4 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠬᠠᠮᠲᠤᠷᠠᠨ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠳᠠᠭᠠᠭᠠᠴᠢᠯᠠᠨ | ᠡᠷᠬᠢᠯᠡᠭᠰᠡᠨ ︽ᠬᠠᠮᠲᠤ ᠳᠤ ᠪᠠᠨ ᠨᠣᠭᠤᠭᠠᠷᠠᠭᠤᠯᠵᠤ ᠬᠠᠮᠲᠤ ᠳᠤ ᠪᠠᠨ ᠪᠣᠯᠪᠠᠰᠤᠨ ᠢ ᠴᠣᠭᠴᠠᠯᠠᠶ᠎ᠠ︾ — ᠳᠤᠮᠳᠠᠳᠤ | ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠤᠨ ᠮᠣᠳᠣ ᠲᠠᠷᠢᠬᠤ ᠠᠵᠢᠯᠯᠠᠭ᠎ᠠ ᠶᠢ ᠣᠷᠳᠣᠰ ᠬᠤᠲᠠ ᠶᠢᠨ | ᠡᠩᠬᠡᠪᠡᠢ ᠠᠮᠢ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠶᠠᠪᠤᠭᠳᠠᠭᠤᠯᠪᠠ᠃ | | | | | ᠳᠤᠮᠳᠠᠳᠤ ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠡᠩᠬᠡᠪᠡᠢ ᠠᠮᠢ | ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠮᠣᠳᠣ ᠲᠠᠷᠢᠵᠤ ᠪᠠᠶᠢᠭ᠎ᠠ ᠨᠢ | | | ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠮᠣᠩᠭᠤᠯ᠂ ᠣᠷᠣᠰ᠂ ᠫᠠᠺᠢᠰᠲ᠋ᠠᠨ ᠵᠡᠷᠭᠡ 7 ᠤᠯᠤᠰ ᠤᠨ ᠳᠤᠮᠳᠠᠳᠤ ᠤᠯᠤᠰ ᠲᠤ ᠰᠤᠷᠤᠯᠴᠠᠵᠤ ᠪᠠᠶᠢᠭ᠎ᠠ | 70 ᠭᠠᠷᠤᠢ ᠰᠤᠷᠤᠭᠴᠢ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ | ᠳᠤᠮᠳᠠᠳᠤ ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠡᠯᠡᠰᠦᠨ ᠴᠥᠯ ᠤᠨ ᠰᠢᠨᠵᠢᠯᠡᠬᠦ ᠤᠬᠠᠭᠠᠨ ᠤ ᠣᠷᠳᠣᠨ | ︵ᠮᠦᠽᠧᠢ︶᠂ ᠡᠯᠡᠰᠦᠨ ᠴᠥᠯ ᠤᠨ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠵᠡᠭᠦᠯᠭᠡ ᠶᠢᠨ ᠲᠥᠪ ᠢ ᠲᠣᠭᠤᠷᠢᠨ ᠦᠵᠡᠵᠦ᠂ ᠭᠠᠩ ᠬᠠᠭᠤᠷᠠᠢ ᠭᠠᠵᠠᠷ ᠣᠷᠣᠨ ᠤ ᠴᠦᠯᠯᠡᠷᠭᠡᠭᠵᠢᠯ ᠢ ᠵᠠᠰᠠᠬᠤ | ᠰᠢᠨᠵᠢᠯᠡᠬᠦ ᠤᠬᠠᠭᠠᠨ ᠤ ᠮᠡᠳᠡᠯᠭᠡ ᠪᠣᠯᠤᠨ ᠡᠩᠭᠡᠪᠡᠢ ᠶᠢᠨ ᠠᠮᠢ ᠠᠬᠤᠢ ᠶᠢᠨ ᠵᠠᠰᠠᠯᠲᠠ ᠶᠢᠨ ᠠᠮᠵᠢᠯᠲᠠ ᠣᠯᠤᠭᠰᠠᠨ | ᠬᠡᠷᠡᠭ ᠤᠨ ᠵᠢᠱᠢᠶ᠎ᠡ ᠶᠢ ᠣᠶᠢᠯᠠᠭᠠᠪᠠ᠃ ᠡᠭᠦᠨ ᠤ ᠬᠠᠮᠲᠤ᠂ ᠮᠣᠳᠣ ᠲᠠᠷᠢᠬᠤ ᠠᠵᠢᠯᠯᠠᠭ᠎ᠠ ᠪᠠᠷ ᠳᠠᠮᠵᠢᠭᠤᠯᠤᠨ | ᠳᠤᠮᠳᠠᠳᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ᠂ ᠬᠥᠮᠦᠨ | ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠵᠡᠷᠭᠡ ᠴᠢᠬᠤᠯᠠ ᠣᠶᠢᠯᠠᠭᠠᠭᠳᠠᠬᠤᠨ ᠢ ᠪᠡᠶᠡᠴᠢᠯᠡᠨ ᠣᠶᠢᠯᠠᠭᠠᠪᠠ᠃ | | | | | ᠳᠤᠮᠳᠠᠳᠤ ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠡᠩᠬᠡᠪᠡᠢ ᠡᠯᠡᠰᠦᠨ | ᠴᠥᠯ ᠤᠨ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠵᠡᠭᠦᠯᠭᠡ ᠶᠢᠨ ᠲᠥᠪ ᠢ ᠲᠣᠭᠤᠷᠢᠨ ᠦᠵᠡᠪᠡ | | | | | ᠳᠤᠮᠳᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠡᠩᠬᠡᠪᠡᠢ ᠡᠯᠡᠰᠦᠨ | ᠴᠥᠯ ᠤᠨ ᠰᠢᠨᠵᠢᠯᠡᠬᠦ ᠤᠬᠠᠭᠠᠨ ᠤ ᠣᠷᠳᠣᠨ ᠢ ᠲᠣᠭᠤᠷᠢᠨ ᠦᠵᠡᠪᠡ | | | ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ | ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠤᠨ ᠦᠢᠯᠡᠳᠦᠯᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠲᠤ ᠰᠤᠷᠤᠯᠴᠠᠵᠤ ᠪᠠᠶᠢᠭ᠎ᠠ ᠰᠤᠷᠤᠭᠴᠢᠳ ᠢ ᠬᠠᠪᠰᠤᠷᠤᠨ ᠦᠨᠡᠨ | ᠪᠣᠳᠠᠲᠠᠢ᠂ ᠪᠣᠰᠤᠭ᠎ᠠ ᠴᠣᠭᠴᠠᠲᠤ᠂ ᠪᠦᠬᠦ ᠲᠠᠯ᠎ᠠ ᠶᠢᠨ ᠳᠤᠮᠳᠠᠳᠤ ᠤᠯᠤᠰ ᠢ ᠣᠶᠢᠯᠠᠭᠠᠭᠤᠯᠤᠨ᠎ᠠ᠃ | | |