ᠳ᠋ᠦ᠋ ᠬᠤᠢ ᠯᠢᠶᠠᠩ ᠪᠤᠭᠤᠲᠤ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠣᠳᠤᠯᠵᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2025/4/10
      4 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ᠂ ᠶᠡᠭᠡ ᠳᠡᠭᠡᠳᠦ ᠰᠤᠷᠭᠠᠭᠤᠯᠢ ᠶᠢᠨ ᠲᠡᠭᠡᠳᠦ ᠰᠤᠷᠭᠠᠭᠤᠯᠢ ᠶᠢᠨ ᠪᠠᠶᠢᠷᠢᠯᠠᠭᠤᠯᠤᠯᠲᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ᠂ ᠡᠯ᠎ᠡ ᠰᠤᠷᠭᠠᠭᠤᠯᠢ ᠶᠢᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ᠂ ᠰᠤᠷᠤᠭᠴᠢ ᠶᠢᠨ ᠨᠡᠶᠢᠲᠡ ᠶᠢᠨ ᠪᠠᠶᠢᠷᠢ᠂ ᠬᠤᠭᠤᠯᠠᠨ ᠭᠡᠷ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠣᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃   

1.jpg

      ᠳ᠋ᠦ᠋ ᠬᠤᠢ ᠯᠢᠶᠠᠩ ᠦᠵᠡᠯ ᠰᠠᠨᠠᠭ᠎ᠠ ᠪᠠᠨ ᠨᠢᠭᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂

ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯᠤᠨ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠦᠲᠦᠭᠡᠨ

ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂          

︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠳᠡᠭᠡᠳᠦ ᠰᠤᠷᠭᠠᠭᠤᠯᠢ ᠶᠢᠨ ᠲᠥᠯᠥᠪᠵᠢᠭᠦᠯᠭᠡ ᠳᠤ ᠳᠣᠭᠲᠠᠭᠠᠭᠰᠠᠨ

ᠬᠠᠷᠠᠯᠲᠠ ᠶᠢᠨ ᠲᠣᠭᠤᠷᠢᠨ ᠳᠤ᠂ ᠳᠡᠭᠡᠳᠦ ᠰᠤᠷᠭᠠᠭᠤᠯᠢ ᠶᠢᠨ ᠪᠠᠶᠢᠷᠢᠯᠠᠭᠤᠯᠤᠯᠲᠠ ᠶᠢᠨ ᠠᠵᠢᠯ ᠢ ᠲᠦᠷᠭᠡᠳᠬᠡᠨ

ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ

ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠢᠷ ᠢ ᠲᠤᠭᠤᠯᠤᠨ

ᠪᠡᠷᠬᠡ ᠶᠢ ᠳᠠᠪᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠤᠷᠭᠠᠭᠤᠯᠢ ᠪᠠ ᠣᠷᠣᠨ

ᠨᠤᠲᠤᠭ ᠬᠠᠮᠵᠢᠯᠴᠠᠨ ᠬᠠᠮᠲᠤᠷᠠᠬᠤ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠠᠩᠬᠠᠷᠤᠯ ᠲᠠᠯᠪᠢᠵᠤ ᠪᠠᠶᠢᠭ᠎ᠠ

ᠠᠰᠠᠭᠤᠳᠠᠯ ᠢ ᠢᠳᠡᠪᠬᠢᠲᠡᠢ ᠬᠠᠷᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠠᠵᠢᠯ ᠤᠨ

ᠰᠡᠳᠬᠢᠮᠵᠢ ᠪᠠ ᠠᠷᠭ᠎ᠠ ᠶᠢᠨ ᠰᠢᠨ᠎ᠡ ᠶᠢ ᠡᠭᠦᠳᠴᠦ᠂ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ

ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠮᠦᠨ ᠬᠥᠮᠦᠵᠢᠭᠦᠯᠬᠦ ᠰᠠᠶᠢᠨ ᠰᠠᠶᠢᠬᠠᠨ

ᠣᠷᠴᠢᠨ ᠢ ᠪᠣᠢ ᠪᠣᠯᠭᠠᠬᠤ ᠬᠡᠷᠡᠭᠲᠡᠢ᠃ ᠡᠬᠢ ᠪᠠᠶᠠᠯᠢᠭ ᠢ ᠲᠡᠮᠡᠴᠡᠨ ᠣᠯᠵᠤ᠂ ᠬᠥᠭᠵᠢᠯᠲᠡ ᠶᠢ ᠠᠬᠢᠭᠤᠯᠤᠨ᠂ ︽ᠬᠤᠶᠠᠷ

ᠴᠢᠬᠤᠯᠠ︾ ︽ᠬᠤᠶᠠᠷ ᠰᠢᠨ᠎ᠡ︾᠎ ᠶᠢᠨ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂

ᠰᠢᠨᠵᠢᠯᠡᠭᠡᠨ ᠎ ᠤ ᠰᠠᠯᠠᠭᠠᠨ ᠤ ᠲᠤᠰᠬᠠᠢ ᠮᠡᠷᠭᠡᠵᠢᠯ ᠤᠨ ᠬᠥᠭᠵᠢᠯᠲᠡ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ

ᠴᠢᠨᠠᠷᠯᠢᠭ ᠬᠥᠭᠵᠢᠭᠦᠯᠬᠦ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠤᠨ ᠲᠥᠷᠥᠯ ᠵᠦᠢᠯ ᠤᠨ ᠳᠡᠮᠵᠢᠯᠭᠡ ᠶᠢ

ᠢᠳᠡᠪᠬᠢᠲᠡᠢ ᠲᠡᠮᠡᠴᠡᠨ ᠣᠯᠵᠤ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠵᠠᠩᠭᠢᠯᠠᠭ᠎ᠠ ᠶᠢᠨ ᠭᠤᠣᠯᠯᠠᠬᠤ

ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠴᠢᠨᠠᠷ

ᠴᠢᠨᠰᠠᠭ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ

ᠪᠡᠶᠡᠯᠡᠭᠦᠯᠬᠦ ᠳᠤ ᠴᠢᠳᠠᠪᠤᠷᠢᠲᠠᠨ ᠪᠠ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

2.jpg

      ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ

ᠳᠡᠳ᠋ ᠳᠠᠷᠤᠭ᠎ᠠ ᠯᠢᠨ ᠯᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ

ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠣᠷᠣᠯᠴᠠᠵᠠᠢ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号