ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ | ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠤᠷᠭᠠᠨ ᠬᠥᠮᠦᠵᠢᠯ ᠤᠨ ᠲᠠᠯ᠎ᠠ ᠪᠠᠷ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ | ᠴᠢᠬᠤᠯᠠ ᠪᠥᠬᠦᠶ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ ᠳᠤ | ᠣᠨᠴᠠᠭᠠᠶᠢᠯᠠᠨ ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ | ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ | ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠲᠠᠯ᠎ᠠ ᠪᠠᠷ᠂ | ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠳᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠭᠤᠣᠯ ᠪᠣᠯᠬᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ᠂ | ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ ᠲᠦᠬᠦᠮ ᠪᠣᠯᠭᠠᠨ᠎ᠠ᠃ ᠵᠠᠯᠭᠠᠭ᠎ᠠ ᠪᠠᠷ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠶ ᠶᠢᠨ ᠵᠢᠯ ᠳᠤ ᠲᠠᠩᠰᠠ ᠲᠠᠶᠢᠯᠤᠭᠰᠠᠨ | ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ | ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ ᠬᠡᠮᠵᠢᠶᠡᠨ ᠤ | ᠵᠣᠷᠢᠭᠵᠢᠭᠤᠯᠤᠯ ᠥᠭᠴᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠶ ᠠᠰᠢᠭ | ᠬᠦᠷᠲᠡᠭᠡᠨ᠎ᠡ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ | ᠬᠥᠮᠥᠨ ᠣᠯᠠᠳᠠᠵᠤ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ | ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ᠃ | ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ | ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ | ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ | ᠳᠤᠭᠤᠯᠳᠠᠵᠤ ᠪᠣᠢ᠂ ᠠᠮᠤ ᠪᠤᠳᠠᠭᠠᠨ ᠤ ᠤᠨᠠᠯᠲᠠ ᠨᠡᠮᠡᠭᠳᠡᠪᠡ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ | ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ ᠤᠨ ᠠᠮᠤ | ᠪᠤᠳᠠᠭᠠᠨ ᠤ ᠠᠵᠢᠯ ᠤᠨ ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ︖ ᠡᠭᠦᠨ ᠤ ᠲᠤᠬᠠᠶ ᠲᠥᠪ ᠬᠤᠷᠢᠶᠠᠨ ᠤ | ᠲᠦᠷᠦ ᠶᠢᠨ ᠪᠤᠳᠤᠯᠭ᠎ᠠ ᠪᠣᠯ ᠲᠣᠳᠣᠷᠬᠠᠶ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ | ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭᠠᠨ ᠤ ᠦᠨ᠎ᠡ ᠬᠠᠩᠰᠢ ᠬᠡᠰᠡᠭ ᠬᠤᠭᠤᠴᠠᠭᠠᠨ ᠳᠤ ᠪᠣᠯᠣᠭᠰᠠᠨ ᠠᠴᠠ | ᠪᠣᠯᠣᠭᠠᠳ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ᠵᠣᠪᠠᠭ᠋ᠤ ᠤᠴᠢᠷ ᠦᠭᠡᠢ ᠪᠣᠯᠴᠢᠬᠠᠯ᠎ᠠ ᠭᠡᠵᠦ ᠬᠦᠡᠭᠭᠡᠨ | ᠬᠠᠭᠤᠳᠠᠮ ᠢᠶᠠᠷ ᠬᠡᠯᠡᠵᠦ ᠶᠠᠭᠠᠬᠢᠭᠰᠠᠨ ᠴᠤ ᠪᠣᠯᠬᠤ ᠦᠭᠡᠢ᠃ ᠨᠢᠭᠡ ᠲᠠᠯ᠎ᠠ ᠪᠠᠷ᠂ ᠠᠮᠤ ᠪᠤᠳᠠᠭᠠᠨ ᠤ | ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ ᠲᠩᠷᠢ ᠶᠢᠨ ᠴᠢᠷᠠᠶ ᠶᠢ ᠬᠠᠷᠠᠨ ᠠᠮᠢᠳᠤᠷᠠᠵᠤ᠂ ︽ᠬᠥᠮᠦᠨ | ᠴᠢᠷᠮᠠᠶᠢᠬᠤ︾ ᠲᠡᠳᠦᠢ ᠪᠢᠰᠢ ᠪᠠᠰᠠ ︽ᠲᠩᠷᠢ ᠶᠢᠨ ᠴᠢᠷᠠᠢ ᠶᠢ ᠬᠠᠷᠠᠬᠤ ᠴᠢᠬᠤᠯᠠᠲᠠᠢ ᠪᠠᠶᠢᠳᠠᠭ︾᠃ ᠤᠢᠢᠷ᠎ᠠ ᠶᠢᠨ | ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ | ᠪᠣᠯᠬᠤᠷ ᠲᠣᠭᠲᠠᠭᠤᠨ ᠪᠤᠰᠤ ᠬᠦᠴᠦᠨ ᠵᠦᠢᠯ ᠮᠠᠰᠢ ᠤᠯᠠᠨ ᠪᠠᠶᠢᠨ᠎ᠠ᠂ ᠡᠶᠢᠮᠦ ᠠᠴᠠ ᠡᠷᠬᠡᠪᠰᠢ ᠭᠠᠮᠰᠢᠭ ᠢ | ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠤᠯᠬᠤ ᠳᠤ ᠰᠠᠭᠤᠷᠢᠯᠠᠵᠤ᠂ ᠬᠦᠴᠢᠷ ᠪᠡᠷᠬᠡᠰᠢᠶᠡᠯ ᠢ ᠲᠡᠷᠢᠭᠦᠨ ᠳᠤ | ᠲᠠᠯᠪᠢᠵᠤ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ ᠪᠣᠯᠭᠠᠬᠤ | ᠬᠡᠷᠡᠭᠲᠡᠶ᠃ ᠨᠥᠭᠦᠭᠡ ᠲᠠᠯ᠎ᠠ ᠪᠠᠷ᠂ ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ ᠦᠭᠡᠶ | ᠥᠷᠭᠡᠳᠴᠦ᠂ 14 ᠳ᠋ᠦᠩᠰᠢᠭᠤᠷ ᠭᠠᠷᠤᠶ ᠬᠥᠮᠦᠨ ᠤ ᠢᠳᠡᠬᠦ ᠬᠤᠭᠤᠯᠠ ᠪᠠᠶᠢᠬᠤ ᠶᠢ ᠪᠠᠲᠤᠯᠠᠬᠤ ᠬᠡᠷᠡᠭᠲᠡᠢ | ᠮᠥᠷᠲᠡᠭᠡᠨ ᠰᠠᠶᠢᠨ ᠬᠤᠭᠤᠯᠠ ᠢᠳᠡᠬᠦ ᠶᠢ ᠬᠦᠰᠡᠵᠦ ᠪᠠᠶᠢᠨ᠎ᠠ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ | ᠢᠳᠡᠬᠦ ᠨᠢ ᠪᠠᠭ᠎ᠠ ᠪᠣᠯᠣᠭᠰᠠᠨ ᠴᠤ ᠮᠢᠬ᠎ᠠ᠂ ᠥᠨᠳᠡᠭᠡ᠂ ᠰᠦ ᠢᠳᠡᠬᠦ ᠨᠢ ᠶᠡᠭᠡ ᠪᠣᠯᠪᠠ᠂ ᠡᠳᠡᠭᠡᠷ ᠢ ᠴᠥᠮ | ᠤᠯᠠᠮ ᠠᠴᠠ ᠤᠯᠠᠮ ᠠᠷᠪᠢᠨ ᠲᠡᠵᠢᠭᠡᠯ ᠪᠣᠷᠳᠣᠭᠠᠨ ᠤ ᠠᠮᠤ ᠠᠴᠠ ᠤᠯᠠᠷᠢᠭᠤᠯᠵᠤ ᠰᠢᠢᠳᠪᠦᠷᠢᠯᠡᠬᠦ ᠴᠢᠬᠤᠯᠠ | ᠲᠠᠢ᠃ ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ | ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ᠃ ᠲᠡᠦᠬᠡᠨ | ᠲᠤᠷᠰᠢᠯᠭ᠎ᠠ ᠬᠠᠷᠠᠭᠤᠯᠤᠭᠰᠠᠨ ᠨᠢ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ | ᠶᠡᠷᠦ ᠨᠢ ᠮᠠᠰᠢ ᠬᠦᠴᠢᠷ᠂ ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ ᠪᠠᠶᠢᠳᠠᠭ᠂ ᠠᠵᠢᠯ ᠤᠨ | ᠡᠷᠴᠢᠮ ᠢᠶᠠᠨ ᠰᠤᠯᠠᠷᠠᠭᠤᠯᠤᠭᠰᠠᠨ ᠠᠴᠠ ᠪᠣᠯᠣᠭᠠᠳ ᠦᠢᠯᠡᠳᠪᠦᠷᠢᠯᠡᠯ ᠢ ᠶᠡᠭᠡ ᠪᠠᠷ ᠳᠡᠭᠡᠭᠰᠢᠯᠡᠭᠦᠯᠵᠦ ᠶᠡᠭᠡ ᠪᠠᠷ | ᠪᠠᠭᠤᠷᠠᠭᠤᠯᠵᠤ ᠶᠠᠭᠠᠬᠢᠭᠰᠠᠨ ᠴᠤ ᠪᠣᠯᠬᠤ ᠦᠭᠡᠢ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠦᠷᠭᠦᠯᠵᠢᠯᠡᠨ | ᠲᠡᠷᠢᠭᠦᠨ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠪᠡᠷ ᠤᠨ ᠪᠤᠳᠠᠭᠠᠨ ᠠᠶᠠᠭ᠎ᠠ ᠪᠠᠨ ᠭᠠᠷ ᠲᠤ ᠪᠠᠨ ᠨᠡᠩ | ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠ ᠪᠠᠷ ᠰᠢᠯᠵᠢᠭᠦᠯᠵᠦ | ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ | ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠭᠰᠠᠨ ᠭᠠᠵᠠᠷ ᠤᠨ | ︽ᠭᠤᠷᠪᠠᠨ ᠡᠷᠬᠡ ᠶᠢ ᠰᠠᠯᠭᠠᠬᠤ︾ ᠪᠠᠷ ᠳᠠᠮᠵᠢᠭᠤᠯᠤᠨ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ | ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ | ᠦᠭᠡᠢ ᠶᠠᠪᠤᠬᠤ ᠵᠠᠮ ᠮᠥᠨ᠂ ᠪᠠᠰᠠ ᠴᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ ᠮᠥᠨ᠃ ᠣᠶᠢᠷ᠎ᠠ ᠶᠢᠨ ᠵᠢᠯ ᠤᠳ ᠲᠤ᠂ ᠬᠥᠳᠡᠭᠡ | ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠠᠶᠢᠵᠤ᠂ ᠳᠠᠭᠠᠭᠠᠴᠢᠯᠠᠯᠲᠠ ᠶᠢᠨ | ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠪᠠᠶᠢᠬᠤ ᠨᠢ ᠶᠡᠷᠦᠩᠬᠡᠶ ᠳᠤ ᠪᠠᠨ | ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠵᠠᠷᠢᠮ ᠭᠠᠵᠠᠷ ᠣᠷᠣᠨ ᠳᠤ ᠪᠠᠰᠠ ᠲᠦᠷᠢᠮ ᠠᠴᠠ | ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠶ᠂ ᠪᠢᠴᠢᠭ ᠮᠠᠲ᠋ᠧᠷᠢᠶᠠᠯ ᠳᠤ ᠡᠭᠦᠨ ᠤ ᠲᠤᠬᠠᠶ | ᠴᠢᠬᠤᠯᠠᠴᠢᠯᠠᠭᠰᠠᠨ ᠪᠠᠶᠢᠨ᠎ᠠ᠃ | ᠨᠢᠭᠡ ᠳᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠣᠨᠣᠴᠠᠲᠠᠢ ᠠᠳᠬᠤᠨ᠎ᠠ᠃ ᠲᠥᠪ ᠬᠤᠷᠢᠶᠠᠨ ᠤ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ ᠳᠠᠭᠠᠭᠠᠴᠢᠯᠠᠭᠰᠠᠨ | ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ᠂ ᠰᠠᠨᠠᠭᠠᠴᠢᠯᠠᠭ᠎ᠠ ᠶᠢᠨ᠂ | ᠲᠥᠯᠥᠪᠦᠷᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠂ ᠳᠠᠭᠠᠭᠠᠴᠢᠯᠠᠭᠰᠠᠨ ᠲᠠᠷᠢᠶᠠᠴᠢᠨ ᠡᠷᠤᠭᠡ ᠶᠢᠨ | ᠰᠠᠨᠠᠭ᠎ᠠ ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ | ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠶ ᠣᠷᠴᠢᠨ ᠠᠬᠤᠶ ᠶᠢ ᠡᠪᠳᠡᠵᠦ ᠪᠣᠯᠬᠤ | ᠦᠭᠡᠢ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ | ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ᠂ ᠬᠤᠳᠠ ᠪᠠᠯᠭᠠᠰᠤᠵᠢᠯᠳᠠ ᠶᠢᠨ ᠠᠬᠢᠴᠠ ᠪᠠ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ | ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ ᠦᠢᠯᠡᠳᠪᠦᠷᠢᠯᠡᠯ ᠤᠨ ᠠᠷᠭ᠎ᠠ ᠪᠠᠷᠢᠯ ᠤᠨ | ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ | ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠶ᠃ | ᠬᠤᠶᠠᠷ ᠲᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ | ᠲᠦᠷᠢᠮ ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠨᠢ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠢ | ᠵᠢᠷᠤᠮᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠤ ᠰᠢᠯᠵᠢᠭᠦᠯᠦᠨ | ᠡᠷᠭᠢᠯᠳᠦᠭᠦᠯᠬᠦ ᠦᠨ᠎ᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ | ᠠᠷᠭ᠎ᠠ ᠮᠠᠶ᠋ᠢᠭ ᠢᠶᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠶ ᠬᠢᠷᠢ ᠲᠦᠪᠰᠢᠨ ᠳᠤ | ᠲᠣᠭᠲᠠᠪᠤᠷᠢᠵᠢᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ | ᠬᠡᠳᠦ ᠳᠣᠣᠷ᠎ᠠ ᠪᠣᠯᠣᠭᠰᠠᠨ ᠠᠴᠠ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ | ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠣᠭᠰᠠᠨ ᠠᠴᠠ ᠲᠠᠷᠢᠶᠠᠯᠠᠩ ᠤᠨ | ᠥᠷᠢᠰᠥᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ᠃ | ᠭᠤᠷᠪᠠ ᠳᠤ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠᠳᠠᠯᠭ᠎ᠠ ᠪᠠᠷ | ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠳᠠᠭᠠᠭᠠᠴᠢᠯᠠᠯᠲᠠ ᠶᠢᠨ ᠭᠠᠵᠠᠷ ᠢ | ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠡᠰᠡᠬᠦ᠂ ᠦᠨ᠎ᠡ ᠬᠠᠩᠰᠢ ᠶᠢ ᠬᠡᠷᠬᠢᠨ ᠲᠣᠭᠲᠠᠭᠠᠬᠤ᠂ ᠬᠡᠯᠪᠡᠷᠢ ᠶᠢ | ᠬᠡᠷᠬᠢᠨ ᠰᠣᠩᠭᠤᠬᠤ ᠶᠢ ᠲᠣᠭᠲᠠᠭᠠᠬᠤ ᠡᠷᠬᠡ ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ ᠤᠨ ᠬᠡᠯᠡᠭᠰᠡᠨ ᠢᠶᠠᠷ | ᠪᠣᠯᠭᠠᠨ᠎ᠠ᠂ ᠭᠦᠢᠴᠡᠳᠬᠡᠯ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ | ᠲᠠᠷᠢᠶᠠᠴᠢᠳ ᠢ ᠳᠠᠭᠠᠭᠠᠴᠢᠯᠠᠭᠰᠠᠨ ᠭᠠᠵᠠᠷ ᠰᠢᠷᠣᠶ ᠠᠴᠠ ᠨᠢ ᠠᠯᠪᠠᠳᠠᠯᠭ᠎ᠠ ᠪᠠᠷ ᠰᠢᠬᠠᠨ ᠭᠠᠷᠭᠠᠵᠤ ᠪᠣᠯᠬᠤ | ᠦᠭᠡᠢ᠃ ᠵᠠᠷᠢᠮ ᠭᠠᠵᠠᠷ ᠣᠷᠣᠨ ᠤ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ᠂ ᠰᠢᠯᠵᠢᠭᠦᠯᠦᠨ | ᠡᠷᠭᠢᠯᠳᠦᠭᠦᠯᠬᠦ ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠱᠠᠩᠨᠠᠯ ᠳᠤ ᠣᠷᠣᠭᠤᠯᠵᠤ᠂ ᠭᠠᠵᠠᠷ | ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ ᠲᠥᠯᠥᠪᠵᠢᠭᠦᠯᠭᠡ ᠶᠢᠨ ᠭᠦᠢᠴᠡᠳᠬᠡᠯ ᠲᠤᠭ᠎ᠠ | ᠪᠤᠶᠤ ᠲᠥᠷᠥᠯ ᠵᠦᠢᠯ ᠢ ᠮᠡᠳᠡᠭᠦᠯᠬᠦ ᠨᠥᠬᠦᠴᠡᠯ ᠪᠣᠯᠭᠠᠬᠤ ᠵᠡᠷᠭᠡ ᠵᠣᠬᠢᠰ ᠥᠬᠡᠶ ᠪᠠ ᠪᠤᠷᠤᠭᠤ ᠠᠷᠭ᠎ᠠ ᠬᠢᠳᠡᠯ ᠢ ᠴᠠᠭ | ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃ | | | | |