠦᠲᠦᠮᠵᠢᠳᠠᠢ ᠬᠥᠭᠵᠢᠭᠡᠪᠡ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ 276 ᠵᠦᠢᠯ ᠤᠨ ᠥᠭᠡᠷᠡᠴᠢᠯᠡᠯᠲᠡ ᠶᠢᠨ | ᠡᠭᠦᠷᠭᠡ ᠲᠠᠢ ᠨᠢᠭᠲᠠ ᠤᠶᠠᠯᠳᠤᠭᠤᠯᠤᠨ ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ ᠂ ᠴᠢᠩᠭ᠎ᠠ ᠬᠦᠴᠦᠲᠡᠢ | ᠠᠬᠢᠭᠤᠯᠵᠤ ᠂ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠂ ᠲᠡᠭ ᠰᠠᠭᠤᠷᠢᠨ ᠲᠥᠰᠥᠪ ᠂ ᠳᠣᠣᠷ᠎ᠠ | ᠠᠭᠠᠷ ᠤᠨ ᠠᠵᠤ ᠠᠬᠤᠢ ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠵᠡᠷᠭᠡ ᠨᠢᠭᠡ ᠪᠦᠯᠦᠭ | ᠥᠭᠡᠷᠡᠴᠢᠯᠡᠯᠲᠡ ᠶᠢᠨ ᠲᠥᠰᠥᠯ ᠢ ᠨᠡᠶᠢᠲᠡᠯᠡᠪᠡ ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠠᠭᠠᠷᠳᠠᠯᠭ᠎ᠠ ᠶᠣᠰᠣᠭᠠᠷ ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠂ ᠲᠣᠭᠲᠠᠴᠠ ᠪᠠᠨ ᠥᠭᠡᠷᠡᠴᠢᠯᠡᠬᠦ ᠂ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ | ᠠᠬᠢᠭᠤᠯᠵᠤ ᠂ ᠨᠢᠭᠡ ᠪᠦᠯᠦᠭ ᠵᠥᠷᠢᠴᠡᠯᠳᠦ ᠠᠰᠠᠭᠤᠳᠠᠯ ᠢ ᠰᠢᠢᠳᠪᠦᠷᠢᠯᠡᠨ ᠂ ᠬᠡᠰᠡᠭ ᠡᠭᠦᠷᠭᠡ ᠴᠢᠳᠠᠪᠤᠷᠢ ᠶᠢᠨ | ᠲᠣᠭᠲᠠᠴᠠ ᠶᠢ ᠰᠢᠯᠤᠭᠤᠳᠬᠠᠪᠠ ᠃ ︽ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ ᠂ | ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ ᠂ ᠲᠠᠷᠢᠶᠠᠯᠠᠩ ᠤᠨ | ᠤᠰᠤ ᠠᠷᠪᠢᠯᠠᠭᠰᠠᠨ ᠬᠡᠮᠵᠢᠶ᠎ᠡ 3.8 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠪᠡ ᠃ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠲᠣᠭᠲᠠᠴᠠ ᠶᠢ ᠲᠡᠭᠦᠯᠳᠡᠷᠵᠢᠭᠦᠯᠦᠨ ᠂ 17 | ᠬᠤᠰᠢᠭᠤ ᠰᠢᠶᠠᠨ ᠳᠤ ᠲᠤᠷᠰᠢᠯᠲᠠ ᠶᠢᠨ ᠴᠡᠭ ᠥᠷᠨᠢᠭᠦᠯᠵᠦ ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ 23.9% ᠪᠠᠶᠢᠭᠰᠠᠨ ᠠᠴᠠ ᠪᠠᠨ ᠪᠠᠭᠤᠷᠠᠭᠠᠳ 10% | ᠬᠦᠷᠬᠦ ᠦᠭᠡᠢ ᠪᠣᠯᠪᠠ ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ | ᠶᠢ ᠠᠬᠢᠭᠤᠯᠵᠤ ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠨ ᠂ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠠᠷᠠᠯᠵᠢᠶᠠᠯᠠᠭᠰᠠᠨ ᠲᠤᠭ᠎ᠠ ᠲᠣᠰ ᠪᠦᠷᠢ 3.5 ᠳᠠᠬᠢᠨ ᠪᠠ | 2.5 ᠳᠠᠬᠢᠨ ᠨᠡᠮᠡᠭᠳᠡᠵᠦ ᠂ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ ᠶᠠᠪᠤᠳᠠᠯ ᠤᠨ | ᠳᠠᠭᠠᠭᠤᠯᠤᠭᠴᠢ ᠠᠵᠤ ᠠᠬᠤᠶᠢᠯᠠᠯ ᠢ 91 ᠪᠤᠶᠢᠵᠢᠭᠤᠯᠵᠤ᠂ 4747 ᠺᠢᠯᠤᠮᠧᠲᠷ ᠲᠦᠷᠭᠡᠨ ᠤ ᠵᠠᠰᠠᠮᠠᠯ ᠵᠠᠮ ᠤᠨ | ᠬᠤᠷᠳᠤᠴᠠ ᠶᠢᠨ ᠬᠢᠵᠠᠭᠠᠷᠯᠠᠯ ᠳᠤ ᠲᠣᠬᠢᠷᠠᠭᠤᠯᠤᠯᠲᠠ ᠬᠢᠵᠦ᠂ ᠴᠠᠭ ᠤᠨ ᠬᠤᠷᠳᠤᠴᠠ ᠶᠢ 120 ᠺᠢᠯᠤᠮᠧᠲᠷ ᠢᠶᠠᠷ | ᠬᠢᠵᠠᠭᠠᠷᠯᠠᠬᠤ ᠵᠠᠮ ᠤᠨ ᠬᠡᠰᠡᠭ ᠤᠨ ᠡᠵᠡᠯᠡᠬᠦ ᠬᠠᠷᠢᠴᠠᠯ 18% ᠪᠠᠶᠢᠭᠰᠠᠨ ᠠᠴᠠ ᠨᠡᠮᠡᠭᠳᠡᠭᠡᠳ 71% | ᠪᠣᠯᠪᠠ ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠥᠷᠭᠦᠯᠵᠢᠯᠡᠨ ᠰᠢᠯᠢᠳᠡᠭᠵᠢᠭᠦᠯᠵᠦ ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠨ ᠂ ᠠᠵᠤ | ᠠᠬᠤᠶᠢᠯᠠᠯ ᠳᠤ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠤᠭᠰᠠᠨ ᠵᠢᠴᠢ ᠭᠠᠶᠢᠯᠢ ᠪᠤᠴᠠᠭᠠᠭᠰᠠᠨ ᠨᠢ 300 | ᠳ᠋ᠦᠩᠰᠢᠭᠤᠷ ᠲᠥᠭᠦᠷᠢᠭ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ | ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ ᠲᠥᠭᠦᠷᠢᠭ ᠲᠤ ᠬᠦᠷᠴᠦ ᠂ ᠲᠦᠭᠡᠮᠡᠯ ᠬᠠᠷᠠᠭᠠᠯᠵᠠᠯ ᠤᠨ | ᠬᠡᠯᠪᠡᠷᠢᠲᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 14% ᠪᠠᠷ ᠨᠡᠮᠡᠭᠳᠡᠨ᠂ | ︽ᠥᠨᠳᠥᠷ ᠪᠦᠲᠦᠮᠵᠢᠳᠠᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠠᠵᠢᠯ ᠳᠤ ᠲᠦᠷᠦ ᠶᠢᠨ ᠶᠠᠪᠤᠳᠠᠯ ᠤᠨ | ᠬᠤᠷᠢᠶᠠᠨ ᠤ ᠨᠡᠶᠢᠲᠡᠯᠡᠭᠰᠡᠨ 13 ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ | ᠨᠡᠶᠢᠲᠡᠯᠡᠨ ᠂ ᠭᠤᠭᠴᠤᠭ᠎ᠠ ᠴᠠᠭ ᠮᠠᠲ᠋ᠧᠷᠢᠶᠠᠯ ᠢ ᠴᠥᠮ 70% ᠠᠴᠠ ᠳᠡᠭᠡᠭᠰᠢ ᠪᠠᠭᠠᠰᠬᠠᠨ ᠬᠠᠰᠤᠵᠤ ᠂ ᠠᠷᠠᠳ ᠠᠴᠠ | ᠡᠵᠡᠩᠨᠡᠭᠰᠡᠨ ᠡᠵᠡᠩᠨᠡᠯᠲᠡ ᠶᠢᠨ ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ ᠂ 6.4% ᠪᠠᠷ | ᠨᠡᠮᠡᠭᠳᠡᠵᠦ ᠂ ᠶᠢᠩ ᠰᠧ ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠨᠢ ᠱᠧᠨᠵᠧᠨ ᠤ | ᠲᠡᠮᠳᠡᠭᠲᠦ ᠶᠢᠨ ᠠᠷᠠᠯᠵᠢᠶᠠᠨ ᠤ ᠭᠠᠵᠠᠷ ᠢᠶᠠᠷ ᠰᠲ᠋ᠣᠺ ᠤᠨ ᠵᠠᠬ᠎ᠠ ᠳᠤ ᠭᠠᠷᠪᠠ ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠂ ᠣᠳᠣ | ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠬᠥᠯᠥᠰᠦ ᠣᠯᠭᠤᠮᠵᠢ ᠬᠢᠭᠡᠳ ᠦᠷ᠎ᠡ | ᠠᠰᠢᠭ ᠢ ᠪᠠᠲᠤᠯᠠᠭᠠᠲᠤ ᠴᠢᠨᠠᠷᠲᠠᠢ ᠪᠠᠷ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ ᠂ ᠪᠦᠬᠦ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ | ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ 11 ᠨᠡᠷᠡᠰ ᠳᠠᠪᠰᠢᠵᠤ᠂ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠠᠰᠢᠭ ᠣᠯᠵᠠᠪᠤᠷᠢ ᠶᠢᠨ ᠨᠡᠮᠡᠭᠳᠡᠯ ᠤᠨ ᠬᠤᠷᠳᠤᠴᠠ ᠠᠵᠢᠯ ᠲᠦᠷᠦᠯ ᠤᠨ ᠳᠤᠮᠳᠠᠴᠢ ᠬᠢᠷᠢ | ᠲᠦᠪᠰᠢᠨ ᠠᠴᠠ 33 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ ᠂ ᠡᠨᠧᠷᠬᠢ ᠶᠢᠨ ᠪᠦᠯᠦᠭᠯᠡᠯ ᠂ ᠣᠢ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢᠨ ᠺᠣᠮᠫᠠᠨᠢ ᠶᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 | ᠳᠠᠬᠢᠨ ᠨᠡᠮᠡᠭᠳᠡᠨ ᠂ ᠵᠠᠮ ᠬᠠᠷᠢᠯᠴᠠᠭᠠᠨ ᠤ ᠪᠦᠯᠦᠭᠯᠡᠯ ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ | ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠤᠪᠤᠷᠠᠯ ᠤᠨ | ᠬᠤᠭᠤᠴᠠᠭᠠᠲᠤ ᠦᠢᠯᠡᠳᠦᠯ ᠢ ᠰᠢᠯᠢᠳᠡᠭᠵᠢᠭᠦᠯᠬᠦ ᠂ ᠪᠡᠯᠡ ᠮᠥᠩᠭᠦᠨ ᠤ ᠬᠠᠮᠢᠶᠠᠷᠤᠯᠲᠠ ᠶᠢᠨ ᠡᠷᠬᠡ ᠮᠡᠳᠡᠯ ᠢ | ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠨᠡᠶᠢᠲᠡᠯᠡᠪᠡ ᠃ ᠠᠯᠳᠠᠭ᠎ᠠ ᠪᠤᠷᠤᠭᠤ | ᠪᠠᠨ ᠵᠠᠯᠠᠷᠠᠭᠤᠯᠬᠤ ᠨᠢ ᠥᠭᠡᠷᠡᠴᠢᠯᠡᠯᠲᠡ ᠪᠣᠯᠬᠤ ᠶᠢ ᠪᠠᠷᠢᠮᠲᠠᠯᠠᠨ ᠂ ᠲᠣᠭᠤᠷᠢᠨ ᠪᠠᠶᠢᠴᠠᠭᠠᠯᠲᠠ᠂ ᠬᠢᠨᠠᠨ ᠪᠣᠳᠣᠯᠲᠠ ᠂ | ᠲᠤᠭ᠎ᠠ ᠪᠦᠷᠢᠳᠬᠡᠯ ᠵᠡᠷᠭᠡ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠬᠢᠨᠠᠮᠠᠭᠠᠢ ᠴᠡᠭᠴᠡᠯᠡᠨ | ᠵᠠᠰᠠᠵᠤ ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠤᠨ ᠵᠠᠰᠠᠯᠲᠠ ᠶᠢ ᠪᠠᠶᠢᠩᠭᠤᠰᠢᠭᠤᠯᠤᠨ ᠠᠬᠢᠭᠤᠯᠵᠤ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠂ | ᠡᠮ ᠡᠮᠨᠡᠯᠭᠡ ᠂ ᠮᠥᠩᠭᠦᠨ ᠭᠦᠢᠯᠭᠡᠭᠡ ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶ᠎ᠡ | ᠴᠠᠷᠠᠭᠠᠨ ᠳᠠᠬᠢ ᠲᠣᠪᠤᠶᠢᠮ᠎ᠠ ᠠᠰᠠᠭᠤᠳᠠᠯ ᠤᠳ ᠢ ᠭᠦᠨᠵᠡᠭᠡᠢ ᠴᠡᠭᠴᠡᠯᠡᠨ ᠵᠠᠰᠠᠪᠠ ᠃ | ᠨᠢᠭᠡ ᠵᠢᠯ ᠤᠨ ᠲᠤᠷᠰᠢ ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ ᠂ | ᠨᠦᠭᠦᠭᠡ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ ᠂ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠪᠡ ᠃ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ ᠂ ᠪᠦᠬᠦ | ᠤᠯᠤᠰ ᠤᠨ 2 ᠳ᠋ᠤᠭᠠᠷ ᠪᠠᠶᠢᠷᠢ ᠪᠠᠨ ᠪᠠᠲᠤᠯᠠᠵᠤ ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ | 9100 ᠳ᠋ᠦᠩᠰᠢᠭᠤᠷ ᠲᠥᠭᠦᠷᠢᠭ ᠢ ᠳᠠᠪᠠᠵᠤ ᠂ ᠪᠣᠣ ᠹᠧᠩ ᠤᠨ ᠪᠦᠬᠦ ᠪᠥᠮᠪᠥᠷᠴᠡᠭ ᠲᠤ ᠳᠠᠩ ᠭᠠᠭᠴᠠ | ᠦᠢᠯᠡᠳᠪᠦᠷᠢ ᠶᠢᠨ ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ | ᠪᠣᠬᠢᠷᠳᠤᠯ ᠦᠭᠡᠢ ᠣᠰᠣᠳᠦ᠋ᠷᠦᠭᠴᠢ ᠶᠢ ᠡᠪᠴᠡᠯᠳᠦᠭᠦᠯᠬᠦ ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ | ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠪᠥᠮᠪᠥᠷᠴᠡᠭ ᠲᠤ | ᠬᠡᠪᠴᠢᠶᠡᠵᠢᠯ ᠢᠶᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ | ᠰᠠᠯᠭᠠᠬᠤ ᠵᠡᠷᠭᠡ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ ︔ ᠵᠢᠨᠢᠩ ᠠᠴᠠ ᠳ᠋ᠠᠲ᠋ᠦ᠋ᠩ | ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠵᠤ ᠂ ᠵᠢᠨᠢᠩ ᠠᠴᠠ ᠲᠦᠩᠯᠢᠶᠣᠣ ᠬᠦᠷᠬᠦ | ᠲᠡᠮᠦᠷ ᠵᠠᠮ ᠤᠨ ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ ᠂ ᠵᠡᠭᠦᠨᠰᠢ ᠪᠠᠷᠠᠭᠤᠨᠰᠢᠬᠢ ᠲᠦᠷᠭᠡᠨ ᠤ ᠵᠠᠰᠠᠮᠠᠯ | ᠵᠠᠮ ᠤᠨ ᠶᠡᠭᠡ ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ ᠂ ᠬᠦᠬᠡᠬᠤᠳᠠ ᠶᠢᠨ ᠱᠧᠩᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ ᠂ | ᠱᠧᠩᠯᠢ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠢᠨᠵᠧᠨᠧᠷᠢᠩ ᠢ | ᠡᠬᠢᠯᠡᠭᠦᠯᠦᠨ ᠠᠵᠢᠯᠯᠠᠭᠤᠯᠵᠤ ᠂ ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ | ᠨᠡᠮᠡᠭᠳᠡᠪᠡ ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠲᠤᠭ᠎ᠠ 4% ᠪᠠᠷ ᠨᠡᠮᠡᠭᠳᠡᠨ ᠂ ᠮᠠᠰᠢᠨ ᠲᠡᠷᠭᠡ ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ | ᠰᠢᠨ᠎ᠡ ᠶᠢ ᠰᠣᠯᠢᠬᠤ ᠠᠵᠢᠯ ᠨᠢ 300 ᠭᠠᠷᠤᠢ ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ ᠂ | ᠲᠦᠷᠦᠭᠦᠴᠢ ᠳᠡᠯᠭᠡᠭᠦᠷ ᠂ ᠬᠤᠰᠢᠭᠤᠴᠢ ᠳᠡᠯᠭᠡᠭᠦᠷ ᠢ 168 ᠰᠢᠨ᠎ᠡ ᠪᠠᠷ ᠣᠷᠣᠭᠤᠯᠤᠨ ᠠᠪᠴᠢᠷᠠᠵᠤ ᠂ ︽ᠠᠶᠠᠯᠭᠤᠲᠤ | ᠵᠢᠭᠤᠯᠴᠢᠯᠠᠯ ᠥᠪᠥᠷ ᠮᠣᠩᠭᠤᠯ︾᠂ ︽ᠳᠡᠯᠭᠡᠷ ᠨᠠᠭᠠᠳᠤᠮ ︾ ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ | ᠴᠢᠪᠬᠠᠳᠠᠵᠤ ᠂ ᠷᠠᠰᠢᠶᠠᠨ ᠤ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ | ᠬᠠᠲᠣᠨ ᠭᠤᠣᠯ ᠤᠨ ᠶᠡᠭᠡ ᠬᠠᠪᠴᠢᠯ ᠂ ᠮᠡᠷᠭᠡᠯ ᠭᠤᠣᠯ 5A ᠳᠡᠰ ᠤᠨ ᠦᠵᠡᠮᠵᠢ ᠶᠢᠨ ᠣᠷᠣᠨ ᠬᠢᠨᠠᠨ | ᠵᠥᠪᠰᠢᠶᠡᠷᠡᠭᠳᠡᠵᠦ ᠂ ᠪᠦᠬᠦ ᠣᠷᠣᠨ ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ | ᠬᠥᠮᠥᠨ ᠤᠳᠠᠭ᠎ᠠ ᠳᠤ ᠬᠦᠷᠴᠦ ᠂ 4140 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ ᠂ 18.6% | ᠪᠠ 23.4% ᠪᠠᠷ ᠨᠡᠮᠡᠭᠳᠡᠪᠡ ᠃ ᠤᠮᠠᠷᠠᠲᠤ ᠬᠢᠯᠢ ᠶᠢᠨ ᠰᠣᠶᠣᠯ ᠢ ᠰᠤᠳᠤᠯᠵᠤ ᠵᠣᠬᠢᠶᠠᠨ ᠪᠦᠲᠦᠭᠡᠵᠦ | ᠤᠯᠠᠮᠵᠢᠯᠠᠬᠤ ᠶᠢ ᠴᠢᠩᠭᠠᠳᠬᠠᠨ ᠂ ᠶᠤᠸᠠᠨ ᠤ ᠳᠡᠭᠡᠳᠦ ᠨᠡᠶᠢᠰᠯᠡᠯ ᠂ ᠴᠢᠨ ᠤ ᠴᠢᠬᠡ ᠵᠠᠮ ᠤᠨ ᠪᠠᠭᠤᠷᠢ ᠂ ᠤᠳᠠ ᠶᠢᠨ | ᠫᠧᠷᠮᠢ ᠭᠠᠯᠪᠠ ᠶᠢᠨ ᠤᠷᠭᠤᠮᠠᠯ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ | ᠢᠳᠡᠪᠬᠢ ᠠᠬᠢᠯᠲᠠ ᠲᠠᠢ ᠪᠣᠯᠵᠤ ᠂ ᠬᠤᠩᠱᠠᠨ ᠰᠣᠶᠣᠯ ᠤᠨ ᠬᠠᠭᠤᠴᠢᠨ ᠤ ᠰᠤᠳᠤᠯᠤᠯ ᠤᠨ ᠲᠠᠯ᠎ᠠ ᠪᠠᠷ ᠪᠠᠰᠠ | ᠴᠢᠬᠤᠯᠠ ᠶᠡᠭᠡ ᠢᠯᠡᠷᠡᠭᠦᠯᠦᠯᠲᠡ ᠲᠠᠢ ᠪᠠᠶᠢᠵᠤ ᠂ ᠪᠠᠳᠠᠢ ᠶᠢᠨ ᠵᠢᠷᠠᠨ ᠡᠯᠡᠰᠦ–ᠡᠯᠡᠰᠦᠨ ᠴᠣᠬᠢᠶ᠎ᠠ ᠨᠠᠭᠤᠷ ᠪᠦᠷᠢᠳᠦ | ᠨᠦᠭᠦᠳ ᠢ ᠠᠮᠵᠢᠯᠲᠠ ᠲᠠᠢ ᠪᠠᠷ ᠥᠪ ᠢᠶᠠᠷ ᠭᠤᠶᠤᠴᠢᠯᠠᠪᠠ ᠂ ᠲᠧᠯᠸᠢᠰ ᠵᠦᠴᠦᠭᠡ ︽ᠠᠬᠠᠮᠠᠳ ᠦᠶ᠎ᠡ ᠶᠢᠨ ᠢᠷᠠᠭᠤ | ᠠᠯᠳᠠᠷ ︾ ᠨᠢ ︽ᠲᠠᠪᠤᠨ ᠨᠢᠭᠡ ᠶᠢᠨ ᠢᠨᠵᠧᠨᠧᠷᠢᠩ ︾ ᠤᠨ ᠱᠠᠩᠨᠠᠯ ᠬᠦᠷᠲᠡᠵᠦ ᠂ ᠤᠯᠠᠭᠠᠨᠮᠥ᠋ᠴᠢᠷ ᠨᠢ ᠪᠡᠭᠡᠵᠢᠩ | ᠱᠠᠩᠬᠠᠢ ᠭᠤᠸᠠᠩᠵᠧᠦ ᠵᠡᠷᠭᠡ 25 ᠮᠤᠵᠢ ᠬᠤᠳᠠ ᠪᠠᠷ 760 ᠭᠠᠷᠤᠢ ᠲᠠᠯᠠᠪᠤᠷ ᠲᠣᠭᠤᠷᠢᠨ ᠲᠣᠭᠯᠠᠵᠤ ᠂ ︽ᠮᠣᠷᠢᠲᠤ | ᠴᠡᠷᠢᠭ︾ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ ᠪᠣᠯᠭᠠᠨ ᠳᠤ | ᠦᠵᠡᠭᠴᠢᠳ ᠳᠦᠭᠦᠷᠴᠦ ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ ︾ ᠢ ᠪᠦᠬᠦ | ᠤᠯᠤᠰ ᠲᠤ ᠬᠠᠩᠭᠢᠨᠠᠭᠤᠯᠪᠠ ᠃ ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ | ᠪᠣᠯᠵᠤ ᠂ ᠵᠢᠱᠢᠯᠲᠡ ᠪᠠᠷ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠤ ᠪᠠᠨ ᠠᠳᠠᠯᠢ ᠪᠠᠶᠢᠵᠤ ᠂ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ | ᠣᠯᠭᠤᠨ ᠂ ᠵᠢᠯ ᠤᠨ ᠡᠬᠢᠨ ᠳᠤ ᠠᠮᠠᠯᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠪᠦᠬᠦᠨ ᠢ ᠪᠡᠶᠡᠯᠡᠭᠦᠯᠵᠦ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠥᠩᠭᠦ ᠂ | ᠵᠡᠮᠳᠡᠭᠴᠦᠳ ᠤᠨ ᠨᠡᠮᠡᠭᠦᠷᠢ ᠵᠡᠷᠭᠡ 5 ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠂ ᠠᠷᠠᠳ ᠤᠨ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ | ᠪᠤᠶᠤ ᠲᠡᠭᠦᠨ ᠠᠴᠠ ᠳᠠᠪᠠᠪᠠ ︔ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ | ᠢᠵᠢ ᠰᠢᠨ᠎ᠡ ᠪᠠᠷ ᠪᠡᠯᠡᠳᠬᠡᠨ ᠪᠠᠶᠢᠭᠤᠯᠵᠤ ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | 3460 ᠡᠷᠣᠭᠡ ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ | ᠰᠢᠨᠡᠳᠬᠡᠪᠡ ︔ ᠪᠦᠢᠲᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ | ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠵᠢᠴᠢ ᠰᠢᠨ᠎ᠡ ᠡᠨᠧᠷᠬᠢ ᠶᠢᠨ ᠴᠠᠬᠢᠯᠭᠠᠨ | ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠪᠡᠶᠡᠯᠡᠭᠦᠯᠪᠡ ︔ ᠨᠢᠯᠬ᠎ᠠ ᠨᠢᠷᠠᠢ ᠬᠡᠦᠬᠡᠳ | ᠰᠠᠭᠠᠲᠠᠭᠤᠯᠬᠤ ᠣᠷᠣ ᠶᠢ 1.8 ᠲᠦᠮᠡ ᠂ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠣᠷᠣ ᠶᠢ 3.8 | ᠲᠦᠮᠡ ᠰᠢᠨ᠎ᠡ ᠪᠠᠷ ᠨᠡᠮᠡᠭᠳᠡᠭᠦᠯᠵᠦ ᠂ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢ 22 ᠰᠢᠨ᠎ᠡ ᠪᠠᠷ | ᠲᠣᠬᠢᠷᠠᠭᠤᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ | ᠮᠡᠷᠭᠡᠰᠢᠯᠲᠦ ᠴᠢᠳᠠᠪᠤᠷᠢᠲᠠᠨ ᠢ 3.1 ᠲᠦᠮᠡ ᠬᠥᠮᠥᠵᠢᠭᠦᠯᠵᠦ ᠥᠭᠪᠡ ︔ ᠪᠡᠭᠡᠵᠢᠩ ᠤᠨ ᠨᠥᠬᠦᠷᠯᠡᠯ ᠡᠮᠨᠡᠯᠭᠡ ᠶᠢᠨ | ᠬᠤᠷᠢᠶ᠎ᠠ ᠂ ᠰᠢᠤᠸᠠᠨ ᠦ᠋ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ | ᠤᠯᠤᠰ ᠤᠨ ᠣᠷᠣᠨ ᠪᠦᠰᠡ ᠶᠢᠨ 2 ᠡᠮᠴᠢᠯᠡᠭᠡᠨ ᠤ ᠲᠥᠪ ᠰᠢᠨ᠎ᠡ ᠪᠠᠷ ᠫᠠᠶᠢᠰᠠ ᠡᠯᠭᠦᠨ ᠪᠠᠶᠢᠭᠤᠯᠤᠭᠳᠠᠵᠤ ᠂ | ᠨᠢᠭᠲᠠ ᠬᠡᠯᠪᠡᠷᠢ ᠪᠦᠬᠦᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 61 ᠪᠠᠶᠢᠭᠤᠯᠵᠤ ᠂ | ᠪᠦᠬᠦ ᠣᠷᠣᠨ ᠤ 333 ᠡᠷᠦᠬᠡ ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ | ᠬᠠᠷᠢᠯᠴᠠᠨ ᠮᠡᠳᠡᠷᠡᠬᠦ ᠶᠢ ᠪᠡᠶᠡᠯᠡᠭᠦᠯᠵᠦ ᠂ ᠡᠮ ᠡᠮᠨᠡᠯᠭᠡ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ | ᠠᠵᠢᠯ ᠨᠢ ᠣᠯᠠᠨ ᠲᠦᠮᠡᠨ ᠤ ᠡᠮᠨᠡᠭᠦᠯᠬᠦ ᠳᠠᠷᠤᠭᠠᠰᠤ ᠶᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ ︔ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠂ | ᠡᠷᠡᠭᠲᠡᠢ ᠶᠢᠨ ᠪᠦᠢᠺᠦ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠬᠤᠯᠪᠣᠭᠠᠲᠤ ᠣᠷᠣᠯᠳᠣᠭᠠᠨ ᠂ ᠪᠦᠬᠦ ᠤᠯᠤᠰ ᠤᠨ | ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠡᠷᠭᠡ ᠴᠢᠬᠤᠯᠠ ᠶᠡᠭᠡ ᠣᠷᠣᠯᠳᠣᠭᠠᠨ ᠤ | ᠶᠠᠪᠤᠳᠠᠯ ᠢ ᠠᠮᠵᠢᠯᠲᠠ ᠲᠠᠢ ᠡᠷᠬᠢᠯᠡᠨ ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ | ᠲᠠᠮᠢᠷᠴᠢᠨ 1 ᠠᠯᠲᠠᠨ ᠮᠧᠳᠠᠯ 1 ᠮᠥᠩᠭᠦᠨ ᠮᠧᠳᠠᠯ ᠤᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ | ᠣᠯᠪᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠴᠠ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ ᠂ ᠪᠡᠭᠡᠵᠢᠩ ᠤᠨ ᠠᠵᠤ ᠠᠬᠤᠶᠢᠯᠠᠯ | ᠰᠠᠭᠤᠷᠢᠰᠢᠵᠤ ᠪᠡᠯᠡ ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ ᠲᠤ ᠬᠦᠷᠴᠦ ᠂ ᠲᠠᠷᠢᠶᠠᠯᠠᠬᠤ | ᠮᠠᠯᠵᠢᠬᠤ ᠣᠷᠣᠨ ᠤ 7 ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢ ᠳᠠᠶᠢᠴᠢᠯᠠᠨ ᠂ | ᠪᠡᠭᠡᠵᠢᠩ ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠦᠢᠯᠡᠴᠢᠯᠡᠭᠡ | ᠥᠷᠨᠢᠭᠦᠯᠵᠦ ᠂ ᠮᠠᠨ ᠤ ᠣᠷᠣᠨ ᠤ 308 ᠳ᠋ᠦᠩᠰᠢᠭᠤᠷ ᠲᠥᠭᠦᠷᠢᠭ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠵᠤ ᠂ ᠪᠡᠭᠡᠵᠢᠩ ᠲᠢᠶᠠᠨᠵᠢᠨ ᠾᠧᠪᠧᠢ ᠥᠪᠥᠷ | ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ ᠠᠵᠢᠯᠯᠠᠵᠤ ᠡᠬᠢᠯᠡᠪᠡ ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠴᠢᠩᠭ᠎ᠠ ᠳᠠᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ ᠦᠭᠡᠢ | ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠪᠠ᠃ ᠣᠯᠠᠨ | ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠵᠠᠰᠠᠭ ᠤᠨ ᠣᠷᠳᠣᠨ | ᠢᠮᠠᠭᠲᠠ ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠨ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠬᠥᠪᠴᠢᠯᠡᠨ᠂ ᠪᠦᠬᠦ ᠵᠢᠯ ᠤᠨ ᠬᠠᠷᠠᠯᠲᠠ ᠶᠢ | ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ ᠳᠠᠪᠰᠢᠪᠠ᠃ ᠡᠯ᠎ᠡ | ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠪᠠᠷ | ᠳᠡᠪᠰᠢᠭᠦᠯᠵᠦ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ | ᠪᠠ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 895 | ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠭᠦᠯᠦᠨ ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠰᠤᠷᠲᠠᠯ ᠤᠨ | ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ ᠵᠠᠰᠠᠪᠠ ᠃ | ᠲᠥᠯᠥᠭᠡᠯᠡᠭᠴᠢᠳ ᠠ᠋ ︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ ᠂ ᠲᠤᠯᠭᠠᠷᠠᠭᠰᠠᠨ ᠠᠰᠠᠭᠤᠳᠠᠯ | ᠬᠡᠳᠦ᠋ᠢᠪᠡᠷ ᠵᠢᠯ ᠤᠨ ᠡᠬᠢᠨ ᠳᠤ ᠲᠥᠰᠥᠭᠡᠯᠡᠭᠰᠡᠨ ᠠᠴᠠ ᠣᠯᠠᠨ ᠂ ᠥᠷᠢᠰᠦᠯᠳᠦᠭᠡᠨ ᠨᠢ ᠴᠦ ᠲᠥᠰᠥᠭᠡᠯᠡᠭᠰᠡᠨ ᠠᠴᠠ | ᠶᠡᠭᠡ ᠂ ᠣᠨᠴᠠᠭᠠᠶᠢᠯᠠᠨ ᠳᠣᠣᠷ᠎ᠠ ᠬᠠᠭᠠᠰ ᠵᠢᠯ ᠳᠤ ᠵᠠᠬ᠎ᠠ ᠳᠡᠯᠭᠡᠭᠦᠷ ᠤᠨ ᠪᠠᠶᠢᠳᠠᠯ ᠵᠢᠱᠢᠭᠰᠡᠨ ᠬᠡᠮᠵᠢᠶᠡᠨ ᠳᠤ | ᠬᠦᠷᠦᠭᠰᠡᠨ ᠦᠭᠡᠢ ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠢᠮᠳᠠᠷᠠᠵᠤ ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠦᠢᠯᠡᠰ ᠪᠠᠭᠤᠷᠠᠯᠲᠠ ᠲᠠᠢ ᠪᠠᠶᠢᠬᠤ ᠵᠡᠷᠭᠡ ᠳᠠᠷᠤᠭᠠᠰᠤ ᠬᠦᠨᠳᠦᠷᠡᠭᠰᠡᠨ ᠪᠠᠶᠢᠳᠠᠯ ᠳᠣᠣᠷ᠎ᠠ ᠂ | ᠪᠦᠬᠦ ᠵᠢᠯ ᠤᠨ ᠬᠥᠭᠵᠢᠯᠲᠡ ᠮᠥᠨ ᠴᠤ ᠲᠣᠭᠲᠠᠭᠤᠨ ᠪᠠᠶᠢᠬᠤ ᠶᠢᠨ ᠳᠠᠭᠠᠤ ᠤᠷᠤᠭᠰᠢᠯᠠᠨ ᠂ ᠥᠭᠡᠳᠡᠯᠡᠨ | ᠳᠠᠪᠰᠢᠬᠤ ᠪᠠᠨ ᠪᠡᠶᠡᠯᠡᠭᠦᠯᠪᠡ ᠃ ᠡᠶᠢᠮᠦᠷᠬᠦᠦ ᠠᠮᠵᠢᠯᠲᠠ ᠪᠦᠲᠦᠮᠵᠢ ᠣᠯᠣᠭᠰᠠᠨ ᠤ ᠤᠭ ᠦᠨᠳᠦᠰᠦ ᠨᠢ ᠶᠡᠷᠦᠩᠬᠡᠢ | ᠱᠦᠵᠢ ᠰᠢ ᠶᠢᠨ ᠫᠢᠩ ᠤᠨ ᠵᠠᠯᠠᠭᠤᠷ ᠠᠳᠬᠤᠨ ᠵᠠᠮᠴᠢᠯᠠᠭᠰᠠᠨ ᠂ ᠳᠣᠲᠣᠨᠣ ᠬᠠᠯᠠᠮᠵᠢᠯᠠᠭᠰᠠᠨ ᠪᠠ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠳᠤ ᠪᠣᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠣᠷᠣᠨ ᠳᠠᠶᠠᠭᠠᠷ ᠢ ᠤᠳᠤᠷᠢᠳᠤᠨ ᠳᠠᠭᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ ᠂ ᠬᠠᠲᠠᠭᠤ ᠪᠡᠷᠬᠡᠰᠢᠶᠡᠯ ᠢ | ᠲᠣᠭᠤᠯᠣᠨ ᠳᠠᠪᠠᠵᠤ ᠂ ᠡᠷᠡᠮᠡᠬᠡᠶᠢᠯᠡᠨ ᠲᠡᠮᠡᠴᠡᠭᠰᠡᠨ ᠳᠤ ᠪᠣᠢ ᠃ ᠡᠭᠦᠨ ᠳᠤ ᠂ ᠪᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠪᠦᠬᠦ ᠨᠥᠬᠦᠳ ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠪᠢᠳᠡ ᠠᠮᠵᠢᠯᠲᠠ ᠪᠦᠳᠣᠮᠵᠢ ᠪᠠᠨ ᠭᠦᠢᠴᠡᠳ ᠬᠡᠯᠡᠬᠦ ᠶᠢᠨ ᠬᠠᠮᠲᠤ ᠂ ᠠᠰᠠᠭᠤᠳᠠᠯ ᠢᠶᠠᠨ ᠴᠦ ᠲᠤᠭᠤᠷᠠᠲᠠᠯ᠎ᠠ | ᠶᠠᠷᠢᠬᠤ ᠬᠡᠷᠡᠭᠲᠡᠢ ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠮᠥᠨ ᠴᠦ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭᠠᠷᠠᠵᠤ ᠪᠤᠢ ᠃ ᠬᠡᠷᠡᠭᠴᠡᠭᠡ ᠱᠠᠭᠠᠷᠳᠠᠯᠭ᠎ᠠ ᠶᠢᠨ | ᠲᠠᠯ᠎ᠠ ᠠᠴᠠ ᠦᠵᠡᠪᠡᠯ ᠂ ᠮᠠᠨ ᠤ ᠣᠷᠣᠨ ᠤ ᠬᠡᠷᠡᠭᠯᠡᠭᠡ ᠪᠠᠭᠤᠷᠠᠢ ᠂ ᠭᠠᠳᠠᠭᠠᠳᠤ ᠭᠠᠷᠭᠠᠯᠲᠠ ᠴᠥᠭᠡᠨ ᠂ ᠠᠵᠤ | ᠠᠬᠤᠢ ᠶᠢᠨ ᠨᠡᠮᠡᠭᠳᠡᠯ ᠳᠠᠬᠢ ᠳᠠᠶᠢᠴᠢᠯᠠᠬᠤ ᠬᠦᠴᠦᠨ ᠬᠢᠵᠠᠭᠠᠷᠲᠠᠢ ᠪᠠᠶᠢᠵᠤ ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠣᠯᠲᠠ ᠨᠢᠭᠡᠨᠲᠡ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠦᠭᠰᠡᠨ ᠠᠴᠠ | ᠦᠷᠭᠦᠯᠵᠢᠯᠡᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠪᠠᠭ᠎ᠠ ᠪᠤᠰᠤ ᠬᠦᠴᠢᠷᠳᠡᠯ ᠲᠤᠯᠭᠠᠷᠠᠬᠤ | ᠶᠤᠮ ᠃ ᠠᠵᠤ ᠦᠢᠯᠡᠰ ᠤᠨ ᠲᠠᠯ᠎ᠠ ᠠᠴᠠ ᠦᠵᠡᠪᠡᠯ ᠂ ᠳᠡᠭᠡᠳᠦ ᠲᠡᠰᠵᠢᠬᠦᠯᠬᠦ ᠂ ᠣᠶᠤᠨᠴᠢᠯᠠᠬᠤ ᠂ ᠪᠣᠬᠢᠷᠳᠤᠯ ᠦᠭᠡᠢ | ᠪᠣᠯᠭᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ ᠂ ᠠᠵᠤ ᠦᠢᠯᠡᠳᠪᠦᠷᠢ ᠭᠡᠰᠡᠨ ᠦᠭᠡᠢ ᠲᠠᠷᠢᠶᠠᠯᠠᠩ ᠮᠠᠯ | ᠠᠵᠤ ᠠᠬᠤᠢ ᠭᠡᠰᠡᠨ ᠦᠭᠡᠢ ᠦᠢᠯᠡᠳᠬᠦᠨ ᠨᠢ ᠭᠤᠣᠯᠳᠠᠭᠤ ᠠᠵᠤ ᠦᠢᠯᠡᠰ ᠤᠨ ᠬᠡᠯᠬᠢᠶᠡᠨ ᠤ ᠳᠤᠮᠳᠠ ᠳᠡᠭᠡᠳᠦ | ᠬᠡᠯᠬᠢᠶᠡᠨ ᠳᠤ ᠲᠥᠪᠯᠡᠷᠡᠵᠦ ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠮᠡᠭᠳᠡᠯ ᠬᠤᠷᠳᠤᠨ ᠪᠣᠯᠪᠠᠴᠣ | ᠡᠵᠡᠯᠡᠬᠦ ᠬᠤᠪᠢ ᠶᠢᠨ ᠵᠢᠩ ᠪᠠᠭ᠎ᠠ ᠪᠠᠶᠢᠪᠠ ᠃ ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ ᠂ | ᠮᠠᠨ ᠤ ᠣᠷᠣᠨ ᠤ ᠠᠮᠢ ᠠᠬᠤᠢ ᠬᠡᠪᠡᠷᠡᠭ ᠂ ᠣᠷᠴᠢᠨ ᠲᠣᠭᠤᠷᠢᠨ ᠤ ᠳᠠᠭᠠᠭᠠᠴᠠ ᠬᠢᠵᠠᠭᠠᠷᠲᠠᠢ ᠂ ᠤᠰᠤ ᠂ ᠭᠠᠵᠠᠷ | ᠰᠢᠷᠣᠢ ᠂ ᠡᠨᠧᠷᠬᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠠᠷᠪᠢᠯᠠᠨ ᠠᠰᠢᠭᠯᠠᠬᠤ ᠲᠦᠪᠰᠢᠨ | ᠪᠠᠰᠠ ᠥᠨᠳᠥᠷ ᠪᠤᠰᠤ ᠪᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠠᠴᠠ | ᠦᠵᠡᠪᠡᠯ ᠂ ᠳᠡᠭᠡᠳᠦ ᠳᠡᠰ ᠤᠨ ᠴᠢᠳᠠᠪᠤᠷᠢᠲᠠᠨ ᠲᠤᠲᠠᠭᠳᠠᠵᠤ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠳᠤᠲᠠᠮᠠᠭ ᠂ | ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠰᠤᠯᠠᠪᠲᠤᠷ ᠪᠠᠶᠢᠨ᠎ᠠ ᠃ ᠰᠢᠶᠠᠨ ᠤ ᠬᠡᠪᠴᠢᠶᠡᠨ ᠤ | ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠦᠵᠡᠪᠡᠯ᠂ ᠬᠥᠭᠵᠢᠯᠲᠡ ᠲᠡᠩᠴᠡᠭᠦᠷᠢ ᠦᠭᠡᠢ ᠠᠰᠠᠭᠤᠳᠠᠯ | ᠲᠣᠪᠤᠶᠢᠮ᠎ᠠ ᠪᠠᠶᠢᠵᠤ᠂ ᠬᠡᠳᠦ᠋ᠢᠪᠡᠷ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠳᠣᠲᠣᠷ᠎ᠠ ᠮᠠᠨ ᠤ | ᠣᠷᠣᠨ ᠠᠴᠠ 4 ᠪᠠᠶᠢᠬᠤ ᠪᠣᠯᠪᠠᠴᠣ ᠂ ᠪᠠᠰᠠ 34 ᠬᠤᠰᠢᠭᠤ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ | ᠵᠠᠭᠤᠨ ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠪᠠᠶᠢᠭᠰᠠᠭᠠᠷ ᠶᠤᠮ ᠃ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠠᠯ᠎ᠠ ᠠᠴᠠ ᠦᠵᠡᠪᠡᠯ ᠂ ᠡᠨᠡ ᠵᠢᠯ ᠮᠠᠨ ᠤ ᠣᠷᠣᠨ ᠤ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ | 17 ᠲᠦᠮᠡ ᠪᠠᠶᠢᠵᠤ ᠂ ᠣᠯᠠᠨ ᠲᠦᠮᠡᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ | ᠳᠠᠷᠤᠭᠠᠰᠤ ᠤᠯᠠᠮ ᠨᠢᠭᠡ ᠠᠯᠬᠤᠮ ᠬᠦᠨᠳᠦᠷᠡᠵᠦ ᠂ ᠰᠤᠷᠭᠠᠨ ᠬᠥᠮᠦᠵᠢᠯ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠂ | ᠨᠠᠶᠢᠳᠠᠵᠤ ᠰᠠᠭᠠᠲᠠᠭᠤᠯᠬᠤ ᠂ ᠣᠷᠣᠨ ᠰᠠᠭᠤᠴᠠ ᠂ ᠠᠮᠢ ᠠᠬᠤᠢ ᠣᠷᠴᠢᠨ ᠲᠣᠭᠤᠷᠢᠨ ᠤ ᠲᠠᠯ᠎ᠠ ᠪᠠᠷ ᠣᠯᠠᠨ ᠲᠦᠮᠡᠨ | ᠪᠠᠰᠠ ᠮᠠᠰᠢ ᠣᠯᠠᠨ ᠬᠦᠰᠡᠯ ᠡᠷᠡᠮᠡᠯᠵᠡᠯ ᠲᠠᠢ ᠶᠤᠮ ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ | ᠲᠠᠯ᠎ᠠ ᠠᠴᠠ ᠦᠵᠡᠪᠡᠯ ᠂ ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠨᠢ ᠲᠤᠭᠤᠰᠢᠲᠠᠢ ᠪᠢᠰᠢ ᠂ ᠵᠠᠷᠢᠮ ᠺᠠᠳ᠋ᠷ ᠤᠨ ᠰᠤᠷᠲᠠᠯ ᠮᠥᠨ ᠯᠠ ︽ᠤᠳᠠᠭᠠᠨ | ᠪᠦᠳᠦᠭᠦᠯᠢᠭ ᠬᠡᠶᠢᠰᠪᠦᠷᠢ ︾ ᠪᠠᠶᠢᠵᠤ ᠂ ᠬᠦᠴᠢᠷ ᠪᠡᠷᠬᠡᠰᠢᠶᠡᠯ ᠥᠷᠢᠰᠦᠯᠳᠦᠭᠡᠨ ᠲᠤᠯᠭᠠᠷᠠᠬᠤ ᠳᠤ ᠢᠲᠡᠭᠡᠯ ᠵᠣᠷᠢᠭ | ᠲᠡᠭᠦᠯᠳᠡᠷ ᠪᠤᠰᠤ ᠂ ᠢᠳᠡ ᠬᠦᠴᠦᠨ ᠮᠡᠬᠦᠰᠳᠡᠵᠦ ᠪᠠᠶᠢᠨ᠎ᠠ ᠃ ᠡᠳᠡᠭᠡᠷ ᠠᠰᠠᠭᠤᠳᠠᠯ ᠢ ᠡᠷᠬᠡᠪᠰᠢ ᠬᠢᠨᠠᠮᠠᠭᠠᠢ | ᠰᠤᠳᠤᠯᠵᠤ ᠰᠢᠢᠳᠪᠦᠷᠢᠯᠡᠬᠦ ᠬᠡᠷᠡᠭᠲᠡᠢ ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠬᠦᠯ ᠬᠤᠷᠢᠶᠠᠬᠤ ᠵᠢᠯ | ᠪᠣᠯᠬᠤ ᠮᠥᠷᠲᠡᠭᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠪᠠᠶᠢᠷᠢᠯᠠᠭᠤᠯᠬᠤ ᠵᠢᠯ | ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ᠪᠦᠭᠦ ᠵᠢᠯ ᠤᠨ ᠠᠵᠢᠯ ᠳᠤ ᠪᠠᠶᠢᠷᠢᠯᠠᠭᠤᠯᠤᠯᠲᠠ | ᠬᠢᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠦ ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ ᠂ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ︽ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ︾ ᠲᠠᠯ᠎ᠠ ᠪᠠᠷ ᠨᠡᠩ ᠶᠡᠭᠡ ᠠᠬᠢᠯᠲᠠ ᠲᠠᠢ | ᠪᠣᠯᠭᠠᠬᠤ ᠪᠠᠷ ᠴᠢᠷᠮᠠᠶᠢᠨ ᠂ ᠳᠤᠮᠳᠠᠳᠦ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠲᠠᠰᠦᠷᠠᠯᠲᠠ ᠦᠭᠡᠢ ᠪᠢᠴᠢᠭᠯᠡᠨ᠎ᠡ ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠦᠨ᠎ᠡ ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠨᠡᠮᠡᠭᠳᠡᠭᠦᠯᠦᠨ᠎ᠡ ︔ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠤᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ ︔ ᠬᠤᠲᠠ | ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ | ᠣᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ ︔ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ ︔ | ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠡᠨᠡ | ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠂ ᠪᠢᠳᠡ ᠨᠥᠬᠦᠴᠡᠯ ᠲᠠᠢ ᠂ ᠰᠠᠭᠤᠷᠢ ᠲᠠᠢ ᠂ ᠶᠠᠷᠢᠶᠠᠨ ᠦᠭᠡᠢ ᠪᠠᠰᠠ | ᠳᠠᠷᠤᠭᠠᠰᠤ ᠲᠠᠢ ᠂ ᠥᠷᠢᠰᠦᠯᠳᠦᠭᠡᠨ ᠲᠠᠢ ᠶᠤᠮ ᠂ ᠵᠠᠩᠭᠢᠯᠠᠭ᠎ᠠ ᠨᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤ | ᠰᠠᠬᠢᠵᠤ ᠴᠢᠳᠠᠬᠤ ᠡᠰᠡᠬᠦ ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠂ | ᠬᠤᠶᠢᠷᠭᠤᠰᠢᠬᠤ ᠦᠭᠡᠢ ᠪᠠᠶᠢᠬᠤ ᠶᠢ ᠪᠠᠲᠤᠯᠠᠵᠤ ᠴᠢᠳᠠᠬᠤ ᠡᠰᠡᠬᠦ ᠳᠤ ᠪᠠᠶᠢᠬᠤ ᠶᠤᠮ ᠃ ᠪᠢᠳᠡ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠦᠯᠲᠡᠢ ᠪᠠᠶᠢᠯᠭᠠᠵᠤ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠢ | ᠪᠠᠶᠢᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠂ ︽ᠲᠠᠪᠤᠨ ᠶᠡᠭᠡ ᠡᠭᠦᠷᠭᠡ ︾ ᠶᠢᠨ | ᠲᠣᠭᠤᠷᠢᠨ ᠳᠤ ᠴᠢᠩᠭ᠎ᠠ ᠤᠶᠠᠯᠳᠤᠵᠤ᠂ ᠵᠢᠷᠤᠭ ᠲᠥᠰᠥᠪ ᠢᠶᠠᠨ ᠡᠴᠦᠰ ᠲᠤ ᠨᠢ ᠲᠤᠯᠲᠠᠯ᠎ᠠ ᠵᠢᠷᠤᠭᠯᠠᠨ᠂ ︽ᠵᠢᠷᠭᠤᠭᠠᠨ | ᠢᠨᠵᠧᠨᠧᠷᠢᠩ︾ ᠢ ᠦᠷᠬᠦᠯᠵᠢᠯᠡᠨ ᠬᠡᠷᠡᠭᠵᠢᠭᠦᠯᠵᠦ ᠂ ︽ᠵᠢᠷᠭᠤᠭᠠᠨ ᠠᠵᠢᠯᠯᠠᠭᠠᠨ︾ ᠢ ᠵᠣᠬᠢᠶᠠᠨ ᠪᠠᠶᠢᠭᠤᠯᠤᠨ | ᠥᠷᠨᠢᠭᠦᠯᠵᠦ ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ | ᠡᠨᠡ ᠵᠢᠯ ᠭᠤᠣᠯᠳᠠᠭᠤ ᠳᠠᠷᠠᠭᠠᠬᠢ 11 ᠲᠠᠯ᠎ᠠ ᠶᠢᠨ ᠠᠵᠢᠯ ᠢ ᠰᠠᠶᠢᠲᠤᠷ ᠬᠢᠨ᠎ᠡ ᠃ | ︵ᠨᠢᠭᠡ︶ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠢ ᠬᠡᠷᠡᠭᠵᠢᠭᠦᠯᠵᠦ ᠂ | ᠪᠡᠯᠡ ᠣᠷᠤᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠨ᠎ᠠ ᠃ ᠡᠨᠡ ᠵᠢᠯ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ ᠂ ᠡᠨᠡ ᠬᠦ ᠬᠠᠷᠠᠯᠲᠠ ᠨᠢ ᠬᠦᠯᠢᠶᠡᠭᠡᠳ ᠪᠡᠶᠡᠯᠡᠭᠳᠡᠬᠦ ᠪᠢᠰᠢ ᠂ | ᠡᠷᠬᠡᠪᠰᠢ ᠦᠨᠡᠨ ᠪᠣᠳᠠᠲᠠᠢ ᠪᠠᠷ ᠲᠦᠷᠦᠯ ᠵᠦᠢᠯ ᠢ ᠰᠦᠪᠡᠭᠴᠢᠯᠡᠨ ᠂ ᠪᠡᠯᠡ ᠮᠥᠩᠭᠦ ᠣᠯᠵᠤ ᠂ ᠬᠤᠳᠠᠯᠳᠤᠭᠠᠴᠢᠨ | ᠤᠷᠢᠬᠤ ᠶᠢ ᠠᠳᠬᠤᠨ ᠂ ᠴᠢᠬᠤᠯᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ ᠰᠤᠯᠠᠷᠠᠭᠤᠯᠬᠤ | ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠪᠡᠯᠡ ᠣᠷᠤᠭᠤᠯᠤᠯᠲᠠ ᠶᠢᠨ ᠲᠠᠯ᠎ᠠ ᠪᠠᠷ ᠲᠦᠮᠡᠨ ᠳ᠋ᠦᠩᠰᠢᠭᠤᠷ | ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠪᠠᠷ ᠬᠦᠴᠦᠯᠡᠨ ᠴᠢᠷᠮᠠᠶᠢᠨ᠎ᠠ ᠃ | ᠲᠦᠷᠦᠯ ᠵᠦᠢᠯ ᠤᠷᠢᠵᠤ ᠲᠠᠲᠠᠬᠤ ᠶᠢ ᠤᠨᠤᠪᠴᠢᠲᠠᠢ ᠤᠬᠠᠭᠠᠯᠠᠨ ᠲᠥᠯᠥᠪᠯᠡᠨ᠎ᠡ ᠃ ᠡᠨᠡ ᠵᠢᠯ ᠤᠯᠤᠰ ᠤᠨ | ︽ᠬᠤᠶᠠᠷ ᠴᠢᠬᠤᠯᠠ︾ ᠲᠦᠷᠦ ᠶᠢᠨ ᠪᠣᠳᠣᠯᠭ᠎ᠠ ᠶᠢᠨ ᠬᠦᠴᠦᠯᠡᠴᠡ ᠨᠡᠩ ᠶᠡᠭᠡ ᠪᠠᠶᠢᠵᠤ ᠂ ᠵᠠᠩᠭᠢᠯᠠᠭ᠎ᠠ ᠨᠢ ᠲᠦᠷᠦᠯ | ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ ︔ ︽ᠠᠷᠪᠠᠨ ᠲᠠᠪᠤᠳᠤᠭᠠᠷ ᠲᠠᠪᠤᠨ ᠵᠢᠯ ︾ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠂ ᠨᠡᠩ ᠣᠯᠠᠨ ᠲᠦᠷᠦᠯ ᠵᠦᠢᠯ ᠢ ᠤᠯᠤᠰ ᠤᠨ ᠶᠡᠭᠡ | ᠬᠡᠪᠴᠢᠶᠡᠵᠢᠯ ᠳᠤ ᠣᠷᠣᠭᠤᠯᠵᠤ᠂ ᠲᠥᠪ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠪᠠᠷ ᠴᠢᠷᠮᠠᠶᠢᠨ᠎ᠠ ᠂ | ᠡᠭᠦᠨ ᠤ ᠵᠠᠩᠭᠢᠯᠠᠭ᠎ᠠ ᠨᠢ ᠮᠥᠨ ᠴᠦ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ᠃ ᠰᠠᠭᠤᠷᠢ | ᠪᠡᠯᠡᠳᠬᠡᠮᠵᠢ ᠶᠢᠨ ᠲᠦᠷᠦᠯ ᠵᠦᠢᠯ ᠤᠨ ᠲᠠᠯ᠎ᠠ ᠪᠠᠷ ᠂ ᠬᠥᠮᠥᠨ ᠠᠮᠠ ᠪᠠ ᠠᠵᠤ ᠠᠬᠤᠢ ᠶᠢᠨ ᠪᠠᠶᠢᠷᠢᠰᠢᠭᠤᠯᠤᠯᠲᠠ ᠶᠢᠨ | ᠲᠣᠭᠤᠷᠢᠨ ᠳᠤ ᠂ ᠨᠢᠭᠡ ᠪᠦᠯᠦᠭ ᠠᠵᠤ ᠦᠢᠯᠡᠰ ᠤᠨ ᠵᠠᠮ ᠂ ᠵᠢᠭᠤᠯᠴᠢᠯᠠᠯ ᠤᠨ ᠵᠠᠮ ᠂ ᠬᠦᠷᠢᠶᠡᠯᠡᠩ ᠲᠣᠭᠤᠷᠢᠭ ᠤᠨ | ᠵᠠᠮ ᠂ ᠠᠷᠠᠳ ᠲᠤ ᠳᠦᠭᠦᠮ ᠦᠵᠡᠭᠦᠯᠬᠦ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠲᠡᠮᠦᠷ ᠵᠠᠮ ᠤᠨ | ᠲᠣᠣᠷ ᠂ ᠵᠠᠰᠠᠮᠠᠯ ᠵᠠᠮ ᠤᠨ ᠲᠣᠣᠷ ᠂ ᠠᠭᠠᠷ ᠠᠶᠠᠯᠠᠯ ᠤᠨ ᠲᠣᠣᠷ ᠂ ᠤᠰᠤᠨ ᠠᠰᠢᠭᠯᠠᠯᠲᠠ ᠶᠢᠨ ᠲᠣᠣᠷ ᠂ ᠴᠠᠬᠢᠯᠭᠠᠨ | ᠬᠦᠴᠦᠨ ᠤ ᠲᠣᠣᠷ ᠂ ᠴᠠᠬᠢᠯᠭᠠᠨ ᠬᠤᠯᠪᠣᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠰᠠᠭᠤᠷᠢ | ᠪᠡᠯᠡᠳᠬᠡᠮᠵᠢ ᠶᠢᠨ ᠪᠡᠯᠡ ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠦᠨᠡᠨ ᠬᠦ | ᠪᠠᠲᠤᠯᠠᠨ᠎ᠠ ᠃ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠤᠨ ᠲᠠᠯ᠎ᠠ ᠪᠠᠷ ᠂ ᠡᠯ᠎ᠡ ᠠᠶᠢᠮᠠᠭ ᠬᠤᠲᠠ ᠨᠢ | ᠪᠦᠬᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ | ᠬᠤᠳᠠᠯᠳᠤᠭᠠᠴᠢᠨ ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ ᠂ ᠣᠷᠣᠭᠤᠯᠤᠨ ᠠᠪᠴᠢᠷᠠᠵᠤ | ᠪᠣᠳᠠᠲᠠᠶᠢᠵᠢᠭᠤᠯᠬᠤ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ ᠂ ᠠᠵᠤ | ᠦᠢᠯᠡᠳᠪᠦᠷᠢ ᠶᠢᠨ ᠪᠡᠯᠡ ᠣᠷᠤᠭᠤᠯᠤᠯᠲᠠ ᠶᠢ 4900 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ ᠂ | 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ ᠃ ᠪᠤᠭᠤᠲᠤ ᠠᠴᠠ ᠢᠷᠭᠠᠢ | ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠢ ᠲᠦᠷᠭᠡᠳᠬᠡᠨ ᠪᠠᠶᠢᠭᠤᠯᠵᠤ ᠂ ᠯᠢᠨ ᠾᠧ ᠠᠴᠠ ᠬᠠᠮᠢ ᠬᠦᠷᠬᠦ ᠱᠤᠭᠤᠮ ᠂ ᠵᠢᠨᠢᠩ ᠠᠴᠠ ᠡᠷᠢᠶᠡᠨ ᠬᠦᠷᠬᠦ | ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠵᠦ ᠰᠢᠨᠡᠳᠬᠡᠨ ᠂ ᠪᠤᠭᠤᠲᠤ ᠣᠷᠳᠣᠰ ᠲᠡᠮᠡᠭᠡᠲᠦ ᠶᠢᠨ | ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ ︔ S22 ᠪᠠᠶᠠᠨᠴᠠᠭᠠᠨ ᠠᠴᠠ ᠶᠦᠩ ᠲᠠᠢ ᠬᠦᠩ | ᠬᠦᠷᠬᠦ ᠬᠡᠰᠡᠭ ᠂ S29 ᠬᠦᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ ᠢ ᠪᠠᠶᠢᠭᠤᠯᠵᠤ ᠳᠠᠭᠤᠰᠬᠠᠨ ᠂ | G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ ᠂ G1817 ᠤᠰᠤᠲᠠᠢ ᠠᠴᠠ ᠪᠠᠶᠠᠨ | ᠬᠤᠳᠳᠤᠭ ᠬᠦᠷᠬᠦ ᠬᠡᠰᠡᠭ ᠂ S27 ᠬᠦᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ ︔ ᠬᠦᠬᠡᠬᠤᠲᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ | ᠳᠠᠭᠤᠰᠬᠠᠨ ᠠᠶᠠᠯᠠᠯ ᠨᠡᠪᠲᠡᠷᠡᠬᠦ ᠶᠢ ᠦᠨᠡᠨ ᠬᠦ ᠪᠠᠲᠤᠯᠠᠵᠤ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠤᠯᠠᠭᠠᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ︔ ᠬᠠᠲᠦᠨ ᠭᠤᠣᠯ ᠤᠨ ᠤᠰᠤ ᠶᠢ ᠵᠠᠯᠠᠵᠤ | ᠬᠦᠬᠡᠬᠤᠲᠠ ᠶᠢ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠂ ᠪᠣᠷᠣᠳᠣᠬᠤᠢ ᠂ | ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ | ᠰᠢᠨᠡᠳᠬᠡᠬᠦ ᠶᠢ ᠠᠬᠢᠭᠤᠯᠵᠤ ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ | ᠨᠢᠭᠡᠳᠦᠭᠡᠷ ᠬᠤᠭᠤᠴᠠᠭ᠎ᠠ ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠬᠦ ᠱᠤᠭᠤᠮ ᠢᠶᠠᠷ ᠤᠰᠤ | ᠨᠡᠪᠲᠡᠷᠡᠬᠦ ᠶᠢ ᠪᠡᠶᠡᠯᠡᠭᠦᠯᠦᠨ᠎ᠡ ᠃ ᠨᠢᠭᠡᠨᠲᠡ ᠤᠬᠠᠭᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠡᠯᠡᠳᠬᠡᠯ ᠬᠤᠭᠤᠴᠠᠭ᠎ᠠ ᠂ ᠴᠢᠬᠤᠯᠠ ᠬᠦᠴᠦᠨ ᠵᠦᠢᠯ ᠂ | ᠪᠣᠳᠠᠲᠠᠶᠢᠵᠢᠭᠤᠯᠤᠯᠲᠠ ᠶᠢ ᠨᠢᠭᠡᠳ ᠨᠢᠭᠡ ᠪᠠᠷ ᠠᠩᠬᠠᠷᠴᠤ ᠂ ᠳᠤᠮᠳᠠᠳᠦ ᠤᠯᠤᠰ ᠤᠨ ᠴᠢᠯᠠᠭᠤᠨ ᠲᠣᠰᠤᠨ ᠤ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠡ ᠨᠡᠭᠦᠷᠦᠭᠴᠢ ᠦᠢᠯᠡᠳᠬᠦ ᠂ ᠷᠦᠩ | ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡ ᠴᠣᠭᠴᠠᠵᠢᠭᠤᠯᠬᠤ ᠂ ᠰᠠᠢ ᠱᠧᠩ ᠰᠢᠨ᠎ᠡ ᠮᠠᠲ᠋ᠧᠷᠢᠶᠠᠯ ᠂ | ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ ᠤᠨ ᠳᠡᠰ ᠤᠨ | ᠲᠦᠷᠦᠯ ᠵᠦᠢᠯ ᠢ ᠲᠦᠷᠭᠡᠳᠬᠡᠨ ᠠᠬᠢᠭᠤᠯᠵᠤ ᠂ ᠡᠷᠲᠡ ᠨᠢᠭᠡ ᠡᠳᠦᠷ ᠠᠵᠢᠯ ᠡᠬᠢᠯᠡᠭᠦᠯᠵᠦ ᠂ ᠡᠷᠲᠡ ᠨᠢᠭᠡ ᠡᠳᠦᠷ | ᠦᠢᠯᠡᠳᠪᠦᠷᠢᠯᠡᠬᠦ ᠬᠡᠮᠵᠢᠶᠡᠨ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ ᠃ | ︵ᠬᠤᠶᠠᠷ︶ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ ᠂ | ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠨ᠎ᠡ ᠃ ᠬᠡᠷᠡᠭᠯᠡᠭᠡ ᠶᠡᠷᠦ ᠨᠢ ᠮᠠᠨ ᠤ ᠣᠷᠣᠨ ᠤ | ᠳᠤᠲᠠᠭᠤᠳᠠᠯ ᠪᠠᠶᠢᠵᠤ ᠂ ᠡᠷᠬᠡᠪᠰᠢ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠶᠡᠭᠡ ᠪᠠᠷ ᠬᠡᠷᠡᠭᠵᠢᠭᠦᠯᠵᠦ ᠂ | ᠳᠣᠲᠣᠭᠠᠳᠤ ᠳᠠᠯᠳᠠ ᠬᠦᠴᠦᠨ ᠢᠶᠠᠨ ᠭᠦᠢᠴᠡᠳ ᠠᠭᠤᠳᠠᠯᠬᠤ ᠬᠡᠷᠡᠭᠲᠡᠢ ᠃ | ᠤᠯᠤᠰ ᠤᠨ ︽ᠬᠤᠶᠠᠷ ᠰᠢᠨ᠎ᠡ ︾ ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ | ᠠᠵᠠ ᠲᠣᠬᠢᠶᠠᠯ ᠢ ᠴᠢᠩᠭ᠎ᠠ ᠠᠳᠬᠤᠨ᠎ᠠ ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ ᠂ ᠮᠡᠷᠭᠡᠵᠢᠯ ᠂ ᠡᠨᠧᠷᠭᠢ ᠶᠢᠨ | ᠬᠤᠷᠣᠭᠳᠠᠯ ᠂ ᠭᠠᠳᠠᠭᠰᠢᠯᠠᠭᠤᠯᠤᠯᠲᠠ ᠂ ᠠᠮᠤᠷ ᠲᠦᠪᠰᠢᠨ ᠵᠡᠷᠭᠡ ᠪᠠᠷᠢᠮᠵᠢᠶᠠᠨ ᠤ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ ᠂ ᠠᠵᠤ ᠦᠢᠯᠡᠳᠪᠦᠷᠢ ᠶᠢᠨ ᠲᠥᠬᠦᠭᠡᠷᠦᠮᠵᠢ ᠂ ᠪᠠᠷᠢᠯᠭ᠎ᠠ ᠶᠢᠨ ᠮᠧᠬᠠᠨᠢᠭ ᠂ | ᠬᠠᠭᠤᠴᠢᠷᠠᠭᠰᠠᠨ ᠴᠠᠬᠢᠯᠭᠠᠨ ᠱᠠᠲᠤ ᠂ ᠡᠵᠡᠩᠨᠡᠯᠲᠡ ᠶᠢᠨ ᠠᠴᠢᠶᠠᠨ ᠤ ᠲᠡᠷᠭᠡ ᠵᠡᠷᠭᠡ ᠶᠢᠨ ︽ᠰᠣᠯᠢᠬᠤ | ᠴᠢᠬᠤᠯᠠᠲᠠᠢ ᠶᠢ ᠨᠢ ᠴᠥᠮ ᠰᠣᠯᠢᠬᠤ ︾ ᠶᠢ ᠠᠬᠢᠭᠤᠯᠤᠨ᠎ᠠ ᠃ ᠣᠨᠴᠠᠭᠠᠶᠢᠯᠠᠨ ᠣᠷᠣᠨ ᠤ ᠳᠣᠲᠣᠨ᠎ᠠ ᠭᠠᠳᠠᠨᠠᠬᠢ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠂ ᠬᠠᠭᠤᠴᠢᠨ ᠴᠠᠬᠢᠯᠭᠠᠨ ᠮᠠᠰᠢᠨ ᠢ ᠰᠢᠨᠡᠳᠬᠡᠨ | ᠰᠣᠯᠢᠬᠤ ᠬᠡᠷᠡᠭᠴᠡᠭᠡ ᠶᠢ ᠴᠢᠩᠭ᠎ᠠ ᠠᠩᠬᠠᠷᠴᠤ ᠂ ᠮᠠᠨ ᠤ ᠣᠷᠣᠨ ᠤ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠦᠢᠯᠡᠳᠪᠦᠷᠢᠯᠡᠬᠦ ᠴᠢᠳᠠᠮᠵᠢ ᠪᠠᠨ | ᠳᠠᠭᠠᠯᠳᠤᠭᠤᠯᠤᠨ ᠪᠠᠳᠠᠷᠠᠭᠤᠯᠤᠨ᠎ᠠ ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ ᠂ | ᠬᠡᠷᠡᠭᠯᠡᠭᠡ ᠶᠢ ᠠᠬᠢᠭᠤᠯᠬᠤ ᠬᠢᠭᠡᠳ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠤᠨ ᠂ | ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠣᠶᠤᠨᠴᠢ | ᠭᠡᠷ ᠤᠨ ᠬᠡᠷᠡᠭᠰᠡᠯ ᠂ ᠳ᠋ᠢᠬᠢᠲ ᠦᠢᠯᠡᠳᠬᠦᠨ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠭᠡ ᠶᠢᠨ ᠲᠠᠯ᠎ᠠ ᠶᠢᠨ ᠬᠦᠰᠡᠯ ᠪᠠ | ᠬᠡᠷᠡᠭᠴᠡᠭᠡ ᠶᠢ ᠪᠦᠬᠦ ᠲᠠᠯ᠎ᠠ ᠪᠠᠷ ᠬᠥᠭᠵᠢᠭᠡᠨ᠎ᠡ ᠃ | ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠵᠠ | ᠲᠣᠬᠢᠶᠠᠯ ᠢ ᠴᠢᠩᠭ᠎ᠠ ᠠᠳᠬᠤᠨ᠎ᠠ ᠃ ᠪᠦᠬᠦ ᠣᠷᠣᠨ ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭᠠᠰᠤᠨ ᠳᠤ | ᠰᠢᠯᠵᠢᠨ ᠠᠵᠢᠯ ᠣᠯᠵᠤ ᠪᠠᠶᠢᠬᠤ ᠪᠠᠶᠢᠳᠠᠯ ᠳᠤ ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ ᠂ | ᠰᠢᠯᠵᠢᠭᠦᠯᠦᠨ ᠲᠥᠯᠥᠬᠦ ᠂ ᠬᠦᠴᠦᠨ ᠵᠦᠢᠯ ᠢ ᠲᠣᠬᠢᠷᠠᠭᠤᠯᠬᠤ ᠵᠡᠷᠭᠡ ᠶᠢ ᠲᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ ᠶᠢ ᠠᠬᠢᠭᠤᠯᠤᠨ ᠂ ᠣᠷᠣᠨ | ᠰᠠᠭᠤᠴᠠ ᠂ ᠰᠤᠷᠭᠠᠨ ᠬᠥᠮᠦᠵᠢᠯ ᠂ ᠡᠮᠴᠢᠯᠡᠭᠡ ᠂ ᠨᠡᠶᠢᠭᠡᠮ ᠤᠨ ᠳᠠᠭᠠᠳᠬᠠᠯ ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ | ᠨᠡᠩ ᠰᠠᠶᠢᠲᠤᠷ ᠦᠢᠯᠡᠴᠢᠯᠡᠭᠡ ᠬᠠᠩᠭᠠᠬᠤ ᠬᠡᠷᠡᠭᠲᠡᠢ ᠃ ᠣᠯᠠᠨ ᠲᠦᠮᠡᠨ ᠤ ︽ᠰᠠᠶᠢᠨ ᠭᠡᠷ ᠪᠠᠶᠢᠰᠢᠩ ᠂ ᠰᠠᠶᠢᠨ | ᠰᠠᠭᠤᠭᠠᠯᠢ ᠲᠣᠭᠤᠷᠢᠭ ︾ ᠤᠨ ᠬᠦᠰᠡᠯ ᠡᠷᠡᠮᠡᠯᠵᠡᠯ ᠳᠦᠭᠦᠷᠡᠩ ᠪᠠᠶᠢᠵᠤ ᠂ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ ᠂ ᠬᠠᠭᠤᠴᠢᠨ | ᠰᠠᠭᠤᠭᠠᠯᠢ ᠲᠣᠭᠤᠷᠢᠭ ᠤᠨ ᠡᠵᠡ ᠮᠡᠳᠡᠵᠦ ᠰᠢᠨᠡᠳᠬᠡᠬᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡᠨ ᠭᠡᠷ | ᠪᠠᠶᠢᠰᠢᠩ ᠪᠣᠷᠣᠯᠠᠭᠤᠯᠬᠤ ᠵᠡᠷᠭᠡ ᠰᠢᠨ᠎ᠡ ᠬᠡᠪ ᠵᠠᠭᠪᠤᠷ ᠢ ᠳᠡᠯᠭᠡᠷᠡᠭᠦᠯᠵᠦ ᠂ ᠬᠤᠲᠠ ᠶᠢᠨ ᠪᠠᠶᠢᠳᠠᠯ ᠳᠤ ᠨᠢ | ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠬᠤᠳᠠᠯᠳᠤᠨ ᠠᠪᠬᠤ ᠶᠢ ᠨᠢ | ᠤᠷᠮᠠᠰᠢᠭᠤᠯᠬᠤ ᠲᠦᠷᠦ ᠶᠢᠨ ᠪᠣᠳᠣᠯᠭ᠎ᠠ ᠨᠡᠶᠢᠲᠡᠯᠡᠵᠦ ᠂ ᠪᠠᠲᠤᠯᠠᠭᠠᠲᠤ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠳᠠᠷᠠᠭᠠᠨ᠎ᠠ ᠃ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠂ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠶᠢ ᠲᠦᠷᠭᠡᠳᠬᠡᠨ ᠪᠠᠶᠢᠭᠤᠯᠵᠤ ᠂ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢ ᠳ᠋ᠢᠭᠢᠳ᠋ᠴᠢᠯᠡᠨ ᠥᠭᠡᠷᠡᠴᠢᠯᠡᠨ ᠰᠢᠨᠡᠳᠬᠡᠬᠦ ᠂ ᠣᠶᠤᠨᠴᠢᠯᠠᠨ ᠳᠡᠰ | ᠳᠡᠪᠰᠢᠭᠦᠯᠬᠦ ᠶᠢ ᠬᠦᠴᠦᠯᠡᠨ ᠠᠬᠢᠭᠤᠯᠵᠤ ᠂ ᠬᠠᠭᠤᠴᠢᠨ ᠰᠠᠭᠤᠭᠠᠯᠢ ᠲᠣᠭᠤᠷᠢᠭ ᠢ 1291 ᠂ ᠡᠯ᠎ᠡ ᠲᠥᠷᠥᠯ ᠤᠨ | ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠵᠦ ᠂ ᠵᠠᠬ᠎ᠠ ᠳᠡᠯᠭᠡᠭᠦᠷᠴᠢᠯᠡᠭᠰᠡᠨ | ᠬᠡᠪ ᠵᠠᠭᠪᠤᠷ ᠢᠶᠠᠷ ᠪᠠᠰᠠ ᠨᠢᠭᠡ ᠪᠦᠯᠦᠭ ᠠᠷᠠᠳ ᠲᠤ ᠳᠦᠭᠦᠮ ᠦᠵᠡᠬᠦᠯᠬᠦ ᠴᠠᠬᠢᠯᠭᠠᠨ ᠴᠡᠨᠡᠭᠯᠡᠬᠦ ᠱᠣᠩ ᠢ ᠪᠦᠲᠦᠭᠡᠨ | ᠪᠠᠶᠢᠭᠤᠯᠤᠨ᠎ᠠ ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠠᠴᠠ ᠪᠣᠯᠤᠭᠰᠠᠨ | ᠠᠵᠠ ᠲᠣᠬᠢᠶᠠᠯ ᠢ ᠴᠢᠩᠭ᠎ᠠ ᠠᠳᠬᠤᠨ᠎ᠠ ᠃ ᠮᠠᠨ ᠤ ᠣᠷᠣᠨ ᠤ 60 ᠨᠠᠰᠦᠨ ᠠᠴᠠ ᠳᠡᠭᠡᠭᠰᠢᠬᠢ ᠨᠠᠰᠤᠲᠠᠶᠢᠴᠤᠳ | ᠵᠢᠯ ᠪᠦᠷᠢ ᠳᠤᠮᠳᠠᠴᠢ ᠪᠠᠷ 30 ᠲᠦᠮᠡ ᠰᠢᠨ᠎ᠡ ᠪᠠᠷ ᠨᠡᠮᠡᠭᠳᠡᠵᠦ ᠪᠠᠶᠢᠨ᠎ᠠ ᠂ ᠭᠡᠬᠦ ᠮᠥᠷᠲᠡᠭᠡᠨ ᠴᠢᠳᠠᠪᠤᠷᠢ ᠪᠠᠨ | ᠠᠯᠳᠠᠭᠰᠠᠨ ᠨᠠᠰᠤᠲᠠᠨ 63 ᠲᠦᠮᠡ ᠂ ᠵᠡᠮᠳᠡᠭᠴᠦᠳ 158 ᠲᠦᠮᠡ ᠂ 3 ᠨᠠᠰᠦᠨ ᠠᠴᠠ ᠳᠣᠷᠣᠭᠰᠢᠬᠢ ᠨᠢᠯᠬ᠎ᠠ | ᠨᠢᠷᠠᠢ ᠬᠡᠦᠬᠡᠳ 40 ᠲᠦᠮᠡ ᠪᠠᠶᠢᠵᠤ ᠂ ᠨᠠᠰᠤᠵᠢᠯ ᠤᠨ ᠠᠰᠠᠷᠠᠮᠵᠢ ᠂ ᠬᠡᠦᠬᠡᠳ ᠪᠤᠶᠢᠵᠢᠭᠤᠯᠬᠤ ᠂ ᠬᠠᠷᠠᠭᠠᠯᠵᠠᠨ | ᠠᠰᠠᠷᠠᠬᠤ ᠂ ᠭᠡᠷ ᠠᠬᠤᠢ ᠵᠡᠷᠭᠡ ᠶᠢᠨ ᠦᠢᠯᠡᠴᠢᠯᠡᠭᠡ ᠪᠣᠯ ᠬᠡᠷᠡᠭᠴᠡᠭᠡ ᠱᠠᠭᠠᠷᠳᠠᠯᠭ᠎ᠠ ᠲᠠᠢ ᠶᠤᠮ ᠂ ᠵᠠᠩᠭᠢᠯᠠᠭ᠎ᠠ ᠶᠢᠨ | ᠠᠰᠠᠭᠤᠳᠠᠯ ᠨᠢ ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ ᠂ ︽ᠰᠠᠶᠢᠨ ᠠᠨᠢᠶ᠎ᠠ ︾᠂ ︽ᠰᠠᠶᠢᠨ | ᠰᠤᠪᠢᠯᠠᠭᠴᠢ ︾ ᠠᠮᠠᠷᠬᠠᠨ ᠣᠯᠳᠠᠬᠤ ᠦᠭᠡᠢ ᠂ ᠬᠡᠷᠡᠭᠯᠡᠵᠦ ᠬᠦᠴᠦᠷᠡᠬᠦ ᠦᠭᠡᠢ ᠂ ᠦᠯᠡᠳᠡᠭᠡᠵᠦ ᠳᠡᠶᠢᠯᠬᠦ ᠦᠭᠡᠢ | ᠪᠠᠶᠢᠵᠤ ᠂ ᠪᠠᠲᠤᠯᠠᠭ᠎ᠠ ᠲᠠᠢ ᠪᠥᠭᠡᠳ ᠴᠢᠨᠠᠷ ᠴᠢᠨᠰᠠᠭ᠎ᠠ ᠲᠠᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠴᠤ ᠴᠥᠭᠡᠨ | ᠪᠠᠶᠢᠨ᠎ᠠ ᠃ ᠨᠠᠰᠤᠲᠠᠨ ᠢ ᠠᠰᠠᠷᠠᠬᠤ ᠪᠠ ᠨᠠᠶᠢᠳᠠᠵᠤ ᠰᠠᠭᠠᠲᠠᠭᠤᠯᠬᠤ ᠂ ᠭᠡᠷ ᠠᠬᠤᠢ ᠶᠢᠨ ᠦᠢᠯᠡᠴᠢᠯᠡᠭᠡ ᠵᠡᠷᠭᠡ | ᠬᠦᠷᠢᠶ᠎ᠡ ᠴᠠᠷᠠᠭᠠᠨ ᠤ ᠲᠣᠭᠤᠷᠢᠨ ᠳᠤ ᠂ ᠶᠡᠭᠡ ᠬᠡᠪᠴᠢᠶᠡᠨ ᠤ ᠬᠠᠨᠳᠤᠯᠭᠠᠲᠤ ᠴᠢᠨᠠᠷ ᠢᠶᠠᠷ ᠴᠢᠩᠭ᠎ᠠ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠵᠦ ᠂ ᠨᠢᠭᠡ ᠪᠦᠯᠦᠭ | ᠢᠲᠡᠭᠡᠮᠵᠢᠲᠡᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠠ ᠳᠠᠭᠤᠷᠢᠰᠬᠠᠯ ᠲᠠᠢ ᠦᠢᠯᠡᠴᠢᠯᠡᠭᠡᠨ ᠤ ᠨᠡᠷᠡᠲᠦ ᠲᠡᠮᠳᠡᠭ ᠢ | ᠴᠣᠭᠴᠠᠯᠠᠨ᠎ᠠ ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ ᠂ ᠨᠠᠰᠤᠲᠠᠶᠢᠴᠤᠳ ᠤᠨ | ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠵᠢᠭᠤᠯᠴᠢᠯᠠᠨ | ᠰᠠᠭᠤᠷᠢᠰᠢᠬᠤ ᠨᠠᠰᠤᠵᠢᠯ ᠤᠨ ᠠᠰᠠᠷᠠᠮᠵᠢ ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠂ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠂ ᠡᠮᠴᠢᠯᠡᠭᠡ ᠪᠠ ᠰᠤᠪᠢᠯᠠᠯᠲᠠ ᠶᠢᠨ ᠤᠶᠠᠯᠳᠤᠯ ᠵᠡᠷᠭᠡ ᠡᠵᠡᠩᠨᠡᠯᠲᠡ ᠶᠢᠨ | ᠪᠠᠶᠢᠳᠠᠯ ᠢ ᠪᠠᠶᠠᠯᠢᠭᠵᠢᠭᠤᠯᠵᠤ ᠂ ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ | ᠨᠡᠮᠡᠭᠳᠡᠭᠦᠯᠦᠨ᠎ᠡ ᠃ ᠬᠡᠦᠬᠡᠳ ᠤᠨ ᠬᠡᠷᠡᠭᠯᠡᠭᠡ ᠶᠡᠷᠦ ᠠᠴᠠ ︽ᠨᠢᠭᠡ ᠯᠡ ᠬᠥᠮᠥᠨ ᠪᠦᠬᠦ ᠭᠡᠷ ᠤᠨ ᠬᠡᠷᠡᠭᠯᠡᠭᠡ ᠶᠢ | ᠳᠠᠶᠢᠴᠢᠯᠠᠬᠤ ︾ ᠶᠤᠮ ᠂ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠂ ᠡᠴᠢᠭᠡ ᠡᠬᠡ ᠦᠷ᠎ᠡ ᠬᠡᠦᠬᠡᠳ ᠤᠨ | ᠦᠢᠯᠡᠴᠢᠯᠡᠭᠡ ᠂ ᠭᠤᠣᠯ ᠰᠡᠳᠦᠪᠲᠦ ᠨᠠᠭᠠᠳᠤᠮ ᠲᠣᠭᠯᠠᠭᠠᠮ ᠵᠡᠷᠭᠡ ᠬᠡᠷᠡᠭᠯᠡᠭᠡ ᠶᠢᠨ ᠬᠠᠨᠳᠤᠰᠢ ᠳᠤ ᠨᠡᠶᠢᠴᠡᠭᠦᠯᠦᠨ ᠂ | ᠡᠵᠡᠩᠨᠡᠯᠲᠡ ᠶᠢᠨ ᠠᠬᠤᠢ ᠪᠠᠶᠢᠳᠠᠯ ᠳᠤ ᠰᠢᠨ᠎ᠡ ᠶᠢ ᠡᠭᠦᠳᠴᠦ ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠦᠨ᠎ᠡ ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠢ ᠪᠣᠯᠤᠭᠰᠠᠨ ᠠᠵᠠ ᠳᠣᠬᠢᠶᠠᠯ ᠢ ᠴᠢᠩᠭ᠎ᠠ | ᠠᠳᠬᠤᠨ᠎ᠠ᠃ ᠥᠪᠥᠷ ᠮᠣᠩᠭᠤᠯ ᠳᠤ ᠬᠥᠮᠥᠨ ᠠᠮᠠ ᠬᠠᠷᠢᠴᠠᠩᠭᠤᠢ ᠴᠥᠭᠡᠨ᠂ ᠬᠡᠷᠡᠭᠯᠡᠭᠡ ᠶᠢᠨ ᠴᠢᠳᠠᠪᠤᠷᠢ | ᠬᠢᠵᠠᠭᠠᠷ ᠲᠠᠢ ᠪᠣᠯᠬᠤᠷ᠂ ᠬᠡᠷᠡᠭᠯᠡᠭᠡ ᠶᠢ ᠠᠳᠬᠤᠬᠤ ᠳᠤ ᠪᠠᠨ ᠣᠷᠣᠨ ᠤ ᠳᠣᠲᠣᠭᠠᠳᠤ ᠳᠤ ᠪᠠᠨ ᠠᠩᠬᠠᠷᠤᠯ ᠢᠶᠠᠨ | ᠬᠠᠨᠳᠤᠭᠤᠯᠬᠤ ᠪᠠᠷ ᠦᠯᠦ ᠪᠠᠷᠠᠨ᠂ ᠣᠷᠣᠨ ᠤ ᠭᠠᠳᠠᠨᠠᠬᠢ ᠶᠢ ᠴᠦ ᠠᠩᠬᠠᠷᠬᠤ ᠬᠡᠷᠡᠭᠲᠡᠢ᠃ ᠮᠠᠨ ᠤ ᠣᠷᠣᠨ ᠤ | 1100 ᠢᠯᠡᠭᠦᠦ ᠵᠦᠢᠯ ᠤᠨ ︽ᠥᠪᠥᠷ ᠮᠣᠩᠭᠤᠯ︾ ᠨᠡᠷᠡᠮᠵᠢᠲᠦ ᠰᠠᠶᠢᠨ ᠪᠦᠲᠦᠭᠡᠭᠳᠡᠬᠦᠨ ᠪᠦᠬᠦ ᠤᠯᠤᠰ ᠲᠤ | ᠵᠠᠬ᠎ᠠ ᠳᠡᠯᠭᠡᠭᠦᠷ ᠲᠠᠢ ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠨᠢ ᠣᠳᠣ ᠦᠶ᠎ᠡ ᠶᠢᠨ | ᠬᠡᠷᠡᠭᠯᠡᠭᠡ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ | ᠣᠬᠤᠷ ᠸᠢᠳᠢᠤ᠋ ᠪᠠᠷ ᠡᠵᠡᠩᠨᠡᠨ ᠪᠣᠷᠣᠯᠠᠭᠤᠯᠬᠤ᠂ ᠠᠩᠬ᠎ᠠ ᠲᠠᠷᠬᠠᠭᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ | ᠬᠡᠪ ᠵᠠᠭᠪᠤᠷ ᠢ ᠰᠠᠶᠢᠲᠤᠷ ᠬᠡᠷᠡᠭᠯᠡᠵᠦ᠂ ᠮᠠᠨ ᠤ ᠣᠷᠣᠨ ᠤ ᠪᠣᠬᠢᠷᠳᠤᠯ ᠦᠭᠡᠢ ᠪᠥᠭᠡᠳ ᠣᠨᠴᠠᠯᠢᠭ ᠲᠠᠢ ᠴᠢᠨᠠᠷ | ᠰᠠᠶᠢᠲᠠᠢ ᠪᠦᠲᠦᠭᠡᠭᠳᠡᠬᠦᠨ ᠢᠶᠠᠨ ᠪᠦᠬᠦ ᠤᠯᠤᠰ ᠲᠤ ᠭᠠᠷᠭᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ ᠤ | ᠣᠷᠣᠨ ᠤ ᠵᠢᠯ ᠪᠦᠷᠢ ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ | ᠬᠦᠷᠴᠦ᠂ ᠡᠨᠡ ᠬᠦ ᠡᠭᠦᠳᠡᠨ ᠳᠤ ᠰᠠᠭᠠᠲᠠᠭᠰᠠᠨ ᠬᠡᠷᠡᠭᠯᠡᠭᠡ ᠳᠤ ᠪᠠᠰᠠ ᠮᠠᠰᠢ ᠶᠡᠭᠡ ᠳᠠᠯᠳᠠ ᠬᠦᠴᠦᠨ ᠨᠢᠭᠤᠭᠳᠠᠵᠤ | ᠪᠠᠶᠢᠬᠤ ᠪᠣᠯᠬᠤᠷ ︽ᠥᠪᠥᠷ ᠮᠣᠩᠭᠤᠯ ᠤᠨ ᠦᠨᠦᠷ ᠠᠮᠲᠠ︾ ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ | ᠤᠷᠠᠯᠠᠯ ᠤᠨ ᠪᠦᠲᠦᠭᠡᠯ᠂ ᠰᠣᠶᠣᠯ ᠤᠨ ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ ᠢ ᠨᠡᠩ ᠣᠯᠠᠨ | ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠪᠦᠷᠢ ᠶᠢ ᠥᠪᠡᠷ ᠤᠨ ᠢᠶᠠᠨ ᠲᠠᠭᠠᠰᠢᠶᠠᠭᠰᠠᠨ ᠨᠢᠭᠡᠨ ᠬᠤᠪᠢ ︽ᠭᠠᠷ | ᠪᠡᠯᠡᠭ︾ ᠲᠠᠢ ᠪᠤᠴᠠᠭᠠᠬᠤ ᠪᠣᠯᠭᠠᠨ᠎ᠠ᠃ ᠡᠯ᠎ᠡ ᠭᠠᠵᠠᠷ ᠣᠷᠣᠨ ᠨᠢ ᠴᠥᠮ ᠬᠦᠴᠦ ᠵᠠᠷᠤᠴᠠᠭᠤᠯᠵᠤ ᠪᠠᠶᠢᠭᠠᠳ ᠡᠷᠬᠢᠨ | ᠲᠣᠭᠤᠷᠢᠨ ᠤ ᠭᠠᠵᠠᠷ ᠣᠷᠣᠨ ᠤ ᠨᠡᠩ ᠣᠯᠠᠨ ᠬᠥᠮᠥᠰ ᠢ ᠲᠠᠲᠠᠨ ᠠᠪᠴᠢᠷᠠᠵᠤ ᠮᠠᠨ ᠤ ᠣᠷᠣᠨ ᠳᠤ ᠲᠣᠭᠤᠷᠢᠨ | ᠵᠤᠭᠠᠴᠠᠭᠤᠯᠵᠤ ᠬᠡᠷᠡᠭᠯᠡᠭᠡ ᠳᠤ ᠣᠷᠣᠯᠴᠠᠭᠤᠯᠤᠨ᠂ ᠮᠠᠨ ᠤ ᠦᠢᠯᠡᠴᠢᠯᠡᠭᠡ ᠶᠢ ᠬᠦᠷᠲᠡᠭᠡᠨ᠂ ᠮᠠᠨ ᠤ ᠦᠢᠯᠡᠳᠬᠦᠨ ᠢ | ᠬᠤᠳᠠᠯᠳᠤᠨ ᠠᠪᠤᠭᠤᠯᠵᠤ᠂ ᠵᠤᠭᠠᠴᠠᠨ ᠺᠠᠷᠳ᠋ᠯᠠᠭᠤᠯᠬᠤ ᠮᠥᠷᠲᠡᠭᠡᠨ ᠺᠠᠷᠲ ᠵᠤᠷᠠᠭᠤᠯᠣᠨᠠ᠃ ᠦᠵᠡᠭᠦᠯᠭᠡ ᠶᠢᠨ ᠠᠵᠤ | ᠠᠬᠤᠢ ᠶᠢ ᠶᠡᠭᠡ ᠪᠠᠷ ᠬᠥᠭᠵᠢᠭᠦᠯᠵᠦ᠂ ᠦᠵᠡᠭᠦᠯᠭᠡ ᠪᠠᠷ ᠪᠣᠷᠤᠯᠠᠭᠤᠯᠭ᠎ᠠ ᠶᠢ ᠠᠬᠢᠭᠤᠯᠬᠤ᠂ ᠦᠵᠡᠭᠦᠯᠭᠡ ᠪᠠᠷ | ᠬᠤᠳᠠᠯᠳᠤᠭ᠎ᠠ ᠶᠢ ᠠᠬᠢᠭᠤᠯᠬᠤ᠂ ᠠᠵᠤ ᠦᠢᠯᠡᠰ ᠪᠠ ᠦᠵᠡᠭᠦᠯᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ | ᠬᠡᠷᠡᠭᠯᠡᠭᠡ ᠶᠢ ᠨᠡᠩ ᠰᠠᠶᠢᠲᠤᠷ ᠲᠠᠶᠢᠴᠢᠯᠠᠨ᠂ ᠠᠵᠤ ᠦᠢᠯᠡᠰ ᠢ ᠨᠡᠩ ᠰᠠᠶᠢᠲᠤᠷ ᠪᠥᠭᠡᠮᠨᠡᠷᠡᠭᠦᠯᠦᠨᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ | ᠦᠷᠭᠦᠯᠵᠢᠯᠡᠨ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ | ᠬᠥᠭᠵᠢᠭᠦᠯᠦᠨ᠎ᠡ ᠃ ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ ᠂ ᠨᠡᠩ ᠴᠦ ᠢᠷᠡᠭᠡᠳᠦᠢ ᠦᠭᠡᠢ | ᠶᠤᠮ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠥᠬᠦᠷᠡᠰᠢ ᠦᠭᠡᠢ ᠤᠳᠠᠭᠠᠨ | ᠳᠠᠭᠠᠭᠠᠮᠠᠭᠠᠢ ᠪᠠᠷ ᠠᠵᠢᠯᠯᠠᠬᠤ ᠶᠢ ᠡᠷᠬᠢᠮᠯᠡᠨ᠎ᠡ ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠦᠨ ᠂ 20% ᠶᠢᠨ | ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ ᠂ ᠠᠵᠤ ᠠᠬᠤᠶᠢᠯᠠᠯ ᠂ ᠶᠡᠭᠡ ᠳᠡᠭᠡᠳᠦ | ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠨ ᠴᠢᠩᠭᠠᠳᠬᠠᠬᠤ ᠂ ᠵᠠᠷᠤᠳᠠᠯ ᠤᠨ ᠣᠷᠤᠭᠤᠯᠤᠯᠲᠠ ᠪᠠᠨ | ᠨᠡᠮᠡᠭᠳᠡᠭᠦᠯᠬᠦ ᠶᠢ ᠳᠠᠶᠢᠴᠢᠯᠠᠨ ᠳᠠᠭᠠᠭᠤᠯᠤᠨ᠎ᠠ ᠃ ᠴᠡᠭ ᠪᠠᠶᠢᠷᠢᠯᠠᠯ ᠤᠨ ᠲᠣᠭᠤᠷᠢᠨ ᠳᠤ ︽ᠪᠦᠰᠡᠯᠡᠯᠲᠡ | ᠰᠢᠪᠲᠤᠯᠬᠤ ︾ ᠶᠢ ᠠᠳᠬᠤᠨ᠎ᠠ ᠂ ᠨᠢᠳᠤᠨᠤᠨ ᠤ ᠪᠠᠶᠢᠷᠢᠰᠢᠭᠤᠯᠤᠭᠰᠠᠨ 5 ᠴᠡᠭ ᠪᠠᠶᠢᠷᠢᠯᠠᠯ ᠤᠨ ᠰᠠᠭᠤᠷᠢᠨ ᠳᠡᠭᠡᠷ᠎ᠡ ᠂ | ᠡᠨᠡ ᠵᠢᠯ ᠵᠣᠬᠢᠶᠠᠮᠠᠯ ᠤᠶᠤᠨ + ᠂ ᠳᠣᠣᠷ᠎ᠠ ᠠᠭᠠᠷ ᠤᠨ ᠠᠵᠤ ᠠᠬᠤᠢ ᠂ ᠠᠮᠢᠳᠤ ᠪᠣᠳᠠᠰ ᠤᠨ ᠮᠡᠷᠭᠡᠵᠢᠯ ᠵᠡᠷᠭᠡ | ᠬᠦᠷᠢᠶ᠎ᠡ ᠴᠠᠷᠠᠭᠠᠨ ᠳᠤ ᠪᠠᠰᠠ ᠨᠢᠭᠡ ᠪᠦᠯᠦᠭ ᠰᠢᠨ᠎ᠡ ᠴᠡᠭ ᠪᠠᠶᠢᠷᠢᠯᠠᠯ ᠢ ᠡᠬᠢᠯᠡᠭᠦᠯᠵᠦ ᠂ ᠳᠠᠪᠠᠭᠤᠯᠢᠭ ᠡᠬᠢ | ᠪᠠᠶᠠᠯᠢᠭ ᠢ ᠲᠥᠪᠯᠡᠷᠡᠭᠦᠯᠦᠨ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ ᠂ ᠭᠤᠣᠯᠯᠠᠬᠤ ᠮᠡᠷᠭᠡᠵᠢᠯ ᠳᠤ | ᠲᠦᠷᠭᠡᠬᠡᠨ ᠰᠢᠪᠲᠤᠯᠤᠯᠲᠠ ᠭᠠᠷᠭᠠᠵᠤ ᠂ ︽ᠡᠬᠢᠯᠡᠵᠦ ᠭᠦᠶᠦᠮᠡᠭᠴᠡ ᠲᠦᠷᠦᠭᠦᠯᠡᠬᠦ ︾ ᠶᠢ ᠪᠡᠶᠡᠯᠡᠭᠦᠯᠬᠦ ᠪᠠᠷ | ᠴᠢᠷᠮᠠᠶᠢᠨ᠎ᠠ ᠃ ᠠᠵᠤ ᠦᠢᠯᠡᠰ ᠤᠨ ᠳᠤᠲᠠᠭᠤᠳᠠᠯ ᠤᠨ ᠲᠣᠭᠤᠷᠢᠨ ᠳᠤ ᠰᠢᠨ᠎ᠡ ᠶᠢ ᠡᠭᠦᠳᠬᠦ ᠶᠢ ᠠᠳᠬᠤᠨ᠎ᠠ ᠂ ᠠᠵᠤ | ᠦᠢᠯᠡᠰ ᠤᠨ ᠬᠥᠭᠵᠢᠯᠲᠡ ᠶᠢᠨ ᠪᠣᠭᠤᠮᠢ ᠬᠦᠯᠢᠶᠡᠰᠦᠯᠡᠯ ᠪᠣᠯ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ | ᠮᠥᠨ ᠃ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠡᠯᠬᠢᠶᠡᠨ ᠤ ᠲᠦᠭᠵᠢᠷᠡᠯ ᠲᠠᠰᠤᠷᠬᠠᠢ ᠴᠡᠭ ᠢ | ᠨᠠᠪᠲᠠᠷᠡᠭᠦᠯᠵᠦ ᠂ ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢᠯᠡᠰ ᠤᠨ | ᠬᠡᠯᠬᠢᠶᠡᠨ ᠤ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠰᠢᠨ᠎ᠡ ᠶᠢ | ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ | ᠠᠬᠤᠶᠢᠯᠠᠯ ᠂ ︽ᠪᠢᠴᠢᠬᠠᠨ ᠠᠪᠤᠷᠭᠤ ︾ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠢ | ᠱᠠᠲᠤᠯᠠᠨ ᠬᠥᠮᠥᠵᠢᠭᠦᠯᠬᠦ ᠲᠣᠭᠲᠠᠯᠴᠠᠭ᠎ᠠ ᠪᠠᠨ ᠪᠦᠷᠢᠨᠰᠢᠭᠦᠯᠦᠨ ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠪᠠᠷ ᠬᠦᠴᠦᠯᠡᠨ | ᠴᠢᠷᠮᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠰᠠᠶᠢᠲᠤᠷ | ᠠᠰᠢᠭᠯᠠᠨ᠎ᠠ ᠂ ︽ᠤᠯᠤᠰ ᠤᠨ ᠠᠩᠭᠢ ︾ ᠶᠢ ᠦᠷᠭᠦᠯᠵᠢᠯᠡᠨ ᠪᠤᠵᠠᠭᠠᠶᠢᠷᠠᠭᠤᠯᠵᠤ ᠂ ᠬᠤᠸᠠᠢ ᠷᠧᠦ ᠶᠢᠨ ᠤᠯᠤᠰ ᠤᠨ | ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠂ ᠬᠦᠬᠡᠬᠤᠲᠠ ᠪᠤᠭᠤᠲᠤ ᠣᠷᠳᠣᠰ ᠤᠨ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠣᠷᠣᠨ ᠂ ᠡᠪᠡᠰᠦᠨ ᠤ | ᠦᠢᠯᠡᠰ ᠤᠨ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠶᠢ ᠪᠦᠬᠦ | ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ ︔ ︽ᠣᠷᠣᠨ ᠨᠤᠲᠤᠭ ᠤᠨ ᠠᠩᠭᠢ ︾ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠂ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠂ ᠣᠷᠳᠣᠰ ᠤᠨ ᠲᠤᠷᠰᠢᠯᠲᠠ ᠶᠢᠨ | ᠲᠠᠰᠤᠭ ᠢ ᠰᠠᠶᠢᠲᠤᠷ ᠪᠦᠲᠦᠭᠡᠨ ᠪᠠᠶᠢᠭᠤᠯᠤᠨ ᠂ ᠪᠤᠭᠤᠲᠤ ᠬᠤᠲᠠ ᠶᠢᠨ ᠲᠤᠷᠰᠢᠯᠲᠠ ᠶᠢᠨ ᠲᠠᠰᠤᠭ ᠢ ᠵᠣᠬᠢᠶᠠᠨ | ᠪᠠᠶᠢᠭᠤᠯᠵᠤ ᠂ ᠣᠨᠴᠠᠭᠠᠶᠢᠯᠠᠨ ︽ᠮᠧᠩ ᠺᠧ ᠵᠢᠦᠢ ︾ ᠶᠡᠷᠦᠩᠬᠡᠢ ᠲᠠᠪᠴᠠᠩ ᠶᠡᠷᠦᠩᠬᠡᠢ ᠬᠦᠢᠰᠦ ᠶᠢᠨ ᠦᠢᠯᠡᠳᠦᠯ ᠢ | ᠰᠠᠶᠢᠲᠤᠷ ᠪᠠᠳᠠᠷᠠᠭᠤᠯᠤᠨ ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠶᠢ ᠵᠠᠭᠤᠨ ᠳ᠋ᠦᠩᠰᠢᠭᠤᠷ ᠠᠴᠠ | ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠬᠥᠭᠵᠢᠭᠰᠡᠨ ᠮᠤᠵᠢ ᠣᠷᠣᠨ ᠤ ᠰᠤᠳᠤᠯᠤᠨ ᠨᠡᠭᠡᠭᠡᠬᠦ ᠴᠢᠳᠠᠪᠤᠷᠢ | ᠴᠢᠩᠭ᠎ᠠ ᠂ ᠭᠡᠪᠡᠴᠦ ᠮᠠᠨ ᠤ ᠣᠷᠣᠨ ᠤ ᠬᠡᠷᠡᠭᠯᠡᠯᠲᠡ ᠶᠢᠨ ᠠᠬᠤᠢ ᠪᠠᠶᠢᠳᠠᠯ ᠣᠯᠠᠨ ᠶᠤᠮ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ | ᠪᠠᠶᠢᠷᠢᠯᠠᠭᠤᠯᠪᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ | ᠬᠠᠮᠲᠤᠷᠠᠯᠴᠠᠭ᠎ᠠ ᠶᠢ ᠴᠢᠬᠤᠯᠠ ᠠᠭᠤᠯᠭ᠎ᠠ ᠪᠠᠨ ᠪᠣᠯᠭᠠᠵᠣ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ ᠢ ᠪᠦᠲᠦᠭᠡᠨ ᠪᠠᠶᠢᠭᠤᠯᠵᠤ᠂ | ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠶᠢᠵᠢᠭᠤᠯᠤᠨ ᠂ ᠨᠡᠩ | ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠪᠠᠨ ᠤᠯᠠᠷᠢᠭᠤᠯᠤᠨ | ᠬᠡᠷᠡᠭᠯᠡᠭᠦᠯᠦᠨ᠎ᠡ ᠃ | ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ | ᠰᠠᠭᠤᠷᠢ ᠪᠣᠯᠣᠨ᠎ᠠ ᠃ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠢᠨᠵᠧᠨᠧᠷᠢᠩ ᠢᠶᠠᠷ | ᠶᠡᠷᠦᠩᠬᠡᠢ ᠵᠢᠯᠣᠭᠤᠳᠤᠮᠵᠢ ᠪᠣᠯᠭᠠᠵᠤ ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ ᠂ ᠴᠢᠳᠠᠪᠤᠷᠢᠲᠠᠨ ᠢ ᠰᠡᠳᠬᠢᠯ ᠲᠠᠯᠪᠢᠨ ᠤᠷᠢᠵᠤ ᠂ ᠴᠢᠳᠠᠪᠤᠷᠢᠲᠠᠨ ᠢ ᠦᠨᠡᠨᠴᠢ ᠪᠠᠷ ᠦᠯᠡᠳᠡᠭᠡᠵᠦ ᠂ | ᠴᠢᠳᠠᠪᠤᠷᠢᠲᠠᠨ ᠢ ᠨᠠᠨᠳᠢᠩᠨᠠᠨ ᠬᠡᠷᠡᠭᠯᠡᠵᠦ ᠂ ᠰᠢᠨᠵᠢᠯᠡᠬᠦ ᠤᠬᠠᠭᠠᠨ ᠤ ᠰᠤᠳᠤᠯᠤᠯ ᠳᠤ ᠵᠠᠷᠤᠳᠠᠯ ᠤᠨ ᠳᠡᠮᠵᠢᠯᠭᠡ | ᠦᠵᠡᠭᠦᠯᠬᠦ ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠂ ᠰᠠᠭᠠᠳ ᠦᠭᠡᠢ ᠨᠡᠪᠲᠡᠷᠡᠬᠦ ᠵᠠᠮ | ᠪᠠᠶᠢᠭᠤᠯᠬᠤ ᠂ ᠬᠥᠯᠥᠰᠦ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠬᠤ ᠂ ᠮᠡᠷᠭᠡᠵᠢᠯ ᠤᠨ ᠴᠣᠯᠠ | ᠲᠣᠭᠲᠠᠭᠠᠵᠤ ᠤᠷᠢᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠦᠨ ᠂ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ ᠃ ᠰᠤᠷᠭᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠶᠢᠨ | ᠦᠨᠳᠦᠰᠦᠨ ᠠᠷᠭ᠎ᠠ ᠵᠠᠮ ᠪᠣᠯᠣᠨ᠎ᠠ ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠲᠡᠷᠢᠭᠦᠨ ᠳᠡᠰ ᠤᠨ ᠬᠢᠴᠢᠶᠡᠯ | ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ︽ᠬᠤᠣᠰ ᠲᠡᠷᠢᠭᠦᠨ ᠳᠡᠰ ︾ ᠤᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ ᠂ ᠰᠦ | ᠰᠠᠭᠠᠯᠢ ᠶᠢᠨ ᠦᠢᠯᠡᠰ ᠂ ᠬᠤᠪᠣᠷ ᠰᠢᠷᠣᠢ ᠂ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ | ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠲᠠᠢ ᠵᠣᠬᠢᠴᠠᠯᠳᠤᠭᠤᠯᠵᠤ ᠂ ᠠᠵᠤ | ᠦᠢᠯᠡᠰ ᠤᠨ ᠪᠠᠶᠢᠷᠢᠰᠢᠭᠤᠯᠤᠯᠲᠠ ᠲᠠᠢ ᠵᠣᠯᠭᠠᠭᠤᠯᠤᠨ ᠂ ᠬᠤᠲᠠ ᠶᠢᠨ ᠬᠡᠪᠴᠢᠶᠡᠨ ᠤ ᠠᠵᠤ ᠦᠢᠯᠡᠰ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠂ ᠠᠵᠢᠯ ᠲᠦᠷᠦᠯ ᠤᠨ ᠠᠵᠤ ᠦᠢᠯᠡᠰ ᠰᠤᠷᠭᠠᠨ ᠬᠥᠮᠦᠵᠢᠯ | ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ ᠂ ᠥᠪᠥᠷ ᠮᠣᠩᠭᠤᠯ ᠤᠨ | ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢᠶᠠᠨ ᠨᠡᠶᠢᠳᠬᠡᠨ ᠠᠵᠢᠯ | ᠮᠡᠷᠭᠡᠵᠢᠯ ᠤᠨ ᠦᠨᠳᠦᠰᠦᠨ ᠠᠩᠭᠢ ᠪᠠᠶᠢᠭᠤᠯᠬᠤ ᠶᠢ ᠳᠡᠮᠵᠢᠨ᠎ᠡ ᠃ | ︵ᠳᠥᠷᠪᠡ︶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ ᠂ ᠳᠠᠪᠠᠭᠤᠯᠢᠭ | ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ ᠃ ᠮᠠᠨ ᠤ | ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ ᠂ ᠭᠠᠵᠠᠷ ᠠᠭᠤᠳᠠᠮ ᠬᠥᠮᠥᠨ ᠴᠥᠭᠡᠨ ᠂ ᠦᠢᠯᠡᠳᠪᠦᠷᠢᠯᠡᠯ ᠤᠨ | ᠬᠦᠴᠦᠨ ᠵᠦᠢᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ ᠂ ᠠᠵᠤ ᠦᠢᠯᠡᠰ ᠢ ᠬᠥᠭᠵᠢᠭᠦᠯᠬᠦ ᠳᠤ ᠡᠷᠬᠡᠪᠰᠢ ᠠᠮᠢ | ᠠᠬᠤᠢ ᠶᠢ ᠤᠷᠢᠳ ᠢᠶᠠᠷ ᠪᠣᠳᠣᠯᠬᠢᠯᠠᠨ ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ | ᠪᠠᠷᠢᠮᠲᠠᠯᠠᠵᠤ ᠂ ᠣᠷᠣᠨ ᠳᠠᠶᠠᠭᠠᠷ ︽ᠨᠢᠭᠡ ᠬᠥᠯᠭᠡ ᠰᠢᠲᠠᠷ᠎ᠠ ᠰᠢᠭ᠋ ︾ ᠪᠠᠶᠢᠬᠤ ᠶᠢ ᠡᠷᠬᠡᠪᠰᠢ ᠪᠠᠷᠢᠮᠲᠠᠯᠠᠵᠤ ᠂ ᠵᠠᠭᠤᠨ | ᠳ᠋ᠦᠩᠰᠢᠭᠤᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠨᠡᠶᠢᠳᠬᠡᠨ ᠪᠠᠶᠢᠭᠤᠯᠵᠤ ᠂ ᠠᠷᠪᠠᠨ ᠶᠡᠭᠡ ᠠᠵᠤ ᠦᠢᠯᠡᠰ | ᠤᠨ ᠪᠦᠯᠦᠭᠵᠢᠯ ᠢ ᠰᠡᠳᠬᠢᠯ ᠲᠠᠯᠪᠢᠨ ᠴᠣᠭᠴᠠᠯᠠᠵᠤ᠂ ᠥᠨᠳᠥᠷ ᠲᠦᠪᠰᠢᠨᠳᠣ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠪᠯᠡᠷᠡᠵᠦ ᠪᠥᠭᠡᠮᠨᠡᠷᠡᠨ ᠡᠷᠴᠢᠮᠵᠢᠵᠦ | ᠬᠥᠭᠵᠢᠬᠦ ᠶᠢ ᠠᠬᠢᠭᠤᠯᠤᠨ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ | ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ ᠃ | ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠭ᠎ᠠ ᠠᠵᠤ ᠦᠢᠯᠡᠰ ᠤᠨ ᠲᠦᠷᠦᠭᠦᠯᠡᠬᠦ ᠪᠠᠶᠢᠷᠢ ᠶᠢ ᠨᠢ | ᠪᠠᠲᠤᠯᠠᠵᠤ᠂ ᠰᠢᠨ᠎ᠡ ᠥᠨᠳᠦᠷᠯᠢᠭ ᠢ ᠵᠠᠪᠳᠤᠨ ᠡᠵᠡᠯᠡᠬᠦ ᠶᠢ ᠠᠬᠢᠭᠤᠯᠤᠨ᠎ᠠ᠃ ᠮᠠᠨ ᠤ ᠣᠷᠣᠨ ᠤ ᠰᠦ ᠰᠠᠭᠠᠯᠢ ᠶᠢᠨ | ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠨᠢ ᠨᠢᠭᠡᠨᠲᠡ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ | ᠰᠣᠩᠭᠤᠭᠳᠠᠪᠠ᠂ ᠣᠳᠣ ᠳᠡᠯᠡᠬᠡᠢ ᠶᠢᠨ ᠳᠡᠰ ᠲᠤ ᠳᠠᠪᠰᠢᠨ ᠣᠷᠣᠬᠤ ᠪᠠᠷ ᠲᠦᠷᠭᠡᠨ ᠤᠷᠤᠭᠰᠢᠯᠠᠬᠤ ᠬᠡᠷᠡᠭᠲᠡᠢ᠃ ᠰᠦ | ᠰᠠᠭᠠᠯᠢ ᠶᠢᠨ ᠦᠢᠯᠡᠰ ᠤᠨ ᠲᠠᠯ᠎ᠠ ᠪᠠᠷ ᠳᠡᠯᠡᠬᠡᠢ ᠳᠠᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠢᠯᠢ᠂ ᠮᠧᠩ | ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠳᠡᠯᠡᠬᠡᠶᠢᠵᠢᠭᠦᠯᠬᠦ ᠪᠠᠶᠢᠯᠳᠤᠬᠤ | ᠪᠣᠳᠣᠯᠭ᠎ᠠ ᠶᠢ ᠨᠢ ᠠᠬᠢᠭᠤᠯᠵᠤ᠂ ᠣᠨᠴᠠᠭᠠᠶᠢᠯᠠᠨ ᠪᠦᠲᠦᠭᠡᠭᠳᠡᠬᠦᠨ ᠤ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ | ᠪᠢᠰᠢᠯᠠᠭ᠂ ᠰᠢᠷᠠᠰᠤ᠂ ᠰᠦᠨ ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ | ᠦᠢᠯᠡᠰ ᠢ ᠲᠦᠷᠭᠡᠳᠬᠡᠨ ᠪᠠᠶᠢᠷᠢᠰᠢᠭᠤᠯᠵᠤ᠂ ᠰᠦᠨ ᠲᠠᠯᠬ᠎ᠠ᠂ ᠲᠠᠷᠠᠭ᠂ ᠮᠥᠰᠥᠮᠡᠭ ᠤᠨ ᠵᠠᠬ᠎ᠠ ᠳᠡᠯᠭᠡᠭᠦᠷ ᠤᠨ | ᠬᠤᠪᠢᠳᠠᠴᠠ ᠶᠢ ᠥᠷᠭᠡᠳᠬᠡᠨ᠂ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ | ᠥᠷᠲᠡᠭ ᠢ 2500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠤᠪᠣᠷ ᠰᠢᠷᠣᠢ ᠶᠢᠨ | ᠲᠠᠯ᠎ᠠ ᠪᠠᠷ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ | ᠣᠨᠢᠯᠠᠨ ᠂ ︽ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ ︾᠂ ︽ᠬᠤᠪᠣᠷ ᠰᠢᠷᠣᠢ ᠠᠴᠠ ᠮᠠᠲ᠋ᠧᠷᠢᠶᠠᠯ | ᠪᠣᠯᠭᠠᠬᠤ ︾᠂ ︽ᠮᠠᠲ᠋ᠧᠷᠢᠶᠠᠯ ᠢ ᠬᠡᠷᠡᠭᠯᠡᠯᠲᠡ ᠳᠤ ᠣᠷᠣᠭᠤᠯᠬᠤ ︾ ᠠᠵᠢᠯ ᠢ ᠰᠠᠶᠢᠲᠤᠷ ᠬᠢᠵᠦ᠂ ᠪᠦᠬᠦ ᠬᠡᠯᠬᠢᠶᠡᠨ ᠤ | ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ ᠲᠣᠭᠲᠠᠯᠴᠠᠭ᠎ᠠ ᠪᠠᠨ | ᠲᠡᠭᠦᠯᠳᠡᠷᠵᠢᠭᠦᠯᠦᠨ᠂ ︽ᠬᠤᠪᠣᠷ ᠰᠢᠷᠣᠢ +︾ ᠠᠵᠤ ᠦᠢᠯᠡᠰ ᠤᠨ ᠡᠪᠴᠡᠯᠳᠦᠨ ᠬᠥᠭᠵᠢᠬᠦ ᠣᠷᠣᠨ ᠵᠠᠢ ᠶᠢ | ᠥᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1300 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠠᠯ᠎ᠠ ᠪᠠᠷ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠨᠡᠶᠢᠯᠡᠯᠭᠡ ᠮᠠᠲ᠋ᠧᠷᠢᠶᠠᠯ᠂ | ᠲᠡᠷᠢᠭᠦᠨ ᠤ ᠨᠡᠭᠦᠷᠡᠰᠦᠳᠦ᠋ᠷᠦᠭᠴᠢ ᠮᠠᠲ᠋ᠧᠷᠢᠶᠠᠯ᠂ ᠵᠠᠳᠠᠷᠠᠬᠤᠶᠢᠴᠠ ᠮᠠᠲ᠋ᠧᠷᠢᠶᠠᠯ ᠵᠡᠷᠭᠡ ᠳᠡᠭᠡᠳᠦ ᠲᠡᠰᠵᠢᠭᠰᠡᠨ | ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠶᠢᠨ ᠡᠪᠴᠡᠯᠳᠦᠨ | ᠬᠥᠭᠵᠢᠬᠦ ᠶᠢ ᠠᠬᠢᠭᠤᠯᠵᠤ᠂ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ ᠂ ᠤᠯᠤᠰ ᠤᠨ | ᠡᠨᠧᠷᠬᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ ᠪᠤᠤ ᠹᠧᠩ ᠪᠦᠯᠦᠭᠯᠡᠯ ᠤᠨ ᠨᠡᠭᠦᠷᠡᠰᠦ ᠪᠠᠷ | ᠠᠯᠺᠧᠨ ᠨᠡᠭᠦᠷᠦᠭᠴᠢ ᠦᠢᠯᠡᠳᠬᠦ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠬᠡᠯᠬᠢᠶᠡᠨ ᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠭᠠᠷᠤᠢ ᠲᠥᠭᠦᠷᠢᠭ ᠲᠤ ᠲᠣᠭᠲᠠᠪᠤᠷᠢᠵᠢᠭᠤᠯᠬᠤ ᠪᠠᠷ | ᠬᠦᠴᠦᠯᠡᠨ ᠴᠢᠷᠮᠠᠶᠢᠨ᠎ᠠ᠃ ᠮᠠᠨ ᠤ ᠣᠷᠣᠨ ᠪᠣᠯ ᠤᠯᠤᠰ ᠤᠨ ᠨᠠᠢᠮᠠᠨ ᠶᠡᠭᠡ ᠪᠣᠳᠣᠬᠤ ᠴᠢᠳᠠᠪᠤᠷᠢ ᠶᠢᠨ ᠬᠦᠢᠰᠦ | ᠵᠠᠩᠭᠢᠯᠠᠭ᠎ᠠ ᠶᠢᠨ ᠴᠡᠭ ᠪᠠ ᠠᠷᠪᠠᠨ ᠶᠡᠭᠡ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠨᠢᠭᠡ ᠨᠢ ᠪᠣᠯᠣᠨ᠎ᠠ᠂ | ︽ᠤᠯᠤᠰ ᠤᠨ ᠳᠣᠲᠣᠭᠠᠳᠤ ᠳᠤ ᠲᠦᠷᠦᠭᠦᠯᠡᠬᠦ︾ ᠬᠠᠷᠠᠯᠲᠠ ᠳᠤ ᠴᠢᠭᠯᠡᠭᠦᠯᠦᠨ᠂ ᠤᠯᠤᠰ ᠤᠨ ᠪᠣᠳᠣᠬᠤ ᠴᠢᠳᠠᠪᠤᠷᠢ | ᠬᠢᠭᠡᠳ ᠴᠠᠬᠢᠯᠭᠠᠨ ᠬᠦᠴᠦᠨ ᠤ ᠵᠣᠬᠢᠴᠠᠩᠭᠤᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ | ᠠᠬᠢᠭᠤᠯᠵᠤ ᠂ ᠳᠡᠭᠡᠳᠦ ᠬᠡᠯᠬᠢᠶᠡᠨ ᠤ IT ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠂ ᠳᠤᠮᠳᠠ | ᠬᠡᠯᠬᠢᠶᠡᠨ ᠤ ᠪᠣᠳᠣᠬᠤ ᠴᠢᠳᠠᠪᠤᠷᠢ ᠶᠢᠨ ᠰᠦᠯᠵᠢᠶ᠎ᠡ ᠵᠢᠴᠢ ᠲᠠᠪᠴᠠᠩ ᠂ ᠳᠣᠣᠷᠠᠳᠤ ᠬᠡᠯᠬᠢᠶᠡᠨ ᠤ ᠬᠡᠷᠡᠭᠯᠡᠯᠲᠡ ᠶᠢᠨ | ᠠᠬᠤᠢ ᠪᠠᠶᠢᠳᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠷᠭᠡᠳᠬᠡᠨ ᠂ ᠬᠤᠸᠠ ᠸᠧᠢ ᠂ | ᠾᠥᠸᠧ ᠱᠠᠨ ᠬᠥᠳᠡᠯᠭᠡᠭᠦᠷ ᠂ ᠱᠢ ᠵᠢᠢ ᠬᠤ᠋ ᠯᠢᠶᠠᠨ ᠂ ᠵᠦᠩ ᠶᠢᠨ ᠳ᠋ᠠᠶᠢᠲ᠋ᠠ ᠵᠡᠷᠭᠡ ᠣᠶᠤᠨᠴᠢ ᠪᠣᠳᠣᠯᠲᠠ ᠶᠢᠨ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠦᠬᠦ ᠤᠯᠤᠰ ᠲᠤ ᠦᠢᠯᠡᠴᠢᠯᠡᠬᠦ ᠪᠣᠬᠢᠷᠳᠤᠯ ᠦᠭᠡᠢ | ᠪᠣᠳᠣᠬᠤ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠂ ᠳ᠋ᠠᠶᠢᠲ᠋ᠠ ᠪᠣᠯᠪᠠᠰᠤᠷᠠᠭᠤᠯᠬᠤ ᠰᠠᠭᠤᠷᠢᠨ ᠭᠠᠵᠠᠷ ᠂ | ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠴᠣᠭᠴᠠᠯᠠᠨ ᠂ ᠪᠣᠳᠣᠬᠤ ᠴᠢᠳᠠᠪᠤᠷᠢ ᠶᠢᠨ ᠬᠡᠪᠴᠢᠶᠡᠵᠢᠯ ᠢ | 20 ᠲᠦᠮᠡᠨ P ᠠᠴᠠ ᠳᠠᠪᠠᠭᠤᠯᠵᠤ ᠂ ᠣᠶᠤᠨᠴᠢ ᠪᠣᠳᠣᠬᠤ ᠴᠢᠳᠠᠪᠤᠷᠢ ᠶᠢᠨ ᠪᠦᠬᠦ ᠤᠯᠤᠰ ᠲᠤ ᠲᠦᠷᠦᠭᠦᠯᠡᠭᠰᠡᠨ | ᠪᠠᠶᠢᠷᠢ ᠶᠢ ᠪᠠᠲᠤᠯᠠᠨ ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠳᠤᠯ ᠦᠭᠡᠢ ᠴᠠᠬᠢᠯᠭᠠᠨ ᠬᠦᠴᠦᠨ ᠤ | ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ ᠪᠠᠷ ᠬᠦᠴᠦᠯᠡᠨ ᠴᠢᠷᠮᠠᠶᠢᠨ᠎ᠠ ᠃ ᠠᠵᠤ ᠦᠢᠯᠡᠰ ᠤᠨ | ᠳ᠋ᠢᠭᠢᠳ᠋ᠴᠢᠯᠠᠯᠳᠡ ᠶᠢ ᠶᠡᠭᠡ ᠪᠠᠷ ᠠᠬᠢᠭᠤᠯᠤᠨ ᠂ ᠦᠢᠯᠡᠳᠬᠦ ᠦᠢᠯᠡᠰ ᠤᠨ ᠣᠶᠤᠨᠴᠢ ᠪᠠᠷ ᠥᠭᠡᠷᠡᠴᠢᠯᠡᠨ ᠰᠢᠨᠡᠳᠬᠡᠵᠦ | ᠳ᠋ᠢᠬᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠠᠵᠤ ᠠᠬᠤᠶᠢᠯᠠᠯ ᠳᠤ ᠳ᠋ᠢᠬᠢᠳ᠋ᠴᠢᠯᠡᠨ ᠥᠭᠡᠷᠡᠴᠢᠯᠡᠨ ᠰᠢᠨᠡᠳᠬᠡᠬᠦ ᠶᠢ ᠪᠦᠷᠢᠨ ᠪᠦᠷᠬᠦᠭᠦᠯᠬᠦ ᠪᠠᠨ | ᠪᠡᠶᠡᠯᠡᠭᠦᠯᠦᠨ᠎ᠡ ᠃ | ᠣᠨᠴᠠᠯᠢᠭ ᠲᠠᠢ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭᠵᠢᠬᠦ ᠶᠢ | ᠠᠬᠢᠭᠤᠯᠵᠤ᠂ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠰᠢᠨ᠎ᠡ ᠡᠨᠧᠷᠬᠢ ᠶᠢᠨ ᠠᠵᠤ ᠦᠢᠯᠡᠰ ᠤᠨ | ᠲᠡᠷᠢᠭᠦᠨ ᠤ ᠪᠠᠶᠢᠷᠢ ᠰᠠᠭᠤᠷᠢ ᠶᠢ ᠪᠠᠲᠤᠳᠬᠠᠨ᠎ᠠ᠃ ᠨᠢᠭᠡ ᠲᠠᠯ᠎ᠠ ᠪᠠᠷ ᠡᠯᠡᠰᠦᠨ ᠴᠦᠯ ᠭᠤᠪᠢ ᠴᠥᠯᠡᠷᠬᠡᠭ | ᠣᠷᠣᠨ ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ | ᠾᠧᠪᠧᠢ ᠬᠦᠷᠬᠦ᠂ ᠬᠥᠪᠴᠢ ᠶᠢᠨ ᠡᠯᠡᠰᠦ ᠠᠴᠠ ᠱᠠᠩᠬᠠᠢ ᠬᠦᠷᠬᠦ᠂ ᠲᠡᠭᠷᠢ ᠡᠯᠡᠰᠦ ᠠᠴᠠ ᠵᠢᠶᠠᠩᠰᠢ ᠬᠦᠷᠬᠦ᠂ | ᠤᠯᠠᠭᠠᠨᠪᠤᠬ᠎ᠠ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ | ᠨᠡᠪᠲᠡᠷᠡᠯ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ | ᠨᠡᠮᠡᠭᠳᠡᠭᠦᠯᠵᠦ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 | ᠳ᠋ᠦᠩᠰᠢᠭᠤᠷ ᠭᠷᠡᠳᠦ᠋ᠰ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠨᠦᠭᠦᠭᠡ ᠲᠠᠯ᠎ᠠ ᠪᠠᠷ ᠰᠤᠷᠪᠤᠯᠵᠢ ᠲᠣᠣᠷ | ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ | ᠬᠡᠷᠡᠭᠯᠡᠯᠲᠡ ᠶᠢ ᠶᠡᠭᠡ ᠪᠠᠷ ᠠᠬᠢᠭᠤᠯᠤᠨ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠡᠭᠦᠨ ᠳᠤ ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ | ᠠᠳᠬᠤᠨ᠎ᠠ᠃ ᠨᠢᠭᠡ ᠨᠢ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ᠂ ᠠᠯᠠᠱᠠ ᠶᠢᠨ | ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠠᠵᠢᠯ | ᠡᠬᠢᠯᠡᠭᠦᠯᠦᠨ᠂ 600 ᠲᠦᠮᠡᠨ ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ | ᠴᠢᠷᠮᠠᠶᠢᠨ᠎ᠠ᠃ ᠬᠤᠶᠠᠷ ᠨᠢ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ᠂ ᠲᠡᠮᠦᠷ ᠤᠨ | ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠶᠢᠨ | ᠮᠠᠲ᠋ᠧᠷᠢᠶᠠᠯ ᠤᠳ ᠤᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠳᠠᠶᠢᠴᠢᠯᠠᠵᠤ᠂ ᠪᠦᠬᠦ ᠤᠯᠤᠰ ᠤᠨ ᠬᠠᠮᠤᠭ ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ | ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ ᠪᠠᠶᠢᠭᠤᠯᠤᠨ᠎ᠠ᠃ ᠭᠤᠷᠪᠠ ᠨᠢ ᠪᠣᠬᠢᠷᠳᠤᠯ ᠦᠭᠡᠢ | ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠤᠰᠤᠳᠦ᠋ᠷᠦᠭᠴᠢ ᠡᠨᠧᠷᠬᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ᠂ | ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ | ᠬᠤᠭᠤᠯᠠᠢ ᠭᠤᠤᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ | ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠢᠯᠢ ᠶᠢᠨ ᠭᠤᠣᠯ ᠠᠴᠠ ᠼᠤᠤ | ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠶᠢᠨ ᠡᠮᠦᠨᠡᠬᠢ ᠬᠤᠭᠤᠴᠠᠭᠠᠨ ᠤ | ᠠᠵᠢᠯ ᠢ ᠥᠷᠨᠢᠭᠦᠯᠦᠨ᠂ ᠠᠶᠢᠮᠠᠭ ᠬᠤᠲᠠ ᠶᠢᠨ ᠬᠢᠨ ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ | ᠠᠯᠺᠤᠤᠯ᠂ ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ | ᠳᠡᠮᠵᠢᠨ᠎ᠡ᠃ ᠳᠥᠷᠪᠡ ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠶᠢᠨ ᠪᠦᠬᠦ ᠬᠡᠯᠬᠢᠶᠡᠨ ᠤ ᠬᠥᠭᠵᠢᠯᠲᠡ ᠶᠢ | ᠪᠠᠷᠢᠮᠲᠠᠯᠠᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠷᠬᠡᠭᠵᠢᠭᠦᠯᠵᠦ᠂ ᠴᠠᠬᠢᠯᠭᠠᠨ | ᠡᠭᠦᠰᠭᠡᠭᠦᠷ᠂ ᠭᠦᠶᠦᠳᠡᠯ ᠬᠤᠪᠢᠷᠠᠭᠠᠭᠤᠷ᠂ ᠰᠥᠷᠭᠡᠦ ᠬᠤᠪᠢᠰᠬᠠᠭᠤᠷ ᠂ ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ | ᠰᠡᠯᠪᠢᠭ ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 | ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ | ᠬᠢᠵᠦ ᠂ ᠮᠡᠷᠭᠡᠵᠢᠯ ᠤᠨ ᠯᠠᠪᠯᠠᠭ᠎ᠠ ᠂ ᠣᠶᠤᠨᠴᠢ ᠬᠠᠮᠠᠭᠠᠯᠠᠯᠲᠠ ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ | ᠣᠨᠣᠰᠢᠯᠠᠯᠲᠠ ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ ᠬᠥᠭᠵᠢᠭᠦᠯᠵᠦ᠂ ᠠᠵᠢᠯᠯᠠᠭᠤᠯᠵᠤ ᠪᠠᠲᠤᠯᠠᠬᠤ | ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠂ ᠳᠡᠭᠡᠳᠦ ᠲᠡᠰ ᠤᠨ ᠦᠢᠯᠡᠴᠢᠯᠡᠭᠡᠨ ᠤ ᠨᠡᠷᠡᠲᠦ ᠲᠡᠮᠳᠡᠭ ᠢ | ᠴᠣᠭᠴᠠᠯᠠᠨ᠎ᠠ᠃ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ | ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ᠎ᠡ᠃ ᠦᠬᠡᠷ ᠬᠤᠨᠢᠨ ᠤ ᠮᠢᠬ᠎ᠠ᠂ ᠲᠥᠮᠥᠰᠥ᠂ ᠡᠷᠳᠡᠨᠢ ᠰᠢᠰᠢ᠂ ᠢᠮᠠᠭᠠᠨ | ᠨᠣᠣᠯᠣᠭᠤᠷ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ | ᠦᠢᠯᠡᠰ ᠪᠣᠯᠣᠨ᠎ᠠ᠂ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ | ᠪᠣᠷᠣᠯᠠᠭᠤᠯᠬᠤ ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠠᠯᠠᠰᠢᠨ ᠬᠤᠨᠢ᠂ ᠡᠷᠳᠡᠨᠢ ᠰᠢᠰᠢ 2 ᠵᠦᠢᠯ ᠤᠨ | ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ᠂ | ᠠᠯᠠᠰᠢᠨ ᠦᠬᠡᠷ᠂ ᠡᠪᠡᠰᠦᠨ ᠤ ᠦᠢᠯᠡᠰ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ | ᠳᠡᠰ ᠢ ᠲᠦᠷᠭᠡᠬᠡᠨ ᠳᠠᠪᠠᠭ᠋ᠤ ᠂ ᠲᠥᠮᠥᠰᠥ ᠂ ᠢᠮᠠᠭᠠᠨ ᠨᠣᠣᠯᠣᠭᠤᠷ 2 ᠵᠦᠢᠯ ᠤᠨ ᠠᠵᠤ ᠦᠢᠯᠡᠰ ᠤᠨ ᠬᠡᠯᠬᠢᠶᠡᠨ ᠤ | ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ ᠠᠬᠢᠭᠤᠯᠤᠨ᠎ᠠ ᠃ | ᠳᠠᠯᠳᠠ ᠬᠦᠴᠦᠨ ᠲᠠᠢ ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ ᠶᠢ ᠠᠬᠢᠭᠤᠯᠵᠤ ᠂ | ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ | ᠴᠢᠷᠮᠠᠶᠢᠨ᠎ᠠ ᠃ ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ ᠂ | ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ ᠂ ᠳᠣᠣᠷ᠎ᠠ ᠠᠭᠠᠷ ᠤᠨ ᠣᠯᠠᠡ ᠡᠰᠢᠵᠢᠭᠰᠡᠨ | ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ ᠂ ᠥᠪᠥᠷ ᠮᠣᠩᠭᠤᠯ ᠤᠨ ᠳᠣᠣᠷ᠎ᠠ | ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ ᠂ ᠳᠣᠣᠷ᠎ᠠ ᠠᠭᠠᠷ ᠤᠨ | ᠨᠢᠰᠦᠭᠦᠷ ᠢ ᠲᠤᠷᠰᠢᠨ ᠨᠢᠰᠬᠡᠵᠦ ᠬᠡᠮᠵᠢᠨ ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ ᠂ ᠳᠣᠣᠷ᠎ᠠ | ᠠᠭᠠᠷ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠠᠵᠢᠯ ᠤᠨ | ᠵᠢᠷᠤᠭ ᠤᠨ ᠵᠢᠭᠰᠠᠯ ᠢ ᠡᠮᠬᠢᠯᠡᠵᠦ ᠨᠡᠶᠢᠲᠡᠯᠡᠨ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ | ᠪᠠᠶᠢᠴᠠᠭᠠᠯᠲᠠ ᠶᠢᠨ ᠲᠥᠪ ᠂ ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ | ᠲᠥᠪ ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ ᠂ ᠳᠣᠣᠷ᠎ᠠ ᠠᠭᠠᠷ + | ᠪᠠᠷᠠᠭᠠᠨ ᠤ ᠭᠦᠢᠯᠭᠡᠭᠡ ᠂ ᠰᠣᠶᠣᠯ ᠵᠢᠭᠤᠯᠴᠢᠯᠠᠯ ᠂ ᠪᠠᠴᠢᠮ ᠪᠠᠶᠢᠳᠠᠯ ᠤᠨ ᠠᠷᠭᠠᠴᠠᠭᠠᠯᠲᠠ ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠬᠤᠢ ᠪᠠᠶᠢᠳᠠᠯ ᠤᠨ ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ ᠂ ᠬᠦᠬᠡᠬᠤᠳᠠ ᠶᠢᠨ | ᠰᠠᠨᠰᠠᠷ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ ᠂ ᠬᠦᠬᠡᠬᠤᠲᠠ ᠪᠤᠭᠤᠲᠤ | ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠵᠤ ᠂ | ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ | ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠂ ᠤᠯᠠᠭᠠᠨᠴᠠᠪ ᠤᠨ ᠳᠣᠣᠷ᠎ᠠ ᠠᠭᠠᠷ ᠤᠨ ᠵᠢᠭᠤᠯᠴᠢᠯᠠᠯ ᠤᠨ | ᠪᠥᠭᠡᠮᠨᠡᠷᠡᠯ ᠤᠨ ᠣᠷᠣᠨ ᠢ ᠴᠣᠭᠴᠠᠯᠠᠨ᠎ᠠ ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ ᠂ | ᠦᠢᠯᠡᠳᠪᠦᠷᠢᠯᠡᠬᠦ ᠪᠠ ᠬᠡᠷᠡᠭᠯᠡᠯᠲᠡ ᠶᠢ ᠰᠠᠶᠢᠲᠤᠷ ᠬᠢᠵᠦ ᠂ ᠬᠦᠬᠡᠬᠤᠲᠠ ᠶᠢᠨ ᠣᠶᠤᠨᠴᠢ ᠡᠵᠡᠮᠰᠢᠭᠦᠷ ᠂ ᠣᠶᠤᠨᠴᠢ | ᠨᠥᠯᠥᠭᠡᠯᠡᠭᠦᠷ ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ | ᠲᠥᠬᠦᠭᠡᠷᠦᠮᠵᠢ ᠶᠢ ᠬᠥᠭᠵᠢᠭᠦᠯᠬᠦ ᠶᠢ ᠨᠢ ᠲᠡᠮᠵᠢᠵᠤ ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ | ᠴᠣᠭᠴᠠᠯᠠᠨ᠎ᠠ ᠃ ᠣᠶᠤᠨᠲᠤ ᠠᠭᠤᠷᠬᠠᠢ ᠂ ᠣᠶᠤᠨᠲᠤ ᠴᠠᠬᠢᠯᠭᠠᠨ ᠬᠦᠴᠦᠨ ᠂ ᠣᠶᠤᠨᠲᠤ ᠲᠠᠷᠢᠶᠠᠯᠠᠩ ᠂ ᠣᠶᠤᠨᠲᠤ | ᠰᠣᠶᠣᠯ ᠵᠢᠭᠤᠯᠴᠢᠯᠠᠯ ᠂ ᠣᠶᠤᠨᠲᠤ ᠡᠮᠴᠢᠯᠡᠭᠡ ᠂ ᠣᠶᠤᠨᠲᠤ ᠰᠤᠷᠭᠠᠨ ᠬᠥᠮᠦᠵᠢᠯ ᠂ ᠣᠶᠤᠨᠲᠤ ᠪᠠᠷᠠᠭᠠᠨ ᠤ ᠭᠦᠢᠯᠭᠡᠭᠡ | ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ ᠃ ᠦᠢᠯᠡᠳᠪᠦᠷᠢᠯᠡᠯ ᠤᠨ | ᠠᠬᠤᠢ ᠪᠠᠶᠢᠳᠠᠯ ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ ᠂ ᠲᠦᠭᠰᠢᠭᠦᠷᠢ ᠶᠡᠬᠡᠲᠡᠢ ᠂ | ᠬᠥᠳᠡᠯᠮᠦᠷᠢ ᠶᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ | ᠨᠢᠭᠡᠴᠢ ᠶᠢᠨ ︽ᠮᠠᠰᠢᠨ ᠢᠶᠠᠷ ᠬᠥᠮᠥᠨ ᠢ ᠣᠷᠣᠯᠠᠭᠤᠯᠬᠤ︾ ᠶᠢ ᠲᠦᠷᠭᠡᠳᠬᠡᠨ᠎ᠡ᠃ ᠠᠮᠢᠳᠤ ᠪᠣᠳᠠᠰ ᠤᠨ ᠦᠢᠯᠡᠳᠬᠦ | ᠦᠢᠯᠡᠰ ᠤᠨ ᠲᠠᠯ᠎ᠠ ᠪᠠᠷ ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ | ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠬᠡᠬᠤᠲᠠ ᠶᠢᠨ ᠪᠦᠬᠦ ᠪᠥᠮᠪᠥᠷᠴᠡᠭ ᠲᠤ | ᠲᠦᠷᠦᠭᠦᠯᠡᠭᠰᠡᠨ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ | ᠴᠣᠭᠴᠠᠯᠠᠨ᠂ ᠬᠦᠬᠡᠬᠤᠲᠠ᠂ ᠲᠦᠩᠯᠢᠶᠣᠣ᠂ ᠤᠯᠠᠭᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ | ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ ᠬᠥᠭᠵᠢᠯᠲᠡ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠢ | ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ ᠪᠠ ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠴᠢᠨᠠᠬᠤ ᠡᠮ᠂ | ᠨᠠᠶᠢᠷᠠᠯᠭ᠎ᠠ᠂ ᠵᠣᠷ ᠤᠨ ᠮᠥᠬᠦᠯᠢᠭᠲᠦ ᠡᠮ ᠤᠨ ᠣᠨᠴᠠᠯᠢᠭ ᠪᠦᠬᠦᠢ ᠬᠢᠲᠠᠳ ᠮᠣᠩᠭᠤᠯ ᠡᠮ ᠤᠨ ᠠᠵᠤ ᠦᠢᠯᠡᠰ ᠤᠨ | ᠬᠡᠯᠬᠢᠶ᠎ᠡ ᠶᠢ ᠴᠣᠭᠴᠠᠯᠠᠨ᠎ᠠ᠃ ᠴᠠᠷᠳᠠᠭᠤᠯ᠂ ᠣᠨᠴᠠᠭᠠᠢ ᠵᠦᠢᠯ ᠤᠨ ᠠᠮᠢᠨᠤ᠋ ᠬᠦᠴᠢᠯ᠂ ᠰᠦᠨ ᠬᠦᠴᠢᠯ ᠤᠨ ᠪᠠᠺᠲ᠋ᠧᠷᠢ | ᠵᠢᠴᠢ ᠲᠡᠭᠦᠨ ᠤ ᠢᠰᠭᠡᠭᠰᠡᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠰᠢᠨ᠎ᠡ | ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠨ ᠲᠠᠯ᠎ᠠ ᠪᠠᠷ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ | ᠬᠥᠩᠭᠡᠨᠴᠠᠭᠠᠨ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠥᠨᠳᠥᠷ | ᠴᠢᠳᠠᠮᠵᠢᠲᠤ ᠨᠡᠶᠢᠯᠡᠮᠡᠯ ᠮᠠᠲ᠋ᠧᠷᠢᠶᠠᠯ ᠲᠡᠶᠢᠰᠢ ᠬᠡᠯᠬᠢᠶ᠎ᠡ ᠪᠠᠨ ᠤᠷᠲᠤᠳᠬᠠᠵᠤ ᠨᠥᠬᠦᠪᠦᠷᠢᠯᠡᠨ᠂ ᠵᠠᠮ ᠬᠠᠷᠢᠯᠴᠠᠭ᠎ᠠ᠂ | ᠰᠠᠨᠰᠠᠷ ᠠᠶᠠᠯᠠᠯ ᠠᠭᠠᠷ ᠠᠶᠠᠯᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭᠠᠨ ᠳᠠᠬᠢ | ᠬᠡᠷᠡᠭᠯᠡᠯᠲᠡ ᠪᠠᠨ ᠥᠷᠭᠡᠳᠬᠡᠨ᠎ᠡ᠃ | ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ | ᠴᠣᠭᠴᠠᠯᠠᠬᠤ ᠪᠠᠷ ᠴᠢᠷᠮᠠᠶᠢᠵᠤ ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ ᠃ ᠣᠨᠠᠯᠲᠠ ᠦᠢᠯᠡᠳᠪᠦᠷᠢᠯᠡᠬᠦ ᠴᠢᠳᠠᠮᠵᠢ ᠂ ᠦᠢᠯᠡᠳᠪᠦᠷᠢᠯᠡᠯ ᠠᠮᠢ ᠠᠬᠤᠢ ᠂ | ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ ᠂ ᠥᠩ ᠰᠢᠮᠡᠯᠢᠭ | ᠬᠥᠷᠥᠰᠥ ᠰᠢᠷᠣᠢ ᠂ ᠥᠷᠭᠡᠨ ᠠᠭᠤᠳᠠᠮ ᠲᠠᠯ᠎ᠠ ᠨᠤᠲᠤᠭ ᠂ ᠲᠤᠩᠭᠠᠯᠠᠭ ᠴᠡᠩᠭᠡᠭ ᠭᠤᠣᠯ ᠤᠨ ᠤᠰᠤ ᠶᠢ | ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠃ | ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ ᠃ ᠲᠠᠷᠢᠶᠠᠯᠠᠬᠤ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠤᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ ᠂ | ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠦ ᠰᠢᠨ᠎ᠡ ᠪᠠᠷ ᠨᠡᠮᠡᠭᠳᠡᠭᠦᠯᠦᠨ ᠂ ᠭᠤᠣᠯ ᠪᠣᠯᠬᠤ ᠲᠠᠷᠢᠮᠠᠯ ᠤᠨ ᠨᠢᠭᠡᠴᠢ | ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 ᠲᠦᠮᠡᠨ ᠮᠦ ᠂ ︽ᠲᠤᠨ | ᠤᠨᠠᠯᠲᠠ ᠲᠠᠢ ᠲᠠᠷᠢᠶ᠎ᠡ ︾ ᠶᠢ 900 ᠲᠦᠮᠡᠨ ᠮᠦ ᠴᠣᠭᠴᠠᠯᠠᠵᠤ ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ | ᠲᠤᠰ ᠲᠤᠰ 800 ᠳ᠋ᠦᠩᠰᠢᠭᠤᠷ ᠵᠢᠩ ᠂ 60 ᠳ᠋ᠦᠩᠰᠢᠭᠤᠷ ᠵᠢᠩ ᠂ 160 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ ᠃ | ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ ᠲᠦᠷᠭᠡᠳᠬᠡᠨ | ᠠᠬᠢᠭᠤᠯᠤᠨ᠎ᠠ ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ | ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠪᠠᠶᠢᠬᠤ ᠶᠤᠮ ᠃ ᠲᠤᠷᠰᠢᠯᠲᠠ ᠶᠢᠨ | ᠴᠡᠭ ᠤᠨ ᠬᠤᠰᠢᠭᠤ ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠤᠰᠢᠭᠤ ᠰᠢᠶᠠᠨ ᠳᠤ | ᠪᠦᠭᠦ ᠲᠠᠯ᠎ᠠ ᠪᠠᠷ ᠳᠡᠯᠭᠡᠷᠡᠭᠦᠯᠦᠨ ᠂ ᠪᠦᠬᠦᠯᠢ ᠪᠠᠶᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠶᠢ ᠵᠣᠭᠰᠤᠭᠠᠬᠤ | ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ | ᠲᠡᠵᠢᠭᠡᠬᠦ ᠂ ᠨᠠᠶᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠲᠤ ᠨᠢ | ᠲᠣᠬᠢᠷᠠᠭᠤᠯᠵᠤ ᠳᠡᠯᠭᠡᠷᠡᠭᠦᠯᠦᠨ ᠂ ᠮᠡᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ | ᠲᠡᠵᠢᠭᠡᠬᠦ ︾ ᠠᠴᠠ ︽ᠨᠠᠷᠢᠯᠢᠭ ᠠᠷᠠᠴᠢᠯᠠᠬᠤ ︾ ᠲᠡᠶᠢᠰᠢ ᠬᠤᠪᠢᠷᠠᠭᠤᠯᠬᠤ ᠶᠢ ᠨᠢ ᠠᠬᠢᠭᠤᠯᠵᠤ ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠲᠠᠷᠢᠶᠠᠴᠢᠨ ᠮᠠᠯᠴᠢᠳ ᠤᠨ ︽ᠪᠡᠯᠴᠢᠭᠡᠷᠯᠡᠭᠦᠯᠬᠦ ᠶᠢ ᠨᠢ | ᠵᠣᠭᠰᠣᠭᠠᠭᠰᠠᠨ ᠴᠤ ᠣᠷᠣᠯᠭ᠎ᠠ ᠶᠢ ᠨᠢ ᠬᠠᠰᠤᠭᠳᠠᠭᠤᠯᠬᠤ ᠦᠭᠡᠢ ︾ ᠪᠠᠶᠢᠬᠤ ᠳᠤ ᠪᠠᠲᠤᠯᠠᠭ᠎ᠠ ᠬᠠᠩᠭᠠᠵᠤ ᠂ | ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡ ᠺᠦᠸᠠᠳ᠋ ᠮᠧᠳ᠋ᠷ ᠠᠴᠠ ᠳᠡᠭᠡᠭᠰᠢ ᠰᠢᠨ᠎ᠡ ᠪᠠᠷ | ᠪᠠᠶᠢᠭᠤᠯᠤᠨ ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 75% ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠵᠤ ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ 10% ᠬᠦᠷᠬᠦ ᠦᠭᠡᠢ ᠪᠣᠯᠭᠠᠨ᠎ᠠ ᠃ | ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ | ᠵᠠᠩᠭᠢᠯᠠᠭ᠎ᠠ ᠨᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ | ᠶᠤᠮ ᠃ ᠨᠢᠭᠡ ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ ᠂ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠤᠶᠢᠵᠢᠭᠤᠯᠤᠨ | ᠪᠤᠵᠠᠭᠠᠶᠢᠷᠠᠭᠤᠯᠬᠤ ᠠᠵᠢᠯᠯᠠᠭᠠᠨ ᠢ ᠥᠷᠨᠢᠭᠦᠯᠦᠨ ᠂ ᠴᠠᠭᠠᠨ ᠢᠳᠡᠭᠡ ᠂ ᠦᠬᠡᠷ ᠬᠤᠨᠢᠨ ᠤ ᠮᠢᠬ᠎ᠠ ᠵᠡᠷᠭᠡ 10 | ᠲᠦᠷᠦᠯ ᠢᠯᠭᠠᠯ ᠤᠨ ᠲᠣᠭᠤᠷᠢᠨ ᠳᠤ ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ ᠂ ᠬᠥᠲᠥᠴᠢ ᠠᠵᠤ | ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ ᠂ ᠠᠵᠤ ᠦᠢᠯᠡᠰ ᠤᠨ ᠬᠡᠯᠬᠢᠶᠡᠨ ᠤ | ᠲᠡᠭᠦᠰᠬᠡᠯ ᠦᠵᠦᠭᠦᠷ ᠪᠠ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ ᠂ ᠭᠤᠣᠯ ᠪᠣᠯᠬᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠶᠢ | 75% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃ ᠨᠦᠭᠦᠬᠡ ᠲᠠᠯ᠎ᠠ ᠪᠠᠷ ᠨᠡᠷᠡᠳᠦ ᠲᠡᠮᠳᠡᠭ ᠢ | ᠡᠵᠡᠩᠨᠡᠨ ᠪᠣᠷᠣᠯᠠᠭᠤᠯᠬᠤ ᠶᠢ ᠠᠳᠬᠤᠨ ᠂ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠥᠷᠭᠡᠵᠢᠭᠦᠯᠵᠦ ᠂ ᠰᠣᠳᠣᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ ᠦᠷᠭᠦᠯᠵᠢᠯᠡᠨ | ᠬᠦᠴᠦᠷᠬᠡᠭᠵᠢᠭᠦᠯᠵᠦ ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ ᠤᠯᠤᠰ ᠲᠤ | ᠬᠠᠨᠳᠤᠭᠤᠯᠵᠤ ᠪᠠᠶᠢᠷᠢᠰᠢᠭᠤᠯᠤᠨ ᠂ ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ | ᠠᠩᠬᠢᠯᠤᠭᠤᠯᠤᠨᠠ ᠃ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠯᠳᠤᠵᠤ ᠂ ᠨᠦᠭᠦᠬᠡ ᠦᠵᠦᠭᠦᠷ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ | ᠬᠤᠯᠪᠣᠯᠳᠤᠵᠤ ᠪᠠᠶᠢᠳᠠᠭ ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ ᠂ ᠳ᠋ᠢᠬᠢᠲ ᠬᠥᠳᠡᠭᠡ ᠲᠤᠰᠬᠤᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ | ᠬᠦᠷᠲᠡᠭᠡᠬᠦ ᠲᠠᠷᠢᠶᠠᠴᠢᠳ ᠢ ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ ᠂ ᠪᠤᠴᠠᠭᠠᠳ ᠶᠠᠳᠠᠭᠤᠷᠠᠬᠤ ᠶᠢ | ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠥᠨ ᠳᠤᠮᠳᠠᠴᠢ ᠶᠢᠨ | ᠡᠵᠡᠮᠳᠡᠬᠦ᠋ᠢᠴᠡ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ | ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ ᠂ ᠬᠡᠪᠴᠢᠶᠡᠵᠢᠯ ᠤᠨ ᠴᠢᠨᠠᠷᠲᠠᠢ | ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ | ᠰᠠᠬᠢᠨ᠎ᠠ ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ | ᠳᠠᠷᠠᠭ᠎ᠠ ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ ᠂ ᠣᠢ | ᠰᠢᠭᠤᠢ ᠂ ᠲᠠᠷᠢᠶᠠᠯᠠᠩ ᠤᠨ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠠᠷᠠᠳ ᠢ ᠪᠠᠶᠠᠵᠢᠭᠤᠯᠬᠤ ᠠᠵᠤ ᠦᠢᠯᠡᠰ ᠢ | ᠬᠥᠭᠵᠢᠭᠦᠯᠬᠦ ᠪᠠᠷ ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ ᠂ ᠬᠦᠷᠢᠶ᠎ᠡ | ᠬᠠᠰᠢᠶᠠᠨ ᠤ ᠠᠵᠤ ᠠᠬᠤᠢ ᠂ ᠤᠢ ᠶᠢᠨ ᠬᠤᠷᠮᠣᠢ ᠶᠢᠨ ᠠᠵᠤ ᠠᠬᠤᠢ ᠂ ᠠᠷᠠᠳ ᠤᠨ ᠭᠡᠷ ᠪᠠᠭᠤᠳᠠᠯ ᠤᠨ ᠠᠵᠤ | ᠠᠬᠤᠢ ᠶᠢ ᠬᠥᠭᠵᠢᠭᠦᠯᠦᠨ ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ︾ ᠬᠡᠪᠴᠢᠶ᠎ᠡ ᠶᠢ ᠥᠷᠭᠡᠳᠬᠡᠵᠦ ᠂ | ︽ᠭᠤᠷᠪᠠᠨ ᠤᠮᠠᠷᠠᠲᠤ ︾ ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠵᠡᠷᠭᠡ ᠶᠢ ︽ᠠᠷᠠᠳ ᠢ ᠪᠠᠶᠠᠵᠢᠭᠤᠯᠬᠤ ᠢᠨᠵᠧᠨᠧᠷᠢᠩ ︾ ᠪᠣᠯᠭᠠᠵᠤ ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠠᠵᠢᠯᠴᠢᠨ ᠡᠯᠰᠡᠭᠦᠯᠵᠦ ᠂ | ᠣᠯᠠᠨ ᠲᠦᠮᠡᠨ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ | ᠴᠢᠷᠮᠠᠶᠢᠨ᠎ᠠ ᠃ ᠰᠠᠭᠤᠷᠢ ᠪᠡᠯᠡᠳᠬᠡᠮᠵᠢ ᠶᠢ ᠬᠥᠳᠡᠭᠡ ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ ᠂ ᠤᠰᠤ | ᠬᠡᠷᠡᠭᠯᠡᠬᠦ ᠂ ᠴᠠᠬᠢᠯᠭᠠᠨ ᠬᠡᠷᠡᠭᠯᠡᠬᠦ ᠂ ᠲᠡᠷᠭᠡ ᠨᠡᠪᠲᠡᠷᠡᠭᠦᠯᠬᠦ ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠬᠥᠳᠡᠭᠡ ᠲᠤᠰᠬᠤᠨ ᠤ ᠵᠠᠰᠠᠮᠠᠯ | ᠵᠠᠮ ᠢ 5000 ᠺᠢᠯᠣᠮᠧᠳ᠋ᠷ ᠰᠢᠨ᠎ᠡ ᠪᠠᠷ ᠪᠦᠲᠦᠭᠡᠨ ᠪᠠᠶᠢᠭᠤᠯᠵᠤ ᠂ ︽ᠭᠠᠴᠠᠭ᠎ᠠ ᠲᠤᠰᠬᠤᠨ ᠳᠤ ᠲᠦᠷᠭᠡᠨ | ᠢᠯᠡᠭᠡᠯᠲᠡ ᠲᠠᠢ ᠪᠣᠯᠭᠠᠬᠤ ︾ ᠨᠡᠪᠳᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ | ᠨᠥᠬᠦᠴᠡᠯ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ | ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠤᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠂ | ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ | ᠨᠢᠭᠡ ᠴᠣᠭᠴᠠᠵᠢᠭᠤᠯᠤᠨ ᠰᠠᠶᠢᠲᠤᠷ ᠠᠳᠬᠤᠵᠤ ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ | ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠂ ᠮᠠᠯ ᠵᠢᠭᠦᠷᠲᠡᠨ ᠤ ᠰᠢᠭᠡᠭ | ᠰᠠᠩᠭᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 83% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ | ᠪᠠᠲᠤᠯᠠᠨ ᠂ ᠤᠯᠤᠰ ᠤᠨ ᠳᠡᠰ ᠤᠨ ᠦᠵᠡᠰᠬᠦᠯᠡᠩᠲᠦ ᠰᠡᠯᠡᠭᠦᠴᠡᠯ ᠤᠨ ᠬᠥᠳᠡᠭᠡ ᠲᠤᠰᠬᠤᠨ ᠂ ᠨᠣᠭᠤᠭᠠᠷᠠᠭᠤᠯᠵᠤ | ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ ᠃ | ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ | ᠬᠥᠲᠥᠯᠥᠨ ᠵᠢᠯᠣᠭᠤᠳᠤᠭᠤᠯᠵᠤ ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ | ᠴᠣᠭᠴᠠᠯᠠᠨ᠎ᠠ ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ︾ ᠶᠤᠮ᠂ | ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ | ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠤᠷᠤᠯᠳᠤᠭᠠᠨ ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ | ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ ᠰᠠᠶᠢᠬᠠᠨ ᠂ | ᠦᠵᠡᠮᠵᠢ ᠵᠠᠩ ᠦᠢᠯᠡ ᠶᠢᠨ ᠭᠤᠸ᠎ᠠ ᠰᠠᠶᠢᠬᠠᠨ ᠠᠭᠤᠯᠤᠭᠳᠠᠵᠤ ᠪᠠᠶᠢᠳᠠᠭ ᠂ ︽ᠤᠮᠠᠷᠠᠲᠤ ᠬᠢᠯᠢ ᠶᠢᠨ ᠰᠣᠶᠣᠯ ᠤᠨ | ᠡᠬᠡ ᠤᠯᠤᠰ ᠲᠠᠬᠢ ᠠᠶᠠᠯᠠᠯ ︾ ᠤᠨ ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ ᠂ ᠤᠯᠠᠭᠠᠨᠮᠥ᠋ᠴᠢᠷ ᠵᠡᠷᠭᠡ | ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ ᠦᠵᠡᠭᠦᠯᠭᠡ ᠲᠣᠨᠨᠯᠠᠯᠲᠠ | ᠭᠠᠷᠭᠠᠬᠤ ᠶᠢ ᠳᠡᠮᠵᠢᠵᠦ ᠂ ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ | ᠡᠬᠢ ᠪᠠᠶᠠᠯᠢᠭ ᠢ ᠥᠷᠭᠡᠨ ᠢᠶᠠᠷ ᠤᠬᠠᠭᠤᠯᠤᠨ ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ | ᠭᠦᠢᠴᠡᠳ ᠢᠯᠡᠷᠡᠭᠦᠯᠦᠨ᠎ᠡ ᠃ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ | ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ ᠂ ᠡᠷᠬᠡᠪᠰᠢ ᠰᠠᠶᠢᠲᠤᠷ ᠬᠠᠮᠠᠭᠠᠯᠠᠵᠤ ᠂ ᠰᠠᠶᠢᠲᠤᠷ | ᠵᠠᠯᠭᠠᠮᠵᠢᠯᠠᠵᠤ ᠂ ᠰᠠᠶᠢᠲᠤᠷ ᠠᠰᠢᠭᠯᠠᠬᠤ ᠬᠡᠷᠡᠭᠲᠡᠢ ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ | ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠬᠠᠭᠤᠴᠢᠨ ᠤ ᠰᠤᠳᠤᠯᠤᠯ ᠤᠨ ᠡᠷᠴᠢᠮ ᠢᠶᠠᠨ | ᠴᠢᠩᠳᠠᠯᠠᠵᠤ ᠂ ᠬᠤᠩᠱᠠᠨ ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ ᠠᠬᠢᠭᠤᠯᠤᠨ ᠂ ᠲᠣᠮᠳᠠᠳᠣ ᠶᠢᠨ | ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ ᠦᠵᠡᠭᠦᠯᠦᠨ᠎ᠡ ᠃ ᠤᠳᠬ᠎ᠠ ᠤᠷᠠᠯᠢᠭ ᠤᠨ | ᠪᠦᠲᠦᠭᠡᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ ᠂ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ ᠂ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ ᠵᠦᠢᠯ ᠪᠠ | ᠰᠣᠳᠣᠨ ᠪᠦᠲᠦᠭᠡᠯ ᠢ ᠲᠡᠳᠬᠦᠨ ᠳᠡᠮᠵᠢᠬᠦ ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ ᠂ ᠤᠳᠬ᠎ᠠ | ᠤᠷᠠᠯᠢᠭ ᠤᠨ ᠠᠵᠢᠯᠲᠠᠳ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ᠂ ᠨᠡᠩ ᠤᠯᠠᠨ | ᠰᠣᠳᠣᠨ ᠪᠦᠲᠦᠭᠡᠯ ᠳᠣᠷᠪᠢᠯᠢᠭ ᠵᠣᠬᠢᠶᠠᠯ ᠢ ᠪᠣᠢ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ | ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ᠃ ᠣᠳᠣᠬᠠᠨ ᠳᠤ ᠰᠣᠶᠣᠯ ᠤᠨ ᠦᠵᠡᠰᠭᠦᠯᠡᠩ ᠤᠨ ᠬᠠᠯᠠᠭᠤᠷᠠᠯ᠂ | ᠪᠣᠳᠠᠰ ᠤᠨ ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ ᠪᠠᠶᠢᠨ᠎ᠠ ᠂ | ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ᠂ ᠲᠣᠮᠣ ᠬᠡᠯᠪᠡᠷᠢ ᠶᠢᠨ ᠪᠠᠶᠠᠷ ᠳᠤᠷᠠᠰᠬᠠᠯ ᠂ ᠡᠯ᠎ᠡ ᠲᠦᠷᠦᠯ ᠤᠨ | ᠳᠡᠯᠭᠡᠨ ᠦᠵᠡᠭᠦᠯᠭᠡ ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ | ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ ᠂ ᠥᠪᠡᠷᠮᠢᠴᠡ ᠬᠡᠪ ᠨᠠᠮᠪᠠ ᠪᠦᠬᠦᠢ | ᠰᠣᠶᠣᠯ ᠤᠨ ︽ᠺᠠᠷᠳ᠋ᠯᠠᠬᠤ ᠭᠠᠵᠠᠷ ︾ ᠢ ᠨᠡᠩ ᠤᠯᠠᠨ ᠴᠣᠭᠴᠠᠯᠠᠨ᠎ᠠ ᠃ | ᠥᠪᠥᠷ ᠮᠣᠩᠭᠤᠯ ᠳᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ᠂ ᠭᠡᠪᠡᠴᠦ ︽ᠰᠠᠷᠬᠤᠳ ᠤᠨ | ᠠᠩᠬᠢᠯᠤᠮ᠎ᠠ ᠦᠨᠦᠷ ᠭᠤᠳᠤᠮᠵᠢ ᠶᠢᠨ ᠭᠦᠨ ᠳᠤ ᠬᠠᠰᠢᠭᠳᠠᠵᠤ ᠮᠡᠳᠡᠨ᠎ᠡ︾᠂ ᠲᠠᠯ᠎ᠠ ᠨᠤᠲᠤᠭ ᠤᠢ ᠰᠢᠭᠤᠢ᠂ | ᠡᠯᠡᠰᠦᠨ ᠴᠦᠯ ᠭᠤᠪᠢ ᠪᠦᠷᠢᠳᠦ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠤᠶᠢᠳᠠ ᠰᠠᠶᠢᠬᠠᠨ | ᠭᠠᠵᠠᠷ ᠢᠶᠠᠨ ᠰᠠᠶᠢᠲᠤᠷ ᠤᠬᠠᠭᠤᠯᠵᠤ᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ᠦᠵᠡᠰᠬᠦᠯᠡᠩᠲᠦ | ᠰᠠᠶᠢᠬᠠᠨ ᠮᠢᠨᠤ ᠨᠤᠲᠤᠭ︾ ᠵᠡᠷᠭᠡ ᠰᠠᠶᠢᠬᠠᠨ ᠦᠯᠢᠬᠡᠷ ᠢᠶᠠᠨ ᠰᠠᠶᠢᠲᠤᠷ ᠢᠯᠡᠷᠡᠭᠦᠯᠵᠦ ᠂ ᠨᠡᠷᠡᠲᠦ ᠲᠡᠮᠳᠡᠭ ᠢᠶᠠᠨ | ᠬᠦᠴᠦᠷᠬᠡᠭᠵᠢᠭᠦᠯᠦᠨ ᠂ ᠡᠵᠡᠩᠨᠡᠯᠲᠡ ᠶᠢᠨ ᠪᠠᠶᠢᠳᠠᠯ ᠢᠶᠠᠨ ᠨᠠᠷᠢᠯᠢᠭᠵᠢᠭᠤᠯᠵᠤ ᠂ ᠨᠡᠩ ᠤᠯᠠᠨ ᠬᠥᠮᠥᠰ ᠢ | ᠥᠪᠥᠷ ᠮᠣᠩᠭᠤᠯ ᠳᠤ ᠲᠠᠲᠠᠨ ᠠᠪᠴᠢᠷᠠᠵᠤ ᠂ ᠥᠪᠥᠷ ᠮᠣᠩᠭᠤᠯ ᠳᠤ ᠮᠠᠨᠢ ᠬᠠᠶᠢᠷᠠᠲᠠᠢ ᠪᠣᠯᠭᠠᠨ ᠂ | ᠵᠢᠭᠤᠯᠴᠢᠯᠠᠭᠴᠢᠳ ᠤᠨ ᠲᠤᠭ᠎ᠠ ᠬᠡᠮᠵᠢᠶ᠎ᠡ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠵᠢᠭᠤᠯᠴᠢᠯᠠᠯ ᠤᠨ ᠷᠢᠳᠢ ᠰᠢᠳᠢ ᠨᠢ ᠪᠡᠶᠡᠴᠢᠯᠡᠨ ᠣᠶᠢᠯᠠᠭᠠᠬᠤ ᠲᠥᠷᠥᠭᠳᠡᠯ ᠰᠠᠶᠢᠨ᠂ ᠪᠠᠶᠠᠷ | ᠪᠠᠶᠠᠰᠤᠯ ᠲᠠᠢ ᠵᠤᠭᠠᠯᠠᠨ ᠨᠠᠭᠠᠳᠬᠤ ᠳᠤ ᠪᠣᠢ᠂ ᠵᠢᠭᠤᠯᠴᠢᠯᠠᠯ ᠤᠨ ︽ᠲᠦᠷᠪᠡᠨ ᠭᠠᠵᠠᠷ︾ ᠤᠨ IP ᠢ ᠲᠡᠰ | ᠳᠡᠪᠰᠢᠭᠦᠯᠦᠨ ᠴᠣᠭᠴᠠᠯᠠᠵᠤ᠂ ︽ᠲᠦᠷᠪᠡᠨ ᠤᠯᠠᠷᠢᠯ︾ ᠢᠶᠠᠷ ᠵᠤᠭᠠᠴᠠᠨ ᠲᠣᠭᠤᠷᠢᠬᠤ ᠨᠡᠷ᠎ᠡ ᠶᠢᠨ ᠬᠠᠭᠤᠳᠠᠰᠤ ᠶᠢ | ᠠᠯᠳᠠᠷᠰᠢᠭᠤᠯᠵᠤ᠂ ᠣᠳᠣ ᠦᠶ᠎ᠡ ᠶᠢᠨ ᠲᠠᠯ᠎ᠠ ᠨᠤᠲᠤᠭ ᠢ ᠢᠯᠡᠷᠡᠭᠦᠯᠬᠦ ᠠᠶᠠᠯᠠᠯ ᠂ ᠠᠯᠳᠠᠨ ᠰᠢᠷᠭᠠᠯ ᠡᠯᠡᠰᠦᠨ ᠴᠥᠯ ᠢ | ᠲᠤᠭᠤᠯᠬᠤ ᠠᠶᠠᠯᠠᠯ ᠂ ᠮᠥᠰᠥ ᠴᠠᠰᠤᠨ ᠤ ᠶᠢᠷᠲᠢᠨᠴᠦ ᠶᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ ᠤᠨ ᠵᠠᠮ | ᠱᠤᠭᠤᠮ ᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂ ᠭᠦᠬᠡᠬᠤᠲᠡ ᠶᠢᠨ ᠳᠠᠭᠤᠤ ᠬᠥᠭᠵᠢᠮ ᠤᠨ ᠦᠳᠡᠰᠢᠯᠡᠭᠡ ᠪᠠ | ᠣᠨ ᠰᠣᠯᠢᠭᠳᠠᠬᠤ ᠰᠥᠨᠢ ᠶᠢᠨ ᠨᠠᠶᠢᠷ ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠂ ᠬᠥᠯᠥᠨ ᠪᠦᠢᠷ ᠤᠨ | ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠂ ᠤᠯᠠᠭᠠᠨᠴᠠᠪ ᠤᠨ ᠦᠳᠡᠰᠢ ᠂ ᠣᠷᠳᠣᠰ ᠤᠨ ︽ᠲᠠᠯ᠎ᠠ | ᠨᠤᠲᠤᠭ ᠤᠨ ᠲᠣᠰᠬᠤᠨ ᠤ ᠠᠯᠠᠭᠠᠳᠠᠬᠤ ᠪᠥᠮᠪᠦᠭᠡ ︾ ᠵᠡᠷᠭᠡ ᠨᠡᠷᠡᠲᠦ ᠲᠡᠮᠳᠡᠭ ᠢ ᠡᠷᠬᠢᠯᠡᠨ ᠶᠠᠪᠤᠭᠳᠠᠭᠤᠯᠬᠤ ᠲᠤᠰᠤᠮ | ᠴᠤᠤᠷᠢᠶᠠᠲᠤᠭᠤᠯᠤᠨ᠎ᠠ ᠃ ᠣᠨᠴᠠᠭᠠᠶᠢᠯᠠᠨ ︽ᠮᠠᠰᠢᠨ ᠪᠠᠷᠢᠵᠤ ᠬᠥᠳᠡᠭᠡ ᠲᠠᠯ᠎ᠠ ᠪᠠᠷ ᠳᠠᠪᠬᠢᠭᠤᠯᠤᠨ ᠂ ᠥᠪᠥᠷ | ᠮᠣᠩᠭᠤᠯ ᠳᠤ ᠵᠢᠭᠤᠯᠴᠢᠯᠠᠨ ᠰᠠᠭᠤᠷᠢᠰᠢᠵᠠᠭᠠᠶᠠ ︾ ᠠᠵᠢᠯᠯᠠᠭ᠎ᠠ ᠶᠢ ᠨᠠᠷᠢᠯᠢᠭ ᠤᠬᠠᠭᠠᠯᠠᠨ ᠲᠥᠯᠥᠪᠯᠡᠵᠦ ᠂ | ᠲᠣᠮᠳᠠᠲᠣ ᠤᠯᠤᠰ ᠤᠨ ᠬᠠᠮᠤᠭ ᠤᠨ ᠭᠤᠶᠤ ᠬᠢᠯᠢ ᠬᠢᠵᠠᠭᠠᠷ ᠤᠨ ᠵᠠᠮ 331 ᠶᠢ ᠴᠣᠭᠴᠠᠯᠠᠵᠤ ᠂ ᠵᠠᠮ ᠳᠠᠭᠠᠤ | ᠰᠠᠴᠤᠭᠳᠠᠭᠰᠠᠨ ︽ᠰᠤᠪᠤᠳ ︾ ᠢ ︽ᠰᠣᠨᠳᠣᠷ ︾ ᠪᠣᠯᠭᠠᠨ ᠬᠡᠯᠬᠢᠵᠦ ᠂ ᠮᠠᠰᠢᠨ ᠪᠠᠷᠢᠵᠤ ᠵᠢᠭᠤᠯᠴᠢᠯᠠᠬᠤ ᠪᠠ | ᠵᠢᠭᠤᠯᠴᠢᠯᠠᠨ ᠰᠠᠭᠤᠷᠢᠰᠢᠬᠤ ᠶᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ | ᠪᠣᠯᠭᠠᠨ᠎ᠠ ᠃ ᠪᠤᠭᠤᠲᠤ ᠶᠢᠨ ᠲᠡᠦᠬᠡ ᠰᠣᠶᠣᠯ ᠤᠨ ᠴᠤᠤᠲᠤ ᠬᠤᠲᠠ ᠂ ᠬᠢᠩᠭᠠᠨ ᠠᠶᠢᠮᠠᠭ ᠤᠨ ᠳᠡᠯᠡᠬᠡᠢ ᠶᠢᠨ ᠲᠡᠰ ᠤᠨ | ᠵᠢᠭᠤᠯᠴᠢᠯᠠᠯ ᠠᠮᠠᠷᠠᠯᠲᠠ ᠶᠢᠨ ᠣᠷᠣᠨ ᠂ ᠪᠠᠳᠠᠢ ᠶᠢᠨ ᠵᠢᠷᠠᠨ ᠤ ᠳᠡᠯᠡᠬᠡᠢ ᠶᠢᠨ ᠲᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠂ ᠤᠯᠠᠭᠠᠢ ᠣᠯᠠᠨ ᠲᠣᠬᠤᠢ ᠶᠢ 5A ᠲᠡᠰ ᠤᠨ ᠦᠵᠡᠮᠵᠢ ᠶᠢᠨ ᠣᠷᠣᠨ ᠢᠶᠠᠷ ᠲᠦᠷᠭᠡᠳᠬᠡᠨ | ᠡᠭᠦᠳᠦᠨ ᠪᠠᠶᠢᠭᠤᠯᠵᠤ ᠂ ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ ᠃ ᠮᠥᠰᠥ ᠴᠠᠰᠤᠨ ᠤ ᠠᠵᠤ ᠠᠬᠤᠢ ᠪᠣᠯ | ᠲᠦᠮᠡᠨ ᠳ᠋ᠦᠩᠰᠢᠭᠤᠷ ᠤᠨ ᠳᠡᠰ ᠤᠨ ᠰᠢᠨ᠎ᠡ ᠥᠷᠢᠰᠦᠯᠳᠦᠭᠡᠨ ᠤ ᠴᠠᠷᠠᠭ᠎ᠠ ᠪᠣᠯᠣᠨ᠎ᠠ ᠂ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠂ ᠮᠥᠰᠥ ᠴᠠᠰᠤᠨ ᠤ ᠰᠣᠶᠣᠯ ᠂ ᠮᠥᠰᠥ ᠴᠠᠰᠤᠨ ᠤ ᠲᠣᠨᠣᠭᠯᠠᠯ ᠂ ᠮᠥᠰᠥ ᠴᠠᠰᠤᠨ ᠤ | ᠵᠢᠭᠤᠯᠴᠢᠯᠠᠯ ᠵᠡᠷᠭᠡ ᠪᠦᠬᠦ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ ᠂ | ᠣᠯᠠᠨ ᠲᠦᠮᠡᠨᠴᠢ ᠴᠢᠨᠠᠷᠲᠠᠢ ᠂ ᠲᠣᠭᠯᠠᠯᠲᠠ ᠶᠢᠨ ᠴᠢᠨᠠᠷᠲᠠᠢ ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ ᠃ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ | ᠡᠷᠭᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠪᠠ ᠪᠦᠬᠦ ᠤᠯᠤᠰ ᠤᠨ ᠴᠢᠯᠦᠭᠡᠲᠦ ᠴᠡᠨᠡᠯᠡᠯᠲᠡ ᠂ ᠣᠶᠢᠷ᠎ᠠ | ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠮᠥᠰᠥ ᠴᠠᠰᠤᠨ ᠤ | ᠤᠷᠤᠯᠳᠤᠭᠠᠨ ᠤ ᠶᠠᠪᠤᠳᠠᠯ ᠢ ᠰᠡᠳᠬᠢᠯ ᠲᠠᠯᠪᠢᠨ ᠡᠷᠬᠢᠯᠡᠵᠦ ᠂ ᠲᠤᠮᠳᠠᠳᠤ ᠤᠯᠤᠰ ᠤᠨ ᠬᠦᠢᠲᠡᠨ ᠤ ᠲᠦᠢᠯ ᠤᠨ | ᠮᠠᠷᠠᠰᠤᠨ ᠤᠷᠤᠯᠳᠤᠭᠠᠨ ᠂ ᠪᠦᠭᠦ ᠤᠯᠤᠰ ᠤᠨ ᠪᠦᠢᠺᠦ ᠪᠥᠮᠪᠥᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠂ ᠪᠦᠭᠦ | ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠂ ᠰᠢᠯᠢ ᠶᠢᠨ ᠭᠤᠣᠯ ᠤᠨ | ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠵᠡᠷᠭᠡ ᠣᠨᠴᠠᠯᠢᠭᠲᠤ ᠤᠷᠤᠯᠳᠤᠭᠠᠨ ᠤ ᠶᠠᠪᠤᠳᠠᠯ ᠢ | ᠰᠠᠶᠢᠲᠤᠷ ᠡᠷᠬᠢᠯᠡᠵᠦ ᠂ ᠨᠡᠩ ᠣᠯᠠᠨ ᠬᠥᠮᠥᠰ ᠢ ᠤᠷᠤᠯᠳᠤᠭᠠᠨ ᠤ ᠲᠠᠰᠢᠷᠠᠮ ᠢᠶᠠᠷ ᠵᠢᠭᠤᠯᠴᠢᠯᠠᠷᠠ ᠢᠷᠡᠭᠦᠯᠦᠨ᠎ᠡ ᠃ | ︵ᠳᠣᠯᠤᠭ᠎ᠠ︶ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠬᠦᠴᠦᠯᠡᠨ ᠠᠳᠬᠤᠵᠤ ᠂ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ ᠃ ᠨᠢᠭᠡ | ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠤ ᠪᠠᠨ ᠠᠵᠤ ᠠᠬᠤᠶᠢᠯᠠᠯ ᠳᠤ | ᠲᠦᠰᠢᠭᠯᠡᠳᠡᠭ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠯᠢ ᠨᠢ ᠴᠦ ᠭᠡᠰᠡᠨ ᠦᠭᠡᠢ ᠪᠦᠷ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ ᠂ ᠠᠵᠤ | ᠠᠬᠤᠶᠢᠯᠠᠯ ᠳᠤ ᠲᠤᠰᠠᠯᠠᠬᠤ ᠠᠵᠢᠯᠯᠠᠭᠠᠨ ᠪᠣᠯ ᠳᠠᠷᠤᠢ ᠠᠵᠤ ᠠᠬᠤᠶᠢᠯᠠᠯᠲᠠᠳ ᠢ ᠭᠡᠷ ᠤᠨ ᠢᠶᠠᠨ ᠬᠥᠮᠥᠨ ᠠᠳᠠᠯᠢ | ᠦᠵᠡᠵᠦ ᠂ ᠠᠵᠤ ᠠᠬᠤᠶᠢᠯᠠᠯ ᠤᠨ ᠠᠵᠢᠯ ᠶᠠᠪᠤᠳᠠᠯ ᠢ ᠭᠡᠷ ᠤᠨ ᠢᠶᠠᠨ ᠠᠵᠢᠯ ᠶᠠᠪᠤᠳᠠᠯ ᠪᠣᠯᠭᠠᠨ ᠂ ᠵᠠᠰᠠᠭ ᠤᠨ | ᠣᠷᠳᠣᠨ ᠪᠠ ᠠᠵᠤ ᠠᠬᠤᠶᠢᠯᠠᠯ ᠭᠠᠷ ᠬᠤᠯᠪᠣᠯᠴᠠᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ ᠃ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠪᠦᠲᠦᠮᠵᠢ ᠪᠠᠨ ᠨᠡᠮᠡᠭᠳᠡᠭᠦᠯᠦᠨ᠎ᠡ ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ | ᠠᠷᠭ᠎ᠠ ᠬᠡᠮᠵᠢᠶ᠎ᠡ ᠲᠣᠭᠲᠠᠭᠠᠨ ᠂ ᠠᠷᠭ᠎ᠠ ᠪᠣᠳᠣᠯᠭ᠎ᠠ ᠠᠪᠴᠤ ᠂ ᠪᠣᠳᠠᠲᠤ ᠠᠮᠵᠢᠯᠲᠠ ᠣᠯᠬᠤ ᠶᠢ ᠴᠢᠩᠭ᠎ᠠ ᠠᠩᠬᠠᠷᠬᠤ | ᠬᠡᠷᠡᠭᠲᠡᠢ ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠦᠬᠦ ᠬᠦᠴᠦᠨ ᠢᠶᠠᠷ ᠢᠶᠠᠨ ᠪᠦᠰᠡᠯᠡᠯᠲᠡ ᠰᠢᠪᠲᠤᠯᠵᠤ ᠂ | ᠡᠵᠡᠩᠨᠡᠯᠲᠡ ᠶᠢ ᠲᠣᠭᠲᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ ᠂ ᠦᠷ᠎ᠡ ᠠᠰᠢᠭ ᠢᠶᠠᠨ ᠳᠡᠭᠡᠭᠰᠢᠯᠡᠭᠦᠯᠬᠦ | ᠲᠠᠯ᠎ᠠ ᠳᠤ ᠬᠦᠴᠦ ᠲᠠᠯᠪᠢᠨ ᠂ ᠡᠵᠡᠩᠨᠡᠯᠲᠡ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠲᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ︽ᠬᠤᠪᠣᠷ | ᠰᠢᠷᠣᠢ ᠶᠢᠨ ᠬᠤᠶᠠᠷ ᠰᠠᠭᠤᠷᠢᠨ ᠭᠠᠵᠠᠷ ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠂ | ᠦᠢᠯᠡᠳᠬᠦᠨ ᠤ ᠦᠷᠲᠡᠭ ᠵᠠᠬ᠎ᠠ ᠳᠡᠯᠭᠡᠭᠦᠷ ᠤᠨ ᠦᠷᠲᠡᠭ ᠂ ᠡᠵᠡᠩᠨᠡᠯᠲᠡ ᠶᠢᠨ ᠠᠰᠢᠭ ᠣᠷᠣᠯᠭ᠎ᠠ ᠪᠠᠷ ᠢᠶᠠᠨ ᠠᠵᠢᠯ | ᠲᠥᠷᠥᠯ ᠤᠨ ᠲᠡᠷᠢᠭᠦᠨ ᠪᠠᠶᠢᠷᠢ ᠪᠠᠨ ᠪᠠᠲᠤᠯᠠᠨ᠎ᠠ ᠃ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠬᠦᠴᠦᠨ ᠤ | ᠲᠣᠣᠷ ᠢ ᠬᠦᠴᠦᠷᠬᠡᠭᠵᠢᠭᠦᠯᠬᠦ ︾ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ ᠂ ︽ᠳᠦᠷᠪᠡᠨ ᠬᠥᠨᠳᠡᠯᠡᠨ ᠵᠢᠷᠭᠤᠭᠠᠨ | ᠭᠤᠯᠳᠤ ︾ 500 ᠺᠢᠯᠣᠸᠣᠯᠲ ᠤᠨ ᠭᠤᠣᠯ ᠴᠠᠬᠢᠯᠭᠠᠨ ᠬᠦᠴᠦᠨ ᠤ ᠲᠣᠣᠷ ᠤᠨ ᠵᠢᠶᠠᠰᠠ ᠶᠢ ᠪᠦᠬᠦ ᠲᠠᠯ᠎ᠠ ᠪᠠᠷ | ᠪᠠᠶᠢᠭᠤᠯᠤᠨ ᠳᠠᠭᠤᠰᠬᠠᠵᠤ ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ ᠂ ᠪᠦᠬᠦ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ | ᠦᠵᠡᠭᠦᠯᠦᠨ᠎ᠡ ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠮᠠᠨ ᠤ ᠣᠷᠣᠨ ᠤ ᠡᠨᠧᠷᠬᠢ ᠶᠢᠨ ᠠᠵᠤ | ᠠᠬᠤᠶᠢᠯᠠᠯ ᠤᠨ ᠰᠠᠶᠢᠨ ︽ᠨᠢᠷᠤᠭᠤ ᠲᠤᠯᠭᠠᠭᠤᠷᠢ ︾ ᠪᠣᠯᠵᠤ ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ | ᠴᠣᠭᠴᠠᠯᠠᠪᠤᠷᠢ ᠪᠠᠨ 4500 ᠲᠦᠮᠡᠨ ᠺᠢᠯᠣᠸᠠᠲ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ ᠂ ᠡᠳ᠋ ᠬᠥᠷᠥᠩᠭᠡ | ᠪᠠ ᠡᠵᠡᠩᠨᠡᠯᠲᠡ ᠶᠢᠨ ᠣᠷᠣᠯᠭ᠎ᠠ ᠶᠢᠨ ︽ᠬᠤᠣᠰ ᠮᠢᠩᠭᠠᠨ ᠳ᠋ᠦᠩᠰᠢᠭᠤᠷ ︾ ᠤᠨ ᠬᠠᠷᠠᠯᠲᠠ ᠲᠡᠶᠢᠰᠢ ᠲᠦᠷᠭᠡᠬᠡᠨ | ᠤᠷᠤᠭᠰᠢᠯᠠᠨ᠎ᠠ ᠃ ᠵᠠᠮ ᠬᠠᠷᠢᠯᠴᠠᠭᠠᠨ ᠤ ᠪᠦᠯᠦᠭᠯᠡᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ | ᠪᠠᠷᠢᠮᠵᠢᠶᠠᠯᠠᠨ ᠬᠠᠷᠭᠤᠭᠤᠯᠵᠤ ᠂ ᠬᠢᠷᠢ ᠭᠡᠮ ᠵᠡᠷᠭᠡ ᠳᠡᠰ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠣᠷᠣᠨ ᠤ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠴᠢᠷᠮᠠᠶᠢᠨ ᠥᠷᠭᠡᠳᠬᠡᠵᠦ ᠂ ᠳᠤᠮᠳᠠᠳᠤ ᠤᠯᠤᠰ ᠤᠨ 500 | ᠬᠦᠴᠦᠷᠬᠡᠭ ᠠᠵᠤ ᠠᠬᠤᠶᠢᠯᠠᠯ ᠳᠤ ᠲᠠᠪᠰᠢᠨ ᠣᠷᠣᠬᠤ ᠪᠠᠷ ᠬᠦᠴᠦᠯᠡᠨ ᠴᠢᠷᠮᠠᠶᠢᠨ᠎ᠠ ᠃ ᠤᠢ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠂ ᠰᠣᠶᠣᠯ ᠵᠢᠭᠤᠯᠴᠢᠯᠠᠯ ᠤᠨ ᠪᠦᠯᠦᠭᠯᠡᠯ ᠂ ᠣᠯᠠᠨ ᠤᠯᠤᠰ ᠤᠨ ᠠᠷᠠᠯᠵᠢᠶᠠᠨ ᠤ | ᠪᠦᠯᠦᠭᠯᠡᠯ ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ ᠥᠭᠡᠷᠡᠴᠢᠯᠡᠯᠲᠡ ᠬᠢᠵᠦ | ᠪᠦᠰᠡᠯᠡᠯᠲᠡ ᠰᠢᠪᠲᠤᠯᠬᠤ ᠡᠷᠴᠢᠮ ᠢᠶᠠᠨ ᠴᠢᠩᠭᠠᠷᠠᠭᠤᠯᠤᠨ ᠂ ᠲᠡᠷᠢᠭᠦᠨ ᠳᠡᠰ ᠲᠠᠢ ᠪᠠᠷᠢᠮᠵᠢᠶᠠᠯᠠᠨ ᠬᠠᠷᠭᠤᠭᠤᠯᠵᠤ ᠂ | ᠲᠡᠷᠢᠭᠦᠨ ᠠᠴᠠ ᠲᠠᠭᠠᠨ ᠰᠤᠷᠤᠯᠴᠠᠵᠦ ᠂ ᠡᠵᠡᠩᠨᠡᠯᠲᠡ ᠶᠢᠨ ᠠᠵᠢᠯ ᠤᠨ ᠠᠮᠵᠢᠯᠲᠠ ᠪᠠ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ ᠂ ᠲᠦᠷᠭᠡᠬᠡᠨ ᠪᠤᠵᠠᠭᠠᠶᠢᠷᠠᠨ ᠬᠦᠴᠦᠷᠬᠡᠭᠵᠢᠭᠦᠯᠬᠦ ᠬᠡᠷᠡᠭᠲᠡᠢ ᠃ | ᠣᠳᠣᠬᠠᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠭᠵᠢᠬᠦ ᠳᠤ ᠲᠤᠩ ᠬᠢᠯᠪᠠᠷ ᠪᠤᠰᠤ ᠪᠠᠶᠢᠵᠤ ᠂ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭᠠᠷᠠᠵᠤ | ᠪᠠᠶᠢᠨ᠎ᠠ ᠂ ᠲᠥᠷᠥᠯ ᠵᠦᠢᠯ ᠢ ᠪᠣᠳᠠᠲᠠᠶᠢᠵᠢᠭᠤᠯᠬᠤ ᠂ ᠲᠦᠷᠦ ᠶᠢᠨ ᠪᠣᠳᠣᠯᠭ᠎ᠠ ᠪᠠᠷ ᠳᠡᠮᠵᠢᠯᠭᠡ ᠦᠵᠡᠭᠦᠯᠬᠦ ᠂ ᠪᠡᠯᠡ | ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ ᠬᠠᠪᠰᠤᠷᠤᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ ᠂ | ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠤᠪᠢᠳᠠᠴᠠ ᠶᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ ᠃ ᠠᠵᠢᠯ ᠶᠠᠪᠤᠳᠠᠯ ᠭᠦᠢᠴᠡᠳᠬᠡᠬᠦ ᠨᠢ ᠤᠳᠠᠭᠠᠨ ᠂ ᠪᠠᠶᠢᠴᠠᠭᠠᠯᠲᠠ ᠣᠯᠠᠨᠲᠠᠢ ᠂ | ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠣᠨᠴᠠᠭᠠᠶᠢᠯᠠᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠰᠡᠳᠬᠢᠯ ᠤᠨ ᠡᠪᠡᠳᠴᠢᠨ ︾ ᠪᠠᠶᠢᠵᠤ ᠂ ᠵᠠᠬᠢᠳᠠᠯ ᠰᠤᠷᠪᠤᠯᠵᠢᠯᠠᠯ ᠢ | ᠣᠷᠣᠯᠠᠨ ᠭᠦᠢᠴᠡᠳᠬᠡᠵᠦ ᠪᠠᠶᠢᠭ᠎ᠠ ᠮᠡᠲᠦ ᠪᠠᠷ ᠠᠵᠤ ᠠᠬᠤᠶᠢᠯᠠᠯ ᠳᠤ ᠦᠢᠯᠡᠴᠢᠯᠡᠨ ᠂ ᠬᠢᠨᠠᠨ ᠵᠥᠪᠰᠢᠶᠡᠷᠡᠵᠦ ᠠᠵᠢᠯ | ᠶᠠᠪᠤᠳᠠᠯ ᠭᠦᠢᠴᠡᠳᠬᠡᠬᠦ ᠶᠢᠨ ᠬᠤᠷᠳᠤ ᠶᠢ ᠳᠠᠬᠢᠨᠲᠠ ᠠᠬᠢᠭᠤᠯᠤᠨ ᠲᠦᠷᠭᠡᠳᠬᠡᠵᠦ ᠂ ᠬᠤᠭᠤᠴᠠᠭ᠎ᠠ ᠬᠢᠵᠠᠭᠠᠷᠯᠠᠨ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠰᠠᠶᠢᠲᠤᠷ ᠠᠳᠬᠤᠵᠤ ᠂ ᠪᠡᠶ᠎ᠡ ᠶᠢᠨ ᠪᠠᠶᠢᠴᠠᠭᠠᠯᠲᠠ | ᠮᠠᠶ᠋ᠢᠭ ᠤᠨ ᠬᠢᠨᠠᠯᠲᠠ ᠬᠠᠮᠢᠶᠠᠷᠤᠯᠲᠠ ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ | ᠬᠡᠷᠡᠭᠵᠢᠭᠦᠯᠦᠨ ᠂ ᠠᠵᠤ ᠠᠬᠤᠶᠢᠯᠠᠯ ᠳᠤ ᠰᠠᠭᠠᠳ ᠠᠪᠴᠢᠷᠠᠬᠤ ᠮᠥᠷᠲᠡᠭᠡᠨ ᠦᠢᠯᠡᠳᠦᠯ ᠭᠠᠷᠬᠤ ᠦᠭᠡᠢ ᠠᠯᠪᠠ ᠶᠢᠨ | ᠲᠡᠳᠦᠢ ᠬᠠᠤᠯᠢ ᠬᠡᠷᠡᠭᠵᠢᠭᠦᠯᠦᠯᠲᠡ ᠶᠢ ᠦᠯᠦ ᠬᠢᠵᠦ ᠂ ᠳᠤᠷ᠎ᠠ ᠪᠠᠷ ᠰᠦᠢᠳᠬᠡᠯ ᠬᠤᠷᠢᠶᠠᠬᠤ ᠂ ᠳᠤᠷ᠎ᠠ ᠪᠠᠷ ᠵᠣᠭᠤᠰ | ᠲᠣᠷᠭᠠᠬᠤ ᠂ ᠳᠤᠷ᠎ᠠ ᠪᠠᠷ ᠪᠠᠶᠢᠴᠠᠭᠠᠬᠤ ᠂ ᠳᠤᠷ᠎ᠠ ᠪᠠᠷ ᠪᠢᠲᠡᠭᠦᠮᠵᠢᠯᠡᠬᠦ ᠶᠢ ᠡᠷᠡᠰ ᠴᠡᠭᠴᠡᠯᠡᠨ ᠵᠠᠰᠠᠵᠤ ᠂ ᠠᠰᠢᠭ | ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠨᠢᠭᠡ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠨ᠎ᠠ ︔ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦᠨ ᠤ ᠬᠢᠷᠢ ᠬᠡᠮᠵᠢᠶᠡᠨ ᠤ | ᠲᠠᠯ᠎ᠠ ᠳᠤ ︽ᠠᠳᠠᠯᠢ ᠪᠠᠷ ᠦᠵᠡᠨ ᠲᠡᠭᠰᠢ ᠪᠠᠷ ᠬᠠᠨᠳᠤᠵᠤ ︾᠂ ᠡᠬᠡ ᠮᠥᠩᠭᠦ ᠲᠥᠯᠥᠬᠦ ᠦᠭᠡᠢ ᠪᠠᠷ ᠥᠷᠭᠦᠯᠵᠢᠯᠡᠨ | ᠵᠢᠭᠡᠯᠡᠯᠭᠡ ᠠᠪᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠳᠠᠩᠰᠠᠨ ᠳᠠᠬᠢ ᠥᠷᠢᠲᠦᠵᠦ ᠪᠠᠶᠢᠭ᠎ᠠ ᠵᠣᠭᠤᠰ ᠢ ᠨᠢ ᠢᠯᠭᠠᠷᠠᠭᠤᠯᠬᠤ ᠪᠣᠯ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠤᠭ ᠠᠴᠠ ᠬᠠᠯᠠᠮᠵᠢᠯᠠᠨ ᠠᠩᠬᠠᠷᠴᠤ ᠪᠠᠶᠢᠭ᠎ᠠ ᠤᠴᠢᠷ ᠪᠣᠯᠣᠨ᠎ᠠ᠂ | ᠪᠠᠶᠢᠳᠠᠯ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠵᠦ ᠂ ᠦᠨᠳᠦᠰᠦᠨ ᠪᠠᠶᠢᠳᠠᠯ ᠢ | ᠲᠣᠳᠣᠷᠬᠠᠢ ᠣᠶᠢᠯᠠᠭᠠᠬᠤ ᠪᠠᠨ ᠦᠨᠡᠨ ᠬᠦ ᠪᠠᠲᠤᠯᠠᠨ ᠂ ᠥᠷᠢᠲᠦᠵᠦ ᠪᠠᠶᠢᠭ᠎ᠠ ᠵᠣᠭᠤᠰ ᠢ ᠨᠢ ᠬᠠᠤᠯᠢ ᠲᠣᠭᠲᠠᠭᠠᠯ | ᠶᠣᠰᠣᠭᠠᠷ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ︽ᠲᠥᠯᠥᠬᠦ ᠶᠣᠰᠣᠲᠠᠢ ᠶᠢ ᠨᠢ ᠲᠦᠷᠭᠡᠨ ᠲᠥᠯᠥᠵᠦ ᠂ | ᠲᠥᠯᠥᠬᠦ ᠴᠢᠬᠤᠯᠠᠲᠠᠢ ᠶᠢ ᠨᠢ ᠪᠦᠬᠦᠨ ᠢ ᠲᠥᠯᠥᠬᠦ ︾ ᠶᠢ ᠪᠡᠶᠡᠯᠡᠭᠦᠯᠬᠦ ᠬᠡᠷᠡᠭᠲᠡᠢ ᠃ ᠡᠯ᠎ᠡ ᠱᠠᠲᠤᠨ ᠤ ᠵᠠᠰᠠᠭ ᠤᠨ | ᠣᠷᠳᠣᠨ ᠣᠨᠴᠠᠭᠠᠶᠢᠯᠠᠨ ᠤᠳᠤᠷᠢᠳᠬᠤ ᠺᠠᠳ᠋ᠷᠴᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠦᠨᠡᠨᠴᠢ | ᠰᠢᠯᠤᠭᠤᠨ ᠢᠶᠠᠷ ᠬᠠᠷᠢᠯᠴᠠᠵᠤ ᠂ ᠢᠯᠠᠩᠭᠤᠶ᠎ᠠ ᠠᠵᠤ ᠠᠬᠤᠶᠢᠯᠠᠯ ᠬᠦᠴᠢᠷ ᠪᠡᠷᠬᠡ ᠲᠤᠯᠭᠠᠷᠠᠬᠤ ᠶᠢᠨ ᠦᠶ᠎ᠡ ᠳᠤ ᠂ | ᠤᠯᠠᠮ ᠢᠯᠡᠭᠦᠦ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ ᠂ ᠴᠢᠩ ᠰᠡᠳᠬᠢᠯ ᠠᠴᠠ ᠪᠠᠨ | ᠦᠢᠯᠡᠴᠢᠯᠡᠬᠦ ᠬᠡᠷᠡᠭᠲᠡᠢ ᠃ | ᠮᠠᠨ ᠤ ᠣᠷᠣᠨ ᠲᠥᠪ ᠤᠨ ᠡᠯ᠎ᠡ ᠲᠣᠮᠣ ᠠᠵᠤ ᠠᠬᠤᠶᠢᠯᠠᠯ ᠯᠤᠭ᠎ᠠ ᠪᠠᠲᠤ ᠪᠠᠬᠢ ᠬᠠᠮᠲᠤᠷᠠᠯᠴᠠᠭᠠᠨ ᠤ | ᠰᠠᠭᠤᠷᠢ ᠲᠠᠢ ᠶᠤᠮ᠂ ᠨᠢᠳᠤᠨᠤᠨ ᠲᠥᠪ ᠤᠨ ᠠᠵᠤ ᠠᠬᠤᠶᠢᠯᠠᠯ ᠤᠨ ᠮᠠᠨ ᠤ ᠣᠷᠣᠨ ᠳᠠᠬᠢ ᠪᠡᠯᠡ ᠣᠷᠣᠭᠤᠯᠤᠯᠲᠠ | ᠵᠣᠬᠢᠬᠤ ᠬᠡᠮᠵᠢᠶ᠎ᠡ ᠪᠠᠷ ᠳᠣᠷᠣᠭᠰᠢᠯᠠᠭᠰᠠᠨ ᠠᠴᠠ ᠡᠨᠡ ᠵᠢᠯ ᠡᠷᠬᠡᠪᠰᠢ ᠨᠡᠬᠡᠨ ᠭᠦᠢᠴᠡᠵᠦ ᠨᠡᠮᠡᠭᠳᠡᠯ ᠲᠠᠢ | ᠪᠣᠯᠭᠠᠨ᠎ᠠ᠃ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠨᠢᠭᠡ ᠨᠢᠭᠡ ᠠᠵᠤ ᠠᠬᠤᠶᠢᠯᠠᠯ ᠢᠶᠠᠷ ᠵᠣᠯᠭᠠᠭᠤᠯᠤᠨ᠂ ᠨᠢᠭᠡ ᠨᠢᠭᠡ ᠲᠥᠷᠥᠯ ᠵᠦᠢᠯ ᠢᠶᠠᠷ ᠪᠣᠳᠠᠲᠠᠶᠢᠵᠢᠭᠤᠯᠬᠤ ᠶᠢ | ᠠᠳᠬᠤᠨ᠂ ᠮᠠᠨ ᠤ ᠣᠷᠣᠨ ᠤ ᠡᠬᠢ ᠪᠠᠶᠠᠯᠢᠭ ᠂ ᠠᠵᠤ ᠦᠢᠯᠡᠰ ᠤᠨ ᠳᠠᠪᠠᠭᠤᠯᠢᠭ ᠢᠶᠠᠷ ᠢᠶᠠᠨ ᠲᠥᠪ ᠤᠨ ᠠᠵᠤ | ᠠᠬᠤᠶᠢᠯᠠᠯ ᠤᠨ ᠬᠦᠴᠦᠷᠬᠡᠭ ᠪᠣᠳᠠᠲᠤ ᠬᠦᠴᠦᠨ ᠂ ᠲᠡᠷᠢᠭᠦᠨ ᠤ ᠮᠡᠷᠭᠡᠵᠢᠯ ᠯᠦᠭᠡ ︽ᠬᠤᠣᠰ ᠴᠢᠭᠯᠡᠯ ᠤᠨ | ᠬᠠᠮᠲᠤᠷᠠᠯᠴᠠᠭ᠎ᠠ ︾ ᠥᠷᠨᠢᠭᠦᠯᠵᠦ ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ ᠪᠠᠷ | ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠨᠢ ᠪᠠᠶᠢᠩᠭᠤᠰᠢᠭᠤᠯᠤᠨ ᠵᠠᠰᠠᠵᠤ ᠤᠷᠲᠤ | ᠬᠤᠭᠤᠴᠠᠭ᠎ᠠ ᠪᠦᠲᠦᠮᠵᠢᠲᠡᠢ ᠪᠠᠶᠢᠯᠭᠠᠬᠤ ᠳᠤ ᠪᠠᠶᠢᠨ᠎ᠠ ᠂ ᠡᠨᠡ ᠵᠢᠯ ᠳᠠᠬᠢᠨᠲᠠ ︽ᠥᠨᠳᠥᠷ ᠪᠦᠲᠦᠮᠵᠢᠲᠡᠢ ᠪᠠᠷ ᠨᠢᠭᠡ | ᠠᠵᠢᠯ ᠶᠠᠪᠤᠳᠠᠯ ᠢ ᠭᠦᠢᠴᠡᠳᠬᠡᠬᠦ ︾ 30 ᠵᠦᠢᠯ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ 150 | ᠵᠦᠢᠯᠡᠰ ᠢ ᠭᠠᠷᠭᠠᠵᠤ ᠂ ︽ᠠᠮᠠᠯᠠᠬᠤ ᠳᠦᠷᠢᠮ + ᠪᠦᠬᠦᠨ ᠢ ᠣᠷᠣᠯᠠᠨ ᠭᠦᠢᠴᠡᠳᠬᠡᠬᠦ ︾ ᠦᠢᠯᠡᠴᠢᠯᠡᠭᠡᠨ ᠤ ᠬᠡᠪ | ᠵᠠᠭᠪᠤᠷ ᠢ ᠳᠡᠯᠭᠡᠷᠡᠭᠦᠯᠦᠨ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠷᠢᠶ᠎ᠡ ᠴᠠᠷᠠᠭᠠᠨ ᠳᠠᠬᠢ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠬᠢᠵᠠᠭᠠᠷᠯᠠᠯ ᠬᠦᠯᠢᠶᠡᠰᠦᠯᠡᠯ ᠨᠢ ᠳᠡᠩᠳᠡᠭᠦᠦ | ᠤᠯᠠᠨ ᠂ ᠠᠵᠢᠯ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠲᠡᠢ ᠂ ᠠᠮᠠᠯᠠᠭᠰᠠᠨ ᠢᠶᠠᠨ ᠭᠦᠢᠴᠡᠳᠬᠡᠬᠦ ᠦᠭᠡᠢ ᠂ | ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠠᠰᠠᠭᠤᠳᠠᠯ ᠤᠳ ᠢ ᠦᠨᠡᠨ ᠪᠣᠳᠠᠲᠠᠢ | ᠰᠢᠢᠳᠪᠦᠷᠢᠯᠡᠵᠦ ᠂ ᠦᠨᠡᠨᠴᠢ ᠢᠲᠡᠭᠡᠮᠵᠢᠲᠡᠢ ᠪᠠᠶᠢᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ | ᠭᠤᠣᠯᠯᠠᠬᠤ ᠥᠷᠢᠰᠦᠯᠳᠦᠭᠡᠨ ᠤ ᠬᠦᠴᠦᠨ ᠪᠣᠯᠭᠠᠵᠤ ᠂ ᠺᠠᠳ᠋ᠷ ᠪᠦᠬᠦᠨ ᠢ ᠦᠨᠡᠨᠴᠢ ᠢᠲᠡᠭᠡᠮᠵᠢ ᠶᠢ ᠡᠷᠬᠢᠮᠯᠡᠭᠰᠡᠨ | ︽ᠣᠷᠣᠯᠠᠨ ᠥᠭᠦᠯᠡᠭᠴᠢ︾ ᠪᠣᠯᠭᠠᠨ᠎ᠠ ᠃ | ︵ᠨᠠᠢᠮᠠ︶ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠰᠠᠶᠢᠲᠤᠷ ᠠᠳᠬᠤᠨ᠂ | ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ᠃ ᠭᠠᠳᠠᠭᠰᠢ ᠨᠡᠭᠡᠭᠡᠯᠲᠡ ᠬᠢᠭᠰᠡᠨ ᠴᠤ ᠲᠡᠷᠡ᠂ | ᠳᠣᠲᠣᠭᠠᠳᠤ ᠨᠡᠭᠡᠭᠡᠯᠲᠡ ᠬᠢᠭᠰᠡᠨ ᠴᠤ ᠲᠡᠷᠡ᠂ ᠴᠥᠮ ᠬᠤᠣᠰ ᠴᠢᠭᠯᠡᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠷᠠᠭᠤᠯᠵᠤ᠂ ᠮᠠᠨ ᠤ ᠣᠷᠣᠨ ᠤ ᠬᠠᠷᠢᠴᠠᠩᠭᠤᠢ ᠲᠤᠲᠠᠭᠳᠠᠵᠤ ᠪᠠᠶᠢᠭ᠎ᠠ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ᠂ | ᠠᠵᠤ ᠦᠢᠯᠡᠰ ᠢ ᠣᠷᠣᠭᠤᠯᠵᠤ ᠠᠪᠴᠢᠷᠠᠬᠤ ᠪᠠᠷ ᠪᠠᠷᠠᠬᠤ ᠦᠭᠡᠢ᠂ ᠮᠠᠨ ᠤ ᠣᠷᠣᠨ ᠤ ᠳᠠᠪᠠᠭᠤᠯᠢᠭ ᠪᠣᠯᠬᠤ ᠪᠣᠬᠢᠷᠳᠤᠯ | ᠦᠭᠡᠢ ᠴᠠᠬᠢᠯᠭᠠᠨ᠂ ᠪᠣᠬᠢᠷᠳᠤᠯ ᠦᠭᠡᠢ ᠪᠣᠳᠣᠬᠤ ᠴᠢᠳᠠᠪᠤᠷᠢ᠂ ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ | ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠢᠶᠠᠨ ᠭᠠᠳᠠᠭᠰᠢ ᠭᠠᠷᠭᠠᠨ᠎ᠠ᠃ | ᠭᠠᠳᠠᠭᠰᠢ ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ ᠃ ᠣᠷᠣᠰ ᠮᠣᠩᠭᠤᠯ ᠳᠤ | ᠰᠠᠭᠤᠷᠢᠯᠠᠬᠤ ᠪᠣᠯᠪᠠᠴᠤ ᠣᠷᠣᠰ ᠮᠣᠩᠭᠤᠯ ᠳᠤ ᠯᠡ ᠬᠢᠵᠠᠭᠠᠷᠯᠠᠭᠳᠠᠬᠤ ᠦᠭᠡᠢ ᠪᠠᠶᠢᠵᠤ ᠂ ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠠᠵᠠ ᠳᠣᠬᠢᠶᠠᠯ ᠢ ᠠᠳᠬᠤᠨ ᠂ ᠨᠡᠩ ᠥᠨᠳᠥᠷ ᠪᠠᠷᠢᠮᠵᠢᠶ᠎ᠠ ᠲᠠᠢ ᠳᠦᠷᠢᠮ ᠤᠨ | ᠬᠡᠯᠪᠡᠷᠢ ᠪᠦᠬᠦᠢ ᠨᠡᠭᠡᠭᠡᠯᠲᠡ ᠶᠢ ᠲᠦᠷᠭᠡᠳᠬᠡᠨ ᠠᠬᠢᠭᠤᠯᠵᠤ ᠂ ︽ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠨᠡᠩ ᠭᠦᠨᠵᠡᠭᠡᠢ ᠣᠷᠣᠯᠴᠠᠨ ᠂ ᠵᠡᠭᠦᠨ ᠬᠤᠶᠢᠲᠤ ᠠᠽᠢᠶ᠎ᠠ ᠂ ᠲᠥᠪ ᠠᠽᠢᠶ᠎ᠠ ᠂ ᠡᠸᠦ᠋ᠷᠦᠫᠡ ᠲᠢᠪ ᠠᠮᠧᠷᠢᠺᠠ ᠲᠢᠪ ᠂ | ᠠᠦ᠋ᠰᠲᠷᠠᠯᠢᠶ᠎ᠠ ᠰᠢᠨ᠎ᠡ ᠽᠢᠯᠠᠨᠳ᠋ ᠪᠠ ᠰᠢᠨ᠎ᠡ ᠪᠠᠷ ᠪᠣᠢ ᠪᠣᠯᠤᠭᠰᠠᠨ ᠠᠵᠤ ᠠᠬᠤᠢ ᠶᠢᠨ ᠴᠣᠭᠴᠠ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠨ᠎ᠡ ᠃ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠢ | ᠪᠤᠵᠠᠭᠠᠶᠢᠷᠠᠭᠤᠯᠵᠤ ᠂ ᠭᠠᠷ ᠳᠠᠮᠵᠢᠭᠰᠠᠨ ᠮᠠᠰᠢᠨ ᠲᠡᠷᠭᠡ ᠂ ︽ᠰᠢᠨ᠎ᠡ ᠭᠤᠷᠪᠠᠨ ᠵᠦᠢᠯ ︾᠂ ᠵᠠᠪᠰᠠᠷ ᠤᠨ | ᠪᠦᠲᠦᠭᠡᠭᠳᠡᠬᠦᠨ ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ | ᠥᠷᠭᠡᠳᠬᠡᠨ ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠪᠠ ᠠᠵᠤ ᠦᠢᠯᠡᠰ ᠤᠨ | ᠬᠦᠷᠢᠶᠡᠯᠡᠩ ᠢ ᠨᠢᠭᠡ ᠪᠦᠯᠦᠭ ᠪᠤᠶᠢᠵᠢᠭᠤᠯᠵᠤ ᠂ ᠭᠤᠣᠯᠳᠠᠯᠭ᠎ᠠ ᠪᠣᠯᠬᠤ ᠠᠷᠠᠯᠵᠢᠶᠠᠨ ᠤ ᠬᠠᠨᠢᠲᠠᠨ ᠤ ᠭᠠᠳᠠᠭᠠᠳᠤ | ᠬᠥᠮᠥᠷᠭᠡ ᠶᠢ ᠨᠢᠭᠡ ᠪᠦᠯᠦᠭ ᠪᠠᠶᠢᠷᠢᠰᠢᠭᠤᠯᠤᠨ ᠂ ᠬᠦᠬᠡᠬᠤᠲᠠ ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ ᠂ ᠡᠭᠡᠯᠵᠢ ᠶᠢᠨ ᠴᠤᠪᠤᠭ᠎ᠠ ᠲᠡᠷᠭᠡᠨ ᠤ ᠪᠠᠷᠠᠭᠠᠨ ᠤ ᠢᠷᠡᠯᠲᠡ ᠶᠢᠨ ᠲᠥᠪᠯᠡᠷᠡᠭᠦᠯᠵᠦ | ᠬᠤᠪᠢᠶᠠᠷᠢᠯᠠᠬᠤ ᠴᠢᠳᠠᠪᠤᠷᠢ ᠪᠠ ᠪᠤᠴᠠᠬᠤ ᠳᠤ ᠪᠠᠨ ᠳᠦᠭᠦᠷᠡᠩ ᠠᠴᠢᠶᠠᠯᠠᠬᠤ ᠨᠤᠷᠮ᠎ᠠ ᠶᠢ ᠨᠢ ᠳᠡᠭᠡᠭᠰᠢᠯᠡᠭᠦᠯᠦᠨ ᠂ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ | ᠳᠠᠪᠠᠭᠤᠯᠵᠤ ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1.3 ᠳ᠋ᠦᠩᠰᠢᠭᠤᠷ | ᠲᠣᠨ ᠠᠴᠠ ᠳᠠᠪᠠᠭᠤᠯᠵᠤ ᠂ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠬᠤ ᠶᠡᠷᠦᠩᠬᠡᠢ ᠥᠷᠲᠡᠭ ᠢ 2200 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ ᠃ ᠮᠠᠨ ᠤ ᠣᠷᠣᠨ ᠳᠤ ᠭᠠᠳᠠᠭᠠᠳᠤ | ᠨᠡᠭᠡᠭᠡᠯᠲᠡ ᠶᠢᠨ ᠬᠢᠯᠢ ᠶᠢᠨ ᠪᠣᠭᠤᠮᠲᠠ 20 ᠪᠠᠶᠢᠨ᠎ᠠ ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠬᠦᠴᠦᠯᠡᠨ | ᠳᠡᠭᠡᠭᠰᠢᠯᠡᠭᠦᠯᠵᠦ ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠢ ᠰᠠᠶᠢᠲᠤᠷ ᠪᠦᠲᠦᠭᠡᠨ ᠪᠠᠶᠢᠭᠤᠯᠵᠤ ᠂ ᠮᠠᠨᠵᠤᠤᠷ ᠲᠡᠮᠦᠷ ᠵᠠᠮ ᠤᠨ ᠬᠢᠯᠢ ᠶᠢᠨ | ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠤ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ ᠂ ᠡᠷᠢᠶᠡᠨ | ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ ᠂ ᠮᠠᠨᠳᠤᠯ ᠬᠢᠯᠢ ᠶᠢᠨ | ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ | ᠬᠡᠷᠡᠭᠵᠢᠭᠦᠯᠦᠨ ᠂ ᠮᠠᠨᠵᠤᠤᠷ ᠂ ᠡᠷᠢᠶᠡᠨ ᠬᠤᠲᠠ ᠶᠢᠨ ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ ᠃ ᠬᠢᠯᠢ ᠶᠢᠨ ᠪᠣᠭᠤᠮᠲᠠ ᠪᠠ ᠳᠣᠲᠣᠷ᠎ᠠ ᠭᠠᠵᠠᠷ | ᠬᠤᠯᠪᠤᠭᠠᠯᠠᠨ ᠬᠥᠳᠡᠯᠦᠯᠴᠡᠬᠦ ᠂ ᠪᠣᠳᠠᠲᠠᠶᠢᠵᠢᠭᠤᠯᠤᠨ ᠤᠯᠠᠷᠢᠭᠤᠯᠬᠤ ᠪᠠᠨ ᠴᠢᠩᠭᠠᠷᠠᠭᠤᠯᠵᠤ ᠂ ᠭᠠᠳᠠᠭᠠᠳᠤ ᠳᠤ | ᠭᠠᠷᠭᠠᠬᠤ ᠲᠠᠸᠠᠷ ᠤᠨ ᠳᠡᠭᠡᠳᠦ ᠬᠡᠯᠬᠢᠶᠡᠨ ᠤ ᠢᠷᠡᠯᠲᠡ ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠳᠣᠣᠷᠠᠳᠤ | ᠬᠡᠯᠬᠢᠶᠡᠨ ᠤ ᠬᠠᠨᠳᠤᠰᠢ ᠶᠢ ᠭᠦᠨᠵᠡᠭᠡᠢ ᠰᠤᠳᠤᠯᠤᠨ ᠂ ᠬᠡᠦᠷᠡᠰᠦᠨ ᠨᠡᠭᠦᠷᠡᠰᠦ ᠂ ᠲᠡᠮᠦᠷ ᠤᠨ ᠬᠦᠳᠡᠷ ᠂ ᠠᠮᠤ ᠲᠣᠰᠣ ᠂ | ᠺᠠᠯᠢᠲᠤ ᠪᠣᠷᠳᠣᠭᠤᠷ ᠂ ᠮᠣᠳᠣᠨ ᠮᠠᠲ᠋ᠧᠷᠢᠶᠠᠯ ᠂ ᠬᠠᠶᠢᠯᠤᠭᠤᠷ ᠵᠤᠩᠰᠢ ᠂ ᠢᠮᠠᠭᠠᠨ ᠨᠣᠣᠯᠣᠭᠤᠷ ᠵᠡᠷᠭᠡ ᠶᠢ | ᠪᠣᠳᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠂ ︽ᠭᠠᠷ | ᠳᠠᠮᠵᠢᠪᠠᠴᠤ ᠠᠰᠢᠭ ᠬᠦᠷᠲᠡᠬᠦ ᠦᠭᠡᠢ ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ ᠃ ᠡᠯ᠎ᠡ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠨᠢ ᠲᠤᠰ ᠪᠡᠶ᠎ᠡ ᠶᠢᠨ ᠢᠶᠠᠨ ᠳᠤᠲᠠᠭᠤᠳᠠᠯ ᠢ ᠣᠨᠣᠪᠴᠢᠲᠠᠢ ᠡᠷᠢᠵᠦ ᠂ ᠬᠠᠨᠳᠤᠯᠭᠠᠲᠤ | ᠴᠢᠨᠠᠷᠲᠠᠢ ᠳᠡᠭᠡᠭᠰᠢᠯᠡᠭᠦᠯᠬᠦ ᠲᠥᠰᠥᠯ ᠢ ᠲᠣᠭᠲᠠᠭᠠᠨ ᠂ ᠪᠠᠶᠢᠷᠢ ᠪᠠᠨ ᠳᠡᠭᠡᠭᠰᠢᠯᠡᠭᠦᠯᠦᠨ ᠳᠡᠰ ᠳᠡᠪᠰᠢᠬᠦ ᠪᠠᠨ | ᠲᠦᠷᠭᠡᠳᠬᠡᠨ᠎ᠡ ᠃ | ᠳᠣᠲᠣᠭᠠᠳᠤ ᠳᠤ ᠪᠠᠨ ᠣᠷᠣᠨ ᠪᠦᠰᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ ᠃ ᠪᠡᠭᠡᠵᠢᠩ ᠲᠢᠶᠠᠨᠵᠢᠨ ᠾᠧᠪᠧᠢ ᠂ ᠬᠦᠬᠡᠮᠦᠷᠡᠨ ᠤ ᠭᠤᠷᠪᠠᠯᠵᠢᠨ ᠬᠤᠶᠢᠭ ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ | ᠵᠡᠷᠭᠡ ᠭᠠᠵᠠᠷ ᠣᠷᠣᠨ ᠲᠠᠢ ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠵᠤ ᠂ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠢ ᠳᠠᠭᠠᠭᠠᠨ ᠵᠠᠯᠭᠠᠭᠤᠯᠵᠤ ᠂ ᠡᠨᠧᠷᠬᠢ ᠂ ᠡᠬᠢ ᠪᠠᠶᠠᠯᠢᠭ ᠂ ᠪᠣᠳᠣᠬᠤ ᠴᠢᠳᠠᠪᠤᠷᠢ ᠵᠡᠷᠭᠡ | ᠲᠠᠯ᠎ᠠ ᠪᠠᠷ ᠠᠵᠤ ᠠᠬᠤᠢ ᠶᠢᠨ ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ ᠂ ᠣᠨᠴᠠᠭᠠᠶᠢᠯᠠᠨ | ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ | ᠡᠯᠪᠡᠭ ᠳᠡᠯᠪᠡᠭ ᠬᠡᠷᠡᠭᠯᠡᠯᠲᠡ ᠶᠢᠨ ᠠᠬᠤᠢ ᠪᠠᠶᠢᠳᠠᠯ ᠬᠠᠩᠭᠠᠨ᠎ᠠ ᠃ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠨ᠎ᠡ ᠂ ︽ᠵᠢᠷᠭᠤᠭ᠎ᠠ ᠶᠢ ᠲᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ︾ ᠪᠠ ︽ᠳᠦᠷᠪᠡᠨ ᠵᠦᠢᠯ ᠤᠨ ᠠᠵᠢᠯᠯᠠᠭᠠᠨ ︾ ᠢ ᠥᠷᠭᠦᠯᠵᠢᠯᠡᠨ ᠥᠷᠨᠢᠭᠦᠯᠵᠦ ᠂ ᠰᠢᠨ᠎ᠡ ᠬᠡᠯᠪᠡᠷᠢ ᠶᠢᠨ | ᠡᠨᠧᠷᠬᠢ ᠨᠥᠭᠡᠴᠡᠯᠡᠬᠦ ᠂ ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ ᠂ ᠪᠣᠬᠢᠷᠲᠤᠯ ᠦᠭᠡᠢ | ᠪᠣᠳᠣᠬᠤ ᠴᠢᠳᠠᠪᠤᠷᠢ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠂ ᠣᠳᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠵᠡᠷᠭᠡ ᠲᠠᠯ᠎ᠠ ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭᠠᠨ᠎ᠠ ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠳᠤ ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ | ᠪᠠᠷᠢᠮᠲᠠᠯᠠᠨ᠎ᠠ ᠃ ᠵᠡᠭᠦᠨ ᠬᠡᠰᠡᠭ ᠤᠨ ᠲᠠᠪᠤᠨ ᠠᠶᠢᠮᠠᠭ ᠬᠤᠲᠠ ︽ᠰᠦᠷ ᠵᠢᠪᠬᠤᠭ᠎ᠠ ᠪᠠᠨ ᠳᠠᠬᠢᠨ | ᠪᠠᠳᠠᠷᠠᠭᠤᠯᠬᠤ ︾ ᠠᠤᠭ᠎ᠠ ᠵᠣᠷᠢᠭ ᠢ ᠬᠥᠪᠴᠢᠯᠡᠵᠦ ᠂ ᠰᠢᠨ᠎ᠡ ᠬᠥᠭᠵᠢᠯᠲᠡ ᠶᠢᠨ ᠳᠠᠪᠠᠭᠤᠯᠢᠭ ᠢ ᠬᠤᠯᠪᠤᠭᠠᠯᠠᠨ | ᠴᠣᠭᠴᠠᠯᠠᠨ᠎ᠠ ᠃ ᠤᠯᠠᠭᠠᠨᠬᠠᠳᠠ ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶᠢᠭᠠᠳ ᠬᠥᠭᠵᠢᠨ ᠮᠠᠨᠳᠤᠯᠲᠠ ᠳᠤ ᠪᠠᠨ | ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ ᠃ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ ᠤ | ᠴᠢᠨᠠᠷ ᠰᠠᠶᠢᠲᠠᠢ ᠬᠥᠭᠵᠢᠯᠲᠡ ᠶᠢᠨ ᠭᠤᠣᠯ ᠡᠭᠦᠷᠭᠡ ᠶᠢ ᠡᠭᠦᠷᠭᠡᠯᠡᠵᠦ ᠂ ᠬᠤᠪᠢ ᠨᠡᠮᠡᠷᠢ ᠦᠵᠡᠭᠦᠯᠭᠦ ᠮᠥᠷᠲᠡᠭᠡᠨ | ᠣᠯᠠᠨ ᠲᠦᠮᠡᠨ ᠤ ᠴᠢᠨᠠᠷ ᠴᠢᠨᠰᠠᠭ᠎ᠠ ᠲᠠᠢ ᠠᠮᠢᠳᠤᠷᠠᠯ ᠪᠠ ᠨᠡᠶᠢᠭᠡᠮ ᠤᠨ ᠥᠨᠳᠥᠷ ᠬᠢᠷᠢ ᠲᠦᠪᠰᠢᠨ ᠪᠦᠬᠦᠢ | ᠵᠠᠰᠠᠯᠲᠠ ᠶᠢᠨ ᠲᠠᠯ᠎ᠠ ᠪᠠᠷ ᠲᠦᠷᠦᠭᠦᠨ ᠳᠤ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ ᠂ ᠬᠦᠬᠡᠬᠤᠲᠠ | ᠪᠤᠭᠤᠲᠤ ᠣᠷᠳᠣᠰ ᠤᠯᠠᠭᠠᠨᠴᠠᠪ ᠢ ᠨᠢᠭᠡ ᠬᠤᠲᠠᠵᠢᠭᠤᠯᠬᠤ ᠪᠠᠷ ᠳᠠᠮᠵᠢᠭᠤᠯᠤᠨ ᠪᠦᠬᠦ ᠣᠷᠣᠨ ᠤ ᠬᠥᠭᠵᠢᠯᠲᠡ ᠶᠢ | ᠬᠥᠲᠥᠯᠥᠨ ᠳᠠᠶᠢᠴᠢᠯᠠᠬᠤ ᠭᠤᠣᠯ ᠬᠥᠳᠡᠯᠭᠡᠭᠦᠷ ᠢ ᠬᠦᠴᠦᠨ ᠬᠠᠮᠲᠤᠳᠬᠠᠨ ᠴᠣᠭᠴᠠᠯᠠᠨ᠎ᠠ ᠃ ᠪᠠᠷᠠᠭᠤᠨ ᠬᠡᠰᠡᠭ ᠤᠨ | ᠭᠤᠷᠪᠠᠨ ᠠᠶᠢᠮᠠᠭ ᠬᠤᠲᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠᠨ ᠴᠢᠩᠭᠠᠳᠬᠠᠵᠤ ᠂ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠵᠦ ᠂ ᠵᠠᠯᠭᠠᠨ ᠠᠪᠴᠤ | ᠣᠷᠣᠯᠠᠭᠤᠯᠵᠤ ᠪᠣᠯᠬᠤ ᠠᠵᠤ ᠦᠢᠯᠡᠰ ᠢ ᠬᠠᠮᠲᠤ ᠪᠠᠷ ᠪᠤᠶᠢᠵᠢᠭᠤᠯᠤᠨ᠎ᠠ ᠃ ᠦᠬᠠᠢ ᠵᠢᠴᠢ ᠡᠷᠭᠢᠨ ᠲᠣᠭᠤᠷᠢᠨ ᠤ | ᠭᠠᠵᠠᠷ ᠣᠷᠣᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ | ᠬᠤᠯᠪᠤᠭᠠᠯᠠᠨ ᠵᠠᠰᠠᠬᠤ ᠪᠠᠨ ᠴᠢᠩᠭᠠᠷᠠᠭᠤᠯᠵᠤ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ ᠂ ᠬᠥᠭᠵᠢᠯᠲᠡ ᠶᠢᠨ ᠪᠦᠬᠦᠯᠢ ᠴᠣᠭᠴᠠ ᠶᠢᠨ ᠬᠦᠴᠦᠨ | ᠴᠢᠳᠠᠪᠤᠷᠢ ᠪᠠᠨ ᠳᠡᠭᠡᠭᠰᠢᠯᠡᠭᠦᠯᠦᠨ᠎ᠡ ᠃ ᠪᠠᠶᠠᠨᠨᠠᠭᠤᠷ ᠨᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ ᠂ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠢ ᠨᠡᠷ᠎ᠡ ᠨᠢᠳᠡᠷ ᠲᠤ ᠪᠠᠨ ᠲᠡᠩᠴᠡᠭᠰᠡᠨ ︽ᠪᠣᠭᠤᠮᠲᠠ ᠶᠢᠨ ᠭᠠᠳᠠᠨᠠᠬᠢ ᠠᠮᠤ ᠶᠢᠨ | ᠰᠠᠩ ︾ ᠪᠣᠯᠭᠠᠨ ᠪᠠᠶᠢᠭᠤᠯᠵᠤ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠥᠨᠳᠦᠷᠯᠢᠭ ᠢ | ᠴᠣᠭᠴᠠᠯᠠᠨ᠎ᠠ ᠃ | ︵ᠶᠢᠰᠦ︶ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠬᠥᠲᠥᠯᠥᠮᠵᠢ ᠪᠣᠯᠭᠠᠨ ᠂ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠶᠢ ᠪᠠᠬᠢᠵᠢᠭᠦᠯᠬᠦ ᠪᠣᠯ ᠪᠢᠳᠡᠨ ᠤ ᠪᠠᠲᠤ ᠴᠡᠭᠡᠵᠢᠯᠡᠭᠦᠰᠢᠲᠡᠢ ︽ᠤᠯᠤᠰ ᠤᠨ ᠶᠡᠭᠡ ᠶᠠᠪᠤᠳᠠᠯ ︾ ᠪᠣᠯᠣᠨ᠎ᠠ ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ ᠂ ᠪᠦᠬᠦ ᠬᠦᠴᠦᠨ | ᠵᠦᠢᠯ ᠪᠦᠬᠦ ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠣᠭᠴᠠᠯᠠᠵᠤ ᠂ ᠥᠨᠳᠥᠷ ᠬᠢᠷᠢ ᠲᠦᠪᠰᠢᠨ ᠪᠦᠬᠦᠢ | ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ ᠃ | ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠭᠦᠯᠵᠢᠯᠡᠨ | ᠰᠠᠶᠢᠲᠤᠷ ᠬᠢᠨ᠎ᠡ ᠃ ᠬᠠᠲᠤᠨ ᠭᠤᠣᠯ ᠤᠨ ︽ᠶᠡᠭᠡ ᠲᠣᠬᠤᠢ ︾ ᠶᠢᠨ ᠡᠷᠭᠢ ᠳᠠᠭᠠᠤ ᠶᠢᠨ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠴᠢᠳᠦᠷᠯᠡᠬᠦ ᠤᠢ ᠶᠢᠨ ᠪᠦᠰᠡ ᠶᠢ ᠪᠦᠬᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠤᠨ ᠂ | ᠪᠠᠳᠠᠢ ᠶᠢᠨ ᠵᠢᠷᠠᠨ ᠂ ᠲᠡᠭᠷᠢ ᠡᠯᠡᠰᠦ ᠶᠢᠨ ᠵᠠᠬ᠎ᠠ ᠶᠢ ᠴᠢᠳᠦᠷᠯᠡᠬᠦ ᠣᠢ ᠶᠢᠨ ᠪᠦᠰᠡ ᠶᠢᠨ ︽ᠠᠮᠠ ᠰᠡᠭᠡᠷ | ᠵᠣᠯᠭᠠᠬᠤ ︾ ᠶᠢ ᠪᠡᠶᠡᠯᠡᠭᠦᠯᠵᠦ ᠂ 2000 ᠭᠠᠷᠤᠢ ᠲᠦᠮᠡᠨ ᠮᠦ ᠡᠯᠡᠰᠦ ᠶᠢ ᠵᠠᠰᠠᠵᠤ ᠂ ᠡᠯᠡᠰᠦᠨ ᠴᠦᠯ ᠢ | ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠳ᠋ᠷ ᠪᠦᠲᠦᠭᠡᠨ ᠪᠠᠶᠢᠭᠤᠯᠤᠨ᠎ᠠ ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ | ᠢᠨᠵᠧᠨᠧᠷᠢᠩ ᠢ ᠥᠷᠭᠦᠯᠵᠢᠯᠡᠨ ᠠᠬᠢᠭᠤᠯᠵᠤ ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ | ᠺᠢᠯᠣᠸᠠᠲ ᠰᠢᠨ᠎ᠡ ᠪᠠᠷ ᠪᠠᠶᠢᠭᠤᠯᠤᠨ ᠂ 140 ᠲᠦᠮᠡᠨ ᠮᠦ ᠡᠯᠡᠰᠦ ᠶᠢ ᠵᠠᠰᠠᠵᠤ ᠂ ︽ᠭᠡᠷᠡᠯᠴᠢ ᠴᠡᠨᠡᠭ ᠤᠨ ᠤᠷᠲᠤ | ᠴᠠᠭᠠᠨ ᠬᠡᠷᠡᠮ ︾ ᠤᠨ ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ | ᠠᠬᠢᠭᠤᠯᠤᠨ᠎ᠠ ᠃ | ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ ᠃ ᠮᠠᠨ ᠤ ᠣᠷᠣᠨ ᠨᠢᠭᠡ ᠲᠠᠯ᠎ᠠ ᠪᠠᠷ | ᠤᠰᠤ ᠲᠤᠲᠠᠭᠳᠠᠵᠤ ᠂ ᠨᠦᠬᠦᠬᠡ ᠲᠠᠯ᠎ᠠ ᠪᠠᠷ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ ᠪᠠᠶᠢᠳᠠᠭ ᠠᠴᠠ ᠤᠰᠤ | ᠠᠷᠪᠢᠯᠠᠬᠤ ᠶᠢ ᠰᠠᠶᠢᠲᠤᠷ ᠠᠳᠬᠤᠬᠤ ᠠᠵᠢᠯ ᠢ ᠣᠨᠨᠲᠤ ᠠᠯᠭᠤᠷᠯᠠᠵᠤ ᠪᠣᠯᠬᠤ ᠦᠭᠡᠢ ᠃ ᠲᠠᠷᠢᠶᠠᠯᠠᠩ ᠤᠨ ᠬᠦᠷᠢᠶ᠎ᠡ | ᠴᠠᠷᠠᠭᠠᠨ ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠬᠤ | ᠶᠠᠪᠤᠳᠠᠯ ᠪᠣᠯᠣᠨ᠎ᠠ ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 200 ᠲᠦᠮᠡᠨ | ᠮᠦ ᠰᠢᠨ᠎ᠡ ᠪᠠᠷ ᠨᠡᠮᠡᠭᠳᠡᠭᠦᠯᠵᠦ ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ | ᠰᠢᠶᠠᠨ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠲᠷ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠣᠪᠦ᠋ᠢᠯᠭᠠᠨᠠ ᠂ ᠨᠡᠭᠡᠭᠡᠯᠲᠡ ᠶᠢᠨ ᠲᠣᠭᠤᠷᠢᠭ ᠪᠦᠬᠦᠨ ᠳᠤ | ᠲᠡᠷᠢᠭᠦᠨ ᠤ ᠤᠰᠤ ᠠᠷᠪᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠂ ᠰᠢᠨ᠎ᠡ ᠪᠠᠷ ᠲᠣᠬᠢᠷᠠᠭᠤᠯᠤᠭᠰᠠᠨ ᠲᠥᠷᠥᠯ | ᠵᠦᠢᠯ ᠤᠨ ᠣᠰᠣᠨ ᠤ ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ | ᠬᠡᠮᠵᠢᠭᠳᠡᠯ ᠠᠴᠠ ᠳᠣᠣᠷ᠎ᠠ ᠦᠭᠡᠢ ᠪᠠᠶᠢᠯᠭᠠᠵᠤ ᠂ ᠲᠦᠮᠡᠨ ᠲᠥᠭᠦᠷᠢᠭ ᠤᠨ GDP ᠲᠤ ᠬᠡᠷᠡᠭᠯᠡᠬᠦ ᠣᠰᠣᠨ ᠤ | ᠬᠡᠮᠵᠢᠶ᠎ᠡ ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠤ ᠬᠡᠷᠡᠭᠯᠡᠬᠦ ᠤᠰᠤᠨ ᠤ | ᠬᠡᠮᠵᠢᠶᠡᠨ ᠤ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ | ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠠᠮᠢᠳᠤᠷᠠᠯ ᠳᠤ ᠬᠡᠷᠡᠭᠯᠡᠬᠦ ᠤᠰᠤ ᠶᠢ ᠠᠷᠪᠢᠯᠠᠬᠤ ᠳᠤ ᠨᠠᠷᠢᠨ | ᠨᠢᠮᠪᠠᠢ ᠪᠣᠳᠣᠵᠦ ᠲᠥᠯᠥᠪᠯᠡᠨ᠎ᠡ᠂ ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ | ᠥᠷᠨᠢᠭᠦᠯᠵᠦ᠂ ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠵᠦ ᠪᠠᠶᠢᠭᠤᠯᠤᠨ᠂ ᠤᠰᠤ | ᠠᠷᠪᠢᠯᠠᠬᠤ ᠬᠠᠮᠢᠶᠠᠷᠤᠯᠲᠠ ᠶᠢᠨ ᠣᠶᠤᠨᠴᠢ ᠲᠠᠪᠴᠠᠩ ᠢ ᠴᠣᠭᠴᠠᠯᠠᠵᠤ᠂ ᠬᠤᠲᠠ ᠶᠢᠨ ᠣᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠤᠷᠮ᠎ᠠ ᠶᠢ ᠲᠦᠷᠭᠡᠬᠡᠨ ᠳᠣᠷᠣᠭᠰᠢᠯᠠᠭᠤᠯᠵᠤ᠂ | ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠬᠡᠮᠵᠢᠶᠡᠯᠡᠨ ᠪᠣᠳᠣᠬᠤ ᠨᠤᠷᠮ᠎ᠠ ᠶᠢ | ᠲᠦᠷᠭᠡᠬᠡᠨ ᠳᠡᠭᠡᠭᠰᠢᠯᠡᠭᠦᠯᠦᠨ᠎ᠡ ᠃ ᠪᠠᠶᠢᠩᠭᠤ ᠶᠢᠨ ᠪᠤᠰᠤ ᠤᠰᠤ ᠶᠢ ᠰᠠᠶᠢᠲᠤᠷ ᠠᠰᠢᠭᠯᠠᠬᠤ ᠨᠢ ᠴᠦ ᠤᠰᠤ | ᠠᠷᠪᠢᠯᠠᠵᠤ ᠪᠠᠶᠢᠭ᠎ᠠ ᠶᠠᠪᠤᠳᠠᠯ ᠪᠣᠯᠣᠨ᠎ᠠ ᠂ ᠳᠠᠬᠢᠯᠲᠠ ᠤᠰᠤ ᠶᠢ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ ᠂ | ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠮᠵᠢ ᠶᠢ 60% ᠠᠴᠠ ᠳᠡᠭᠡᠭᠰᠢ ᠳᠤ | ᠬᠦᠷᠦᠭᠦᠯᠵᠦ ᠂ ᠠᠭᠤᠷᠬᠠᠢ ᠶᠢᠨ ᠬᠤᠳᠳᠤᠭ ᠤᠨ ᠰᠢᠪᠬᠠᠷᠤᠤ ᠶᠢᠨ ᠠᠰᠢᠭᠯᠠᠮᠵᠢ ᠶᠢ 70% ᠠᠴᠠ ᠳᠡᠭᠡᠭᠰᠢ ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃ | ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠨ᠎ᠡ ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠣᠯ ᠤᠨ ᠰᠠᠪᠠ ᠭᠠᠵᠠᠷ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠰᠤᠯᠠᠷᠠᠭᠤᠯᠤᠯ ᠦᠭᠡᠢ ᠴᠢᠩᠭ᠎ᠠ | ᠠᠩᠬᠠᠷᠴᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠡᠨ ᠬᠦᠴᠦᠯᠡᠨ ᠠᠳᠬᠤᠵᠤ ᠂ ᠠᠳᠠᠯᠢ | ᠲᠥᠷᠥᠯ ᠤᠨ ᠠᠰᠠᠭᠤᠳᠠᠯ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ ᠃ ᠬᠦᠬᠡᠬᠤᠲᠠ ᠪᠤᠭᠤᠲᠤ ᠣᠷᠳᠣᠰ ᠂ ᠦᠬᠠᠢ | ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ | ᠭᠦᠨᠵᠡᠭᠡᠶᠢᠷᠡᠭᠦᠯᠵᠦ ᠂ ᠬᠦᠨᠳᠦ ᠪᠣᠬᠢᠷᠲᠤᠭᠰᠠᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠤᠨ | ᠭᠦᠨᠵᠡᠭᠡᠢ ᠵᠠᠰᠠᠯᠲᠠ ᠶᠢ ᠠᠬᠢᠭᠤᠯᠤᠨ᠎ᠠ ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ ᠤᠨ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ ︾ ᠦᠷ᠎ᠡ ᠪᠦᠲᠦᠭᠡᠯ ᠢ ᠪᠠᠬᠢᠵᠢᠭᠦᠯᠦᠨ ᠂ ︽ᠬᠥᠯᠥᠨ ᠨᠠᠭᠤᠷ ᠲᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ ︾ ᠵᠢᠴᠢ ᠴᠠᠭᠠᠨᠨᠠᠭᠤᠷ ᠤᠨ ᠬᠠᠮᠠᠭᠠᠯᠠᠯᠲᠠ ᠵᠠᠰᠠᠯᠲᠠ ᠪᠠᠨ ᠴᠢᠩᠭᠠᠳᠬᠠᠵᠤ ᠂ ᠬᠠᠲᠤᠨ | ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ ᠂ ᠦᠬᠠᠢ ᠨᠠᠭᠤᠷ ᠤᠨ ᠴᠦᠬᠦᠷᠦᠮ ᠤᠨ ᠣᠷᠣᠨ ᠤ ᠨᠥᠯᠥᠮᠡᠯ ᠰᠢᠪᠠᠷ ᠢ | ᠠᠷᠢᠯᠭᠠᠨ ᠴᠡᠪᠡᠷᠯᠡᠬᠦ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠶᠢ ᠨᠢᠭᠡ ᠴᠣᠭᠴᠠᠵᠢᠭᠤᠯᠤᠨ | ᠵᠠᠰᠠᠬᠤ ᠠᠵᠢᠯ ᠢ ᠲᠤᠷᠰᠢᠨ ᠠᠬᠢᠭᠤᠯᠵᠤ ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠰᠡᠷᠭᠦᠯᠲᠡ ᠶᠢ ᠠᠬᠢᠭᠤᠯᠤᠨ᠎ᠠ ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭᠠᠲᠤ ᠨᠢᠭᠡᠴᠢ ᠶᠢᠨ | ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ ᠂ | ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ ᠂ ᠬᠤᠵᠢᠷᠯᠢᠭ | ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠᠨ ᠴᠢᠩᠭᠠᠳᠬᠠᠨ᠎ᠠ ᠃ | ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠦᠭᠡᠢ | ᠬᠥᠭᠵᠢᠬᠦ ᠶᠢ ᠠᠬᠢᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠡᠨᠧᠷᠬᠢ ᠠᠷᠪᠢᠯᠠᠬᠤ ᠮᠡᠷᠭᠡᠵᠢᠯ ᠢ | ᠳᠡᠯᠭᠡᠷᠡᠭᠦᠯᠵᠦ ᠬᠡᠷᠡᠭᠯᠡᠬᠦ ᠪᠠᠨ ᠲᠦᠷᠭᠡᠳᠬᠡᠵᠦ ᠂ ᠪᠦᠬᠦ ᠤᠯᠤᠰ ᠤᠨ ᠨᠡᠭᠦᠷᠡᠰᠦᠳᠦ᠋ᠷᠦᠭᠴᠢ ᠶᠢᠨ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ ︾ ᠳᠤ ᠵᠣᠬᠢᠴᠠᠭᠰᠠᠨ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ ᠂ 2.0 ᠪᠠᠷᠯᠠᠯ ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠣᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠶᠢᠨ | ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ ᠃ ᠡᠬᠢ ᠪᠠᠶᠠᠯᠢᠭ ᠢ | ᠣᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠨ᠎ᠠ ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠲᠥᠬᠦᠭᠡᠷᠦᠮᠵᠢ ᠤᠳᠠᠯ ᠦᠭᠡᠢ ︽ᠬᠡᠷᠡᠭᠴᠡᠭᠡᠨ ᠠᠴᠠ ᠭᠠᠷᠬᠤ ᠥᠷᠨᠢᠯ ︾ ᠢ ᠤᠭᠲᠤᠬᠤ ᠪᠣᠯᠣᠨ᠎ᠠ ᠂ | ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ ᠂ ᠪᠤᠭᠤᠲᠤ ᠶᠢᠨ ᠰᠠᠯᠬᠢᠨ | ᠬᠦᠴᠦᠨ ᠤ ᠴᠠᠬᠢᠯᠭᠠᠨ ᠤ ᠬᠡᠷᠡᠭᠴᠡᠭᠡᠨ ᠠᠴᠠ ᠭᠠᠷᠤᠭᠰᠠᠨ ᠲᠣᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ | ᠳᠠᠬᠢᠨᠲᠠ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ ᠂ ᠣᠷᠳᠣᠰ ᠤᠨ ᠳᠡᠭᠡᠳᠦ ᠬᠥᠩᠭᠡᠨᠴᠠᠭᠠᠨᠲᠤ ᠨᠤᠨᠳᠠᠭ | ᠨᠡᠭᠦᠷᠡᠰᠦᠨ ᠤ ᠦᠨᠡᠰᠦ ᠪᠠ ᠳᠠᠬᠢᠯᠲᠠ ᠬᠥᠩᠭᠡᠨᠴᠠᠭᠠᠨ ᠤ ᠡᠬᠢ ᠪᠠᠶᠠᠯᠢᠭ ᠢ ᠠᠰᠢᠭᠯᠠᠬᠤ ᠰᠠᠭᠤᠷᠢᠨ ᠭᠠᠵᠠᠷ ᠂ | ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ ᠂ ᠣᠯᠠᠨ ᠬᠦᠷᠢᠶ᠎ᠡ ᠴᠠᠷᠠᠭᠠᠨ ᠳᠤ ︽ᠬᠠᠶᠠᠭᠳᠠᠮᠠᠯ ᠢ | ᠬᠤᠪᠣᠷ ᠡᠷᠳᠡᠨᠢ ᠪᠤᠯᠭᠠᠬᠤ ︾ ᠶᠢ ᠪᠡᠶᠡᠯᠡᠭᠦᠯᠦᠨ᠎ᠡ ᠃ | ︵ᠠᠷᠪᠠ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠨᠢᠳᠤᠨᠤᠨ ᠮᠠᠨ ᠤ ᠣᠷᠣᠨ ᠤ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ | ᠬᠦᠷᠦᠭᠰᠡᠨ ᠪᠤᠶᠤ ᠲᠡᠭᠦᠨ ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠶᠢᠭᠰᠠᠨ ᠴᠦ ᠪᠠᠷᠢᠮᠵᠢᠶᠠᠨ ᠠᠴᠠ ᠥᠯᠥ | ᠪᠠᠭᠤᠷᠠᠭᠤᠯᠤᠨ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠪᠠᠲᠤ ᠰᠠᠬᠢᠵᠤ᠂ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮᠴᠢᠯᠡᠭᠡ ᠵᠡᠷᠭᠡ ᠤᠯᠠᠨ ᠨᠡᠶᠢᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠦᠨ᠎ᠡ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠣᠨ᠎ᠠ ᠂ ᠣᠯᠠᠨ ᠠᠷᠭ᠎ᠠ ᠬᠡᠮᠵᠢᠶ᠎ᠡ ᠶᠢ | ᠵᠡᠷᠭᠡ ᠳᠤ ᠨᠢ ᠬᠡᠷᠡᠭᠯᠡᠨ ᠠᠵᠤ ᠦᠢᠯᠡᠰ ᠪᠠ ᠠᠵᠢᠯ ᠣᠯᠭᠤᠯᠲᠠ ᠶᠢᠨ ᠬᠠᠷᠢᠯᠴᠠᠨ ᠠᠬᠢᠭᠤᠯᠵᠤ ᠬᠠᠮᠲᠤ ᠪᠠᠷ | ᠳᠠᠪᠰᠢᠬᠤ ᠶᠢ ᠠᠬᠢᠭᠤᠯᠤᠨ᠎ᠠ ᠃ ᠮᠠᠨ ᠤ ᠣᠷᠣᠨ ᠤ ᠲᠦᠮᠡᠨ ᠳ᠋ᠦᠩᠰᠢᠭᠤᠷ ᠲᠥᠭᠦᠷᠢᠭ ᠰᠢᠬᠠᠮ ᠤᠨ ᠴᠢᠬᠤᠯᠠ ᠶᠡᠭᠡ | ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠠᠵᠤ ᠦᠢᠯᠡᠰ ᠤᠨ ᠪᠡᠯᠡ ᠣᠷᠣᠭᠤᠯᠤᠯᠲᠠ ᠪᠠᠷᠤᠭ ᠠᠷᠪᠠᠨ ᠤ | ᠳᠣᠯᠣᠭᠠᠨ ᠬᠤᠪᠢ ᠶᠢ ᠡᠵᠡᠯᠡᠭᠰᠡᠨ ᠪᠣᠯᠪᠠᠴᠤ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠳᠠᠶᠢᠴᠢᠯᠠᠭᠰᠠᠨ ᠢᠶᠠᠷ | ᠪᠠᠷᠤᠭᠲᠠᠢ ᠪᠠᠶᠢᠵᠤ ᠂ ︽ᠬᠥᠮᠥᠨ ᠪᠠᠶᠢᠭᠠᠳ ᠬᠢᠬᠦ ᠠᠵᠢᠯ ᠦᠭᠡᠢ ︾ ᠮᠥᠷᠲᠡᠭᠡᠨ ︽ᠠᠵᠢᠯ ᠪᠠᠶᠢᠭᠠᠳ ᠬᠢᠬᠦ ᠬᠥᠮᠥᠨ | ᠦᠭᠡᠢ ︾ ᠪᠠᠶᠢᠳᠠᠯ ᠣᠷᠣᠰᠢᠵᠤ ᠪᠠᠶᠢᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ | ᠠᠬᠢᠭᠤᠯᠬᠤ ᠠᠵᠢᠯᠯᠠᠭᠠᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠠᠳᠬᠤᠬᠤ ᠂ ᠠᠵᠤ ᠦᠢᠯᠡᠰ ᠢ ᠪᠣᠳᠠᠲᠠᠶᠢᠵᠢᠭᠤᠯᠬᠤ ᠶᠢ ᠠᠳᠬᠤᠬᠤ ᠳᠤ ᠪᠠᠨ ᠲᠤᠰ | ᠭᠠᠵᠠᠷ ᠤᠨ ᠢᠶᠠᠨ ᠠᠵᠢᠯ ᠣᠯᠭᠤᠯᠲᠠ ᠶᠢ ᠬᠡᠷᠬᠢᠨ ᠨᠡᠩ ᠣᠯᠠᠨ ᠳᠠᠶᠢᠴᠢᠯᠠᠬᠤ ᠶᠢ ᠵᠡᠷᠭᠡ ᠳᠤ ᠨᠢ ᠪᠣᠳᠣᠯᠬᠢᠯᠠᠨ ᠂ | ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠰᠤᠳᠤᠯᠬᠤ ᠳᠤ ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠡᠷᠭᠡ ᠳᠤ ᠨᠢ ᠰᠤᠳᠤᠯᠤᠨ᠂ ᠤᠷ᠎ᠠ | ᠮᠡᠷᠭᠡᠰᠢᠯ ᠤᠨ ᠪᠣᠯᠪᠠᠰᠤᠷᠠᠯ ᠂ ᠠᠵᠢᠯ ᠣᠯᠭᠤᠬᠤ ᠵᠢᠯᠣᠭᠤᠳᠤᠯᠭ᠎ᠠ ᠶᠢ ᠤᠷᠢᠳᠴᠢᠯᠠᠨ ᠰᠠᠶᠢᠲᠤᠷ ᠬᠢᠵᠦ ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠤ ᠠᠬᠤᠶᠢᠯᠠᠯ ᠳᠤ ᠴᠢᠳᠠᠪᠤᠷᠢᠲᠠᠨ ᠬᠠᠩᠭᠠᠬᠤ ᠶᠢ ᠵᠡᠷᠭᠡ ᠳᠤ ᠨᠢ | ᠠᠬᠢᠭᠤᠯᠤᠨ ᠂ ᠵᠠᠪᠰᠠᠷ ᠦᠭᠡᠢ ᠵᠣᠯᠭᠠᠭᠤᠯᠬᠤ ᠬᠡᠷᠡᠭᠲᠡᠢ ᠃ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ | ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠᠨ | ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠲᠤ ᠶᠠᠮᠠᠷ ᠴᠢᠳᠠᠪᠤᠷᠢᠲᠠᠨ | ᠴᠢᠬᠤᠯᠠᠲᠠᠢ ᠪᠣᠯ ᠲᠡᠶᠢᠨ ᠬᠦ ᠴᠢᠳᠠᠪᠤᠷᠢᠲᠠᠨ ᠢ ᠬᠥᠮᠥᠵᠢᠭᠦᠯᠵᠦ ᠬᠠᠩᠭᠠᠨ᠎ᠠ ᠃ ᠣᠨᠴᠠᠭᠠᠢ ᠬᠥᠮᠥᠰ ᠲᠤ ᠠᠵᠢᠯ | ᠣᠯᠭᠤᠬᠤ ᠶᠢ ᠣᠨᠴᠠᠭᠠᠶᠢᠯᠠᠨ ᠠᠩᠬᠠᠷᠴᠤ ᠂ ᠭᠤᠣᠯᠳᠠᠯᠭ᠎ᠠ ᠲᠠᠢ ᠪᠠᠲᠤᠯᠠᠵᠤ ᠂ ᠨᠠᠰᠤ ᠠᠬᠢᠭᠰᠠᠨ ᠂ ᠵᠡᠮᠳᠡᠭ ᠵᠡᠷᠡᠮᠳᠡᠭ ᠂ | ᠠᠵᠢᠯ ᠠᠯᠳᠠᠭᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ ᠳᠤ ᠬᠦᠴᠢᠷᠳᠡᠯᠲᠡᠢ | ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ ᠂ ᠴᠡᠷᠢᠭ ᠤᠨ ᠠᠯᠪᠠ ᠠᠴᠠ ᠬᠠᠯᠠᠭᠳᠠᠭᠰᠠᠳ ᠂ | ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ ᠂ ︽ᠨᠢᠭᠡ | ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ ︾ ᠶᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ | ᠪᠠᠲᠤᠯᠠᠨ᠎ᠠ ᠃ | ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ | ᠪᠣᠯᠣᠨ᠎ᠠ ᠂ ᠰᠠᠶᠢᠨ ᠰᠤᠷᠭᠠᠨ ᠬᠥᠮᠦᠵᠢᠯ ᠪᠠᠶᠢᠬᠤ ᠦᠭᠡᠢ ᠪᠣᠯ ᠴᠢᠳᠠᠪᠤᠷᠢᠲᠠᠳ ᠢ ᠦᠯᠡᠳᠡᠭᠡᠵᠦ ᠴᠢᠳᠠᠬᠤ ᠦᠭᠡᠢ | ᠮᠥᠷᠲᠡᠭᠡᠨ ᠬᠥᠮᠥᠨ ᠠᠮᠠ ᠶᠢ ᠴᠦ ᠬᠤᠴᠣᠷᠭᠠᠨ ᠠᠪᠴᠤ ᠴᠢᠳᠠᠬᠤ ᠦᠭᠡᠢ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠶᠢ ᠭᠤᠣᠯᠳᠠᠯᠭ᠎ᠠ ᠲᠠᠢ ᠠᠳᠬᠤᠨ᠂ | ᠨᠠᠶᠢᠳᠠᠵᠤ ᠰᠠᠭᠠᠲᠠᠭᠤᠯᠬᠤ ᠦᠢᠯᠡᠴᠢᠯᠡᠭᠡ ᠶᠢ ᠴᠦ ᠰᠠᠶᠢᠲᠤᠷ ᠬᠢᠵᠦ᠂ ᠵᠠᠯᠠᠭᠤᠴᠤᠳ ᠤᠨ ᠰᠠᠨᠠᠭᠠᠰᠢᠷᠠᠨ ᠵᠣᠪᠠᠨᠢᠵᠤ | ᠪᠠᠶᠢᠭ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠩᠭᠢᠯᠠᠭ᠎ᠠ ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ᠂ ᠲᠡᠩᠴᠡᠭᠦᠷᠢ ᠦᠭᠡᠢ ᠠᠰᠠᠭᠤᠳᠠᠯ ᠢ | ᠰᠢᠢᠳᠪᠦᠷᠢᠯᠡᠬᠦ ᠳᠤ ᠪᠠᠶᠢᠨ᠎ᠠ᠂ ᠴᠢᠨᠠᠷᠵᠢᠭᠤᠨ ᠰᠤᠷᠭᠠᠭᠤᠯᠢ ᠨᠢ ᠠᠨᠠᠶᠢᠬᠠᠨ ᠰᠤᠷᠭᠠᠭᠤᠯᠢ ᠪᠠᠨ ᠳᠠᠭᠠᠭᠤᠯᠬᠤ ᠂ ᠬᠤᠲᠠ | ᠬᠥᠳᠡᠭᠡ ᠰᠢᠰᠲ᠋ᠧᠮ ᠢᠶᠠᠷ ᠢᠶᠠᠨ ᠲᠤᠰᠠᠯᠠᠬᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠵᠡᠷᠭᠡ ᠲᠣᠭᠲᠠᠴᠠ ᠪᠠᠷ | ᠳᠠᠮᠵᠢᠭᠤᠯᠤᠨ ᠂ ᠬᠤᠲᠠ ᠬᠥᠳᠡᠭᠡ ᠂ ᠣᠷᠣᠨ ᠪᠦᠰᠡ ᠂ ᠰᠤᠷᠭᠠᠭᠤᠯᠢ ᠶᠢᠨ ᠬᠤᠭᠤᠷᠣᠨᠳᠤ ᠂ ᠪᠦᠯᠬᠦᠮ ᠨᠡᠶᠢᠲᠡ ᠶᠢᠨ | ᠰᠤᠷᠭᠠᠨ ᠬᠥᠮᠦᠵᠢᠯ ᠤᠨ ᠬᠤᠭᠤᠷᠤᠨᠳᠤᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠢᠯᠠᠩᠭᠤᠶ᠎ᠠ | ᠤᠤᠯ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠨᠤᠭᠤᠳ ᠢ ᠴᠢᠨᠠᠷᠯᠢᠭ ᠡᠩ ᠤᠨ | ᠰᠤᠷᠭᠠᠭᠤᠯᠢ ᠨᠤᠭᠤᠳ ᠯᠤᠭ᠎ᠠ ᠬᠤᠣᠰᠯᠠᠯ ᠪᠣᠯᠭᠠᠵᠤ ᠬᠠᠮᠲᠤ ᠪᠠᠷ ᠪᠦᠲᠦᠭᠡᠨ ᠪᠠᠶᠢᠭᠤᠯᠬᠤ ᠪᠠᠨ ᠭᠦᠨᠵᠡᠭᠡᠶᠢᠷᠡᠭᠦᠯᠵᠦ ᠂ | ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠶᠢᠴᠢᠯᠠᠨ ᠲᠡᠬᠡᠭᠰᠢᠯᠡᠬᠦᠯᠦᠨ᠎ᠡ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠨᠢ ᠣᠨᠴᠠᠯᠢᠬᠵᠢᠭᠤᠯᠤᠨ ᠣᠯᠠᠨ ᠶᠠᠩᠵᠤᠴᠢᠯᠠᠨ ᠰᠤᠷᠭᠠᠭᠤᠯᠢ | ᠡᠷᠬᠢᠯᠡᠬᠦ ᠶᠢ ᠳᠣᠪᠦ᠋ᠢᠯᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠵᠢᠱᠢᠶ᠎ᠡ ᠦᠵᠡᠭᠦᠯᠬᠦ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ᠂ ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠦᠷᠦᠯ | ᠬᠤᠪᠢᠶᠠᠨ ᠪᠦᠲᠦᠭᠡᠨ ᠪᠠᠶᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠠᠭᠠᠳ | ᠦᠭᠡᠢ ᠨᠡᠪᠲᠡᠷᠡᠬᠦ ᠵᠠᠮ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠵᠦ ᠂ ᠨᠡᠩ ᠣᠯᠠᠨ ᠰᠠᠶᠢᠨ ᠪᠠᠭᠰᠢ ᠂ ᠰᠠᠶᠢᠨ | ᠵᠠᠬᠢᠷᠤᠯ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ ᠂ ᠣᠨᠴᠠᠭᠠᠶᠢᠯᠠᠨ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ ᠪᠠᠶᠢᠭᠠᠳ ᠨᠡᠩ ᠣᠯᠠᠨ ᠪᠡᠭᠡᠵᠢᠩ ᠤᠨ ᠪᠠᠭᠰᠢ ᠨᠠᠷ ᠢ ᠲᠠᠲᠠᠵᠤ | ᠥᠪᠥᠷ ᠮᠣᠩᠭᠤᠯ ᠳᠤ ᠢᠷᠡᠵᠦ ᠠᠵᠢᠯᠯᠠᠭᠤᠯᠤᠨ᠎ᠠ ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ | ᠬᠢᠵᠦ ᠂ ᠵᠠᠯᠠᠭᠤᠴᠤᠳ ᠪᠠᠭᠠᠴᠤᠳ ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠶᠢᠬᠠᠨ | ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ ᠃ | ᠣᠯᠠᠨ ᠲᠦᠮᠡᠨ ᠢ ᠭᠡᠷ ᠤᠨ ᠢᠶᠠᠨ ᠣᠶᠢᠷ᠎ᠠ ᠬᠠᠪᠢ ᠳᠤ ᠡᠪᠡᠳᠴᠢᠨ ᠡᠮᠭᠡᠭ ᠢᠶᠠᠨ ᠰᠠᠶᠢᠲᠤᠷ ᠡᠮᠨᠡᠭᠦᠯᠵᠦ | ᠳᠡᠶᠢᠯᠬᠦ ᠪᠣᠯᠭᠠᠨ᠎ᠠ ᠃ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠵᠢᠭᠦᠯᠦᠨ | ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ | ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠰᠢᠤᠸᠠᠨ ᠦ᠋ | ᠡᠮᠨᠡᠯᠭᠡ ᠶᠢᠨ ᠬᠤᠷᠢᠶ᠎ᠠ ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠬᠡ ᠶᠢᠨ | ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 4 ᠡᠮᠴᠢᠯᠡᠭᠡᠨ ᠤ ᠲᠥᠪ ᠢ ᠰᠠᠶᠢᠲᠤᠷ ᠪᠦᠲᠦᠭᠡᠨ ᠪᠠᠶᠢᠭᠤᠯᠤᠨ | ᠰᠠᠶᠢᠲᠤᠷ ᠡᠵᠡᠩᠨᠡᠨ ᠠᠵᠢᠯᠯᠠᠭᠤᠯᠵᠤ ᠂ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠪᠠ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ ᠨᠢᠭᠡ | ᠪᠦᠯᠦᠭ ᠣᠨᠴᠠᠯᠢᠭ ᠲᠠᠢ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ ᠴᠣᠭᠴᠠᠯᠠᠨ᠎ᠠ ᠃ ᠡᠮᠴᠢᠯᠡᠭᠡ ᠂ ᠡᠮᠴᠢᠯᠡᠭᠡᠨ ᠤ | ᠳᠠᠭᠠᠳᠬᠠᠯ ᠂ ᠡᠮ ᠡᠮᠨᠡᠯᠭᠡ ᠶᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠶᠢ ᠠᠬᠢᠭᠤᠯᠵᠤ ᠂ ᠦᠨᠳᠦᠰᠦᠨ | ᠡᠮᠴᠢᠯᠡᠭᠡᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ | ᠠᠬᠢᠭᠤᠯᠤᠨ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠪᠠᠶᠢᠩᠭᠤᠰᠢᠭᠰᠠᠨ ᠬᠢᠨᠠᠯᠲᠠ | ᠬᠠᠮᠢᠶᠠᠷᠤᠯᠲᠠ ᠬᠢᠬᠦ ᠪᠠᠨ ᠴᠢᠩᠭᠠᠷᠠᠭᠤᠯᠵᠤ ᠂ ᠠᠷᠠᠳ ᠲᠦᠮᠡᠨ ᠤ ᠡᠮᠨᠡᠭᠦᠯᠵᠦ ᠵᠠᠰᠠᠭᠤᠯᠬᠤ ᠵᠣᠭᠤᠰ ᠢ ᠨᠢ ᠰᠠᠶᠢᠲᠤᠷ | ᠬᠠᠮᠠᠭᠠᠯᠠᠨ᠎ᠠ ᠃ ᠬᠢᠲᠠᠳ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ ᠂ ᠠᠷᠠᠳ ᠲᠤ | ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠶᠢᠨ ᠣᠷᠳᠣᠨ ᠂ ᠮᠣᠩᠭᠤᠯ ᠡᠮᠨᠡᠯᠭᠡ ᠶᠢᠨ ᠣᠷᠳᠣᠨ ᠢ | ᠪᠠᠶᠢᠭᠤᠯᠤᠨ ᠂ ᠣᠯᠠᠨ ᠲᠦᠮᠡᠨ ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ ᠃ | ︵ᠠᠷᠪᠠᠨ ᠨᠢᠭᠡ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠦᠨ᠎ᠡ ᠃ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ ᠂ ᠪᠢᠳᠡ | ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ ᠃ | ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ ᠃ ᠰᠡᠷᠭᠡᠶᠢᠯᠡᠯᠲᠡ ᠶᠢ | ᠴᠢᠬᠤᠯᠠᠴᠢᠯᠠᠬᠤ ᠂ ᠰᠠᠭᠤᠷᠢ ᠶᠢ ᠪᠠᠬᠢᠵᠢᠭᠦᠯᠬᠦ ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠂ ᠴᠢᠳᠠᠪᠤᠷᠢ ᠶᠢ | ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ ᠂ ᠠᠶᠤᠯ ᠦᠭᠡᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ ᠂ | ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ ᠂ ᠠᠭᠤᠷᠬᠠᠢ ᠂ ᠠᠶᠤᠯᠲᠠᠢ ᠬᠢᠮᠢ ᠶᠢᠨ ᠪᠣᠳᠠᠰ ᠂ | ᠬᠤᠲᠠ ᠪᠠᠯᠭᠠᠰᠤᠨ ᠤ ᠰᠢᠲᠠᠮᠠᠬᠠᠢ ᠬᠡᠢ ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ | ᠬᠦᠷᠢᠶ᠎ᠡ ᠴᠠᠷᠠᠭᠠᠨ ᠳᠠᠬᠢ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠂ ᠬᠦᠨᠳᠦ ᠶᠡᠭᠡ | ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠵᠤ ᠂ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠦ ᠶᠢ | ᠬᠠᠮᠤᠭ ᠤᠨ ᠶᠡᠭᠡ ᠪᠠᠷ ᠴᠢᠷᠮᠠᠶᠢᠵᠤ ᠰᠡᠷᠭᠡᠶᠢᠯᠡᠨ᠎ᠡ ᠃ ᠶᠡᠭᠡ ᠬᠢᠩᠭᠠᠨ ᠳᠠᠪᠠᠭᠠᠨ ᠤ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ | ᠪᠠᠶᠢᠭᠤᠯᠤᠨ᠎ᠠ ᠃ ᠢᠳᠡᠭᠡᠨ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ ᠃ | ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠶᠢᠲᠤᠷ | ᠰᠠᠬᠢᠨ᠎ᠠ ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠯᠡ ᠬᠦᠨᠳᠦ ᠨᠦᠰᠡᠷ ᠪᠠᠶᠢᠵᠤ᠂ | ᠡᠨᠡ ᠵᠢᠯ ᠤᠨ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠦᠨ ᠂ ᠳᠠᠯᠳᠠ ᠥᠷᠢ ᠥᠭᠴᠡᠭᠡ ᠶᠢ ᠰᠢᠨ᠎ᠡ ᠪᠠᠷ | ᠨᠡᠮᠡᠭᠳᠡᠭᠦᠯᠵᠦ ᠣᠭᠲᠤ ᠪᠣᠯᠬᠤ ᠦᠭᠡᠢ ᠃ ᠵᠢᠭᠡᠯᠡᠯᠭᠡ ᠶᠢᠨ ᠲᠡᠮᠳᠡᠭᠲᠦ ᠰᠣᠯᠢᠬᠤ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ ᠂ ︽ᠳᠦᠷᠪᠡᠨ ᠨᠢᠭᠡ ᠪᠦᠯᠦᠭ ︾ ᠠᠷᠭ᠎ᠠ ᠪᠠᠷᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ | ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠳᠡᠮᠵᠢᠯᠭᠡ ᠦᠵᠡᠭᠦᠯᠵᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠬᠠᠰᠤᠵᠤ ᠪᠠᠭᠤᠷᠠᠭᠤᠯᠤᠨ ᠂ ᠦᠨᠳᠦᠰᠦᠨ | ᠱᠠᠲᠤᠨ ᠤ ︽ᠭᠤᠷᠪᠠ ᠶᠢ ᠪᠠᠲᠤᠯᠠᠬᠤ ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠦᠨᠳᠦᠰᠦᠨ ᠱᠠᠲᠤᠨ ᠤ | ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠯᠠᠪᠳᠠᠭᠤᠨ ᠰᠢᠢᠳᠪᠦᠷᠢᠯᠡᠵᠦ ᠂ ᠣᠷᠣᠨ ᠨᠤᠲᠤᠭ ᠤᠨ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠡᠬᠡᠲᠡᠢ ᠵᠡᠷᠭᠡ ᠲᠡᠰ ᠠᠴᠠ ᠪᠤᠴᠠᠵᠤ ᠭᠠᠷᠬᠤ ᠶᠢ ᠨᠢ ᠠᠬᠢᠭᠤᠯᠤᠨ ᠂ ︽ᠳᠡᠯᠪᠡᠷᠡᠭᠡᠨ | ᠬᠡᠷᠡᠭ ︾ ᠡᠭᠦᠰᠬᠦ ᠠᠴᠠ ᠡᠷᠡᠰ ᠰᠡᠷᠭᠡᠶᠢᠯᠡᠨ᠎ᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠯᠲᠠ ᠶᠢ ᠵᠣᠭᠰᠣᠭᠠᠨ ᠲᠣᠭᠲᠠᠭᠤᠨ ᠪᠣᠯᠭᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ ᠂ | ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ | ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ ᠃ | ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ ᠃ ᠰᠢᠨ᠎ᠡ ᠴᠠᠭ ᠦᠶ᠎ᠡ ᠶᠢᠨ ︽ᠹᠧᠩ | ᠴᠢᠶᠤᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠵᠦ ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ ᠂ | ᠲᠠᠪᠤᠨ ᠱᠠᠲᠤ ᠶᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ | ᠪᠦᠷᠢᠨᠰᠢᠭᠦᠯᠦᠨ ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ ︾ ᠤ ᠬᠠᠯᠠᠮᠰᠢᠯ ᠤᠲᠠᠰᠤ 12345 ᠪᠠᠷ ᠶᠠᠷᠰᠢᠭ | ᠲᠦᠪᠡᠭᠲᠡᠢ ᠠᠵᠢᠯ ᠤᠨ ᠲᠣᠳᠣᠷᠬᠠᠢ ᠬᠠᠭᠤᠳᠠᠰᠤ ᠶᠢᠨ ᠰᠢᠮᠳᠠᠭᠤᠯᠤᠨ ᠭᠦᠢᠴᠡᠳᠬᠡᠯᠭᠡᠬᠦ ᠪᠠ ᠪᠤᠴᠠᠵᠤ ᠪᠠᠶᠢᠴᠠᠭᠠᠬᠤ | ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ ᠃ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠦᠨ ᠂ ᠣᠯᠠᠨ ᠲᠦᠮᠡᠨ ᠤ ᠭᠤᠮᠣᠳᠠᠯ | ᠲᠣᠭᠠᠴᠢᠯᠲᠠ ᠶᠢ ᠴᠠᠭ ᠲᠤᠬᠠᠢ ᠳᠤ ᠨᠢ ᠰᠢᠢᠳᠪᠦᠷᠢᠯᠡᠵᠦ ᠂ ᠡᠯ᠎ᠡ ᠵᠦᠢᠯ ᠤᠨ ᠲᠣᠭᠲᠠᠩᠭᠤᠢ ᠪᠤᠰᠤ ᠬᠦᠴᠦᠨ ᠵᠦᠢᠯ ᠢ | ᠡᠬᠢ ᠡᠭᠦᠰᠦᠯ ᠳᠤ ᠨᠢ ᠠᠷᠢᠯᠭᠠᠵᠤ ᠂ ᠬᠤᠪᠢ ᠬᠥᠮᠥᠨ ᠤ ᠬᠡᠲᠦᠷᠡᠮᠡᠬᠡᠢ ᠬᠡᠷᠡᠭ ᠂ ᠪᠦᠯᠦᠭᠴᠢ ᠬᠡᠷᠡᠭ ᠡᠭᠦᠰᠬᠦ ᠠᠴᠠ | ᠴᠢᠩᠭ᠎ᠠ ᠰᠡᠷᠭᠡᠶᠢᠯᠡᠨ᠎ᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ | ᠠᠬᠢᠭᠤᠯᠵᠤ ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠦᠨᠡᠨ ᠬᠦ ᠬᠠᠮᠠᠭᠠᠯᠠᠨ᠎ᠠ ᠃ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯ ᠶᠡᠷᠦ ᠠᠴᠠ ᠪᠠᠨ ᠨᠠᠮ ᠤᠨ ᠲᠥᠪ ᠬᠤᠷᠢᠶᠠᠨ ᠤ | ᠬᠠᠯᠠᠮᠵᠢᠯᠠᠨ ᠰᠠᠨᠠᠭᠠᠰᠢᠷᠠᠭᠰᠠᠭᠠᠷ ᠢᠷᠡᠭᠰᠡᠨ ᠭᠠᠵᠠᠷ ᠶᠤᠮ ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ | ᠬᠥᠭᠵᠢᠭᠦᠯᠦᠨ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ ᠂ ᠬᠢᠯᠢ ᠬᠢᠵᠠᠭᠠᠷ ᠤᠨ | ᠲᠥᠪ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ ᠂ ᠤᠰᠤ ᠴᠠᠬᠢᠯᠭᠠᠨ | ᠬᠡᠷᠡᠭᠯᠡᠬᠦ ᠂ ᠴᠡᠪᠡᠷ ᠡᠨᠧᠷᠭᠢ ᠠᠰᠢᠭᠯᠠᠬᠤ ᠂ ᠲᠤᠰᠬᠤᠨ ᠤ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠤᠯᠠᠮ | ᠨᠢᠭᠡ ᠠᠯᠬᠤᠮ ᠰᠠᠶᠢᠵᠢᠷᠠᠭᠤᠯᠵᠤ᠂ ᠬᠢᠯᠢ ᠬᠢᠵᠠᠭᠠᠷ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠥ᠂ | ᠬᠢᠯᠢ ᠬᠢᠵᠠᠭᠠᠷ ᠢᠶᠠᠨ ᠰᠡᠳᠬᠢᠯ ᠲᠣᠭᠲᠠᠭᠤᠨ ᠰᠠᠬᠢᠨ ᠬᠠᠮᠠᠭᠠᠯᠠᠭᠤᠯᠤᠨ᠎ᠠ ᠃ ᠰᠢᠨ᠎ᠡ ᠴᠠᠭ ᠦᠶ᠎ᠡ ᠶᠢᠨ ᠴᠡᠷᠢᠭ ᠵᠠᠰᠠᠭ | ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ ᠂ ᠤᠯᠤᠰ ᠢᠶᠠᠨ ᠬᠠᠮᠠᠭᠠᠯᠠᠵᠤ ᠬᠢᠯᠢ | ᠬᠢᠵᠠᠭᠠᠷ ᠢᠶᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠪᠠᠨ ᠲᠡᠬᠡᠭᠰᠢᠯᠡᠬᠦᠯᠦᠨ᠎ᠡ ᠃ | ᠲᠥᠯᠥᠭᠡᠯᠡᠭᠴᠢᠳ ᠠ᠋ ︕ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ ᠂ ᠵᠠᠰᠠᠭ ᠤᠨ ᠣᠷᠳᠣᠨ ᠤ | ᠠᠵᠢᠯ ᠳᠤ ᠰᠢᠨ᠎ᠡ ᠠᠬᠢᠯᠲᠠ ᠲᠠᠪᠰᠢᠯᠲᠠ ᠲᠠᠢ ᠪᠣᠯᠭᠠᠵᠤ ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ ᠃ ᠲᠡᠷᠢᠭᠦᠨ ᠴᠢᠬᠤᠯᠠ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠠᠪᠤᠳᠠᠯ | ᠪᠣᠯᠣᠨ᠎ᠠ ᠂ ᠢᠮᠠᠭᠲᠠ ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ ᠂ ︽ᠬᠤᠶᠠᠷ ᠢ | ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠦᠨ ᠂ ᠨᠠᠮ ᠤᠨ | ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ ᠃ ᠨᠢᠭᠡ | ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠨ᠎ᠡ ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ | ᠳᠠᠪᠰᠢᠬᠤ ᠬᠠᠷᠠᠯᠲᠠ ᠪᠠᠨ ᠣᠨᠢᠯᠠᠵᠤ ᠂ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ | ᠲᠡᠮᠡᠴᠡᠵᠦ ᠂ ᠮᠠᠨ ᠤ ᠣᠷᠣᠨ ᠤ ᠬᠢᠯᠪᠠᠷ ᠪᠤᠰᠤ ᠪᠠᠷ ᠴᠢᠷᠮᠠᠶᠢᠨ ᠣᠯᠣᠭᠰᠠᠨ ᠰᠠᠶᠢᠨ ᠪᠠᠶᠢᠳᠠᠯ ᠬᠠᠨᠳᠤᠰᠢ ᠪᠠᠨ | ᠪᠠᠲᠤᠯᠠᠨ᠎ᠠ ᠃ ᠴᠢᠩ ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠨ᠎ᠡ ᠂ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠪᠠᠶᠢᠳᠠᠯ ᠢ ᠪᠣᠳᠠᠲᠠᠢ ᠣᠶᠢᠯᠠᠭᠠᠨ ᠂ ᠠᠰᠠᠭᠤᠳᠠᠯ ᠢ ᠲᠣᠳᠣᠷᠬᠠᠢ | ᠣᠶᠢᠯᠠᠭᠠᠵᠤ ᠂ ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠵᠣᠪᠠᠨᠢᠵᠤ | ᠪᠠᠶᠢᠭ᠎ᠠ ᠶᠠᠪᠤᠳᠠᠯ ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ ᠂ ᠦᠨᠳᠦᠰᠦᠨ ᠱᠠᠲᠤᠨ ᠤ ᠬᠦᠴᠢᠷᠳᠡᠵᠦ | ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠨ᠎ᠡ ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠪᠠᠷᠠᠬᠤ ᠦᠭᠡᠢ | ᠪᠠᠰᠠ ᠴᠢᠩᠭ᠎ᠠ ᠠᠳᠬᠤᠨ ᠲᠦᠷᠭᠡᠨ ᠭᠦᠢᠴᠡᠳᠬᠡᠨ᠎ᠡ ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠢ ᠣᠭᠲᠤ ᠬᠢᠬᠦ | ᠦᠭᠡᠢ ᠂ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠢᠶᠠᠨ | ᠰᠢᠯᠢᠳᠡᠭᠵᠢᠭᠦᠯᠵᠦ ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠥᠷᠯᠥᠭᠡ ᠦᠳᠡᠰᠢ | ᠦᠭᠡᠢ ᠴᠢᠷᠮᠠᠶᠢᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠨ᠎ᠡ ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠂ ᠤᠯᠤᠰ ᠲᠥᠷᠥ ᠶᠢᠨ ᠵᠥᠪᠯᠡᠯᠭᠡᠨ ᠵᠡᠷᠭᠡ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ | ᠠᠴᠠ ᠪᠠᠨ ᠬᠦᠯᠢᠶᠡᠵᠦ ᠂ ᠲᠥᠪ ᠤᠨ ᠲᠣᠭᠤᠷᠢᠨ ᠪᠠᠶᠢᠴᠠᠭᠠᠯᠲᠠ ᠂ ᠬᠠᠷᠢᠭᠤᠴᠠᠯᠭ᠎ᠠ ᠶᠢᠨ ᠬᠢᠨᠠᠨ ᠪᠣᠳᠣᠯᠲᠠ ᠵᠢᠴᠢ | ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠲᠡᠷᠡ ᠶᠣᠰᠣᠭᠠᠷ ᠨᠢ ᠰᠠᠶᠢᠲᠤᠷ ᠠᠳᠬᠤᠨ᠎ᠠ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠣᠯ ᠵᠠᠰᠠᠭ ᠤᠨ | ᠣᠷᠳᠣᠨ ᠤ ᠠᠵᠢᠯᠲᠠᠨ ᠨᠢᠭᠡᠪᠦᠷᠢ ᠶᠢᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠪᠣᠯᠣᠨ᠎ᠠ᠂ ᠨᠠᠮ ᠤᠨ ᠡᠯ᠎ᠡ | ᠵᠦᠢᠯ ᠤᠨ ᠰᠠᠬᠢᠯᠭ᠎ᠠ ᠪᠠᠲᠤ ᠲᠣᠭᠲᠠᠭᠠᠯ ᠳᠦᠷᠢᠮ ᠢ ᠴᠢᠩᠭ᠎ᠠ ᠰᠠᠬᠢᠨ᠂ ᠵᠥᠪ ᠣᠨᠣᠪᠴᠢᠲᠠᠢ ᠡᠷᠬᠡ ᠶᠢᠨ ᠦᠵᠡᠯᠲᠡ᠂ | ᠵᠠᠰᠠᠭ ᠤᠨ ᠪᠦᠳᠣᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠪᠠᠨ ᠪᠠᠲᠤ ᠪᠣᠯᠭᠠᠵᠤ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠳᠠᠭᠠᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠢᠲᠡᠭᠡᠯ ᠢ ᠶᠠᠭᠠᠬᠢᠭᠰᠠᠨ ᠴᠦ | ᠬᠥᠰᠡᠷᠳᠡᠭᠦᠯᠬᠦ ᠦᠭᠡᠢ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ | ᠬᠥᠰᠡᠷᠳᠡᠭᠦᠯᠵᠦ ᠪᠤᠯᠬᠤ ᠦᠭᠡᠢ᠃ | ᠲᠥᠯᠥᠭᠡᠯᠡᠭᠴᠢᠳ ᠠ᠋ ︕ ᠥᠪᠥᠷ ᠮᠣᠩᠭᠤᠯ ᠪᠣᠯ ᠡᠷᠲᠡᠨ ᠠᠴᠠ ᠪᠠᠨ ᠠᠪᠤᠭᠠᠳ ᠣᠯᠠᠨ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ ᠂ ᠠᠳᠡ ᠠᠮᠢᠳᠤᠷᠠᠵᠤ ᠪᠠᠶᠢᠭ᠎ᠠ ᠬᠥᠮᠥᠰ ᠴᠡᠴᠡᠭᠡᠢ ᠪᠠᠨ | ᠬᠠᠶᠢᠷᠠᠯᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠬᠠᠶᠢᠷᠠᠯᠠᠵᠤ ᠂ ᠠᠮᠢ ᠨᠠᠰᠤ ᠪᠠᠨ ᠨᠠᠨᠳᠢᠩᠨᠠᠬᠤ ᠰᠢᠭ᠋ ᠢᠶᠠᠷ | ᠦᠨᠳᠦᠰᠦᠲᠡᠨ ᠤ ᠪᠦᠯᠬᠦᠮᠳᠡᠯ ᠢ ᠨᠠᠨᠳᠢᠩᠨᠠᠳᠠᠭ ᠶᠤᠮ ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠂ | ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ︽ᠨᠠᠮ ᠤᠨ | ᠠᠴᠢ ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ | ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ ᠂ ︽ᠵᠢᠷᠭᠤᠭᠠᠨ ᠥᠭᠦᠯᠡᠪᠦᠷᠢ ᠦᠭᠡᠨ ᠤ ᠪᠣᠳᠠᠲᠤ ᠶᠠᠪᠤᠳᠠᠯ ᠪᠠ | ᠶᠣᠰᠣ ᠤᠴᠢᠷ ︾ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠲᠡᠢ᠃ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠦᠨᠡᠨ ᠪᠣᠳᠠᠲᠠᠢ ᠰᠢᠷᠭᠠᠭᠤ | ᠠᠵᠢᠯᠯᠠᠳᠠᠭ ᠯᠠ ᠶᠤᠮ ᠪᠣᠯ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠠ ᠶᠤᠮ ᠪᠣᠯ᠂ ᠯᠠᠪᠲᠠᠢ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠡᠨᠡ ᠬᠦ ᠲᠤᠭ ᠤᠨ ᠥᠩᠭᠡ ᠭᠢᠯᠪᠠᠭ᠎ᠠ ᠶᠢ ᠤᠯᠠᠮ ᠭᠢᠯᠠᠯᠵᠠᠭᠤᠯᠤᠨ | ᠰᠠᠴᠤᠷᠠᠭᠤᠯᠤᠨ᠎ᠠ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ ︕ | ᠲᠥᠯᠥᠭᠡᠯᠡᠭᠴᠢᠳ ᠠ᠋ ︕ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠣᠯ ᠡᠷᠡᠮᠡᠬᠡᠶᠢᠯᠡᠨ ᠲᠡᠮᠡᠦᠯᠵᠦ ᠪᠠᠶᠢᠭᠠᠳ | ᠡᠷᠴᠢᠯᠡᠳᠡᠭ ᠶᠤᠮ ᠂ ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ ᠶᠢ ᠪᠣᠯ ᠭᠠᠪᠰᠢᠭᠠᠶᠢᠯᠠᠨ ᠲᠡᠮᠡᠴᠡᠵᠦ ᠪᠠᠶᠢᠭᠠᠳ | ᠬᠥᠪᠴᠢᠯᠡᠳᠡᠭ ᠶᠤᠮ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠰᠢᠭᠤᠷᠬᠠᠶᠢᠯᠠᠨ ᠠᠵᠢᠯᠯᠠᠵᠤ ᠪᠠᠶᠢᠭᠠᠳ | ᠪᠠᠶᠢᠭᠤᠯᠳᠠᠭ ᠶᠤᠮ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠶᠡᠭᠡ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠠᠭᠠᠭᠤᠯᠭ᠎ᠠ ᠳᠣᠣᠷ᠎ᠠ ᠂ ᠢᠲᠡᠭᠡᠯ ᠵᠣᠷᠢᠭ ᠢᠶᠠᠨ ᠪᠠᠲᠤᠳᠬᠠᠨ ᠂ ᠦᠨᠡᠨ ᠬᠦ ᠴᠢᠷᠮᠠᠶᠢᠨ ᠪᠣᠳᠠᠲᠠᠢ ᠠᠵᠢᠯᠯᠠᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠵᠡᠭᠡᠶ᠎ᠡ ︕ | | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ᠵᠢᠷᠭᠤᠭᠠᠨ ᠠᠵᠢᠯᠯᠠᠭᠠᠨ ᠄ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭᠠᠨ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠂ ᠤᠰᠤ ᠠᠷᠪᠢᠯᠠᠬᠤ | ᠠᠵᠢᠯᠯᠠᠭᠠᠨ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠃ | ᠠᠷᠪᠠᠨ ᠶᠡᠭᠡ ᠠᠵᠤ ᠦᠢᠯᠡᠰ ᠤᠨ ᠪᠦᠯᠦᠭᠵᠢᠯ᠄ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ ᠤᠨ | ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳ᠋ᠢᠭᠢᠲ ᠠᠵᠤ ᠠᠬᠤᠢ᠂ ᠵᠣᠬᠢᠶᠠᠮᠠᠯ ᠣᠶᠤᠨ᠂ | ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠪᠦᠯᠦᠭᠵᠢᠯ᠃ ᠰᠦ ᠰᠠᠭᠠᠯᠢ ᠤᠯᠠᠭᠠᠨ ᠢᠳᠡᠭᠡ | ᠲᠥᠮᠥᠰᠥ ᠨᠣᠣᠯᠣᠭᠤᠷ ᠵᠡᠷᠭᠡ ᠭᠤᠣᠯᠳᠠᠯᠭ᠎ᠠ ᠪᠤᠯᠬᠤ 7 ᠠᠵᠤ ᠦᠢᠯᠡᠰ ᠤᠨ ᠬᠡᠯᠬᠢᠶ᠎ᠡ᠄ ᠰᠦ ᠰᠠᠭᠠᠯᠢ ᠶᠢᠨ ᠦᠢᠯᠡᠰ᠂ | ᠦᠬᠡᠷ ᠤᠨ ᠮᠢᠬ᠎ᠠ᠂ ᠬᠤᠨᠢᠨ ᠤ ᠮᠢᠬ᠎ᠠ᠂ ᠲᠥᠮᠥᠰᠥ᠂ ᠢᠮᠠᠭᠠᠨ ᠨᠣᠣᠯᠣᠭᠤᠷ᠂ ᠡᠷᠳᠡᠨᠢ ᠰᠢᠰᠢ᠂ ᠡᠪᠡᠰᠦᠨ ᠤ ᠦᠢᠯᠡᠰ ᠤᠨ | ᠠᠵᠤ ᠦᠢᠯᠡᠰ ᠤᠨ ᠬᠡᠯᠬᠢᠶ᠎ᠡ᠃ | ᠵᠢᠭᠤᠯᠴᠢᠯᠠᠯ ᠤᠨ ︽ᠳᠥᠷᠪᠡᠨ ᠭᠠᠵᠠᠷ︾᠄ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ | ᠰᠣᠩᠭᠤᠯᠲᠠ ᠶᠢᠨ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ ᠂ ᠠᠮᠠᠷᠠᠯᠲᠠ ᠪᠠᠷ ᠵᠠᠪᠠᠯ | ᠵᠢᠭᠤᠯᠴᠢᠯᠠᠬᠤ ᠭᠠᠵᠠᠷ ᠂ ᠡᠷᠡᠭᠦᠯᠵᠢᠯᠡᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠃ | ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠠᠵᠤ ᠦᠢᠯᠡᠰ ᠤᠨ | ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠃ ᠳᠥᠷᠪᠡᠨ ᠵᠦᠢᠯ ᠤᠨ ᠠᠵᠢᠯᠯᠠᠭᠠᠨ᠄ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ᠂ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠠᠵᠢᠯᠯᠠᠭᠠᠨ᠂ ᠬᠡᠷᠡᠭᠯᠡᠭᠡ ᠶᠢᠨ ᠬᠠᠪᠰᠤᠷᠤᠨ ᠲᠡᠳᠬᠦᠵᠦ ᠣᠷᠣᠯᠭ᠎ᠠ | ᠨᠡᠮᠡᠭᠳᠡᠭᠦᠯᠬᠦ ᠠᠵᠢᠯᠯᠠᠭᠠᠨ᠂ ᠬᠥᠳᠡᠯᠮᠦᠷᠢ ᠬᠦᠴᠦᠨ ᠤ ᠬᠠᠮᠵᠢᠯᠴᠠᠭᠠᠨ ᠤ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ᠃ | ᠲᠦᠷᠪᠡᠨ ᠨᠢᠭᠡ ᠪᠦᠯᠦᠭ᠄ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠲᠠᠮ ᠬᠦᠦ ᠮᠥᠩᠭᠦ ᠥᠭᠬᠦ ᠂ | ᠨᠢᠭᠡ ᠪᠦᠯᠦᠭ ᠥᠷᠢ ᠥᠭᠴᠡᠭᠡ ᠶᠢ ᠠᠷᠢᠯᠭᠠᠬᠤ ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠵᠡᠷᠭᠡ ᠲᠡᠰ ᠠᠴᠠ | ᠪᠤᠴᠠᠭᠠᠨ ᠭᠠᠷᠭᠠᠬᠤ ᠂ ᠨᠢᠭᠡ ᠪᠦᠯᠦᠭ ᠬᠦᠴᠢᠷᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠠᠪᠴᠤ ᠂ ᠦᠨᠳᠦᠰᠦᠨ | ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠨᠢ ᠬᠠᠪᠰᠤᠷᠤᠨ᠎ᠠ ᠃ | | |