ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠣᠯᠤᠨ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠠᠶᠢᠴᠠᠭᠠᠨ ᠰᠣᠳᠤᠯᠵᠤ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 9᠎ ᠤ ᠡᠳᠦᠷ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠣᠯᠤᠨ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠠᠶᠢᠴᠠᠭᠠᠨ ᠰᠣᠳᠤᠯᠵᠤ ᠶᠠᠷᠢᠯᠴᠠᠬᠤ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠪᠠ᠂ ᠬᠤᠷᠠᠯ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ᠶᠢ ᠲᠤᠭᠤᠰᠢᠯᠠᠭᠤᠯᠬᠤ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠶᠢ ᠲᠦᠷᠭᠡᠳᠬᠡᠬᠦ ︽ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠣᠷᠣᠨ ᠤ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠣᠯᠤᠨ ᠬᠥᠳᠡᠯᠮᠦᠷᠢ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠰᠣᠯᠢᠯᠴᠠᠨ ᠳ᠋ᠦᠩᠨᠡᠵᠦ᠂ 2025 ᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠣᠯᠤᠨ ᠬᠥᠳᠡᠯᠮᠦᠷᠢ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   

1.jpg

      ᠬᠤᠷᠠᠯ ᠠᠴᠠ᠂ 2025 ᠣᠨ ᠪᠣᠯ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ

ᠰᠠᠨᠠᠭ᠎ᠠ ᠶᠢ ᠲᠤᠭᠤᠰᠢᠯᠠᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ

ᠲᠥᠯᠥᠪᠵᠢᠭᠦᠯᠭᠡ ᠶᠢᠨ ᠬᠥᠲᠥᠯᠪᠦᠷᠢ ᠪᠠ ᠰᠤᠷᠭᠠᠨ ᠬᠥᠮᠦᠵᠢᠯ ᠎ ᠤᠨ ᠬᠦᠴᠦᠷᠬᠡᠭ ᠣᠷᠣᠨ ᠢ ᠲᠦᠷᠭᠡᠳᠭᠡᠨ

ᠪᠠᠶᠢᠭᠤᠯᠬᠤ ︽ᠰᠠᠨᠠᠯ︾᠎ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠭᠤᠷᠪᠠᠨ ᠵᠢᠯ ᠤᠨ

ᠠᠵᠢᠯᠯᠠᠭᠠᠨ ᠤ ᠲᠥᠯᠥᠪᠯᠡᠭᠡ︾᠎ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠂ ᠬᠠᠷᠠᠯᠲᠠ ᠪᠠᠨ ᠪᠠᠲᠤ ᠡᠵᠡᠮᠳᠡᠵᠦ᠂

ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠦᠬᠦ

ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠰᠤᠷᠤᠭᠴᠢᠳ ᠤᠨ ᠪᠡᠶ᠎ᠡ ᠮᠠᠬᠠᠪᠣᠳ ᠢ

ᠪᠣᠯᠪᠠᠰᠤᠷᠠᠭᠤᠯᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠂ ᠬᠤᠶᠠᠷ ᠲᠤ᠂ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡ ᠶᠢ ᠲᠦᠭᠡᠮᠡᠯᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ᠂ ᠭᠤᠷᠪᠠ ᠳᠤ᠂

ᠡᠷᠡᠭᠦᠯ ᠮᠡᠨᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠂ ᠳᠥᠷᠪᠡ ᠳᠤ᠂ ᠰᠤᠷᠭᠠᠭᠤᠯᠢ ᠳᠤ

ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠂ ᠲᠠᠪᠤ ᠳᠤ᠂ ᠬᠥᠳᠡᠯᠮᠦᠷᠢ ᠶᠢᠨ

ᠳᠠᠳᠬᠠᠯ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠂ ᠵᠢᠷᠭᠤᠭ᠎ᠠ ᠳᠤ᠂ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ ᠤᠨ ᠬᠥᠮᠦᠨ ᠬᠥᠮᠦᠵᠢᠭᠦᠯᠬᠦ ᠬᠥᠳᠡᠯᠭᠡᠬᠦ ᠬᠦᠴᠦᠨ ᠢ ᠬᠠᠮᠵᠢᠯᠴᠠᠨ ᠬᠥᠭᠵᠢᠭᠡᠨ᠎ᠡ᠃ ᠡᠯ᠎ᠡ

ᠭᠠᠵᠠᠷ ᠤᠨ ᠬᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠡᠶ᠎ᠡ ᠶᠢᠨ ᠲᠠᠮᠢᠷ ᠡᠷᠡᠭᠦᠯ

ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠥᠭᠵᠢᠯᠲᠡ

᠎ ᠶᠢᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠪᠦᠬᠦ ᠣᠷᠣᠨ ᠤ

ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ

ᠴᠢᠬᠤᠯᠠᠴᠢᠯᠠᠪᠠ᠃

 

2.jpg

      ᠬᠤᠷᠠᠯ ᠠᠴᠠ 2024 ᠣᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠭᠰᠡᠨ᠂ ᠤᠯᠤᠰ ᠤᠨ

ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ᠂ ᠰᠤᠷᠭᠠᠭᠤᠯᠢ

᠎ ᠶᠢᠨ ᠬᠦᠷᠢᠶᠡᠨ ᠤ ᠬᠥᠯ ᠪᠥᠮᠪᠦᠭᠡ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ

ᠲᠦᠪᠰᠢᠨ ᠤ ᠰᠢᠯᠭᠠᠯᠲᠠ ᠶᠢᠨ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠦᠨᠡᠯᠡᠯᠲᠡ ᠵᠢᠴᠢ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ

ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ ᠲᠣᠳᠤᠷᠬᠠᠶᠢᠯᠠᠪᠠ᠃ ᠡᠨᠡ ᠬᠤᠭᠤᠴᠠᠭᠠᠨ

᠎ ᠳᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ

ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠵᠡᠷᠭᠡ ᠶᠢ ᠬᠠᠷᠢᠭᠤ ᠮᠡᠳᠡᠭᠦᠯᠵᠦ

ᠰᠣᠯᠢᠯᠴᠠᠬᠤ ᠶᠢᠨ ᠬᠠᠮᠲᠤ ᠪᠤᠭᠤᠲᠤ ᠬᠤᠲᠠ ᠶᠢᠨ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂

ᠤᠷᠠᠯᠢᠭ᠂ ᠬᠥᠳᠡᠯᠮᠦᠷᠢ᠂ ᠰᠡᠳᠬᠢᠴᠡ ᠶᠢᠨ ᠡᠷᠡᠭᠦᠯ ᠮᠡᠨᠳᠦ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ

ᠵᠡᠷᠭᠡ ᠠᠵᠢᠯᠯᠠᠭ᠎ᠠ ᠶᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠪᠡ᠃

3.jpg

4.jpg

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶᠎ ᠤᠨ

ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ

ᠬᠥᠳᠡᠯᠮᠦᠷᠢ ᠶᠢᠨ ᠰᠠᠯᠠᠭᠠᠨ ᠤ ᠬᠠᠷᠢᠭᠤᠴᠠᠯᠭᠠᠲᠠᠨ ᠡᠨᠡ ᠤᠳᠠᠭᠠᠨ ᠤ ᠬᠤᠷᠠᠯ ᠳᠤ ᠣᠷᠣᠯᠴᠠᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号