ᠳ᠋ᠦ᠋ ᠬᠤᠢ ᠯᠢᠶᠠᠩ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠭᠦᠨᠵᠡᠭᠡᠶᠢᠷᠡᠵᠦ᠂ ︽ᠤᠯᠤᠰ ᠤᠨ ᠡᠭᠦᠳᠡᠨ ᠤ ᠳᠡᠭᠡᠳᠦ ᠰᠤᠷᠭᠠᠭᠤᠯᠢ︾᠎ ᠶᠢᠨ ᠪᠠᠶᠢᠭᠤᠯᠤᠯᠲᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠵᠢᠴᠢ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ᠂ ᠭᠠᠳᠠᠭᠠᠳᠤ ᠯᠤᠭ᠎ᠠ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃

1.jpg

      ᠳ᠋ᠦ᠋ ᠬᠤᠢ ᠯᠢᠶᠠᠩ ᠤᠷᠢᠳ ᠬᠤᠵᠢᠳ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ᠂

ᠡᠷᠢᠶᠡᠨ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ

ᠬᠢᠴᠢᠶᠡᠯ ᠤᠨ ᠭᠡᠷ᠂ ᠲᠤᠷᠰᠢᠯᠲᠠ ᠶᠢᠨ ᠲᠠᠰᠤᠭ᠂ ᠰᠤᠷᠤᠭᠴᠢ ᠎ ᠶᠢᠨ ᠨᠡᠶᠢᠲᠡ ᠶᠢᠨ ᠪᠠᠶᠢᠷᠢ᠂ ᠬᠤᠭᠤᠯᠠᠨ ᠭᠡᠷ ᠵᠡᠷᠭᠡ

ᠪᠠᠶᠢᠷᠢ ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠰᠡᠨ ᠪᠥᠭᠡᠳ ᠪᠠᠭᠰᠢ

ᠰᠤᠷᠤᠭᠴᠢᠳ ᠲᠠᠢ ᠰᠠᠨᠠᠯ ᠎ ᠢᠶᠠᠨ ᠰᠣᠯᠢᠯᠴᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ

ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠨᠠᠷᠢᠨ ᠣᠶᠢᠯᠠᠭᠠᠪᠠ᠃

2.jpg

      ᠳ᠋ᠦ᠋ ᠬᠤᠢ ᠯᠢᠶᠠᠩ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ

ᠵᠢᠭᠠᠨ ᠰᠤᠷᠭᠠᠯᠲᠠ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠭᠢᠷᠢ ᠲᠦᠪᠰᠢᠨ ᠤ

ᠰᠢᠯᠭᠠᠯᠲᠠ ᠵᠢᠴᠢ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ

ᠬᠡᠷᠡᠭᠲᠡᠢ᠃ ᠰᠤᠷᠤᠭᠴᠢᠳ ᠤᠨ ︽ᠰᠤᠷᠤᠯᠴᠠᠯᠭ᠎ᠠ︾᠎ ᠶᠢᠨ ᠦᠷ᠎ᠡ ᠪᠦᠲᠦᠮᠵᠢ ᠶᠢ ᠴᠢᠩᠭ᠎ᠠ ᠠᠩᠬᠠᠷᠴᠤ᠂ ︽ᠨᠢᠭᠡ

ᠰᠤᠷᠭᠠᠭᠤᠯᠢ ᠨᠢᠭᠡ ᠲᠥᠰᠦᠯ︾᠂ ︽ᠨᠢᠭᠡ ᠬᠢᠴᠢᠶᠡᠯ ᠨᠢᠭᠡ ᠠᠷᠭ᠎ᠠ ᠪᠣᠳᠣᠯᠭ᠎ᠠ︾᠂ ︽ᠨᠢᠭᠡ ᠰᠤᠷᠤᠭᠴᠢ ᠨᠢᠭᠡ          

ᠠᠷᠭ᠎ᠠ ᠪᠣᠳᠣᠯᠭ᠎ᠠ︾᠎ ᠶᠢ ᠪᠠᠷᠢᠮᠲᠠᠯᠠᠨ᠂ ᠬᠢᠷᠢ ᠪᠦᠲᠦᠮᠵᠢ ᠶᠢᠨ ᠬᠥᠳᠡᠯᠦᠩᠭᠦᠢ ᠵᠠᠳᠠᠯᠤᠯᠲᠠ ᠶᠢ ᠰᠠᠶᠢᠲᠤᠷ ᠬᠢᠵᠦ᠂

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ

︽ᠵᠢᠭᠠᠬᠤ︾ ᠴᠢᠳᠠᠪᠤᠷᠢ ᠶᠢ ᠴᠢᠩᠭ᠎ᠠ ᠠᠩᠬᠠᠷᠴᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ

ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠵᠤᠨ ᠤ ᠠᠮᠠᠷᠠᠯᠲᠠ ᠶᠢᠨ ᠬᠤᠭᠤᠴᠠᠭᠠᠨ ᠤ

ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠪᠠ

ᠵᠢᠭᠠᠨ ᠰᠤᠷᠭᠠᠯᠲᠠ ᠶᠢᠨ ᠠᠷᠭ᠎ᠠ ᠶᠢᠨ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠪᠠᠭᠰᠢ ᠶᠢᠨ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ          

ᠬᠡᠷᠡᠭᠲᠡᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ

ᠵᠢᠴᠢ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ

ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ 

ᠠᠩᠬᠠᠷᠤᠯ ᠬᠠᠨᠳᠤᠭᠤᠯᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂

ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠮᠥᠷᠲᠡᠭᠡᠨ ᠨᠠᠷᠢᠯᠢᠭ ᠨᠠᠶᠢᠳᠠᠪᠤᠷᠢᠵᠢᠭᠤᠯᠬᠤ ᠎ ᠶᠢ

ᠠᠬᠢᠭᠤᠯᠬᠤ ᠬᠡᠷᠡᠭᠲᠡᠢ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠎ ᠤᠨ ᠬᠠᠮᠲᠤᠷᠠᠨ

ᠰᠤᠷᠭᠠᠭᠤᠯᠢ ᠡᠷᠬᠢᠯᠡᠬᠦ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠰᠤᠷᠭᠠᠭᠤᠯᠢ ᠡᠷᠬᠢᠯᠡᠬᠦ ᠪᠠᠶᠢᠷᠢ

ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠳᠤᠲᠠᠭᠤᠳᠠᠯ ᠢᠶᠠᠨ ᠨᠥᠬᠦᠪᠥᠷᠢᠯᠡᠵᠦ᠂

ᠬᠤᠭᠤᠰᠣᠨ ᠢ ᠨᠥᠬᠦᠪᠥᠷᠢᠯᠡᠵᠦ᠂ ᠰᠤᠷᠭᠠᠭᠤᠯᠢ ᠡᠷᠬᠢᠯᠡᠬᠦ ᠣᠨᠴᠠᠯᠢᠭ ᠢ ᠳᠣᠪᠤᠶᠢᠯᠭᠠᠨ᠂ ᠵᠥᠷᠢᠶᠡᠴᠢᠯᠡᠭᠰᠡᠨ

ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂

︽ᠤᠯᠤᠰ ᠤᠨ ᠡᠭᠦᠳᠡᠨ ᠤ ᠳᠡᠭᠡᠳᠦ ᠰᠤᠷᠭᠠᠭᠤᠯᠢ︾᠎ ᠶᠢᠨ ᠠᠭᠤᠯᠤᠭᠳᠠᠬᠤᠨ ᠢ ᠪᠠᠲᠤ ᠡᠵᠡᠮᠳᠡᠵᠦ᠂ ᠴᠢᠳᠠᠪᠤᠷᠢᠲᠠᠨ ᠤ

ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠯ ᠢ ᠪᠠᠲᠤᠯᠠᠨ᠂ ᠣᠯᠠᠨ

ᠤᠯᠤᠰ ᠤᠨ ᠬᠥᠮᠦᠵᠢᠯ ᠪᠣᠯᠪᠠᠰᠤᠷᠠᠯ ᠢ ᠭᠦᠨᠵᠡᠭᠡᠶᠢᠷᠡᠭᠦᠯᠬᠦ ᠬᠡᠷᠡᠭᠲᠡᠢ᠃ ᠬᠠᠷᠢᠶ᠎ᠠ ᠭᠠᠵᠠᠷ ᠲᠤ ᠨᠢ ᠰᠤᠷᠭᠠᠭᠤᠯᠢ

ᠡᠷᠬᠢᠯᠡᠬᠦ ᠶᠢ ᠪᠠᠷᠢᠮᠲᠠᠯᠠᠵᠤ᠂ ᠦᠵᠦ ᠲᠥᠯᠥᠪᠯᠡᠭᠡ ᠶᠢ ᠰᠠᠶᠢᠲᠤᠷ ᠠᠳᠬᠤᠵᠤ᠂ ᠬᠠᠷᠢᠶᠠᠯᠠᠭᠳᠠᠬᠤ ᠬᠠᠷᠢᠴᠠᠭ᠎ᠠ ᠶᠢ

ᠲᠣᠳᠣᠷᠬᠠᠶᠢᠯᠠᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠨ᠂ ᠲᠥᠷᠥ ᠶᠢᠨ

ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ

ᠲᠦᠷᠭᠡᠳᠬᠡᠨ ᠠᠬᠢᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠤᠮᠠᠷᠠᠰᠢ ᠨᠡᠭᠡᠭᠡᠯᠲᠡ ᠬᠢᠵᠦ

ᠭᠠᠳᠠᠭᠠᠳᠤ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠲᠥᠯᠥᠪᠵᠢᠭᠦᠯᠦᠨ ᠠᠬᠢᠭᠤᠯᠬᠤ ᠶᠢ ᠴᠢᠬᠤᠯᠠᠴᠢᠯᠠᠬᠤ

ᠬᠡᠷᠡᠭᠲᠡᠢ᠃ ᠮᠠᠨ ᠤ ᠣᠷᠣᠨ ᠤ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠤᠨ

ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠶᠡᠷᠦᠩᠬᠡᠶᠢᠯᠡᠨ

ᠰᠤᠳᠤᠯᠤᠨ ᠮᠠᠭᠠᠳᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ᠡᠯ᠎ᠡ ᠰᠤᠷᠤᠯᠭ᠎ᠠ ᠶᠢᠨ

ᠱᠠᠲᠤᠨ ᠤ ᠪᠥᠬᠦ ᠬᠡᠯᠬᠢᠶ᠎ᠡ ᠶᠢᠨ ᠭᠠᠳᠠᠭᠠᠳᠤ ᠯᠤᠭ᠎ᠠ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠬᠦᠴᠦᠯᠡᠨ

ᠠᠬᠢᠭᠤᠯᠵᠤ᠂ ᠣᠯᠠᠨ ᠡᠰᠢᠵᠢᠭᠦᠯᠦᠭᠰᠡᠨ ᠰᠣᠯᠢᠯᠴᠠᠭᠠᠨ ᠤ ᠲᠠᠪᠴᠠᠩ ᠎ ᠢ ᠪᠠᠶᠢᠭᠤᠯᠤᠨ᠂ ᠰᠤᠷᠭᠠᠨ ᠬᠥᠮᠦᠵᠢᠯ ᠎ ᠤᠨ

ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠢ ᠤᠯᠤᠰ ᠤᠨ

ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠬᠤ ᠳᠤ ᠰᠤᠷᠭᠠᠨ

ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

      ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋

ᠳᠠᠷᠤᠭ᠎ᠠ ᠵᠠᠩ ᠢ᠂ ᠡᠷᠢᠶᠡᠨ ᠬᠤᠲᠠ ᠶᠢᠨ ᠳᠡᠳ᠋ ᠳᠠᠷᠤᠭ᠎ᠠ ᠵᠧᠦ ᠵᠢᠩ ᠿᠠᠨ᠂ ᠥᠪᠡᠷᠲᠡᠭᠡᠨ ᠵᠠᠰᠠᠬᠤ ᠣᠷᠣᠨ ᠤ

ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ᠂ ᠠᠯᠪᠠᠨ ᠭᠡᠷ ᠤᠨ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号