4 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2025 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ | ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠯᠦ ᠶᠠᠨ ᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠬᠦ ᠶᠢᠨ ᠬᠠᠮᠲᠤ ᠰᠠᠨᠠᠯ ᠪᠠ | ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃ | | | | | | | ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠣᠨᠣᠪᠴᠢᠲᠠᠢ ᠣᠶᠢᠯᠠᠭᠠᠨ ᠡᠵᠡᠮᠰᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠦᠨᠡᠨ ᠬᠦ ᠴᠢᠩᠭᠠᠳᠬᠠᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠣᠯᠤᠭᠰᠠᠨ ᠲᠡᠦᠬᠡᠲᠦ ᠴᠢᠨᠠᠷᠲᠠᠢ | ᠠᠮᠵᠢᠯᠲᠠ ᠪᠦᠲᠦᠮᠵᠢ ᠪᠣᠯᠤᠨ ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠢ ᠭᠦᠨᠵᠡᠭᠡᠢ | ᠡᠵᠡᠮᠳᠡᠨ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢ ᠪᠠᠷᠢᠮᠲᠠᠯᠠᠵᠤ᠂ ︽ᠭᠤᠷᠪᠠᠨ ᠦᠯᠦ ᠢᠯᠵᠢᠷᠠᠬᠤ︾ ᠴᠢᠭᠯᠡᠯᠲᠡ ᠪᠠ ᠠᠷᠭ᠎ᠠ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ ᠵᠣᠷᠢᠭ | ᠰᠠᠨᠠᠭᠠᠨ ᠤ ᠳᠠᠪᠲᠠᠯᠲᠠ ᠪᠠ ᠴᠢᠳᠠᠪᠤᠷᠢ ᠶᠢᠨ ᠳᠠᠪᠲᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠪᠠᠷᠢᠮᠲᠠᠯᠠᠵᠤ᠂ ᠤᠯᠤᠰ ᠲᠥᠷᠥ ᠶᠢᠨ ᠴᠢᠭᠯᠡᠯ ᠢ ᠪᠠᠲᠤᠳᠬᠠᠨ᠂ ᠤᠯᠤᠰ ᠲᠥᠷᠥ ᠶᠢᠨ ᠲᠣᠭᠲᠠᠯ ᠬᠦᠴᠦᠨ ᠢ ᠪᠠᠲᠤᠯᠠᠵᠤ᠂ | ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠵᠡᠷᠭᠡ ᠨᠠᠮ ᠢ ᠬᠠᠮᠢᠶᠠᠷᠴᠤ | ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ᠃ ᠤᠯᠤᠰ ᠲᠥᠷᠥ ᠶᠢᠨ ᠠᠮᠤᠷ ᠲᠦᠪᠰᠢᠨ ᠢ ᠲᠣᠪᠤᠶᠢᠮ᠎ᠠ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ | ᠵᠢᠯᠣᠭᠤᠳᠣᠯᠭ᠎ᠠ ᠶᠢᠨ ᠢᠵᠢᠯ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ | ᠵᠢᠭᠰᠠᠭᠠᠯ ᠤᠨ ᠭᠠᠵᠠᠷ ᠢ ᠰᠠᠶᠢᠲᠤᠷ ᠰᠠᠬᠢᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ᠂ | ᠪᠦᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ | ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ᠂ ᠰᠤᠷᠤᠯᠴᠠᠯᠭ᠎ᠠ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ | ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠨᠠᠮ ᠠᠴᠠ ᠺᠠᠳ᠋ᠷ ᠢ ᠬᠠᠮᠢᠶᠠᠷᠬᠤ ᠶᠢ ᠴᠢᠩᠭᠠᠳᠬᠠᠵᠤ᠂ ᠶᠡᠭᠡ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ | ᠬᠠᠷᠢᠭᠤᠴᠠᠯᠭ᠎ᠠ ᠶᠢᠨ ᠳᠦᠷᠢᠮ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠲᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠺᠠᠳ᠋ᠷ ᠢ ᠰᠣᠩᠭᠤᠨ ᠲᠣᠮᠢᠯᠠᠬᠤ ᠶᠠᠪᠤᠴᠠ᠂ ᠦᠷ᠎ᠡ ᠳ᠋ᠦᠩ ᠪᠣᠯᠤᠨ ᠬᠠᠷᠢᠭᠤᠴᠠᠯᠭ᠎ᠠ ᠶᠢ | ᠬᠢᠨᠠᠬᠤ ᠶᠢ ᠴᠢᠩᠭᠠᠳᠬᠠᠵᠤ᠂ ᠺᠠᠳ᠋ᠷ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠠᠪᠤᠴᠠ ᠳᠤ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ | ᠪᠤᠳᠤᠬᠤ ᠬᠦᠴᠦᠨ ᠵᠡᠷᠭᠡ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠠᠵᠤ ᠦᠢᠯᠡᠰ ᠬᠠᠨᠳᠤᠯᠭ᠎ᠠ ᠲᠠᠢ ᠪᠠᠷ | ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠩᠬᠠᠷᠤᠯ ᠢᠶᠠᠨ ᠬᠠᠨᠳᠤᠭᠤᠯᠵᠤ᠂ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ ᠪᠡᠶ᠎ᠡ ᠪᠠᠨ ᠳᠠᠭᠠᠭᠠᠵᠤ ᠴᠢᠳᠠᠪᠤᠷᠢᠲᠠᠨ ᠬᠥᠮᠦᠵᠢᠭᠦᠯᠬᠦ | ᠴᠢᠳᠠᠪᠤᠷᠢ ᠪᠠᠨ ᠴᠢᠩᠭᠠᠳᠬᠠᠵᠤ᠂ ᠴᠢᠳᠠᠪᠤᠷᠢᠲᠠᠨ ᠢ ︽ᠣᠷᠣᠭᠤᠯᠤᠨ ᠬᠥᠮᠥᠵᠢᠭᠦᠯᠵᠦ ᠦᠯᠡᠳᠡᠭᠡᠨ ᠬᠡᠷᠡᠭᠯᠡᠬᠦ︾ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠲᠣᠪᠤᠶᠢᠮ᠎ᠠ ᠰᠠᠶᠢᠲᠤᠷ ᠠᠳᠬᠤᠵᠤ᠂ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠪᠠᠶᠢᠩᠭᠤ | ᠠᠳᠬᠤᠨ ᠶᠡᠷᠦᠩᠬᠡᠶᠢᠯᠡᠨ ᠠᠳᠬᠤᠵᠤ᠂ ᠡᠷᠲᠡ ᠠᠴᠠ ᠠᠳᠬᠤᠨ ᠪᠠᠭ᠎ᠠ ᠳᠡᠭᠡᠷ᠎ᠡ ᠨᠢ ᠠᠳᠬᠤᠵᠤ᠂ ᠬᠡᠪ ᠰᠤᠷᠲᠠᠯ | ᠰᠢᠯᠢᠳᠡᠭ ᠪᠠᠭᠰᠢ ᠶᠢᠨ ᠡᠩᠨᠡᠭᠡ ᠶᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠣᠪᠤᠶᠢᠮ᠎ᠠ | ᠰᠠᠶᠢᠲᠤᠷ ᠠᠳᠬᠤᠵᠤ᠂ ᠬᠠᠷᠢᠭᠤᠴᠠᠯᠭ᠎ᠠ᠂ ᠳᠦᠷᠢᠮ᠂ ᠬᠢᠨᠠᠯᠲᠠ ᠲᠠᠯᠪᠢᠬᠤ᠂ ᠪᠠᠲᠤᠯᠠᠭ᠎ᠠ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ︽12345︾ ᠳᠤ ᠠᠰᠠᠭᠤᠳᠠᠯ ᠲᠤᠰᠬᠠᠬᠤ | ᠪᠠᠭᠠᠰᠬᠤ ᠶᠢ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠬᠡᠯᠪᠡᠷᠢᠴᠢ | ᠦᠵᠡᠯ ᠪᠣᠯᠤᠨ ᠨᠣᠶᠠᠨᠴᠢ ᠰᠤᠷᠲᠠᠯ ᠢ ᠴᠡᠭᠴᠡᠯᠡᠨ ᠵᠠᠰᠠᠬᠤ ᠶᠢᠨ ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠭᠠᠵᠤ᠂ | ᠪᠠᠭᠰᠢ ᠰᠤᠷᠤᠭᠴᠢᠳ ᠲᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠣᠳᠠᠲᠠᠢ ᠦᠷ᠎ᠡ ᠪᠦᠲᠦᠮᠵᠢ ᠶᠢ | ᠦᠨᠡᠨ ᠬᠦ ᠮᠡᠳᠡᠷᠡᠭᠦᠯᠬᠦ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ | ᠵᠢᠷᠤᠮᠵᠢᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ | ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ | ᠬᠥᠩᠭᠡᠷᠡᠭᠦᠯᠬᠦ︾ ᠦᠷ᠎ᠡ ᠪᠦᠲᠦᠭᠡᠯ ᠢ ᠤᠯᠠᠮ ᠴᠠᠭᠠᠰᠢᠲᠠ ᠪᠠᠬᠢᠵᠢᠭᠦᠯᠦᠨ᠂ ᠰᠠᠭᠤᠷᠢ ᠰᠤᠷᠭᠠᠨ ᠬᠥᠮᠦᠵᠢᠯ ᠤᠨ | ᠵᠢᠷᠤᠮᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠲᠥᠷᠥᠯ ᠬᠤᠪᠢᠶᠠᠨ ᠬᠠᠷᠢᠭᠤᠴᠠᠯᠭ᠎ᠠ ᠶᠢᠨ | ᠳᠣᠭᠲᠠᠯᠴᠠᠭ᠎ᠠ ᠪᠣᠯᠤᠨ ᠬᠠᠷᠢᠭᠤᠴᠠᠯᠭ᠎ᠠ ᠶᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ ᠶᠣᠰᠣᠭᠠᠷ ᠰᠤᠷᠭᠠᠨ ᠬᠥᠮᠦᠵᠢᠯ ᠢ ᠵᠠᠰᠠᠬᠤ ᠶᠢ | ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | | | | | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠤᠳᠤᠷᠢᠳᠬᠤ ᠪᠠᠭ ᠤᠨ ᠭᠡᠰᠢᠭᠦᠨ᠂ ᠨᠢᠭᠡᠳᠦᠭᠡᠷ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠤᠨ | ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ | ᠲᠠᠮᠢᠷ︶ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠡᠯ᠎ᠡ ᠳᠡᠭᠡᠳᠦ ᠰᠤᠷᠭᠠᠭᠤᠯᠢ ᠶᠢᠨ ᠨᠠᠮ ᠤᠨ | ᠬᠤᠷᠢᠶᠠᠨ ᠤ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠤᠷᠠᠯ ᠳᠤ | ᠣᠷᠣᠯᠴᠠᠵᠠᠢ᠃ | | | |