2027 ᠣᠨ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠭ᠎ᠠ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠢᠴᠢᠶᠡᠯ ᠲᠥᠷᠥᠯ ᠢ ᠰᠤᠩᠭᠤᠨ ᠰᠢᠯᠭᠠᠬᠤ ᠱᠠᠭᠠᠷᠳᠠᠯᠭ᠎ᠠ ᠶᠢ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/12
      ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠡᠯ᠎ᠡ ᠶᠡᠭᠡ ᠳᠡᠭᠡᠳᠦ ᠰᠤᠷᠭᠠᠭᠤᠯᠢ 2027 ᠣᠨ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠭ᠎ᠠ ᠡᠯ᠎ᠡ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶᠎ ᠤᠨ ᠬᠢᠴᠢᠶᠡᠯ ᠲᠥᠷᠥᠯ ᠢ ᠰᠣᠩᠭᠤᠨ ᠰᠢᠯᠭᠠᠬᠤ ᠱᠠᠭᠠᠷᠳᠠᠯᠭ᠎ᠠ ᠶᠢ ᠨᠠᠶᠢᠷᠠᠭᠤᠯᠤᠨ ᠮᠡᠳᠡᠭᠦᠯᠵᠦ᠂ ᠡᠳᠦᠭᠡ ᠨᠡᠶᠢᠲᠡᠯᠡᠪᠡ᠂ ᠡᠨᠡ ᠨᠢ ᠮᠠᠨ ᠤ ᠣᠷᠣᠨ ᠤ 2027 ᠣᠨ ᠠᠴᠠ ᠡᠬᠢᠯᠡᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠰᠤᠷᠤᠭᠴᠢᠳ ᠳᠤᠰᠬᠠᠢ ᠮᠡᠷᠭᠡᠵᠢᠯ ᠢᠶᠠᠨ ᠰᠣᠩᠭᠤᠬᠤ ᠳᠤ ᠯᠠᠪᠯᠠᠯᠲᠠ ᠬᠠᠩᠭᠠᠬᠤ ᠶᠢᠨ ᠬᠠᠮᠲᠤ ᠬᠤᠯᠪᠣᠭᠳᠠᠯ ᠪᠦᠬᠦᠢ ᠵᠦᠢᠯ ᠤᠨ ᠲᠤᠬᠠᠢ ᠳᠣᠣᠷᠠᠬᠢ ᠮᠡᠲᠦ  ᠲᠣᠳᠤᠷᠬᠠᠶᠢᠯᠠᠪᠠ᠃      ᠨᠢᠭᠡ᠂ ᠶᠡᠭᠡ ᠳᠡᠭᠡᠳᠦ ᠰᠤᠷᠭᠠᠭᠤᠯᠢ ᠡᠮᠬᠢᠯᠡᠨ ᠨᠠᠶᠢᠷᠠᠭᠤᠯᠵᠤ ᠮᠡᠳᠡᠭᠦᠯᠦᠭᠰᠡᠨ ᠪᠥᠬᠦ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶ ᠶᠣᠰᠤᠭᠠᠷ ᠰᠤᠷᠤᠭᠴᠢ ᠡᠯᠰᠡᠬᠦ ᠲᠤᠬᠠᠢ ᠶᠢᠨ ᠵᠢᠯ ᠪᠣᠯᠭᠠᠨ ᠮᠠᠨ ᠤ ᠣᠷᠣᠨ ᠳᠤ ᠰᠤᠷᠤᠭᠴᠢ ᠡᠯᠰᠡᠬᠦ ᠲᠥᠯᠥᠪᠯᠡᠭᠡ ᠲᠣᠬᠢᠷᠠᠭᠤᠯᠬᠤ ᠪᠢᠰᠢ᠃ 2027 ᠣᠨ ᠠᠴᠠ ᠡᠬᠢᠯᠡᠨ᠂ ᠮᠠᠨ ᠤ ᠣᠷᠣᠨ ᠠᠴᠠ ᠪᠣᠳᠠᠲᠠᠢ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶ ᠪᠣᠯᠤᠨ ᠰᠣᠩᠭᠤᠨ ᠰᠢᠯᠭᠠᠬᠤ ᠬᠢᠴᠢᠶᠡᠯ ᠲᠥᠷᠥᠯ ᠤᠨ ᠱᠠᠭᠠᠷᠳᠠᠯᠭ᠎ᠠ ᠵᠢᠴᠢ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶᠎ ᠨᠢ ᠮᠠᠨ ᠤ ᠣᠷᠣᠨ ᠳᠤ ᠹᠢᠽᠢᠺ ᠤᠨ ᠬᠢᠴᠢᠶᠡᠯ ᠲᠥᠷᠥᠯ ᠪᠠ ᠲᠡᠦᠬᠡ ᠶᠢᠨ ᠬᠢᠴᠢᠶᠡᠯ ᠲᠥᠷᠥᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠤᠰ ᠲᠤᠰ ᠲᠣᠬᠢᠷᠠᠭᠤᠯᠬᠤ ᠡᠰᠡᠬᠦ ᠶᠢ ᠡᠷᠬᠡᠪᠰᠢ ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠡᠭᠰᠡᠨ ᠲᠤᠰ ᠵᠢᠯ ᠤᠨ ᠮᠠᠨ ᠤ ᠣᠷᠣᠨ ᠠᠴᠠ ᠰᠤᠷᠤᠭᠴᠢ ᠡᠯᠰᠡᠬᠦ ᠲᠥᠯᠥᠪᠯᠡᠭᠡ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠃      ᠬᠤᠶᠠᠷ᠂ ᠲᠤᠰ ᠠᠯᠪᠠᠨ ᠵᠠᠷᠯᠠᠯ ᠪᠣᠯ 2027 ᠣᠨ ᠠᠴᠠ ᠡᠬᠢᠯᠡᠨ᠂ ᠮᠠᠨ ᠤ ᠣᠷᠣᠨ ᠎ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢ ᠬᠢᠴᠢᠶᠡᠯ ᠲᠥᠷᠥᠯ ᠢ ᠰᠣᠩᠭᠤᠬᠤ ᠦᠶ᠎ᠡ ᠳᠤ ᠯᠠᠪᠯᠠᠯᠲᠠ ᠪᠣᠯᠭᠠᠵᠤ᠂ ᠳᠠᠬᠢᠨ ᠰᠢᠨ᠎ᠡ ᠬᠢᠴᠢᠶᠡᠯ ᠲᠥᠷᠥᠯ ᠢ ᠨᠡᠶᠢᠲᠡᠯᠡᠬᠦ ᠪᠣᠯᠲᠠᠯ᠎ᠠ ᠬᠡᠷᠡᠭᠯᠡᠨ᠎ᠡ᠃ 2025 ᠣᠨ᠂ 2026 ᠣᠨ ᠳᠤ᠂ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢ ᠪᠠᠰᠠ ︽2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠭ᠎ᠠ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠢ ᠰᠣᠩᠭᠤᠨ ᠰᠢᠯᠭᠠᠬᠤ ᠬᠢᠴᠢᠶᠡᠯ ᠲᠥᠷᠥᠯ ᠤᠨ ᠱᠠᠭᠠᠷᠳᠠᠯᠭ᠎ᠠ ᠶᠢ ᠨᠡᠶᠢᠲᠡᠯᠡᠬᠦ ᠲᠤᠬᠠᠢ ᠠᠯᠪᠠᠨ ᠵᠠᠷᠯᠠᠯ︾᠎ ᠢᠶᠠᠷ ᠯᠠᠪᠯᠠᠯᠲᠠ ᠪᠣᠯᠭᠠᠬᠤ ᠶᠢᠨ ᠬᠠᠮᠲᠤ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠲᠤᠰ ᠵᠢᠯ ᠤᠨ ᠨᠡᠶᠢᠲᠡᠯᠡᠭᠰᠡᠨ ᠰᠤᠷᠤᠭᠴᠢ ᠡᠯᠰᠡᠬᠦ ᠳᠦᠷᠢᠮ ᠵᠢᠴᠢ ᠮᠠᠨ ᠤ ᠣᠷᠣᠨ ᠠᠴᠠ ᠰᠤᠷᠤᠭᠴᠢ ᠡᠯᠰᠡᠬᠦ ᠲᠥᠯᠥᠪᠯᠡᠭᠡ ᠪᠠᠷ ᠪᠠᠷᠢᠮᠵᠢᠶ᠎ᠠ ᠪᠣᠯᠭᠠᠨ᠎ᠠ᠃              ᠳᠠᠭᠠᠯᠳᠤᠭᠤᠯᠤᠯ᠄ 2027 ᠣᠨ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠭ᠎ᠠ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶᠎ ᠢ ᠰᠣᠩᠭᠤᠨ ᠰᠢᠯᠭᠠᠬᠤ ᠬᠢᠴᠢᠶᠡᠯ ᠲᠥᠷᠥᠯ ᠤᠨ ᠱᠠᠭᠠᠷᠳᠠᠯᠭ᠎ᠠ【ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠳᠤᠰᠬᠠᠢ ᠮᠡᠷᠭᠡᠵᠢᠯ︶᠎ ᠤᠨ ᠰᠤᠷᠭᠠᠭᠤᠯᠢ】        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2025 ᠣᠨ ᠤ 3 ᠰᠠᠷ᠎ᠠ ᠶᠢᠨ 10᠎ ᠤ ᠡᠳᠦᠷᠳᠠᠭᠠᠯᠳᠤᠭᠤᠯᠤᠯ᠄ 2027 ᠣᠨ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠭ᠎ᠠ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠲᠤᠰᠬᠠᠢ ᠮᠡᠷᠭᠡᠵᠢᠯ ᠤᠨ ᠲᠥᠷᠥᠯ︶᠎ ᠢ ᠰᠣᠩᠭᠤᠨ ᠰᠢᠯᠭᠠᠬᠤ ᠬᠢᠴᠢᠶᠡᠯ ᠲᠥᠷᠥᠯ ᠤᠨ ᠱᠠᠭᠠᠷᠳᠠᠯᠭ᠎ᠠ【ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠎ ᠶᠢᠨ ᠠᠵᠢᠯ ᠮᠡᠷᠭᠡᠵᠢᠯ ︵ᠳᠤᠰᠬᠠᠢ ᠮᠡᠷᠭᠡᠵᠢᠯ︶᠎ ᠤᠨ ᠰᠤᠷᠭᠠᠭᠤᠯᠢ】. xlsx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号