ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠣᠭᠤᠷᠢᠨ ᠳᠤ ᠰᠤᠷᠤᠯᠴᠠᠨ ᠰᠣᠯᠢᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2025/4/17
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ︽ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ  ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠰᠤᠷᠤᠯᠴᠠᠨ ᠰᠣᠯᠢᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ  ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠡᠨᠡ ᠤᠳᠠᠭᠠᠨ ᠤ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠤᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠠᠵᠢᠯ ᠤᠨ ᠰᠡᠳᠬᠢᠮᠵᠢ ᠶᠢ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ᠃      ᠬᠤᠷᠠᠯ ᠠᠴᠠ᠂ ᠰᠤᠷᠤᠯᠴᠠᠨ ᠤᠬᠠᠪᠤᠷᠢᠯᠠᠬᠤ ᠶᠢ ᠨᠡᠩ ᠤᠬᠠᠮᠰᠠᠷ ᠠᠴᠠ ᠪᠠᠨ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠪᠲᠡᠷᠡᠭᠦᠯᠵᠦ᠂ ᠨᠢᠭᠡ ᠴᠣᠭᠴᠠᠵᠢᠭᠤᠯᠤᠨ ᠰᠤᠷᠤᠯᠴᠠᠨ ᠣᠶᠢᠯᠠᠭᠠᠵᠤ᠂ ᠨᠢᠭᠡ ᠴᠣᠭᠴᠠᠵᠢᠭᠤᠯᠤᠨ ᠲᠥᠯᠥᠪᠵᠢᠭᠦᠯᠦᠨ ᠪᠠᠶᠢᠷᠢᠯᠠᠭᠤᠯᠵᠤ᠂ ᠨᠢᠭᠡ ᠴᠣᠭᠴᠠᠵᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠣᠶᠢᠯᠠᠭᠠᠵᠤ ᠨᠡᠪᠲᠡᠷᠡᠲᠡᠯ᠎ᠡ ᠮᠡᠳᠡᠬᠦ ᠶᠢ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠨ᠂ ᠲᠡᠭᠦᠨ ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ ᠣᠨᠣᠪᠴᠢᠲᠠᠢ ᠡᠵᠡᠮᠰᠢᠨ᠂ ᠰᠤᠷᠤᠯᠴᠠᠭ᠎ᠠ ᠶᠢ ᠰᠡᠳᠬᠢᠯ ᠳᠤ ᠨᠢ ᠰᠢᠩᠭᠡᠭᠡᠨ ᠲᠠᠷᠢᠬᠢᠨ ᠳᠤ ᠨᠢ ᠬᠠᠳᠠᠩᠰᠢᠭᠤᠯᠬᠤ ᠶᠢ ᠪᠠᠲᠤᠯᠬᠠᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠩ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠠᠬᠢᠭᠤᠯᠬᠤ᠂ ᠴᠢᠳᠠᠪᠤᠷᠢᠲᠠᠨ ᠢ ᠦᠯᠡᠳᠡᠭᠡᠵᠦ ᠰᠠᠶᠢᠲᠤᠷ ᠬᠡᠷᠡᠭᠯᠡᠬᠦ ᠵᠡᠷᠭᠡ ᠴᠢᠬᠤᠯᠠ ᠶᠡᠭᠡ ᠡᠭᠦᠷᠭᠡ ᠶᠢᠨ ᠪᠣᠭᠤᠮᠲᠠ ᠰᠢᠪᠲᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠰᠢᠰᠲ᠋ᠧᠮ  ᠲᠠᠢ ᠬᠤᠷᠠᠮᠳᠤᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢ ᠶᠢᠨ ᠲᠦᠪᠰᠢᠨ ᠢ ᠳᠡᠭᠡᠭᠰᠢᠯᠡᠭᠦᠯᠬᠦ᠂ ᠳᠡᠭᠡᠳᠦ ᠰᠤᠷᠭᠠᠭᠤᠯᠢ ᠶᠢᠨ ᠶᠡᠷᠦᠩᠬᠡᠢ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠬᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ  ᠤᠯᠠᠷᠢᠭᠤᠯᠬᠤ ᠲᠦᠪᠰᠢᠨ ᠢ ᠳᠡᠭᠡᠭᠰᠢᠯᠡᠭᠦᠯᠬᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠤᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦᠯᠡᠨ᠂ ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号