ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠦᠬᠦ      ᠤᠯᠤᠰ ᠪᠠ ᠪᠦᠬᠦ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ      ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂           ᠪᠦᠬᠦ ᠤᠯᠤᠰ ᠪᠣᠯᠤᠨ ᠪᠦᠬᠦ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ ᠤᠨ ᠡᠯ᠎ᠡ ᠬᠦᠷᠢᠶ᠎ᠡ ᠴᠠᠷᠠᠭ᠎ᠠ ᠪᠣᠯᠤᠨ ᠬᠦᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠶᠡᠭᠡ ᠪᠠᠷ ᠥᠷᠭᠡᠳᠬᠡᠨ ᠬᠥᠭᠵᠢᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠤᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠪᠣᠯᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢᠨ ᠲᠣᠭᠤᠷᠢᠨ ᠳᠤ ᠮᠣᠩᠭᠤᠯ᠂ ᠣᠷᠣᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠠᠽᠢᠶ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠠᠹᠷᠢᠺᠠ ᠲᠢᠪ ᠵᠡᠷᠭᠡ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠶᠢ ᠤᠬᠠᠮᠰᠠᠷ ᠠᠴᠠ ᠪᠠᠨ ᠴᠢᠩᠭᠠᠳᠬᠠᠵᠤ᠂ ᠣᠳᠣᠬᠠᠨ ᠤ ᠠᠵᠢᠯ ᠲᠠᠢ ᠨᠢᠭᠲᠠ ᠤᠶᠠᠯᠳᠤᠭᠤᠯᠤᠨ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠤᠰᠤᠳ ᠢ ᠱᠠᠭᠠᠷᠳᠠᠬᠤ ᠶᠢ ᠥᠪᠡᠷ ᠢ ᠪᠠᠨ ᠱᠠᠭᠠᠷᠳᠠᠬᠤ ᠪᠣᠯᠭᠠᠨ ᠬᠤᠪᠢᠷᠠᠭᠤᠯᠵᠤ᠂ ᠡᠳᠦᠷᠵᠢᠨ ᠬᠡᠷᠡᠭᠯᠡᠵᠦ ᠪᠠᠶᠢᠪᠠᠴᠤ ᠥᠯᠦ ᠠᠩᠵᠠᠭᠠᠷᠠᠬᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠰᠢᠩᠭᠡᠭᠡᠵᠦ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠦᠴᠦᠲᠡᠢ ᠠᠬᠢᠭᠤᠯᠤᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠬᠢᠨᠠᠯᠲᠠ ᠲᠠᠯᠪᠢᠵᠤ᠂ ᠪᠠᠶᠢᠳᠠᠯ ᠢ ᠦᠨᠡᠨ ᠮᠥᠨ ᠢᠶᠠᠷ ᠲᠤᠰᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠲᠣᠭᠤᠷᠢᠨ  ᠪᠠᠶᠢᠴᠠᠭᠠᠬᠤ ᠡᠯ᠎ᠡ ᠵᠦᠢᠯ ᠤᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ  ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠ ᠡᠭᠦᠷᠭᠡ ᠳᠤ ᠠᠩᠬᠠᠷᠤᠯ ᠢᠶᠠᠨ ᠬᠠᠨᠳᠤᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠪᠠ ᠬᠢᠴᠢᠶᠡᠯ ᠤᠨ ᠲᠠᠩᠬᠢᠮ ᠳᠤ ᠣᠷᠣᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠣᠯᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠢᠴᠢᠶᠡᠯ ᠤᠨ ᠲᠠᠩᠬᠢᠮ᠂ ᠶᠠᠷᠢᠶᠠᠨ ᠤ ᠲᠠᠪᠴᠠᠩ᠂ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠳᠦᠯᠭᠡ ᠵᠡᠷᠭᠡ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠠᠬᠢᠭᠤᠯᠤᠭᠰᠠᠨ ᠪᠠᠶᠢᠳᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠭᠰᠠᠨ ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠪᠣᠳᠠᠲᠠᠢ ᠠᠵᠢᠯ ᠢ ᠪᠠᠶᠢᠷᠢᠯᠠᠭᠤᠯᠵᠤ ᠲᠣᠬᠢᠷᠠᠭᠤᠯᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号