ᠰᠤᠷᠭᠠᠨ ᠬᠥᠮᠦᠵᠢᠯ ᠤᠨ ᠶᠠᠮᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠵᠤᠷᠭᠠᠨ ᠤ ︽ᠬᠤᠶᠠᠳᠤᠭᠠᠷ | ᠪᠦᠯᠦᠭ ᠤᠨ ᠰᠤᠷᠭᠠᠨ ᠬᠥᠮᠦᠵᠢᠯ ᠤᠨ ᠶᠠᠮᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠬᠦ ᠲᠤᠬᠠᠢ ᠮᠡᠳᠡᠭᠳᠡᠯ︾ ︵ᠰᠤᠷᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠵᠤᠷᠭᠠᠨ ᠪᠢᠴᠢᠭ ﹇2025﹈ 2 ᠳ᠋ᠤᠭᠠᠷ ᠲᠣᠭᠠᠲᠤ︶ ᠵᠢᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠬᠤᠶᠠᠳᠤᠭᠠᠷ ᠪᠦᠯᠦᠭ ᠤᠨ | ᠰᠤᠷᠭᠠᠨ ᠬᠥᠮᠦᠵᠢᠯ ᠤᠨ ᠶᠠᠮᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ | ᠲᠠᠰᠤᠭ ᠢ ᠲᠠᠨᠢᠯᠴᠠᠭᠤᠯᠵᠤ ᠬᠢᠨᠠᠨ ᠳᠣᠭᠲᠠᠭᠠᠯᠭᠠᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠬᠤ ᠪᠠᠷ ᠳᠠᠮᠵᠢᠨ᠂ ᠡᠳᠦᠭᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠰᠤᠷᠭᠠᠨ ᠬᠥᠮᠦᠵᠢᠯ ᠤᠨ ᠶᠠᠮᠤᠨ ᠤ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ | ᠨᠡᠶᠢᠲᠡᠯᠡᠪᠡ᠃ | ᠢᠯᠡ ᠨᠡᠶᠢᠲᠡᠯᠡᠬᠦ ᠬᠤᠭᠤᠴᠠᠭ᠎ᠠ 4 ᠰᠠᠷ᠎ᠠ ᠶᠢᠨ 11 - 4 ᠰᠠᠷ᠎ᠠ ᠶᠢᠨ 18 ᠤ ᠡᠳᠦᠷ᠃ ᠢᠯᠡ ᠨᠡᠶᠢᠲᠡᠯᠡᠬᠦ | ᠬᠤᠭᠤᠴᠠᠭᠠᠨ ᠳᠤ᠂ ᠢᠯᠡ ᠨᠡᠶᠢᠲᠡᠯᠡᠭᠰᠡᠨ ᠠᠭᠤᠯᠭ᠎ᠠ ᠳᠤ ᠰᠠᠨᠠᠯ ᠲᠠᠢ ᠪᠣᠯ᠂ ᠤᠲᠠᠰᠤ᠂ ᠵᠠᠬᠢᠳᠠᠯ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠲᠤ ᠲᠤᠰᠬᠠᠵᠤ ᠪᠣᠯᠤᠨ᠎ᠠ᠃ ᠪᠠᠶᠢᠳᠠᠯ ᠢ | ᠲᠤᠰᠬᠠᠬᠤ ᠳᠤ ᠡᠷᠬᠡᠪᠰᠢ ᠪᠤᠰᠤᠳᠴᠢ ᠪᠥᠭᠡᠳ ᠦᠨᠡᠨ ᠪᠣᠳᠠᠲᠠᠢ ᠶᠢ ᠪᠠᠷᠢᠮᠲᠠᠯᠠᠵᠤ᠂ ᠨᠢᠭᠡᠴᠢ ᠶᠢᠨ ᠨᠡᠷ᠎ᠡ ᠪᠠᠷ | ᠪᠠᠶᠢᠳᠠᠯ ᠢ ᠲᠤᠰᠬᠠᠬᠤ ᠮᠠᠲ᠋ᠧᠷᠢᠶᠠᠯ ᠳᠤ ᠨᠢᠭᠡᠴᠢ ᠶᠢᠨ ᠲᠠᠮᠠᠭ᠎ᠠ ᠳᠠᠷᠤᠵᠤ᠂ ᠬᠤᠪᠢ ᠬᠥᠮᠦᠨ ᠤ ᠨᠡᠷ᠎ᠡ ᠪᠠᠷ ᠪᠠᠶᠢᠳᠠᠯ ᠢ | ᠲᠤᠰᠬᠠᠬᠤ ᠮᠠᠲ᠋ᠧᠷᠢᠶᠠᠯ ᠳᠤ ᠦᠨᠡᠨ ᠨᠡᠷ᠎ᠡ ᠶᠢ ᠪᠢᠴᠢᠬᠦ ᠶᠢᠨ ᠬᠠᠮᠲᠤ ᠦᠨᠡᠨ ᠪᠣᠳᠠᠲᠠᠢ ᠬᠠᠷᠢᠯᠴᠠᠬᠤ ᠠᠷᠭ᠎ᠠ ᠮᠠᠶ᠋ᠢᠭ ᠢ | ᠬᠠᠩᠭᠠᠵᠤ᠂ ᠪᠠᠶᠢᠳᠠᠯ ᠢ ᠪᠠᠶᠢᠴᠠᠭᠠᠵᠤ ᠬᠢᠨᠠᠨ ᠬᠠᠷᠭᠤᠭᠤᠯᠬᠤ ᠪᠠ ᠬᠠᠷᠢᠭᠤ ᠲᠤᠰᠬᠠᠬᠤ ᠳᠤ ᠳᠥᠭᠦᠮ ᠦᠵᠡᠭᠦᠯᠬᠦ | ᠬᠡᠷᠡᠭᠲᠡᠢ᠃ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠠᠷᠢᠯᠴᠠᠬᠤ ᠤᠲᠠᠰᠤ᠄ 0471 - | 2856026 | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ᠄ 0471 - 2856612 | ᠢᠮᠧᠯ᠄ jytkjcwy@163.com | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2025 ᠣᠨ ᠤ 4 ᠰᠠᠷ᠎ᠠ ᠶᠢᠨ 11 ᠤ ᠡᠳᠦᠷ | | | | | | | | |