ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠨᠢᠭᠡᠳᠦᠭᠡᠷ ᠤᠯᠠᠷᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/18
      4 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠨᠢᠭᠡᠳᠦᠭᠡᠷ ᠤᠯᠠᠷᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭ᠎ᠠ ᠠᠯᠬᠤᠮ  ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠢᠭᠡᠳᠦᠭᠡᠷ ᠤᠯᠠᠷᠢᠯ ᠤᠨ ᠭᠤᠣᠯᠳᠠᠯᠭ᠎ᠠ  ᠲᠠᠢ ᠠᠵᠢᠯ ᠢ ᠠᠬᠢᠭᠤᠯᠤᠭᠰᠠᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠵᠦ᠂ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠠᠬᠤᠢ ᠲᠠᠯᠠᠪᠠᠢ ᠳᠤ ᠦᠨᠡᠯᠡᠪᠡ᠃      ᠬᠤᠷᠠᠯ ᠠᠴᠠ᠂ ᠤᠯᠤᠰ ᠲᠥᠷᠥ ᠶᠢᠨ ᠤᠬᠠᠮᠰᠠᠷ ᠢ ᠳᠤᠪᠤᠶᠢᠯᠭᠠᠵᠤ᠂ ᠭᠤᠣᠯ ᠪᠠ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠬᠠᠨᠳᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠭᠡᠨ᠂ ᠤᠯᠤᠰ ᠲᠥᠷᠥ ᠶᠢᠨ ᠰᠡᠷᠭᠡᠭ ᠴᠢᠨᠠᠷ ᠪᠠ ᠠᠵᠢᠯ ᠤᠨ ᠲᠤᠯᠭᠠᠮ ᠰᠡᠳᠬᠢᠯᠭᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠤᠯᠭᠠᠭᠤᠷᠢᠯᠠᠬᠤ ᠦᠢᠯᠡᠳᠦᠯ ᠢ ᠬᠠᠩᠭᠠᠬᠤ ᠬᠡᠷᠡᠭᠲᠡᠢ᠃ ᠬᠠᠷᠠᠯᠲᠠ ᠪᠠ ᠡᠭᠦᠷᠭᠡ ᠶᠢ ᠳᠤᠪᠤᠶᠢᠯᠭᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ  ᠤᠨ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠢᠴᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠪᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ  ᠰᠡᠭᠦᠯ ᠬᠤᠷᠢᠶᠠᠬᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠨᠡᠩ ᠶᠡᠭᠡ ᠨᠡᠮᠡᠭᠳᠡᠯ ᠪᠠ ᠬᠤᠷᠳᠤᠴᠠ ᠪᠠᠷ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠠᠵᠢᠯ ᠳᠠᠬᠢ ᠬᠡᠯᠪᠡᠷᠢᠴᠢ ᠦᠵᠡᠯ ᠪᠣᠯᠤᠨ ︽ᠤᠳᠠᠭᠠᠨ᠂ ᠪᠦᠳᠦᠭᠦᠯᠢᠭ᠂ ᠬᠠᠭᠤᠮᠠᠭᠠᠢ︾ ᠵᠡᠷᠭᠡ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠠᠵᠢᠯ  ᠤᠨ ᠪᠢᠲᠡᠭᠦᠦ ᠴᠠᠭᠠᠷᠢᠭ ᠢ ᠨᠠᠶᠢᠳᠠᠪᠤᠷᠢᠵᠢᠭᠤᠯᠬᠤ ᠤᠳᠤᠷᠢᠳᠤᠮᠵᠢ ᠶᠢ ᠶᠡᠭᠡ ᠪᠠᠷ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠮᠥᠷᠲᠡᠭᠡᠨ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠵᠤ᠂ ᠠᠵᠢᠯ ᠤᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠪᠠᠷᠠᠯᠠᠯᠲᠤ ᠴᠢᠨᠠᠷᠲᠠᠢ ᠪᠣᠳᠣᠯᠬᠢᠯᠠᠯ ᠪᠠ ᠰᠤᠳᠤᠯᠭᠠᠨ ᠢ ᠴᠢᠩᠭᠠᠳᠬᠠᠵᠤ᠂ ᠰᠡᠳᠬᠢᠬᠦᠢ  ᠶᠢᠨ ᠳᠣᠭᠲᠠᠭᠰᠠᠨ ᠬᠡᠯᠪᠡᠷᠢ ᠪᠠ ᠠᠷᠭ᠎ᠠ ᠵᠠᠮ ᠳᠤ ᠲᠦᠰᠢᠭᠯᠡᠬᠦ ᠶᠢ ᠬᠦᠴᠦᠯᠡᠨ ᠲᠡᠪᠴᠢᠵᠦ᠂ ᠠᠵᠢᠯ ᠤᠨ ᠰᠡᠳᠬᠢᠮᠵᠢ ᠪᠠ ᠬᠠᠷᠠᠭᠠᠰᠤ ᠪᠠᠨ ᠥᠷᠭᠡᠳᠬᠡᠨ᠂ ᠬᠠᠷᠠᠯᠲᠠ ᠪᠠ ᠡᠭᠦᠷᠭᠡ ᠶᠢ ᠴᠢᠩᠭ᠎ᠠ ᠠᠩᠬᠠᠷᠴᠤ᠂ ᠴᠠᠭ ᠤᠨ ᠳᠠᠷᠠᠭᠠᠯᠠᠯ ᠪᠠ ᠠᠬᠢᠴᠠ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠡᠩ ᠶᠡᠭᠡ ᠡᠷᠴᠢᠮ ᠢᠶᠠᠷ ᠠᠬᠢᠭᠤᠯᠤᠨ᠂ ︽ᠤᠮᠠᠷᠠᠲᠤ ᠬᠢᠯᠢ  ᠶᠢᠨ ᠰᠤᠷᠭᠠᠨ ᠬᠥᠮᠦᠵᠢᠯ︾ ᠤᠨ ᠨᠡᠷᠡᠲᠦ ᠲᠡᠮᠳᠡᠭᠲᠦ ᠶᠢ ᠴᠢᠷᠮᠠᠶᠢᠨ ᠪᠣᠢ ᠪᠣᠯᠭᠠᠵᠤ᠂ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠭᠡᠬᠦ ᠬᠡᠷᠡᠭᠲᠡᠢ᠃ ᠬᠠᠷᠢᠭᠤᠴᠠᠯᠭ᠎ᠠ  ᠶᠢᠨ ᠰᠤᠷᠲᠠᠯ ᠢ ᠲᠤᠪᠤᠶᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠣᠷᠢᠭᠲᠠᠢ ᠰᠡᠳᠬᠢᠵᠦ ᠵᠣᠷᠢᠭᠲᠠᠢ ᠠᠵᠢᠯᠯᠠᠬᠤ ᠶᠢ ᠦᠷᠭᠦᠯᠵᠢᠯᠡᠨ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠤᠶᠠᠳᠤᠭᠠᠷ ᠤᠯᠠᠷᠢᠯ  ᠤᠨ ᠠᠵᠢᠯ ᠢ ᠴᠢᠨᠠᠷᠯᠢᠭ ᠠᠬᠢᠭᠤᠯᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠠᠳᠬᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠢ ᠱᠠᠭᠠᠷᠳᠠᠪᠠ᠃      ᠰᠤᠷᠭᠠᠨ ᠬᠥᠮᠥᠵᠢᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠰᠤᠷᠭᠠᠨ  ᠬᠥᠮᠥᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号