2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠶᠢ ᠪᠠᠭᠰᠢ ᠰᠤᠷᠤᠭᠴᠢ ᠭᠡᠷ ᠤᠨ ᠠᠬᠠᠮᠠᠳ ᠲᠤ ᠳᠠᠮᠵᠢᠭᠤᠯᠬᠤ ᠨᠢ ⑦
ᠨᠡᠶᠢᠲᠡᠯᠡᠭᠰᠡᠨ ᠴᠠᠭ᠄
2025/2/5
      ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ ᠤᠬᠠᠭᠠᠨᠴᠢ ᠪᠠᠷ ᠨᠢᠳᠦ  ᠪᠠᠨ ᠬᠡᠷᠡᠭᠯᠡᠵᠦ᠂ ᠵᠢᠮ᠎ᠡ ᠶᠣᠰᠣ  ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃      07. ᠵᠠᠰᠠᠯᠭ᠎ᠠ ᠬᠢᠬᠦ᠄ ᠠᠬᠢᠴᠠ ᠶᠢ ᠡᠵᠡᠮᠳᠡᠵᠦ᠂ ᠦᠷᠭᠦᠯᠵᠢ ᠪᠠᠶᠢᠴᠠᠭᠠᠯᠲᠠ ᠬᠢᠬᠦ      17. ᠣᠶᠢᠷ᠎ᠠ ᠬᠠᠷᠠᠭ᠎ᠠ ᠶᠢ ᠣᠯᠵᠤ ᠮᠡᠳᠡᠪᠡᠯ ᠵᠠᠪᠠᠯ ᠨᠢᠳᠦᠨ ᠰᠢᠯ ᠲᠠᠭᠠᠷᠠᠭᠤᠯᠬᠤ ᠤᠤ︖      ᠬᠠᠷᠢᠭᠤᠯᠲᠠ᠄ ᠣᠶᠢᠷ᠎ᠠ ᠬᠠᠷᠠᠭ᠎ᠠ ᠶᠢ ᠣᠯᠵᠤ ᠮᠡᠳᠡᠪᠡᠯ᠂ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠬᠤ ᠬᠡᠷᠡᠭᠲᠡᠢ᠃ ᠡᠮᠴᠢ ᠶᠢᠨ ᠰᠠᠨᠠᠭᠤᠯᠭ᠎ᠠ ᠶᠢ ᠦᠨᠳᠦᠰᠦᠯᠡᠨ᠂ ᠬᠡᠦᠬᠡᠨ ᠬᠠᠷᠠᠭ᠎ᠠ ᠶᠢᠨ ᠰᠠᠷᠨᠢᠯᠲᠠ ᠶᠢ ᠰᠢᠯᠭᠠᠬᠤ ᠪᠤᠶᠤ ᠰᠢᠨᠵᠢᠯᠡᠬᠦ ᠤᠬᠠᠭᠠᠨᠴᠢ ᠵᠠᠰᠠᠯᠭ᠎ᠠ ᠬᠢᠨ᠎ᠡ᠃ ᠨᠢᠳᠦᠨ ᠰᠢᠯ ᠲᠠᠭᠠᠷᠠᠭᠤᠯᠵᠤ ᠣᠶᠢᠷ᠎ᠠ ᠬᠠᠷᠠᠭ᠎ᠠ ᠶᠢ ᠡᠵᠡᠮᠳᠡᠬᠦ ᠲᠠᠯ᠎ᠠ ᠪᠠᠷ ᠭᠤᠣᠯᠳᠠᠭᠤ ᠬᠦᠷᠢᠶ᠎ᠡ ᠲᠠᠢ ᠨᠢᠳᠦᠨ ᠰᠢᠯ ᠵᠡᠭᠦᠬᠦ ᠪᠤᠶᠤ ᠡᠪᠡᠷᠯᠢᠭ ᠪᠦᠷᠬᠦᠪᠴᠢ ᠳᠤ ᠬᠦᠷᠦᠯᠴᠡᠬᠦ ᠨᠢᠳᠦᠨ ᠰᠢᠯ ᠵᠡᠭᠦᠨ᠎ᠡ᠃ ᠬᠦᠷᠢᠶ᠎ᠡ ᠲᠠᠢ ᠨᠢᠳᠦᠨ ᠰᠢᠯ ᠪᠣᠯ ᠬᠠᠮᠤᠭ ᠤᠨ ᠳᠥᠭᠦᠮ᠂ ᠠᠮᠤᠷ ᠲᠦᠪᠰᠢᠨ ᠵᠠᠰᠠᠯᠭ᠎ᠠ ᠬᠢᠬᠦ ᠪᠠᠭᠠᠵᠢ ᠮᠥᠨ᠂ ᠣᠶᠢᠷ᠎ᠠ ᠶᠢᠨ ᠵᠢᠯ ᠣᠨᠴᠠᠭᠠᠢ ᠭᠡᠷᠡᠯ ᠤᠨ ᠤᠬᠠᠭᠠᠨ ᠢᠶᠠᠷ ᠲᠥᠯᠦᠪᠯᠡᠵᠦ ᠭᠠᠷᠭᠠᠭᠰᠠᠨ ᠬᠦᠷᠢᠶ᠎ᠡ ᠲᠠᠢ ᠨᠢᠳᠦᠨ ᠰᠢᠯ᠂ ᠲᠤᠬᠠᠶᠢᠯᠠᠪᠠᠯ᠂ ᠴᠢᠳᠠᠮᠵᠢᠲᠤ ᠨᠢᠳᠦᠨ ᠰᠢᠯ ᠨᠢ ᠰᠣᠩᠭᠤᠵᠤ ᠪᠣᠯᠬᠤᠶᠢᠴᠠ ᠣᠶᠢᠷ᠎ᠠ ᠬᠠᠷᠠᠭ᠎ᠠ ᠶᠢ ᠵᠠᠰᠠᠬᠤ ᠠᠷᠭ᠎ᠠ ᠶᠢᠨ ᠨᠢᠭᠡ ᠪᠣᠯᠤᠭᠰᠠᠨ ᠪᠠᠶᠢᠨ᠎ᠠ᠃ ᠡᠪᠡᠷᠯᠢᠭ ᠪᠦᠷᠬᠦᠪᠴᠢ ᠳᠤ ᠬᠦᠷᠦᠯᠴᠡᠬᠦ ᠨᠢᠳᠦᠨ ᠰᠢᠯ ᠳᠤ ᠵᠦᠭᠡᠯᠡᠨ ᠴᠢᠨᠠᠷᠲᠠᠢ ᠬᠦᠷᠦᠯᠴᠡᠬᠦ ᠨᠢᠳᠦᠨ ᠰᠢᠯ᠂ ᠬᠠᠲᠠᠭᠤ ᠴᠢᠨᠠᠷᠲᠠᠢ ᠠᠭᠠᠷ ᠨᠡᠪᠲᠡᠷᠡᠬᠦ ᠬᠦᠷᠦᠯᠴᠡᠬᠦ ᠨᠢᠳᠦᠨ ᠰᠢᠯ ᠪᠣᠯᠤᠨ ᠡᠪᠡᠷᠯᠢᠭ ᠪᠥᠷᠬᠦᠪᠴᠢ ᠶᠢᠨ ᠬᠡᠪᠰᠢᠮᠡᠭᠡᠢ ᠨᠢᠳᠦᠨ ᠰᠢᠯ ︵OK ᠨᠢᠳᠦᠨ ᠰᠢᠯ︶ ᠵᠡᠷᠭᠡ ᠶᠢ ᠪᠠᠭᠲᠠᠭᠠᠵᠤ᠂ ᠬᠦᠷᠦᠯᠴᠡᠬᠦ ᠨᠢᠳᠦᠨ ᠰᠢᠯ ᠢ ᠵᠡᠭᠦᠬᠦ ᠳᠤ ᠭᠡᠷ ᠤᠨ ᠠᠬᠠᠮᠠᠳ ᠬᠠᠷᠠᠭᠠᠯᠵᠠᠨ ᠬᠠᠮᠠᠭᠠᠯᠠᠬᠤ ᠴᠢᠬᠤᠯᠠᠲᠠᠢ᠂ ᠲᠣᠭᠲᠠᠭᠰᠠᠨ ᠬᠤᠭᠤᠴᠠᠭ᠎ᠠ ᠲᠠᠢ ᠳᠠᠬᠢᠨ ᠪᠠᠶᠢᠴᠠᠭᠠᠯᠭᠠᠵᠤ᠂ ᠥᠷᠪᠢᠰᠬᠦ  ᠠᠴᠠ ᠰᠡᠷᠭᠡᠶᠢᠯᠡᠬᠦ ᠬᠡᠷᠡᠭᠲᠡᠢ᠃

1.jpg

   

      18. ᠡᠮ ᠤᠨ ᠵᠦᠢᠯ ᠣᠶᠢᠷ᠎ᠠ ᠬᠠᠷᠠᠭᠠᠨ ᠤ ᠠᠬᠢᠴᠠ ᠶᠢ ᠡᠵᠡᠮᠳᠡᠵᠦ ᠴᠢᠳᠠᠨ᠎ᠠ ᠤᠤ︖

      ᠬᠠᠷᠢᠭᠤᠯᠲᠠ᠄ ᠣᠳᠣᠬᠠᠨ ᠳᠤ᠂ ᠳᠣᠣᠷ᠎ᠠ ᠥᠳᠭᠡᠴᠡ ᠲᠠᠢ ᠠ ᠲᠦᠸᠧ ᠫᠢᠨ ᠨᠢᠳᠦᠨ  ᠳᠤ ᠳᠤᠰᠤᠭᠠᠬᠤ

ᠰᠢᠩᠭᠡᠨ ᠡᠮ ᠪᠣᠯ ᠭᠡᠷᠡᠴᠢ ᠵᠢᠷᠤᠮᠯᠠᠬᠤ ᠠᠨᠠᠭᠠᠬᠤ ᠤᠬᠠᠭᠠᠨ ᠤ ᠰᠢᠯᠭᠠᠨ ᠪᠠᠲᠤᠯᠠᠯᠲᠠ ᠶᠢ ᠳᠠᠮᠵᠢᠭᠰᠠᠨ ᠣᠶᠢᠷ᠎ᠠ

ᠬᠠᠷᠠᠭᠠᠨ ᠤ ᠠᠬᠢᠴᠠ ᠶᠢ ᠪᠦᠲᠦᠮᠵᠢᠲᠡᠢ ᠬᠤᠷᠢᠭᠯᠠᠬᠤ ᠡᠮ ᠮᠥᠨ᠂ ᠡᠯ᠎ᠡ ᠵᠦᠢᠯ ᠤᠨ ᠣᠨᠴᠠᠭᠠᠢ ᠲᠥᠯᠦᠪᠯᠡᠭᠰᠡᠨ

ᠨᠢᠳᠦᠨ ᠰᠢᠯ ᠵᠢᠴᠢ ᠬᠦᠷᠦᠯᠴᠡᠬᠦ ᠨᠢᠳᠦᠨ ᠰᠢᠯ ᠲᠠᠢ ᠬᠠᠮᠲᠤ ᠬᠡᠷᠡᠭᠯᠡᠪᠡᠯ ᠣᠶᠢᠷ᠎ᠠ ᠬᠠᠷᠠᠭ᠎ᠠ ᠶᠢ ᠡᠵᠡᠮᠳᠡᠬᠦ

ᠦᠢᠯᠡᠳᠦᠯ ᠢ ᠳᠡᠭᠡᠭᠰᠢᠯᠡᠭᠦᠯᠦᠨ᠎ᠡ᠃ ᠳᠣᠣᠷ᠎ᠠ ᠥᠳᠭᠡᠴᠡ ᠲᠠᠢ ᠠ ᠲᠦᠸᠧ ᠫᠢᠨ ᠨᠢᠳᠦᠨ ᠳᠤ ᠳᠤᠰᠤᠭᠠᠬᠤ

ᠰᠢᠩᠭᠡᠨ ᠡᠮ ᠢ ᠳᠤᠰᠬᠠᠢ ᠮᠡᠷᠭᠡᠵᠢᠯ ᠤᠨ ᠡᠮᠴᠢ ᠶᠢᠨ ᠵᠢᠯᠣᠭᠤᠳᠣᠯᠭ᠎ᠠ ᠪᠠᠷ ᠵᠢᠷᠤᠮᠵᠢᠭᠤᠯᠤᠨ ᠬᠡᠷᠡᠭᠯᠡᠵᠦ᠂ ᠡᠮᠴᠢ ᠶᠢᠨ

ᠵᠢᠭᠠᠪᠤᠷᠢ ᠶᠢ ᠳᠠᠭᠠᠬᠤ ᠬᠡᠷᠡᠭᠲᠡᠢ᠃

      19. ᠶᠠᠭᠤᠨ ᠳᠤ ᠣᠶᠢᠷ᠎ᠠ ᠬᠠᠷᠠᠭ᠎ᠠ ᠶᠢᠨ ᠠᠬᠢᠴᠠ ᠶᠢ ᠡᠵᠡᠮᠳᠡᠵᠦ᠂ ᠬᠡᠲᠦ ᠣᠶᠢᠷ᠎ᠠ ᠬᠠᠷᠠᠭ᠎ᠠ ᠲᠠᠢ 

ᠪᠣᠯᠬᠤ ᠶᠢ ᠰᠡᠷᠭᠡᠶᠢᠯᠡᠬᠦ ᠪᠤᠢ︖

      ᠬᠠᠷᠢᠭᠤᠯᠲᠠ᠄ ᠬᠡᠲᠦ ᠣᠶᠢᠷ᠎ᠠ ᠬᠠᠷᠠᠭ᠎ᠠ ᠪᠣᠯ ᠣᠶᠢᠷ᠎ᠠ ᠬᠠᠷᠠᠭᠠᠨ ᠤ ᠭᠷᠠᠳᠦ᠋ᠰ ᠤᠨ ᠲᠤᠭ᠎ᠠ 600

ᠭᠷᠠᠳᠦ᠋ᠰ ᠠᠴᠠ ᠶᠡᠭᠡ ᠪᠠᠶᠢᠳᠠᠯ ᠢ ᠵᠢᠭᠠᠨ᠎ᠠ᠃ ᠬᠡᠲᠦ ᠣᠶᠢᠷ᠎ᠠ ᠬᠠᠷᠠᠭᠠᠨ ᠤ ᠬᠤᠣᠷ ᠬᠥᠨᠥᠭᠡᠯ ᠶᠡᠭᠡ᠂ ᠬᠡᠷᠪᠡ ᠳᠠᠷᠤᠢ ᠳᠤ

 ᠨᠢ ᠰᠢᠨᠵᠢᠯᠡᠬᠦ ᠤᠬᠠᠭᠠᠨᠴᠢ ᠪᠠᠷ ᠵᠠᠰᠠᠬᠤ ᠦᠭᠡᠢ ᠪᠣᠯ ᠨᠢᠳᠦᠨ ᠴᠡᠴᠡᠬᠡᠢ ᠭᠦᠳᠦᠶᠢᠨ ᠭᠠᠷᠴᠤ ᠮᠠᠭᠤᠬᠠᠢ ᠬᠠᠷᠠᠭᠳᠠᠨ᠎ᠠ᠂

ᠪᠠᠰᠠ ᠨᠢᠳᠦᠨ ᠴᠡᠴᠡᠭᠡᠢ ᠶᠢᠨ ᠬᠠᠨ᠎ᠠ ᠨᠢᠮᠭᠡᠷᠡᠵᠦ᠂ ᠨᠢᠳᠦᠨ ᠴᠡᠴᠡᠭᠡᠢ ᠶᠢᠨ ᠪᠦᠲᠦᠴᠡ ᠳᠤ ᠡᠪᠡᠳᠴᠢᠨ ᠤ ᠬᠤᠪᠢᠷᠠᠯᠲᠠ

ᠭᠠᠷᠳᠠᠭ᠃ ᠬᠡᠲᠦ ᠣᠶᠢᠷ᠎ᠠ ᠬᠠᠷᠠᠭ᠎ᠠ ᠲᠠᠢ ᠪᠣᠯᠬᠤ ᠶᠢ ᠳᠠᠭᠠᠯᠳᠤᠨ ᠦᠷᠭᠦᠯᠵᠢ ᠬᠠᠮᠢᠶ᠎ᠠ ᠪᠥᠬᠦᠢ ᠳᠠᠪᠬᠤᠴᠠᠭᠰᠠᠨ

ᠡᠪᠡᠳᠴᠢᠨ ᠡᠭᠦᠰᠳᠡᠭ᠂ ᠲᠤᠬᠠᠶᠢᠯᠠᠪᠠᠯ᠂ ᠡᠪᠡᠳᠴᠢᠨ ᠤ ᠵᠦᠢ ᠶᠢᠨ ᠴᠢᠨᠠᠷᠲᠠᠢ ᠣᠶᠢᠷ᠎ᠠ ᠬᠠᠷᠠᠭ᠎ᠠ᠂ ᠭᠤᠣᠯᠳᠠᠭᠤ

ᠬᠠᠷᠠᠭ᠎ᠠ ᠮᠠᠭᠤᠲᠠᠬᠤ ᠪᠤᠶᠤ ᠰᠣᠬᠤᠷᠠᠬᠤ ᠢᠯᠡᠷᠡᠯ ᠲᠠᠢ᠃ ᠬᠡᠲᠦ ᠣᠶᠢᠷ᠎ᠠ ᠬᠠᠷᠠᠭ᠎ᠠ ᠲᠠᠢ ᠬᠥᠮᠦᠰ ᠰᠢᠷᠦᠭᠦᠨ

ᠮᠥᠷᠭᠦᠯᠲᠡ ᠠᠴᠠ ᠬᠢᠴᠢᠶᠡᠬᠦ ᠬᠡᠷᠡᠭᠲᠡᠢ᠂ ᠦᠰᠦᠷᠬᠦ᠂ ᠤᠰᠤᠨ ᠳᠤ ᠬᠠᠷᠠᠶᠢᠬᠤ᠂ ᠤᠰᠤᠨ ᠳᠤ ᠤᠮᠪᠠᠭ᠋ᠤ ᠵᠡᠷᠭᠡ

ᠬᠥᠳᠡᠯᠭᠡᠭᠡᠨ ᠳᠤ ᠣᠷᠣᠯᠴᠠᠵᠤ ᠪᠣᠯᠬᠤ ᠦᠭᠡᠢ᠃

      20. ᠯᠠᠶᠢᠰᠧᠷ ᠮᠡᠰᠡ ᠵᠠᠰᠠᠯ ᠣᠶᠢᠷ᠎ᠠ ᠬᠠᠷᠠᠭ᠎ᠠ ᠶᠢ ᠵᠠᠰᠠᠵᠤ ᠳᠡᠶᠢᠯᠦᠨ᠎ᠡ ᠤᠤ︖

      ᠬᠠᠷᠢᠭᠤᠯᠲᠠ᠄ ᠯᠠᠶᠢᠰᠧᠷ ᠮᠡᠰᠡ ᠵᠠᠰᠠᠯ ᠪᠣᠯ ᠣᠶᠢᠷ᠎ᠠ ᠬᠠᠷᠠᠭ᠎ᠠ ᠳᠤ ᠴᠢᠭᠯᠡᠭᠦᠯᠦᠭᠰᠡᠨ ᠭᠡᠷᠡᠯ ᠨᠤᠭᠤᠷᠠᠯᠲᠠ ᠶᠢᠨ

ᠮᠡᠰᠡ ᠵᠠᠰᠠᠯ ᠪᠣᠯᠤᠨ᠎ᠠ᠂ ᠺᠣᠮᠫᠢᠦ᠋ᠲ᠋ᠧᠷ ᠨᠠᠷᠢᠯᠢᠭ ᠣᠨᠣᠴᠠᠲᠠᠢ ᠡᠵᠡᠮᠳᠡᠭᠰᠡᠨ ᠯᠠᠶᠢᠰᠧᠷ ᠪᠠᠭᠴᠠ ᠶᠢ ᠬᠡᠷᠡᠭᠯᠡᠨ ᠡᠪᠡᠷᠯᠢᠭ

ᠪᠥᠷᠬᠦᠪᠴᠢ ᠳᠤ ᠨᠢᠭᠡ ᠲᠣᠬᠢᠷᠠᠮᠵᠢᠲᠠᠢ ᠬᠥᠩᠬᠦᠷ ᠮᠡᠰᠢᠯ ᠢ ᠵᠦᠰᠦᠵᠦ᠂ ᠭᠠᠳᠠᠨᠠᠬᠢ ᠭᠡᠷᠡᠯ ᠤᠨ ᠱᠤᠭᠤᠮ ᠢ ᠨᠢᠳᠦᠨ ᠤ

ᠲᠣᠣᠷᠯᠢᠭ ᠪᠦᠷᠬᠦᠪᠴᠢ ᠳᠡᠭᠡᠷ᠎ᠡ ᠣᠨᠣᠪᠴᠢᠲᠠᠢ ᠲᠥᠪᠯᠡᠷᠡᠭᠦᠯᠦᠨ᠂ ᠵᠠᠰᠠᠬᠤ ᠵᠣᠷᠢᠯᠭ᠎ᠠ ᠳᠤ ᠪᠠᠨ ᠬᠦᠷᠳᠡᠭ᠃ ᠡᠪᠦᠯ ᠤᠨ

ᠠᠮᠠᠷᠠᠯᠲᠠ ᠶᠢᠨ ᠬᠤᠭᠤᠴᠠᠭᠠᠨ ᠳᠤ᠂ ᠪᠦᠬᠦᠯᠢ 18 ᠨᠠᠰᠤ ᠬᠦᠷᠦᠭᠰᠡᠨ ᠬᠡᠰᠡᠭ ᠰᠤᠷᠤᠭᠴᠢ ᠯᠠᠶᠢᠰᠧᠷ ᠮᠡᠰᠡ

ᠵᠠᠰᠠᠯ ᠢᠶᠠᠷ ︽ᠨᠢᠳᠦᠨ ᠰᠢᠯ ᠢᠶᠠᠨ ᠠᠪᠴᠤ ᠬᠠᠶᠠᠬᠤ︾ ᠮᠠᠭᠠᠳ ᠦᠭᠡᠢ᠃ ᠯᠠᠶᠢᠰᠧᠷ ᠮᠡᠰᠡ ᠵᠠᠰᠠᠯ ᠬᠢᠬᠦ ᠳᠤ ᠲᠣᠬᠢᠷᠠᠬᠤ

ᠡᠪᠡᠳᠴᠢᠨ ᠪᠠ ᠴᠡᠭᠡᠷᠯᠡᠬᠦ ᠡᠪᠡᠳᠴᠢᠨ ᠪᠠᠶᠢᠵᠤ᠂ ᠵᠢᠩᠬᠢᠨᠢ ᠨᠢᠳᠦᠨ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠳᠤ

ᠬᠦᠷᠴᠦ ᠪᠠᠶᠢᠴᠠᠭᠠᠯᠭᠠᠬᠤ ᠪᠠᠷ ᠳᠠᠮᠵᠢᠨ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠴᠢᠬᠤᠯᠠᠲᠠᠢ᠃ ᠯᠠᠶᠢᠰᠧᠷ ᠮᠡᠰᠡ

ᠵᠠᠰᠠᠯ ᠣᠶᠢᠷ᠎ᠠ ᠬᠠᠷᠠᠭ᠎ᠠ ᠠᠴᠠ ᠪᠣᠯᠤᠭᠰᠠᠨ ᠬᠠᠷᠠᠭᠠᠨ ᠤ ᠠᠰᠠᠭᠤᠳᠠᠯ ᠢ ᠰᠢᠢᠳᠪᠦᠷᠢᠯᠡᠬᠦ ᠪᠣᠯᠪᠠᠴᠤ ᠣᠶᠢᠷ᠎ᠠ

ᠬᠠᠷᠠᠭ᠎ᠠ ᠠᠴᠠ ᠪᠣᠯᠤᠭᠰᠠᠨ ᠨᠢᠳᠦᠨ ᠴᠡᠴᠡᠭᠡᠢ ᠶᠢᠨ ᠪᠥᠲᠦᠴᠡ ᠶᠢᠨ ᠬᠤᠪᠢᠷᠠᠯᠲᠠ ᠣᠨᠴᠠᠭᠠᠶᠢᠯᠠᠨ ᠨᠢᠳᠦᠨ

ᠢᠷᠤᠭᠠᠷ ᠤᠨ ᠬᠤᠪᠢᠷᠠᠯᠲᠠ ᠶᠢ ᠵᠠᠰᠠᠵᠤ ᠳᠡᠶᠢᠯᠬᠦ ᠦᠭᠡᠢ᠃ ᠣᠶᠢᠷ᠎ᠠ ᠬᠠᠷᠠᠭ᠎ᠠ ᠨᠢ ᠬᠦᠨᠳᠦᠷᠡᠵᠦ ᠪᠠᠶᠢᠭ᠎ᠠ

ᠵᠠᠯᠠᠭᠤᠴᠤᠳ ᠪᠠᠭᠠᠴᠤᠳ ᠯᠠᠶᠢᠰᠧᠷ ᠮᠡᠰᠡ ᠵᠠᠰᠠᠯ ᠬᠢᠵᠦ ᠪᠣᠯᠬᠤ ᠦᠭᠡᠢ᠃ ᠬᠡᠷᠪᠡ ᠯᠠᠶᠢᠰᠧᠷ ᠮᠡᠰᠡ ᠵᠠᠰᠠᠯ ᠬᠢᠬᠦ ᠳᠤ

ᠬᠦᠷᠪᠡᠯ᠂ ᠮᠡᠰᠡ ᠵᠠᠰᠠᠯ ᠤᠨ ᠳᠠᠷᠠᠭ᠎ᠠ ᠮᠥᠨ ᠯᠡ ᠨᠢᠳᠦ ᠬᠡᠷᠡᠭᠯᠡᠬᠦ ᠠᠷᠢᠭᠤᠨ ᠴᠡᠪᠡᠷ ᠪᠠ ᠳᠠᠳᠬᠠᠯ ᠢ ᠠᠩᠬᠠᠷᠴᠤ᠂

ᠣᠶᠢᠷ᠎ᠠ ᠵᠠᠢ ᠠᠴᠠ ᠨᠢᠳᠦ ᠬᠡᠷᠡᠭᠯᠡᠬᠦ ᠶᠢ ᠪᠠᠭᠠᠰᠬᠠᠨ᠂ ᠬᠠᠷᠠᠭ᠎ᠠ ᠶᠢ ᠶᠠᠳᠠᠷᠠᠭᠤᠯᠬᠤ ᠠᠴᠠ ᠵᠠᠶᠢᠯᠠᠰᠬᠢᠵᠦ᠂ ᠬᠠᠷᠠᠭᠠᠨ ᠤ

ᠪᠠᠶᠢᠳᠠᠯ ᠢᠶᠠᠨ ᠠᠩᠬᠠᠷᠴᠤ᠂ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠭᠠᠬᠤ ᠬᠡᠷᠡᠭᠲᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号