4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ | ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠠᠴᠠ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ | ᠡᠷᠭᠢᠯᠡᠵᠡᠢ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠᠷ ᠶᠡᠷᠦᠩᠬᠡᠢ | ᠭᠠᠷᠳᠠᠴᠠ ᠪᠤᠯᠭᠠᠵᠤ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠪᠦᠭᠦ ᠤᠯᠤᠰ ᠤᠨ ᠳᠡᠭᠡᠳᠦ ᠲᠦᠪᠰᠢᠨ ᠲᠡᠶᠢᠰᠢ | ᠤᠷᠤᠭᠰᠢᠯᠠᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ | ᠰᠠᠶᠢᠲᠤᠷ ᠦᠢᠯᠡᠴᠢᠯᠡᠬᠦ ᠬᠡᠷᠡᠭᠲᠡᠢ᠃ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ | ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠠᠰᠤ | ᠴᠢᠨᠠᠷ ᠪᠠ ᠡᠵᠡᠩᠨᠡᠯᠲᠡ ᠶᠢᠨ ᠦᠷ᠎ᠡ ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢ ᠵᠣᠷᠢᠭᠵᠢᠭᠤᠯᠤᠨ | ᠳᠡᠮᠵᠢᠬᠦ ᠬᠡᠷᠡᠭᠲᠡᠢ᠃ ᠬᠤᠳᠠ ᠪᠣᠯᠣᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠤᠨ | ᠬᠠᠩᠭᠠᠯᠭ᠎ᠠ ᠶᠢ ᠨᠡᠮᠡᠭᠳᠡᠭᠦᠯᠵᠦ᠂ ᠪᠦᠭᠦ ᠨᠡᠶᠢᠭᠡᠮ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ | ᠬᠡᠷᠡᠭᠲᠡᠢ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠡᠩᠨᠡᠭᠡ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠠᠷᠠᠳ ᠲᠤ ᠠᠰᠢᠭ ᠬᠦᠷᠲᠡᠭᠡᠵᠦ | ᠠᠷᠠᠳ ᠲᠤ ᠬᠠᠷᠠᠭᠠᠯᠵᠠᠯ ᠦᠵᠡᠭᠦᠯᠭᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠵᠤ᠂ ᠥᠷᠭᠡᠨ ᠣᠯᠠᠨ ᠲᠦᠮᠡᠨ ᠳᠤ | ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠰᠠᠶᠢᠨ ᠢ ᠮᠡᠳᠡᠭᠦᠯᠬᠦ ᠬᠡᠷᠡᠭᠲᠡᠢ᠃ ᠰᠣᠶᠣᠯ ᠤᠨ ᠥᠪ ᠤᠨ ᠰᠢᠰᠲ᠋ᠧᠮᠲᠦ | ᠴᠢᠨᠠᠷᠲᠠᠢ ᠬᠠᠮᠠᠭᠠᠯᠠᠨ ᠤᠯᠠᠮᠵᠢᠯᠠᠬᠤ ᠪᠣᠯᠣᠨ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠭᠢᠨ ᠲᠣᠭᠤᠷᠢᠨ ᠤ | ᠤᠯᠤᠰ ᠪᠣᠯᠣᠨ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ | ᠮᠣᠩᠭᠤᠯ ᠢᠶᠠᠷ ᠴᠣᠩᠬᠤ ᠪᠤᠯᠭᠠᠵᠤ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠶᠢᠲᠤᠷ ᠤᠬᠠᠭᠤᠯᠤᠨ | ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ᠂ ᠳᠤᠮᠳᠠᠳᠤ ᠤᠯᠤᠰ ᠤᠨ ᠳᠦᠷᠢ ᠲᠥᠷᠬᠦ ᠶᠢ | ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠯᠢ ᠣᠯᠠᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠬᠢᠨ | ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠠᠴᠠ | ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠤᠯᠠᠨ | ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ᠃ ᠲᠥᠰᠥᠯ᠂ ᠨᠠᠶᠢᠳᠠᠪᠤᠷᠢᠵᠢᠭᠤᠯᠤᠯᠲᠠ᠂ ᠱᠠᠯᠠᠪᠳᠠᠭᠤᠯᠤᠨ | ᠪᠠᠶᠢᠴᠠᠭᠠᠯᠲᠠ᠂ ᠦᠷ᠎ᠡ ᠳ᠋ᠦᠩ᠂ ᠱᠠᠩᠨᠠᠵᠤ ᠲᠣᠷᠭᠠᠬᠤ ᠠᠴᠠ ᠭᠠᠷᠳᠠᠵᠤ ᠪᠦᠭᠦ ᠬᠡᠯᠬᠢᠶ᠎ᠡ ᠪᠠᠷ ᠥᠭᠡᠷᠡᠴᠢᠯᠡᠯᠲᠡ ᠶᠢ | ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠭᠦ | ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ | ᠰᠢᠨ᠎ᠡ ᠬᠠᠨᠳᠤᠰᠢ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ | ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠵᠣᠷᠢᠭᠲᠠᠢ ᠪᠠᠷ | ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠢ ᠠᠰᠠᠭᠤᠳᠠᠯ ᠨᠤᠭᠤᠳ ᠠᠴᠠ ᠡᠬᠢᠯᠡᠨ ᠥᠭᠡᠷᠡᠴᠢᠯᠡᠬᠦ ᠶᠢ | ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠨ ᠥᠭᠡᠷᠡᠴᠢᠯᠡᠯᠲᠡ ᠶᠢᠨ ᠰᠡᠳᠬᠢᠮᠵᠢ ᠶᠢ | ᠲᠥᠯᠥᠪᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠤᠯᠭᠠᠬᠤ ᠬᠡᠷᠡᠭᠲᠡᠢ᠃ ᠥᠭᠡᠷᠡᠴᠢᠯᠡᠯᠲᠡ ᠶᠢᠨ | ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠢ ᠳ᠋ᠦᠩᠨᠡᠵᠦ᠂ ᠴᠠᠭ ᠲᠤᠬᠠᠢ ᠳᠤᠨᠢ ᠳᠡᠯᠭᠡᠷᠡᠭᠦᠯᠵᠦ᠂ | ᠨᠠᠩ ᠣᠯᠠᠨ ︽ᠴᠢᠬᠢ ᠮᠣᠳᠣ︾ ᠶᠢ ︽ᠣᠶ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠤᠨ ᠬᠢᠨ ᠰᠢᠰᠲ᠋ᠧᠮᠳᠤ ᠦᠵᠡᠯᠲᠡ ᠪᠣᠯᠣᠨ ᠪᠦᠭᠦ ᠲᠠᠯ᠎ᠠ ᠶᠢᠨ ᠦᠵᠡᠯ ᠤᠬᠠᠮᠰᠠᠷ ᠢᠶᠠᠨ ᠨᠡᠮᠡᠭᠳᠡᠭᠦᠯᠵᠦ᠂ | ᠥᠭᠡᠷᠡᠴᠢᠯᠡᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ | ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |