ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤ ᠵᠠᠷᠤᠳᠠᠯ ᠤᠨ ᠬᠠᠮᠢᠶᠠᠷᠤᠯᠲᠠ ᠶᠢᠨ ᠠᠵᠢᠯ ᠤᠨ ᠲᠤᠰᠬᠠᠢ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/10
      3 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ           ᠲᠢᠩᠬᠢᠮ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤ ᠵᠠᠷᠤᠳᠠᠯ ᠤᠨ ᠬᠠᠮᠢᠶᠠᠷᠤᠯᠲᠠ ᠶᠢᠨ ᠠᠵᠢᠯ ᠤᠨ ᠲᠤᠰᠬᠠᠢ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   

1.jpg

      ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠪᠣᠯᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ︵ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠭᠲᠠᠭᠠᠨ᠎ᠠ︶ ᠶᠡᠷᠦᠩᠬᠡᠢ ᠱᠦᠵᠢ

ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠤᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠦᠬᠦ ᠣᠷᠣᠨ ᠤ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠤᠨ ᠢᠳᠡᠭᠡᠨ ᠤ ᠵᠠᠷᠤᠳᠠᠯ ᠤᠨ

ᠬᠠᠮᠢᠶᠠᠷᠤᠯᠲᠠ ᠶᠢᠨ ᠳᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂

︽ᠲᠠᠰᠤ ᠵᠣᠭᠰᠤᠭᠠᠬᠤ︾ ᠬᠠᠷᠠᠯᠲᠠ ᠶᠢ ᠳᠣᠭᠲᠠᠭᠠᠨ᠂ ︽ᠥᠴᠦᠬᠡᠨ ᠴᠦ ᠠᠭᠤᠴᠢᠯᠠᠬᠤ ᠦᠭᠡᠢ︾ ᠶᠢ ᠪᠠᠷᠢᠮᠲᠠᠯᠠᠵᠤ᠂

︽ᠦᠨᠳᠦᠰᠦᠨ ᠠᠴᠠ ᠨᠢ ᠵᠠᠰᠠᠬᠤ︾ ᠶᠢ ᠪᠥᠬᠦ ᠬᠦᠴᠦᠨ ᠢᠶᠠᠷ ᠠᠳᠬᠤᠵᠤ᠂ ᠬᠠᠮᠤᠭ  ᠤᠨ ᠡᠷᠡᠰ ᠰᠢᠭᠤᠷᠬᠠᠢ ᠣᠪᠣᠷ᠂

ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ

ᠠᠮᠤᠷ ᠲᠦᠪᠰᠢᠨ︾ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠠᠵᠢᠯ ᠤᠨ ᠳᠣᠭᠲᠠᠯᠴᠠᠭ᠎ᠠ ᠶᠢ ᠬᠦᠴᠦᠯᠡᠨ

ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠳᠣᠭᠲᠠᠯᠴᠠᠭ᠎ᠠ᠂ ᠳᠦᠷᠢᠮ ᠤᠨ ᠳᠣᠭᠲᠠᠯᠴᠠᠭ᠎ᠠ᠂ ᠬᠢᠨᠠᠯᠲᠠ ᠲᠠᠯᠪᠢᠬᠤ

ᠳᠣᠭᠲᠠᠯᠴᠠᠭ᠎ᠠ᠂ ᠨᠥᠬᠦᠴᠡᠯ ᠤᠨ ᠪᠠᠲᠤᠯᠠᠭ᠎ᠠ ᠶᠢᠨ ᠳᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ

ᠳᠣᠭᠲᠠᠯᠴᠠᠭ᠎ᠠ ᠵᠡᠷᠭᠡ ︽ᠲᠠᠪᠤᠨ ᠶᠡᠭᠡ ᠳᠣᠭᠲᠠᠯᠴᠠᠭ᠎ᠠ︾ ᠶᠢᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂

ᠬᠠᠷᠢᠯᠴᠠᠨ ᠳᠡᠮᠵᠢᠵᠦ ᠬᠠᠷᠢᠯᠴᠠᠨ ᠠᠬᠢᠭᠤᠯᠬᠤ ᠪᠢᠲᠡᠭᠦᠮᠵᠢᠯᠡᠭᠰᠡᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ

ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ

ᠢᠳᠡᠭᠡᠨ ᠤ ᠵᠠᠷᠤᠳᠠᠯ ᠤᠨ ᠬᠠᠮᠢᠶᠠᠷᠤᠯᠲᠠ ᠶᠢᠨ ᠲᠤᠰᠬᠠᠢ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ

ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯ

ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ᠂

ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ᠂ ᠪᠤᠶᠢᠳᠠ ᠪᠥᠭᠯᠡᠭᠦᠦ ᠬᠥᠳᠡᠭᠡ ᠲᠣᠰᠬᠤᠨ ᠤ ᠰᠤᠷᠭᠠᠭᠤᠯᠢ᠂

ᠰᠤᠷᠭᠠᠭᠤᠯᠢ ᠶᠢᠨ ᠭᠠᠳᠠᠨ᠎ᠠ ᠬᠤᠭᠤᠯᠠ ᠬᠠᠩᠭᠠᠬᠤ ᠰᠤᠷᠭᠠᠭᠤᠯᠢ᠂ ᠰᠤᠷᠭᠠᠭᠤᠯᠢ ᠶᠢᠨ ᠬᠤᠭᠤᠯᠠᠨ ᠭᠡᠷ ᠢ

ᠳᠠᠭᠠᠭᠠᠴᠢᠯᠠᠵᠤ ︵ᠨᠠᠶᠢᠳᠠᠵᠤ︶ ᠡᠵᠡᠩᠨᠡᠬᠦ ᠵᠡᠷᠭᠡ ᠪᠠᠷ ᠭᠤᠣᠯᠳᠠᠯᠭ᠎ᠠ ᠪᠣᠯᠭᠠᠨ᠂ ᠳᠦᠷᠢᠮ ᠤᠨ ᠨᠠᠶᠢᠳᠠᠪᠤᠷᠢᠵᠢᠭᠤᠯᠤᠯᠲᠠ  

 ᠶᠢ ᠴᠢᠩᠭ᠎ᠠ ᠠᠳᠬᠤᠵᠤ᠂ ᠳᠤᠮᠳᠠᠳᠤ ᠪᠠᠭ᠎ᠠ ᠰᠤᠷᠭᠠᠭᠤᠯᠢ ᠱᠠᠭᠠᠷᠳᠠᠨ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ

ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠶᠢᠨ ᠡᠭᠦᠷᠭᠡ ᠴᠢᠳᠠᠪᠤᠷᠢ

ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠶᠢ ᠰᠠᠷ᠎ᠠ ᠪᠦᠷᠢ

ᠰᠤᠷᠭᠠᠭᠤᠯᠢ ᠳᠤ ᠣᠷᠣᠭᠤᠯᠵᠤ ᠢᠳᠡᠭᠡᠨ ᠤ ᠠᠮᠤᠷ ᠲᠦᠪᠰᠢᠨ ᠤ ᠠᠵᠢᠯ ᠢ ᠳᠦᠷᠢᠮᠵᠢᠭᠦᠯᠬᠦ᠂ ᠤᠳᠠᠭᠠᠨ ᠳᠠᠭᠠᠭᠠᠮᠠᠭᠠᠢ

ᠪᠦᠲᠦᠮᠵᠢᠲᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠢᠳᠡᠭᠡᠨ ᠳᠤ ᠬᠢᠨᠠᠯᠲᠠ ᠲᠠᠯᠪᠢᠬᠤ ᠭᠡᠷ ᠤᠨ ᠠᠬᠠᠮᠠᠳ ᠤᠨ

ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠳᠤ

ᠬᠢᠨᠠᠯᠲᠠ ᠲᠠᠯᠪᠢᠬᠤ ᠳᠤ ᠪᠠᠶᠢᠩᠭᠤ ᠣᠷᠣᠯᠴᠠᠭᠤᠯᠬᠤ ᠬᠡᠷᠡᠭᠲᠡᠢ᠃ ᠰᠤᠷᠭᠠᠭᠤᠯᠢ ᠶᠢᠨ ᠬᠤᠭᠤᠯᠠᠨ ᠭᠡᠷ ᠤᠨ ᠪᠡᠯᠡᠳᠬᠡᠮᠵᠢ

ᠲᠥᠬᠦᠭᠡᠷᠦᠮᠵᠢ ᠲᠣᠬᠢᠷᠠᠭᠤᠯᠬᠤ ᠪᠠᠷᠢᠮᠵᠢᠶ᠎ᠠ ᠪᠠ ᠱᠠᠭᠠᠷᠳᠠᠯᠭ᠎ᠠ ᠲᠠᠢ ᠬᠠᠷᠢᠴᠠᠭᠤᠯᠤᠨ᠂ ᠪᠡᠯᠡ ᠮᠥᠩᠭᠦ ᠪᠠ ᠪᠡᠯᠡᠳᠬᠡᠮᠵᠢ

ᠲᠥᠬᠦᠭᠡᠷᠦᠮᠵᠢ ᠣᠷᠣᠭᠤᠯᠬᠤ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠵᠢᠯᠲᠠᠨ ᠤ ᠪᠣᠯᠪᠠᠰᠤᠷᠠᠯ ᠢ

ᠴᠢᠩᠭᠠᠳᠬᠠᠵᠤ᠂ ᠰᠤᠷᠭᠠᠭᠤᠯᠢ  ᠶᠢᠨ ᠵᠠᠬᠢᠷᠤᠯ᠂ ᠬᠤᠭᠤᠯᠠᠨ ᠭᠡᠷ ᠤᠨ ᠳᠡᠳ᠋ ᠵᠠᠬᠢᠷᠤᠯ᠂ ᠬᠤᠭᠤᠯᠠᠨ ᠭᠡᠷ ᠤᠨ ᠠᠮᠤᠷ

ᠲᠦᠪᠰᠢᠨ  ᠤ ᠶᠡᠷᠦᠩᠬᠡᠢ ᠬᠢᠨᠠᠭᠴᠢ᠂ ᠬᠤᠭᠤᠯᠠᠨ ᠭᠡᠷ ᠤᠨ ᠠᠮᠤᠷ ᠲᠦᠪᠰᠢᠨ ᠤ ᠠᠵᠢᠯᠲᠠᠨ᠂ ᠬᠤᠭᠤᠯᠠᠨ ᠭᠡᠷ ᠤᠨ

ᠨᠢᠭᠡᠳᠦᠭᠡᠷ ᠹᠷᠣᠨᠲ ᠤᠨ ᠠᠵᠢᠯᠲᠠᠨ ᠤ ᠪᠣᠯᠪᠠᠰᠤᠷᠠᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ

ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤ ᠵᠠᠷᠤᠳᠠᠯ ᠤᠨ ᠬᠠᠮᠢᠶᠠᠷᠤᠯᠲᠠ ᠳᠤ ᠴᠢᠭᠯᠡᠭᠦᠯᠦᠨ ᠡᠳᠦᠷ

ᠲᠤᠲᠤᠮ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠤ ᠪᠠᠶᠢᠳᠠᠯ ᠢ ᠣᠯᠠᠨ ᠠᠷᠭ᠎ᠠ ᠵᠠᠮ ᠢᠶᠠᠷ

ᠣᠶᠢᠯᠠᠭᠠᠨ ᠡᠵᠡᠮᠰᠢᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠡᠷᠡᠭ ᠤᠨ ᠵᠢᠮ᠎ᠡ

ᠶᠣᠰᠣᠴᠢ ᠴᠢᠨᠠᠷ ᠢ ᠡᠵᠡᠮᠳᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠳᠡᠭᠡᠨ ᠤ ᠠᠮᠤᠷ ᠲᠦᠪᠰᠢᠨ ᠤ ᠬᠡᠷᠡᠭ ᠪᠠ

ᠶᠠᠷᠢᠶ᠎ᠠ ᠬᠡᠯᠡᠯᠴᠡᠭᠡᠨ ᠤ ᠬᠡᠷᠡᠭ ᠢ ᠥᠨᠳᠥᠷ ᠪᠦᠲᠦᠮᠵᠢᠲᠡᠢ ᠯᠠᠪᠳᠠᠭᠤᠨ ᠰᠢᠢᠳᠪᠦᠷᠢᠯᠡᠬᠦ ᠶᠢ ᠦᠨᠡᠨ ᠬᠦ ᠪᠠᠲᠤᠯᠠᠬᠤ

ᠬᠡᠷᠡᠭᠲᠡᠢ ᠭᠡᠵᠦ ᠴᠢᠬᠤᠯᠠᠴᠢᠯᠠᠪᠠ᠃

      ᠲᠤᠰᠬᠠᠢ ᠪᠣᠯᠪᠠᠰᠤᠷᠠᠯ ᠢ ᠭᠤᠣᠯᠳᠠᠭᠤ ᠰᠤᠷᠭᠠᠭᠤᠯᠢ ᠶᠢᠨ ᠬᠤᠭᠤᠯᠠᠨ ᠭᠡᠷ ᠤᠨ ᠡᠵᠡᠩᠨᠡᠯᠲᠡ ᠬᠠᠮᠢᠶᠠᠷᠤᠯᠲᠠ᠂

ᠰᠤᠷᠭᠠᠭᠤᠯᠢ ᠶᠢᠨ ᠢᠳᠡᠭᠡᠨ ᠤ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠤᠭᠤᠯᠠᠨ

ᠭᠡᠷ ᠤᠨ ᠬᠤᠳᠠᠯᠳᠤᠨ ᠠᠪᠬᠤ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ  ᠪᠣᠯᠪᠠᠰᠤᠷᠠᠭᠤᠯᠬᠤ

ᠶᠠᠪᠤᠴᠠ ᠶᠢᠨ ᠬᠠᠮᠢᠶᠠᠷᠤᠯᠲᠠ᠂ ᠰᠤᠷᠤᠭᠴᠢᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ

ᠤᠮᠳᠠᠭᠠᠨ ᠤ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠢᠷᠡᠯᠲᠡ ᠶᠢᠨ

ᠴᠢᠨᠠᠷᠲᠠᠢ ᠡᠪᠡᠳᠴᠢᠨ ᠡᠮᠭᠡᠭ ᠢ ᠰᠡᠷᠭᠡᠶᠢᠯᠡᠬᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠡᠷᠡᠭ ᠤᠨ

ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ  ᠶᠢᠨ ᠲᠣᠭᠤᠷᠢᠨ  ᠳᠤ ᠶᠠᠪᠤᠭᠳᠠᠭᠤᠯᠪᠠ᠃

   

2.jpg

      ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ

ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ

ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ

ᠪᠡᠶ᠎ᠡ ᠶᠢᠨ ᠲᠠᠮᠢᠷ︶ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠠᠮᠢᠶ᠎ᠠ ᠪᠦᠬᠦᠢ

ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠳᠠᠷᠤᠭ᠎ᠠ ᠬᠤᠷᠠᠯ ᠳᠤ

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号