ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ | ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ ᠪᠠᠶᠢᠨ᠎ᠠ᠃ ᠨᠢᠭᠡ ᠳᠤ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠪᠠ᠃ ᠨᠢᠭᠡᠳᠦᠭᠡᠷ ᠤᠯᠠᠷᠢᠯ ᠳᠤ᠂ 73 ᠠᠵᠤ ᠠᠬᠤᠶᠢᠯᠠᠯ ᠤᠨ | ᠠᠵᠢᠯ ᠤᠨ ᠪᠠᠶᠢᠷᠢ ᠲᠣᠭᠲᠠᠪᠤᠷᠢᠵᠢᠭᠤᠯᠤᠭᠰᠠᠨ ᠳᠤ ᠪᠤᠴᠠᠭᠠᠨ ᠥᠭᠬᠦ ᠨᠥᠬᠦᠪᠥᠷᠢ ᠶᠢ 470.12 ᠲᠦᠮᠡᠨ | ᠲᠦᠭᠦᠷᠢᠭ ᠣᠯᠭᠤᠵᠣ᠂ 7493 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ︔ ᠮᠡᠷᠭᠡᠵᠢᠯ ᠴᠢᠳᠠᠪᠤᠷᠢ ᠶᠢ ᠨᠢ | ᠳᠡᠭᠡᠭᠰᠢᠯᠡᠭᠦᠯᠬᠦ ᠨᠡᠮᠡᠭᠦᠷᠢ ᠶᠢ 115.87 ᠲᠦᠮᠡᠨ ᠲᠥᠭᠦᠷᠢᠭ ᠣᠯᠭᠤᠵᠤ᠂ 934 ᠬᠥᠮᠦᠨ ᠳᠤ ᠠᠰᠢᠭ | ᠬᠦᠷᠲᠡᠭᠡᠪᠡ︔ ᠠᠵᠢᠯ ᠠᠯᠳᠠᠭᠰᠠᠳ ᠤᠨ ᠳᠠᠭᠠᠳᠬᠠᠯ ᠤᠨ ᠮᠥᠩᠬᠦ ᠶᠢ 1725.26 ᠲᠦᠮᠡᠨ ᠲᠦᠭᠦᠷᠢᠭ | ᠣᠯᠭᠤᠪᠠ᠃ ᠬᠤᠶᠠᠷ ᠲᠤ᠂ ᠣᠨᠣᠴᠠᠲᠠᠶ ᠪᠣᠯᠪᠠᠰᠤᠷᠠᠯ ᠢ ᠥᠷᠨᠢᠭᠦᠯᠪᠡ᠃ ︽ᠠᠵᠢᠯ ᠤᠨ ᠪᠠᠶᠢᠷᠢ ᠶᠢᠨ | ᠱᠠᠭᠠᠷᠳᠠᠯᠭ᠎ᠠ + ᠮᠡᠷᠭᠡᠵᠢᠯ ᠴᠢᠳᠠᠪᠤᠷᠢ ᠶᠢᠨ ᠪᠣᠯᠪᠠᠰᠤᠷᠠᠯ + ᠮᠡᠷᠭᠡᠵᠢᠯ ᠴᠢᠳᠠᠪᠤᠷᠢ ᠶᠢᠨ ᠦᠨᠡᠯᠡᠯᠲᠡ + ᠠᠵᠢᠯ | ᠣᠯᠭᠤᠯᠲᠠ ᠶᠢᠨ ᠦᠢᠯᠡᠴᠢᠯᠡᠭᠡ︾ ᠶᠢ ᠨᠢᠭᠡ ᠴᠣᠭᠴᠠᠵᠢᠭᠤᠯᠤᠭᠰᠠᠨ ᠪᠣᠯᠪᠠᠰᠤᠷᠠᠯ ᠤᠨ ᠬᠡᠪ ᠵᠠᠭᠪᠤᠷ ᠢ ᠬᠡᠷᠡᠭᠵᠢᠭᠦᠯᠵᠦ᠂ | ᠪᠣᠯᠪᠠᠰᠤᠷᠠᠯ ᠬᠦᠷᠲᠡᠭᠰᠡᠳ ᠤᠨ ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ ᠳᠤ | ᠭᠤᠣᠯᠳᠠᠯᠭ᠎ᠠ ᠪᠣᠯᠬᠤ 109 ᠠᠵᠤ ᠠᠬᠤᠶᠢᠯᠠᠯ ᠯᠤᠭ᠎ᠠ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠠᠵᠢᠯᠴᠢᠨ | ᠬᠡᠷᠡᠭᠯᠡᠬᠦ ᠬᠡᠷᠡᠭᠴᠡᠭᠡ 4317 ᠪᠠᠶᠢᠬᠤ ᠶᠢ ᠡᠵᠡᠮᠰᠢᠵᠦ᠂ 1982 ᠬᠦᠮᠦᠨ ᠳᠤ ᠠᠵᠢᠯ ᠣᠯᠬᠤ ᠤᠷ᠎ᠠ | ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠮᠡᠷᠭᠡᠵᠢᠯ ᠤᠨ ᠴᠢᠳᠠᠪᠤᠷᠢᠲᠠᠨ ᠢ 4062 ᠰᠢᠨ᠎ᠡ ᠪᠠᠷ ᠨᠡᠮᠡᠭᠳᠡᠭᠦᠯᠵᠦ᠂ | ᠠᠵᠢᠯ ᠤᠯᠬᠤ ᠰᠠᠨᠠᠮᠵᠢ ᠲᠣᠭᠲᠠᠭᠰᠠᠨ ᠬᠦᠮᠦᠨ 2568 ᠬᠥᠮᠦᠨ ᠤᠳᠠᠭ᠎ᠠ ᠳᠤ ᠬᠦᠷᠪᠡ᠃ ᠭᠤᠷᠪᠠ ᠳᠤ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠢᠷᠤᠮᠵᠢᠭᠰᠠᠨ ᠪᠥᠭᠡᠳ ᠨᠢᠭᠡᠳᠦᠯᠲᠡᠶ ᠦᠢᠯᠡᠴᠢᠯᠡᠭᠡᠨ ᠤ | ᠪᠠᠷᠢᠮᠵᠢᠶ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠪᠡ᠃ ᠨᠢᠭᠡᠳᠦᠭᠡᠷ ᠤᠯᠠᠷᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ | ᠡᠯᠰᠡᠬᠦ ᠠᠵᠢᠯᠯᠠᠭ᠎ᠠ ᠶᠢ 189 ᠲᠠᠯᠠᠪᠤᠷ ᠥᠷᠨᠢᠭᠦᠯᠵᠦ᠂ ᠠᠵᠢᠯ ᠤᠨ ᠪᠠᠶᠢᠷᠢ ᠶᠢ 5 ᠲᠦᠮᠡ ᠭᠠᠷᠤᠶ ᠬᠠᠩᠭᠠᠵᠤ᠂ | ᠠᠵᠢᠯ ᠣᠯᠬᠤ ᠰᠠᠨᠠᠮᠵᠢ ᠳᠣᠬᠢᠷᠠᠯᠴᠠᠭᠰᠠᠨ ᠬᠦᠮᠦᠨ ᠤ ᠲᠤᠭ᠎ᠠ ᠠᠩᠬ᠎ᠠ ᠠᠯᠬᠤᠮ 7000 ᠭᠠᠷᠤᠶ ᠬᠥᠮᠦᠨ | ᠤᠳᠠᠭ᠎ᠠ ᠳᠤ ᠬᠦᠷᠪᠡ︔ ᠪᠥᠬᠦ ᠬᠤᠲᠠ ᠳᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠢ 21 ᠪᠠᠶᠢᠭᠤᠯᠵᠤ᠂ | ᠦᠢᠯᠡᠰ ᠪᠣᠰᠬᠠᠬᠤ ᠬᠦᠮᠦᠷᠭᠡ ᠳᠤ ᠣᠷᠤᠭᠤᠯᠤᠭᠰᠠᠨ ᠲᠦᠷᠦᠯ ᠵᠦᠢᠯ 1000 ᠣᠷᠴᠢᠮ ᠪᠠᠶᠢᠵᠤ᠂ ᠦᠢᠯᠡᠰ | ᠪᠣᠰᠬᠠᠬᠤ ᠵᠢᠭᠡᠯᠡᠯᠭᠡ ᠶᠢ 1611.5 ᠲᠦᠮᠡᠨ ᠲᠦᠭᠦᠷᠢᠭ ᠲᠠᠯᠪᠢᠵᠤ᠂ 300 ᠭᠠᠷᠤᠶ ᠬᠥᠮᠦᠨ ᠤ ᠠᠵᠢᠯ ᠣᠯᠬᠤ ᠶᠢ | ᠳᠠᠶᠢᠴᠢᠯᠠᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |