︽ᠵᠢᠷᠭᠤᠭᠠᠨ ᠠᠵᠢᠯᠯᠠᠭ᠎ᠠ︾ — ᠪᠦᠬᠦ ᠣᠷᠣᠨ ᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠳ᠋ ᠤᠨ ᠵᠠᠰᠠᠭ ᠠᠵᠤ ᠠᠬᠤᠢ ᠶᠢᠨ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/18
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠦᠨ᠂ ᠬᠠᠪᠤᠷ ᠤᠨ ᠤᠯᠠᠷᠢᠯ ᠤᠨ ᠠᠵᠢᠯ ᠣᠯᠭᠤᠯᠲᠠ ᠶᠢ ᠠᠬᠢᠭᠤᠯᠬᠤ ᠪᠣᠭᠤᠮᠲᠠ ᠰᠢᠪᠲᠤᠯᠤᠯᠲᠠ  ᠶᠢ ᠠᠮᠵᠢᠨ ᠠᠳᠬᠤᠬᠤ  ᠶᠢᠨ ᠲᠥᠯᠥᠭᠡ᠂ 3 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ᠬᠠᠮᠲᠤᠷᠠᠨ ︽ᠤᠷᠢᠬᠠᠨ ᠬᠠᠪᠤᠷ - ᠰᠢᠨ᠎ᠡ ᠡᠬᠢᠯᠡᠯᠲᠡ᠂ ᠠᠵᠢᠯ ᠣᠯᠭᠤᠯᠲᠠ - ᠰᠢᠨ᠎ᠡ ᠠᠶᠠᠯᠠᠯ︾ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠳ᠋ ᠤᠨ ᠵᠠᠰᠠᠭ ᠠᠵᠤ ᠠᠬᠤᠢ ᠶᠢᠨ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠠᠵᠢᠯᠯᠠᠭ᠎ᠠ ᠳᠤ ᠣᠷᠣᠯᠴᠠᠪᠠ᠃

1.jpg

      ᠡᠨᠡ ᠤᠳᠠᠭᠠᠨ ᠤ ᠠᠵᠢᠯᠲᠠᠨ ᠤᠷᠢᠬᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ 152᠂ 4920

ᠠᠵᠢᠯ ᠤᠨ ᠪᠠᠶᠢᠷᠢ ᠬᠠᠩᠭᠠᠵᠤ᠂ ᠲᠡᠭᠦᠰᠦᠭᠰᠡᠳ  ᠠᠬᠤᠢ ᠲᠠᠯᠠᠪᠠᠢ ᠳᠤ 8569 ᠬᠤᠪᠢ ᠲᠣᠪᠴᠢ ᠨᠠᠮᠲᠠᠷ ᠢᠶᠠᠨ

ᠳᠤᠰᠢᠶᠠᠵᠤ᠂ ᠭᠡᠷ᠎ᠡ ᠳᠣᠭᠲᠠᠬᠤ ᠰᠠᠨᠠᠭ᠎ᠠ ᠲᠠᠢ ᠬᠥᠮᠦᠨ 912 ᠪᠠᠶᠢᠪᠠ᠃ ᠠᠬᠤᠢ ᠲᠠᠯᠠᠪᠠᠢ ᠳᠤ ᠠᠵᠢᠯᠲᠠᠨ ᠤᠷᠢᠬᠤ

ᠦᠢᠯᠡᠴᠢᠯᠡᠭᠡ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠳᠠᠭᠠᠭᠤᠯᠬᠤ᠂ ᠠᠵᠢᠯ ᠣᠯᠭᠤᠯᠲᠠ ᠶᠢ

ᠵᠢᠯᠣᠭᠤᠳᠬᠤ ᠭᠤᠷᠪᠠᠨ ᠭᠤᠣᠯ ᠰᠡᠳᠦᠪᠲᠦ ᠲᠤᠰᠬᠠᠢ ᠣᠷᠣᠨ ᠪᠠᠶᠢᠭᠤᠯᠵᠤ᠂ ᠲᠡᠭᠦᠰᠦᠭᠰᠡᠳ ᠢ ᠬᠠᠪᠰᠤᠷᠤᠨ

ᠠᠵᠢᠯᠲᠠᠨ ᠤᠷᠢᠬᠤ ᠠᠵᠤ ᠠᠬᠤᠶᠢᠯᠠᠯ ᠢ ᠣᠶᠢᠯᠠᠭᠠᠭᠤᠯᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ

ᠣᠨᠣᠪᠴᠢᠲᠠᠢ ᠴᠤᠭᠯᠠᠭᠤᠯᠤᠨ᠂ ᠠᠵᠢᠯ ᠡᠷᠢᠭᠰᠡᠳ ᠪᠣᠯᠤᠨ ᠠᠵᠤ ᠠᠬᠤᠶᠢᠯᠠᠯ ᠴᠠᠭ ᠲᠤᠬᠠᠢ ᠳᠤ ᠨᠢ ᠦᠢᠯᠡᠳᠦᠯᠴᠡᠬᠦ

 ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠬᠤᠷᠠᠯ ᠳᠤ ᠣᠷᠣᠯᠴᠠᠭᠰᠠᠨ ᠲᠡᠭᠦᠰᠬᠦ ᠰᠤᠷᠤᠭᠴᠢᠳ ᠲᠤ ᠲᠣᠪᠴᠢ

ᠨᠠᠮᠲᠠᠷ ᠤᠨ ᠵᠢᠯᠣᠭᠤᠳᠣᠯᠭ᠎ᠠ᠂ ᠠᠵᠢᠯ ᠡᠷᠢᠬᠦ ᠤᠷ᠎ᠠ ᠮᠡᠷᠭᠡᠵᠢᠯ ᠵᠡᠷᠭᠡ ᠦᠢᠯᠡᠴᠢᠯᠡᠭᠡ ᠬᠠᠩᠭᠠᠵᠤ᠂ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠠᠵᠢᠯ ᠣᠯᠬᠤ ᠬᠦᠰᠡᠯ ᠢᠶᠠᠨ ᠲᠡᠷᠭᠡᠯᠰᠢᠭᠦᠯᠬᠦ ᠶᠢ ᠪᠦᠬᠦ ᠲᠠᠯ᠎ᠠ ᠳᠡᠮᠵᠢᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢᠨ

ᠲᠣᠭᠤᠷᠢᠨ ᠳᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠪᠤᠰᠤᠳ ᠰᠠᠯᠠᠭ᠎ᠠ ᠮᠥᠴᠢᠷ ᠲᠠᠢ ᠬᠤᠯᠪᠣᠭᠠᠯᠠᠨ

ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ᠂ ᠲᠦᠮᠡᠨ ᠠᠵᠤ ᠠᠬᠤᠶᠢᠯᠠᠯ ᠢ

ᠰᠤᠷᠭᠠᠭᠤᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠠᠵᠢᠯ ᠣᠯᠭᠤᠯᠲᠠ ᠶᠢᠨ

ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠨ᠂

ᠬᠥᠮᠦᠨ ᠬᠡᠷᠡᠭᠯᠡᠬᠦ ᠨᠢᠭᠡᠴᠢ ᠪᠠ ᠳᠡᠭᠡᠳᠦ ᠰᠤᠷᠭᠠᠭᠤᠯᠢ ᠲᠡᠭᠦᠰᠦᠭᠰᠡᠳ ᠢ ᠨᠠᠷᠢᠯᠢᠭ ᠣᠨᠣᠴᠠᠲᠠᠢ ᠵᠣᠯᠭᠠᠭᠤᠯᠬᠤ

ᠲᠠᠪᠴᠠᠩ ᠢ ᠪᠠᠶᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ᠂ ᠭᠦᠢᠴᠡᠳ ᠠᠵᠢᠯ

ᠣᠯᠭᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号