ᠰᠢᠨ᠎ᠡ ᠨᠢᠭᠡᠨ ᠵᠢᠯ ᠳᠤ ᠠᠷᠠᠳ ᠤᠨ ᠠᠮᠢᠳᠤᠷᠠᠯ ᠤᠨ ᠡᠳᠡᠭᠡᠷ ᠶᠡᠭᠡ ᠶᠠᠪᠤᠳᠠᠯ ᠤᠳ ᠲᠠᠨ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2025/2/8
      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠡᠨᠡ ᠵᠢᠯ ᠤᠨ 1 ᠳ᠋ᠦ᠋ᠭᠡᠷ ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ ᠂ ᠠᠵᠢᠯ ᠣᠯᠭᠤᠯᠲᠠ ᠂ ᠨᠠᠰᠤᠵᠢᠯ ᠤᠨ ᠠᠰᠠᠷᠠᠮᠵᠢ ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ︕ ᠬᠠᠮᠲᠤ ᠪᠠᠷ ᠦᠵᠡᠵᠡᠭᠡᠶ᠎ᠡ —       ᠰᠤᠷᠭᠠᠨ ᠬᠥᠮᠦᠵᠢᠯ ᠤᠨ ᠲᠠᠯ᠎ᠠ ᠪᠠᠷ       ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵2024 — 2035 ᠣᠨ︶︾ ᠶᠢ ᠳᠠᠷᠤᠮᠠᠯᠯᠠᠨ ᠲᠠᠷᠬᠠᠭᠠᠪᠠ       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ  ᠤᠨ ᠬᠤᠷᠢᠶᠠᠨ ᠠᠴᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵2024 — 2035 ᠣᠨ︶︾  ᠶᠢ ᠳᠠᠷᠤᠮᠠᠯᠯᠠᠨ ᠲᠠᠷᠬᠠᠭᠠᠵᠤ᠂ ᠬᠤᠶᠠᠷ ᠠᠯᠬᠤᠮ ᠢᠶᠠᠷ ᠶᠠᠪᠤᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ᠃ 2035 ᠣᠨ ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ᠃ ︽ᠬᠥᠲᠥᠯᠪᠦᠷᠢ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠤᠷᠭᠠᠨᠢᠭ ᠢᠶᠠᠷ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃      ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ      1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ ᠬᠤᠷᠠᠯᠳᠤᠭᠠᠨ  ᠢᠶᠠᠷ᠂ ᠶᠡᠭᠡ ᠳᠡᠭᠡᠳᠦ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ᠂ ᠰᠤᠷᠭᠠᠭᠤᠯᠢ ᠡᠷᠬᠢᠯᠡᠬᠦ ᠬᠡᠪ ᠵᠠᠭᠪᠤᠷ᠂ ᠵᠠᠰᠠᠯᠲᠠ ᠶᠢᠨ ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ ᠪᠣᠯᠭᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ  ᠶᠢᠨ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ  ᠶᠢᠨ ᠣᠨᠴᠠᠯᠢᠭᠲᠤ ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ ᠰᠤᠳᠤᠯᠤᠯᠲᠠ ᠬᠢᠬᠦ ᠳᠤ ᠨᠢ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ ᠶᠠᠮᠤᠨ ᠪᠢᠴᠢᠭ ᠮᠠᠲ᠋ᠧᠷᠢᠶᠠᠯ ᠲᠠᠷᠬᠠᠭᠠᠪᠠ      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ  ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ ᠂ ᠠᠯᠪᠠᠨ ᠵᠠᠷᠤᠳᠠᠯ ᠢᠶᠠᠷ ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ ᠂ ᠶᠡᠷᠦᠩᠬᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ ᠭᠡᠵᠦ ᠲᠣᠳᠣᠷᠬᠠᠢ ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ ᠴᠤᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ ᠵᠠᠬ᠎ᠠ  ᠳᠤ ᠪᠠᠨ1 ᠪᠠᠶᠢᠬᠤ ᠶᠢ ᠠᠬᠢᠭᠤᠯᠤᠨ ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ ᠨᠠᠭᠠᠲᠤ ᠵᠠᠬ᠎ᠠ ᠳᠤ ᠪᠠᠨ 1 ᠪᠠᠶᠢᠬᠤ ᠶᠢ ᠦᠨᠡᠨ ᠬᠦ ᠪᠠᠲᠤᠯᠠᠨ᠎ᠠ᠃      ᠠᠵᠢᠯ ᠣᠯᠭᠤᠯᠲᠠ ᠶᠢ ᠠᠬᠢᠭᠤᠯᠵᠤ ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ       ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ  ᠤᠨ ᠪᠣᠯᠪᠠᠰᠤᠷᠠᠯ ᠢ ᠥᠷᠨᠢᠭᠦᠯᠦᠨ᠎ᠡ ᠁ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ  ᠶᠢᠨ ᠬᠤᠷᠠᠯᠳᠤᠭᠠᠨ ᠢᠶᠠᠷ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ       1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠠᠬᠢᠭᠤᠯᠪᠠ᠃ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ ᠡᠷᠴᠢᠮᠯᠡᠬᠦ᠂ ᠦᠢᠯᠡᠴᠢᠯᠡᠭᠡ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ᠃ ᠠᠵᠢᠯ ᠣᠯᠭᠤᠬᠤ ᠠᠵᠢᠯ ᠤᠨ ᠪᠠᠶᠢᠷᠢ ᠶᠢᠨ ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ ᠬᠢᠬᠦ ᠬᠡᠷᠡᠭᠲᠡᠢ᠃ ᠭᠤᠣᠯᠳᠠᠯᠭ᠎ᠠ ᠪᠣᠯᠬᠤ ᠬᠦᠮᠦᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ ᠵᠦᠢᠯ ᠤᠨ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠯᠡᠨ ᠳᠡᠮᠵᠢᠬᠦ ᠶᠢ ᠨᠢ ᠠᠬᠢᠭᠤᠯᠵᠤ᠂ ᠠᠵᠢᠯ ᠤᠨ ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠦᠷᠭᠡᠳᠬᠡᠬᠦ ᠬᠡᠷᠡᠭᠲᠡᠢ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ       1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠴᠠᠯᠢᠩ ᠥᠷᠢᠲᠦᠬᠦ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ  ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ᠂ ᠥᠷᠭᠡᠨ ᠣᠯᠠᠨ ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠳ ᠢ ᠵᠢᠯᠣᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ ᠲᠦᠷᠦᠭᠦᠯᠡᠨ ᠴᠡᠪᠡᠷᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ ᠰᠢᠪᠠᠳᠠᠭᠤᠯᠵᠤ ᠪᠠᠶᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃      ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠤᠨ ᠨᠡᠷᠡᠰ ᠢ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ ᠱᠠᠭᠠᠷᠳᠠᠪᠠ᠃      ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ︾ ᠶᠢ ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ ᠬᠤᠪᠢ ᠬᠥᠮᠥᠨ ᠤ ᠵᠦᠢᠯᠡᠰ ᠤᠨ 12 ᠲᠠᠯ᠎ᠠ ᠶᠢ ᠬᠠᠮᠤᠷᠴᠠᠢ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ᠂ ᠬᠤᠪᠢ ᠬᠥᠮᠥᠨ ᠤ ᠦᠢᠯᠡᠰ ᠴᠣᠭᠴᠠᠯᠠᠬᠤ᠂ ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ ᠶᠠᠪᠤᠳᠠᠯ︾ ᠪᠣᠢ᠃      ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ ︽ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠠᠶᠢᠯᠭᠡᠬᠦ ᠶᠢ ᠠᠬᠢᠭᠤᠯᠪᠠ᠃      ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ  ᠤᠨ ᠬᠤᠷᠢᠶ᠎ᠠ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠬᠤ  ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ ᠱᠠᠭᠠᠷᠳᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠥᠭᠵᠢᠭᠦᠯᠬᠦ ᠵᠡᠷᠭᠡ ᠠᠷᠭ᠎ᠠ ᠪᠠᠷᠢᠯ ᠢ ᠳᠤᠷᠠᠳᠪᠠ᠃      ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ᠪᠠᠶᠢᠷᠢᠯᠠᠭᠤᠯᠤᠯᠲᠠ      1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ           ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢ ᠠᠭᠤᠰᠤᠯᠴᠠᠭᠤᠯᠤᠨ ᠭᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠢᠯᠡᠭᠦᠦ ᠳᠦᠬᠦᠮᠯᠡᠬᠦ ᠬᠡᠷᠡᠭᠲᠡᠢ᠃ ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ ᠡᠮᠴᠢᠯᠡᠭᠡᠨ  ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠵᠤ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃      ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ           ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠤᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠲᠡᠶᠢᠰᠢ ᠨᠡᠩ ᠢᠯᠡᠭᠦᠦ ᠬᠡᠯᠪᠠᠶᠢᠯᠭᠡᠵᠦ᠂ ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ᠂ ᠬᠡᠦᠬᠡᠳ ᠲᠤ ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ ᠳᠠᠭᠤᠷᠢᠶᠠᠮᠠᠯ ᠡᠮ ᠵᠢᠴᠢ ᠲᠤᠰᠠᠭᠠᠷ ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ ᠣᠯᠭᠤᠨ᠎ᠠ᠃      ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠦᠩᠭᠦ ᠶᠢ ᠴᠤᠴᠠᠯᠬᠤ ᠪᠠ ᠵᠢᠷᠤᠮᠵᠢᠭᠤᠯᠵᠤ᠂ 3 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠪᠥᠬᠦ ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠬᠤᠪᠢ ᠬᠥᠮᠦᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ ᠃      2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤ ᠨᠢ ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠶ ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ           ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ 80% ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ  ᠶᠢ ᠦᠨᠳᠦᠰᠦᠨ  ᠳᠤ ᠪᠠᠨ ᠪᠡᠶᠡᠯᠡᠭᠦᠯᠵᠦ᠂ 2026 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ ᠪᠣᠶ ᠪᠥᠬᠦᠶ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ  ᠳᠤ ᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃      ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ           ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠶ ᠲᠣᠭᠲᠠᠭᠠᠵᠤ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ ᠠᠵᠢᠯ ᠣᠯᠤᠭᠰᠠᠳ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ ᠠᠬᠢᠭᠤᠯᠤᠨ᠎ᠠ᠃      ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ  ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ      ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ ᠲᠥᠬᠦᠮ ᠨᠥᠬᠦᠴᠡᠯ ᠡᠭᠦᠳᠴᠦ᠂ ᠰᠤᠷᠤᠭᠴᠢᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃      ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ  ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠥᠩᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠥᠷᠨᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ ᠬᠡᠤᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠬᠡᠤᠬᠡᠳ ᠤᠨ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠪᠣᠯᠤᠮᠵᠢ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号