ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ | ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠤᠷᠭᠠᠨ ᠬᠥᠮᠦᠵᠢᠯ ᠢᠶᠠᠷ | ᠤᠯᠤᠰ ᠢᠶᠠᠨ ᠬᠦᠴᠦᠷᠬᠡᠭᠵᠢᠭᠦᠯᠬᠦ ᠬᠥᠲᠥᠯᠪᠦᠷᠢ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ | ᠵᠢᠯᠣᠭᠤᠳᠬᠤ ᠰᠠᠨᠠᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠣᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ | ᠭᠠᠵᠠᠷ᠂ ᠪᠠᠭᠤᠴᠠ ︵ᠳᠣᠷᠣᠭᠰᠢ ︽ᠰᠠᠭᠤᠷᠢᠨ ᠭᠠᠵᠠᠷ᠂ ᠪᠠᠭᠤᠴᠠ︾ ᠭᠡᠵᠦ ᠳᠦᠭᠦᠮᠴᠢᠯᠡᠨ᠎ᠡ︶ ᠶᠢᠨ | ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠳᠦᠷᠢᠮᠵᠢᠭᠦᠯᠬᠦ ᠶᠢ ᠪᠡᠶᠡᠯᠡᠭᠦᠯᠬᠦ ᠶᠢᠨ ᠲᠥᠯᠦᠭᠡ᠂ ᠤᠯᠤᠰ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠳᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠥᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ ᠶᠢ ᠮᠡᠳᠡᠭᠦᠯᠬᠦ | ᠵᠢᠴᠢ ᠬᠠᠮᠢᠶᠠᠷᠬᠤ ᠠᠷᠭ᠎ᠠ︾ ᠶᠢ ᠲᠣᠭᠲᠠᠭᠠᠪᠠ᠃ | ᠡᠳᠦᠭᠡ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ | ᠲᠠᠶᠢᠯᠤᠮᠵᠢ ᠬᠢᠶ᠎ᠡ᠃ | ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠢ ᠪᠠᠶᠢᠳᠠᠯ | ᠰᠤᠷᠭᠠᠨ ᠬᠥᠮᠦᠵᠢᠯ ᠤᠨ ᠶᠠᠮᠤᠨ ᠵᠡᠷᠭᠡ 11 ᠰᠠᠯᠠᠭ᠎ᠠ ᠮᠥᠴᠢᠷ 2016 ᠣᠨ ᠤ 11 ᠳ᠋ᠦ᠋ᠭᠡᠷ ᠰᠠᠷ᠎ᠠ ᠳᠤ | ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠵᠤ ᠵᠤᠭᠠᠴᠠᠬᠤ ᠶᠢ ᠠᠬᠢᠭᠤᠯᠬᠤ | ᠲᠤᠬᠠᠢ ᠰᠠᠨᠠᠯ︾ ︵ᠰᠤᠷᠭᠠᠨ ᠰᠠᠭᠤᠷᠢ ﹇2016﹈ 8 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠰᠤᠳᠤᠯᠤᠨ ᠰᠤᠷᠤᠯᠴᠠᠵᠤ ᠵᠤᠭᠠᠴᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠲᠥᠯᠥᠪᠯᠡᠭᠡ ᠳᠤ ᠣᠷᠣᠭᠤᠯᠤᠨ᠂ ᠰᠤᠳᠤᠯᠤᠨ ᠰᠤᠷᠤᠯᠴᠠᠵᠤ ᠵᠤᠭᠠᠴᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠢ ᠢᠳᠡᠪᠬᠢᠲᠡᠢ | ᠥᠷᠨᠢᠭᠦᠯᠬᠦ ᠬᠡᠷᠡᠭᠲᠡᠢ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ︵ᠪᠠᠭᠤᠴᠠ︶ ᠤᠨ ᠬᠠᠮᠢᠶᠠᠷᠤᠯᠲᠠ ᠶᠢ ᠵᠢᠷᠤᠮᠵᠢᠭᠤᠯᠤᠨ᠂ | ᠲᠡᠭᠦᠨ ᠤ ᠨᠡᠶᠢᠲᠡ ᠶᠢᠨ ᠠᠰᠠᠷᠠᠮᠵᠢ ᠶᠢᠨ ᠴᠢᠨᠠᠷ᠂ ᠠᠶᠤᠯ ᠦᠭᠡᠢ ᠴᠢᠨᠠᠷ᠂ ᠰᠤᠷᠭᠠᠨ ᠬᠥᠮᠦᠵᠢᠯ ᠤᠨ ᠴᠢᠨᠠᠷ ᠪᠠ | ᠦᠢᠯᠡᠳᠦᠯᠭᠡᠲᠦ ᠴᠢᠨᠠᠷ ᠢ ᠦᠨᠡᠨ ᠬᠦ ᠪᠠᠲᠤᠯᠠᠬᠤ ᠶᠢᠨ ᠲᠥᠯᠦᠭᠡ᠂ ᠲᠤᠰ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠪᠠ᠃ | ᠬᠤᠶᠠᠷ᠂ ︽ᠠᠷᠭ᠎ᠠ︾ ᠳᠠᠬᠢ ︽ᠰᠤᠳᠤᠯᠤᠨ ᠰᠤᠷᠤᠯᠴᠠᠬᠤ︾ ᠪᠠ ︽ᠰᠠᠭᠤᠷᠢᠨ ᠭᠠᠵᠠᠷ᠂ ᠪᠠᠭᠤᠴᠠ︾ ᠶᠠᠭᠤ ᠶᠢ | ᠵᠢᠭᠠᠵᠤ ᠪᠠᠶᠢᠨ᠎ᠠ | ᠲᠤᠰ ᠠᠷᠭ᠎ᠠ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ | ᠬᠥᠮᠦᠵᠢᠯ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠠᠴᠠ | ᠲᠥᠯᠥᠪᠯᠡᠭᠡ ᠲᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠴᠠᠭ 1 ᠡᠳᠦᠷ ᠠᠴᠠ ᠳᠡᠭᠡᠭᠰᠢ ︵1 ᠡᠳᠦᠷ ᠢ | ᠪᠠᠭᠲᠠᠭᠠᠨ᠎ᠠ︶ ᠶᠢ ᠵᠢᠭᠠᠵᠤ᠂ ᠬᠠᠮᠲᠤ ᠶᠢᠨ ᠦᠢᠯᠡᠳᠦᠯᠭᠡ᠂ ᠲᠥᠪᠯᠡᠷᠡᠭᠦᠯᠦᠨ ᠢᠳᠡᠵᠦ ᠬᠤᠨᠣᠬᠤ ᠠᠷᠭ᠎ᠠ ᠮᠠᠶ᠋ᠢᠭ ᠢᠶᠠᠷ | ᠥᠷᠨᠢᠭᠦᠯᠦᠭᠰᠡᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠮᠥᠨ᠂ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠢ ᠶᠡᠷᠦ ᠳᠤ ᠪᠠᠨ ᠣᠨ ᠢᠶᠠᠷ ᠨᠢᠭᠡᠴᠢ ᠪᠣᠯᠭᠠᠨ ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ︵ᠪᠠᠭᠤᠴᠠ︶ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠠᠴᠠ ᠬᠤᠯᠪᠣᠭᠳᠠᠯ ᠪᠦᠬᠦᠢ ᠨᠢᠭᠡᠴᠢ ᠲᠠᠢ ᠬᠤᠯᠪᠤᠭᠠᠯᠠᠨ ᠦᠨᠡᠯᠡᠵᠦ ᠮᠠᠭᠠᠳᠯᠠᠨ ᠳᠣᠭᠲᠠᠭᠠᠭᠰᠠᠨ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠠᠮᠲᠤ ᠳᠤ ᠪᠠᠨ ᠰᠣᠳᠤᠯᠭᠠᠨ ᠤ ᠴᠢᠨᠠᠷᠲᠠᠢ ᠰᠤᠷᠤᠯᠴᠠᠬᠤ ᠪᠠ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤ ᠲᠣᠬᠢᠷᠠᠭᠰᠠᠨ ᠴᠢᠨᠠᠷᠯᠢᠭ ᠡᠬᠢ ᠪᠠᠶᠠᠯᠢᠭ ᠤᠨ ᠨᠢᠭᠡᠴᠢ ᠶᠢ ᠵᠢᠭᠠᠵᠤ | ᠪᠤᠢ᠃ | ᠭᠤᠷᠪᠠ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠶᠢᠨ ᠵᠣᠷᠢᠯᠲᠠ ᠶᠠᠭᠤ | ᠪᠤᠢ︖ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ | ᠠᠵᠢᠯᠯᠠᠭ᠎ᠠ ᠶᠢᠨ ᠵᠣᠷᠢᠯᠲᠠ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠡᠬᠡ ᠤᠯᠤᠰ ᠤᠨ ᠭᠤᠶᠤ | ᠰᠠᠶᠢᠬᠠᠨ ᠠᠭᠤᠯᠠ ᠤᠰᠤ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ᠂ ᠢᠷᠠᠭᠤ ᠠᠯᠳᠠᠷᠲᠤ | ᠬᠤᠪᠢᠰᠬᠠᠯ ᠤᠨ ᠲᠡᠦᠬᠡ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠵᠢᠴᠢ ᠨᠤᠲᠤᠭ ᠤᠰᠤᠨ ᠤ | ᠣᠨᠴᠠᠯᠢᠭᠲᠤ ᠰᠣᠶᠣᠯ ᠪᠠ ᠬᠥᠭᠵᠢᠯᠲᠡ ᠶᠢᠨ ᠬᠤᠪᠢᠷᠠᠯᠲᠠ ᠶᠢ ᠭᠦᠢᠴᠡᠳ ᠮᠡᠳᠡᠭᠦᠯᠬᠦ ᠶᠠᠪᠤᠳᠠᠯ ᠪᠣᠯᠤᠨ᠎ᠠ᠃ ᠡᠳᠡᠭᠡᠷ | ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠯᠤᠰ ᠤᠨ ᠠᠵᠤ ᠠᠬᠤᠢ᠂ ᠨᠡᠶᠢᠭᠡᠮ᠂ ᠰᠣᠶᠣᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠠᠮᠢ ᠠᠬᠤᠢ ᠵᠡᠷᠭᠡ ᠲᠠᠯ᠎ᠠ ᠪᠠᠷ ᠬᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠲᠡᠳᠡᠨ ᠤ ᠤᠷᠮ᠎ᠠ ᠪᠠᠬ᠎ᠠ ᠪᠠ ᠬᠠᠶᠢᠨ ᠰᠦᠪᠡᠭᠴᠢᠯᠡᠬᠦ ᠵᠣᠷᠢᠭ | ᠰᠠᠨᠠᠭ᠎ᠠ ᠵᠢᠴᠢ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠤᠯᠤᠰ ᠣᠷᠣᠨ ᠢᠶᠠᠨ ᠬᠠᠶᠢᠷᠠᠯᠠᠬᠤ | ᠰᠡᠳᠬᠢᠯᠭᠡ ᠶᠢ ᠵᠤᠵᠠᠭᠠᠳᠬᠠᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ | ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠢ ᠡᠷᠡᠰ ᠪᠠᠲᠤ ᠬᠦᠰᠡᠯᠡᠩ ᠢᠲᠡᠭᠡᠯ | ᠪᠢᠰᠢᠷᠡᠯ ᠲᠠᠢ ᠪᠣᠯᠭᠠᠨ᠂ ᠥᠨᠢ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠠᠷ ᠬᠥᠲᠥᠯᠥᠨ | ᠵᠢᠯᠣᠭᠤᠳᠪᠠ᠃ | ᠳᠥᠷᠪᠡ᠂ ︽ᠠᠷᠭ᠎ᠠ︾ ᠨᠢ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ | ︵ᠪᠠᠭᠤᠴᠠ︶ ᠲᠤ ᠶᠠᠮᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠤᠢ︖ | ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠬᠡ ᠠᠰᠢᠭ ᠢ ᠪᠠᠲᠤᠯᠠᠬᠤ ᠶᠢᠨ | ᠲᠥᠯᠥᠭᠡ᠂ ︽ᠬᠠᠮᠢᠶᠠᠷᠤᠯᠲᠠ ᠶᠢᠨ ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ︵ᠪᠠᠭᠤᠴᠠ︶ ᠳᠤ ᠳᠣᠣᠷᠠᠬᠢ ᠮᠡᠲᠦ | ᠱᠠᠭᠠᠷᠳᠠᠯᠭ᠎ᠠ ᠳᠤᠷᠠᠳᠪᠠ᠄ | 1. ᠰᠠᠭᠤᠷᠢᠨ ᠭᠠᠵᠠᠷ᠂ ᠪᠠᠭᠤᠴᠠ ᠨᠢ ᠠᠵᠢᠯ ᠤᠨ ᠲᠥᠯᠥᠪᠯᠡᠭᠡ ᠲᠣᠭᠲᠠᠭᠠᠬᠤ ᠬᠡᠷᠡᠭᠲᠡᠢ ᠪᠥᠭᠡᠳ | ᠭᠠᠷᠠᠭ ᠤᠨ ᠰᠡᠭᠦᠯᠴᠢ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠡᠪᠦᠯ ᠵᠤᠨ ᠤ | ᠠᠮᠠᠷᠠᠯᠲᠠ ᠵᠡᠷᠭᠡ ᠴᠠᠭ ᠬᠤᠭᠤᠴᠠᠭᠠᠨ ᠳᠠᠬᠢ ᠰᠤᠷᠤᠭᠴᠢᠳ ᠤᠨ ᠰᠤᠳᠤᠯᠤᠨ ᠰᠤᠷᠤᠯᠴᠠᠬᠤ ᠪᠣᠳᠠᠲᠠᠢ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠬᠦᠯᠢᠶᠡᠨ ᠠᠪᠬᠤ ᠬᠡᠷᠡᠭᠲᠡᠢ᠃ | 2. ᠰᠠᠭᠤᠷᠢᠨ ᠭᠠᠵᠠᠷ᠂ ᠪᠠᠭᠤᠴᠠ ᠨᠢ ᠬᠢᠴᠢᠶᠡᠯ ᠤᠨ ᠨᠡᠭᠡᠭᠡᠯᠲᠡ ᠪᠠ ᠪᠠᠶᠢᠭᠤᠯᠤᠯᠲᠠ ᠶᠢ ᠴᠢᠩᠭᠠᠳᠬᠠᠵᠤ᠂ | ᠬᠢᠴᠢᠶᠡᠯ ᠤᠨ ᠳᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠤᠢ ᠪᠦᠬᠦᠢ ᠬᠢᠴᠢᠶᠡᠯ ᠢ ᠴᠥᠮ | ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠪᠤᠶᠤ ᠣᠷᠣᠨ ᠤ ᠳᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ | ᠬᠡᠷᠡᠭᠲᠡᠢ᠃ | 3. ᠰᠠᠭᠤᠷᠢᠨ ᠭᠠᠵᠠᠷ᠂ ᠪᠠᠭᠤᠴᠠ ᠨᠢ ᠡᠳ᠋ ᠤᠨ ᠶᠠᠪᠤᠳᠠᠯ ᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠪᠡᠯᠡ ᠮᠥᠩᠭᠦ ᠶᠢᠨ ᠨᠠᠶᠢᠳᠠᠪᠤᠷᠢᠲᠠᠢ ᠢᠷᠡᠯᠲᠡ ᠲᠠᠢ ᠪᠠᠶᠢᠵᠤ᠂ ᠡᠳᠦᠷ ᠲᠤᠲᠤᠮ ᠤᠨ ᠠᠵᠢᠯᠯᠠᠭᠠᠨ ᠢ | ᠪᠠᠲᠤᠯᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢᠲᠤ ᠴᠢᠨᠠᠷ ᠢ ᠪᠠᠷᠢᠮᠲᠠᠯᠠᠵᠤ᠂ ᠰᠤᠷᠤᠭᠴᠢᠳ ᠲᠤ ᠬᠠᠨᠳᠤᠭᠤᠯᠤᠭᠰᠠᠨ | ᠠᠰᠢᠭ ᠣᠯᠵᠠᠪᠤᠷᠢ ᠪᠠᠷ ᠵᠣᠷᠢᠯᠭ᠎ᠠ ᠪᠣᠯᠭᠠᠭᠰᠠᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠣᠯᠵᠤ ᠪᠣᠯᠬᠤ ᠦᠭᠡᠢ᠃ | ᠰᠤᠷᠤᠭᠴᠢᠳ ᠠᠴᠠ ᠬᠤᠷᠢᠶᠠᠭᠰᠠᠨ ᠬᠠᠮᠢᠶ᠎ᠠ ᠪᠦᠬᠦᠢ ᠵᠠᠷᠤᠳᠠᠯ ᠢ ᠲᠣᠭᠠᠴᠠᠭ᠎ᠠ ᠬᠢᠵᠦ᠂ ᠲᠤᠰᠬᠠᠢ ᠳᠠᠩᠰᠠᠯᠠᠨ | ᠬᠠᠮᠢᠶᠠᠷᠬᠤ ᠶᠢ ᠴᠢᠩᠭᠠᠳᠬᠠᠵᠤ᠂ ᠢᠯᠡ ᠲᠣᠳᠤᠷᠬᠠᠢ ᠪᠠᠶᠢᠬᠤ ᠬᠡᠷᠡᠭᠲᠡᠢ᠃ | 4. ᠰᠠᠭᠤᠷᠢᠨ ᠭᠠᠵᠠᠷ᠂ ᠪᠠᠭᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ | ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠣᠭᠲᠠᠭᠠᠬᠤ ᠬᠡᠷᠡᠭᠲᠡᠢ᠃ ᠰᠤᠳᠤᠯᠤᠨ | ᠰᠤᠷᠤᠯᠴᠠᠬᠤ ᠶᠠᠪᠤᠴᠠ ᠳᠤ ᠬᠡᠷᠪᠡ ᠭᠤᠷᠪᠠᠳᠠᠬᠢ ᠡᠲᠡᠭᠡᠳ ᠠᠴᠠ ᠵᠠᠮ ᠬᠠᠷᠢᠯᠴᠠᠭ᠎ᠠ᠂ ᠬᠤᠨᠤᠭ ᠪᠠᠭᠤᠳᠠᠯ᠂ ᠢᠳᠡᠭᠡᠨ | ᠤᠮᠳᠠᠭᠠᠨ ᠵᠡᠷᠭᠡ ᠦᠢᠯᠡᠴᠢᠯᠡᠭᠡ ᠬᠠᠩᠭᠠᠭᠰᠠᠨ ᠪᠣᠯ᠂ ᠲᠡᠭᠦᠨ ᠤ ᠵᠣᠬᠢᠬᠤ ᠨᠥᠬᠦᠴᠡᠯ᠂ ᠬᠢᠷᠢ ᠭᠡᠮ᠂ ᠴᠢᠳᠠᠪᠤᠷᠢ ᠶᠢ | ᠴᠢᠩᠭ᠎ᠠ ᠡᠵᠡᠮᠳᠡᠬᠦ ᠶᠢᠨ ᠬᠠᠮᠲᠤ ᠭᠤᠷᠪᠠᠳᠠᠬᠢ ᠡᠲᠡᠭᠡᠳ ᠠᠴᠠ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠭᠦᠷᠭᠡ | ᠪᠠᠨ ᠭᠦᠢᠴᠡᠳᠬᠡᠬᠦ ᠳᠤ ᠬᠢᠨᠠᠯᠲᠠ ᠲᠠᠯᠪᠢᠵᠤ᠂ ᠠᠮᠤᠷ ᠲᠦᠪᠰᠢᠨ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠦᠨᠡᠨ | ᠬᠦ ᠪᠠᠲᠤᠯᠠᠬᠤ ᠬᠡᠷᠡᠭᠲᠡᠢ᠃ ᠰᠠᠭᠤᠷᠢᠨ ᠭᠠᠵᠠᠷ᠂ ᠪᠠᠭᠤᠴᠠ ᠨᠢ ᠡᠷᠬᠡᠪᠰᠢ ᠬᠠᠷᠢᠭᠤᠴᠠᠯᠭ᠎ᠠ ᠶᠢᠨ ᠳᠠᠭᠠᠳᠬᠠᠯ ᠳᠤ | ᠣᠷᠣᠵᠤ᠂ ᠠᠵᠢᠯᠯᠠᠭ᠎ᠠ ᠳᠤ ᠣᠷᠣᠯᠴᠠᠭᠰᠠᠨ ᠪᠠᠭᠰᠢ ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠰᠠᠨᠠᠭᠠᠨ ᠳᠤ ᠦᠭᠡᠢ ᠠᠳᠠᠯ ᠤᠨ ᠳᠠᠭᠠᠳᠬᠠᠯ ᠢ | ᠪᠠᠭᠲᠠᠭᠠᠨ᠎ᠠ︶ ᠬᠤᠳᠠᠯᠳᠤᠨ ᠠᠪᠤᠭᠰᠠᠨ ᠪᠠᠶᠢᠳᠠᠯ ᠢᠶᠠᠨ ᠨᠤᠲᠠᠯᠠᠵᠤ᠂ ᠰᠠᠶᠢᠨ ᠳᠤᠷ᠎ᠠ ᠶᠢᠨ ᠵᠠᠷᠴᠢᠮ ᠶᠣᠰᠣᠭᠠᠷ᠂ | ᠰᠠᠨᠠᠭᠠᠨ ᠳᠤ ᠦᠭᠡᠢ ᠠᠳᠡᠯ ᠤᠨ ᠳᠠᠭᠠᠳᠬᠠᠯ ᠦᠭᠡᠢ ᠪᠠᠭᠰᠢ ᠰᠤᠷᠤᠭᠴᠢᠳ ᠲᠤ ᠬᠤᠳᠠᠯᠳᠤᠨ ᠠᠪᠴᠤ ᠥᠭᠬᠦ | ᠬᠡᠷᠡᠭᠲᠡᠢ᠃ | ᠲᠠᠪᠤ᠂ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠰᠤᠷᠭᠠᠭᠤᠯᠢ᠂ ᠭᠡᠷ ᠤᠨ ᠠᠬᠠᠮᠠᠳ ᠪᠠ | ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠬᠦ ᠲᠤᠬᠠᠢ | ᠶᠠᠮᠠᠷ ᠰᠠᠨᠠᠭᠤᠯᠭ᠎ᠠ ᠪᠠᠶᠢᠨ᠎ᠠ | ᠥᠷᠭᠡᠨ ᠣᠯᠠᠨ ᠰᠤᠷᠤᠭᠴᠢ ᠪᠠ ᠭᠡᠷ ᠤᠨ ᠠᠬᠠᠮᠠᠳ ᠤᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ | ᠲᠥᠯᠥᠭᠡ᠂ ᠪᠢᠳᠡ ᠰᠠᠨᠠᠭᠤᠯᠬᠤ ᠨᠢ᠄ | ᠨᠢᠭᠡ ᠳᠤ᠂ ᠲᠣᠬᠢᠷᠠᠮᠵᠢᠲᠠᠢ ᠪᠠᠶᠢᠷᠢ ᠲᠠᠯᠠᠪᠤᠷ ᠢ ᠰᠣᠩᠭᠤᠨ᠎ᠠ᠃ ᠵᠠᠷᠴᠢᠮ ᠳᠡᠭᠡᠷ᠎ᠡ ᠪᠠᠨ᠂ ᠳᠤᠮᠳᠠᠳᠤ ᠪᠠᠭ᠎ᠠ | ᠰᠤᠷᠭᠠᠭᠤᠯᠢ ᠶᠢᠨ ᠬᠢᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠥᠪᠰᠢᠶᠡᠷᠡᠭᠦᠯᠵᠦ ᠮᠠᠭᠠᠳᠯᠠᠨ ᠲᠣᠭᠲᠠᠭᠠᠭᠰᠠᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ | ︵ᠪᠠᠭᠤᠴᠠ︶ ᠪᠠ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠠᠯᠠᠪᠤᠷ ᠢ ᠰᠣᠩᠭᠤᠬᠤ ᠶᠢ ᠵᠣᠷᠢᠭᠵᠢᠭᠤᠯᠵᠤ᠂ | ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠪᠤᠰᠤᠳ ᠠᠵᠢᠯᠯᠠᠭᠠᠨ ᠤ | ᠲᠠᠯᠠᠪᠤᠷ ᠲᠤ ᠣᠴᠢᠵᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡᠯ᠂ ᠳᠡᠭᠡᠳᠦ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠢ᠂ ᠰᠤᠷᠭᠠᠭᠤᠯᠢ ᠪᠤᠰᠤᠳ | ᠨᠡᠶᠢᠭᠡᠮ ᠤᠨ ᠪᠠᠶᠢᠭᠤᠯᠤᠮᠵᠢ᠂ ᠵᠤᠭᠠᠴᠠᠯ ᠤᠨ ᠲᠠᠯᠠᠪᠤᠷ ᠭᠠᠵᠠᠷ ᠲᠠᠢ ᠳᠤᠷ᠎ᠠ ᠪᠠᠷ ᠢᠶᠠᠨ ᠬᠠᠷᠢᠯᠴᠠᠵᠤ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠥᠷᠨᠢᠭᠦᠯᠵᠦ ᠪᠣᠯᠬᠤ ᠦᠭᠡᠢ᠂ ᠬᠤᠯᠪᠣᠭᠳᠠᠬᠤ ᠠᠰᠢᠭ ᠣᠯᠬᠤ ᠴᠢᠨᠠᠷᠲᠠᠢ | ᠠᠵᠢᠯᠯᠠᠭ᠎ᠠ ᠶᠢ ᠨᠡᠩ ᠴᠤ ᠥᠷᠨᠢᠭᠦᠯᠵᠦ ᠪᠣᠯᠬᠤ ᠦᠭᠡᠢ᠃ ᠬᠡᠷᠪᠡ ᠭᠤᠷᠪᠠᠳᠠᠬᠢ ᠡᠲᠡᠭᠡᠳ ᠲᠤ ᠨᠠᠶᠢᠳᠠᠵᠤ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠬᠦ ᠴᠢᠬᠤᠯᠠᠲᠠᠢ ᠪᠣᠯ᠂ ᠬᠢᠷᠢ ᠭᠡᠮ ᠲᠠᠢ᠂ | ᠢᠲᠡᠭᠡᠮᠵᠢᠲᠡᠢ ᠠᠵᠤ ᠠᠬᠤᠶᠢᠯᠠᠯ ᠪᠤᠶᠤ ᠪᠠᠶᠢᠭᠤᠯᠤᠮᠵᠢ ᠶᠢ ᠰᠣᠩᠭᠤᠬᠤ ᠶᠢᠨ ᠬᠠᠮᠲᠤ ᠬᠡᠯᠡᠯᠴᠡᠭᠡᠷ ᠤᠨ ᠪᠢᠴᠢᠭ | ᠲᠣᠭᠲᠠᠵᠤ᠂ ᠠᠵᠤ ᠠᠬᠤᠶᠢᠯᠠᠯ ᠪᠤᠶᠤ ᠪᠠᠶᠢᠭᠤᠯᠤᠮᠵᠢ ᠳᠤ ᠨᠠᠶᠢᠳᠠᠵᠤ ᠰᠤᠷᠤᠭᠴᠢᠳ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢ ᠲᠣᠳᠤᠷᠬᠠᠢ ᠡᠭᠦᠷᠭᠡᠯᠡᠭᠦᠯᠦᠨ᠎ᠡ᠃ | ᠬᠤᠶᠠᠷ ᠲᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠎ᠠ ᠃ ᠡᠯ᠎ᠡ | ᠰᠤᠷᠭᠠᠭᠤᠯᠢ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠠᠴᠠ ᠡᠮᠦᠨ᠎ᠡ ︽ᠠᠵᠢᠯᠯᠠᠭ᠎ᠠ | ᠲᠥᠰᠦᠯ ᠲᠠᠢ᠂ ᠠᠵᠢᠯᠯᠠᠭ᠎ᠠ ᠳᠠᠩᠰᠠᠯᠠᠯ ᠲᠠᠢ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠲᠠᠢ︾ ᠪᠠᠶᠢᠬᠤ | ᠬᠡᠷᠡᠭᠲᠡᠢ᠃ ᠠᠵᠢᠯᠯᠠᠭ᠎ᠠ ᠠᠴᠠ ᠡᠮᠦᠨ᠎ᠡ ᠠᠵᠢᠯᠯᠠᠭ᠎ᠠ ᠶᠢᠨ ᠲᠥᠯᠥᠪᠯᠡᠭᠡ ︵ᠰᠤᠳᠤᠯᠤᠨ ᠰᠤᠷᠤᠯᠴᠠᠬᠤ ᠲᠥᠰᠦᠯ᠂ | ᠵᠥᠪᠯᠡᠯᠴᠡᠬᠡᠷ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠶᠢ ᠪᠠᠭᠲᠠᠭᠠᠨ᠎ᠠ︶ ᠶᠢ ᠬᠠᠷᠢᠶ᠎ᠠ | ᠣᠷᠣᠨᠵᠢᠭᠤᠯᠬᠤ ᠵᠠᠷᠴᠢᠮ ᠶᠣᠰᠣᠭᠠᠷ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠳᠠᠩᠰᠠᠯᠠᠭᠤᠯᠬᠤ ᠬᠡᠷᠡᠭᠲᠡᠢ᠃ ᠰᠤᠷᠭᠠᠭᠤᠯᠢ ᠶᠠᠪᠤᠵᠤ ᠰᠠᠭᠤᠬᠤ ᠪᠠᠭᠰᠢ ᠰᠤᠷᠤᠭᠴᠢᠳ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠰᠠᠨᠠᠭᠠᠨ ᠳᠤ ᠦᠭᠡᠢ ᠠᠳᠡᠯ ᠢ | ᠪᠠᠭᠲᠠᠭᠠᠨ᠎ᠠ︶ ᠬᠤᠳᠠᠯᠳᠤᠨ ᠠᠪᠬᠤ ᠶᠢ ᠬᠠᠷᠢᠭᠤᠴᠠᠬᠤ ᠶᠢᠨ ᠬᠠᠮᠲᠤ᠂ ᠡᠷᠭᠡᠪᠰᠢ ᠰᠤᠷᠭᠠᠭᠤᠯᠢ ᠶᠢᠨ ᠲᠠᠯ᠎ᠠ ᠶᠢᠨ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠭᠤᠯᠬᠤ ᠬᠡᠷᠡᠭᠲᠡᠢ ᠪᠥᠭᠡᠳ ᠶᠠᠪᠤᠵᠤ ᠰᠠᠭᠤᠬᠤ ᠶᠢ ᠪᠠᠲᠤᠯᠠᠬᠤ ᠶᠢ | ᠲᠣᠳᠤᠷᠬᠠᠶᠢᠯᠠᠨ᠂ ᠬᠢᠨᠠᠨ ᠬᠠᠮᠠᠭᠠᠯᠠᠭᠴᠢ ᠳᠤ ᠨᠠᠷᠢᠨ ᠲᠣᠳᠣᠷᠬᠠᠢ ᠶᠠᠪᠤᠵᠤ ᠰᠠᠭᠤᠬᠤ ᠲᠣᠬᠢᠷᠠᠭᠤᠯᠤᠯᠲᠠ ︵ᠴᠠᠭ ᠤᠨ | ᠲᠣᠬᠢᠷᠠᠭᠤᠯᠤᠯᠲᠠ᠂ ᠶᠠᠪᠤᠵᠤ ᠰᠠᠭᠤᠬᠤ ᠵᠠᠮ ᠱᠤᠭᠤᠮ᠂ ᠵᠠᠷᠤᠳᠠᠯ ᠤᠨ ᠣᠷᠣᠯᠭ᠎ᠠ ᠵᠠᠷᠤᠯᠭ᠎ᠠ᠂ ᠰᠤᠷᠤᠯᠴᠠᠬᠤ ᠠᠭᠤᠯᠭ᠎ᠠ᠂ | ᠠᠵᠢᠯᠯᠠᠭ᠎ᠠ ᠶᠢᠨ ᠠᠴᠢ ᠬᠤᠯᠪᠣᠭᠳᠠᠯ ᠵᠡᠷᠭᠡ ᠶᠢ ᠪᠠᠭᠲᠠᠭᠠᠨ᠎ᠠ︶ ᠶᠢ ᠤᠷᠢᠳᠴᠢᠯᠠᠨ ᠮᠡᠳᠡᠭᠳᠡᠬᠦ ᠶᠢᠨ ᠬᠠᠮᠲᠤ ᠭᠡᠷ ᠤᠨ | ᠠᠬᠠᠮᠠᠳ ᠯᠤᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠨ᠎ᠠ᠃ | ᠭᠤᠷᠪᠠ ᠳᠤ᠂ ᠥᠷᠭᠡᠨ ᠣᠯᠠᠨ ᠭᠡᠷ ᠤᠨ ᠠᠬᠠᠮᠠᠳ ᠢᠯᠭᠠᠨ ᠲᠠᠨᠢᠬᠤ ᠤᠬᠠᠮᠰᠠᠷ ᠢᠶᠠᠨ ᠳᠡᠭᠡᠭᠰᠢᠯᠡᠭᠦᠯᠦᠨ᠎ᠡ᠃ | ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠠ ᠰᠤᠷᠭᠠᠭᠤᠯᠢ ᠠᠴᠠ ᠲᠥᠯᠥᠪᠯᠡᠭᠡ ᠲᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠬᠠᠮᠲᠤ ᠳᠤ ᠪᠠᠨ | ᠵᠤᠭᠠᠴᠠᠬᠤ᠂ ᠲᠥᠪᠯᠡᠷᠡᠭᠦᠯᠦᠨ ᠢᠳᠡᠵᠦ ᠤᠤᠭᠤᠬᠤ ᠬᠤᠨᠣᠵᠤ ᠬᠡᠪᠲᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠥᠷᠨᠢᠭᠦᠯᠦᠭᠰᠡᠨ ᠰᠤᠳᠤᠯᠭᠠᠨ ᠤ ᠴᠢᠨᠠᠷᠲᠠᠢ ᠰᠤᠷᠤᠯᠴᠠᠯᠭ᠎ᠠ ᠪᠠ ᠵᠤᠭᠠᠴᠠᠯ ᠢᠶᠠᠷ ᠪᠡᠶᠡᠴᠢᠯᠡᠨ ᠣᠶᠢᠯᠠᠭᠠᠬᠤ ᠶᠢ | ᠤᠶᠠᠯᠳᠤᠭᠤᠯᠤᠭᠰᠠᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢ ᠵᠢᠭᠠᠵᠤ ᠪᠠᠶᠢᠨ᠎ᠠ᠂ | ᠵᠠᠷᠢᠮ ᠬᠢᠷᠢ ᠭᠡᠮ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠡᠷᠭᠢᠯᠡᠭᠰᠡᠨ ᠭᠠᠳᠠᠭᠰᠢ ᠭᠠᠷᠴᠤ ᠵᠤᠭᠠᠴᠠᠬᠤ | ᠠᠵᠢᠯᠯᠠᠭ᠎ᠠ ᠪᠣᠯ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠳᠤ ᠬᠠᠷᠢᠶᠠᠯᠠᠭᠳᠠᠬᠤ ᠦᠭᠡᠢ ᠮᠥᠷᠲᠡᠭᠡᠨ | ᠠᠶᠤᠯ ᠲᠦᠭᠰᠢᠭᠦᠷᠢ ᠲᠠᠢ ᠪᠠᠶᠢᠳᠠᠭ᠃ ᠣᠨᠴᠠᠭᠠᠶᠢᠯᠠᠨ ᠠᠮᠠᠷᠠᠯᠲᠠ ᠶᠢᠨ ᠬᠤᠭᠤᠴᠠᠭ᠎ᠠ ᠣᠶᠢᠷᠠᠲᠤᠬᠤ ᠳᠤ ᠥᠷᠭᠡᠨ | ᠣᠯᠠᠨ ᠭᠡᠷ ᠤᠨ ᠠᠬᠠᠮᠠᠳ ᠠᠮᠠᠷᠠᠯᠲᠠ ᠶᠢᠨ ᠬᠤᠭᠤᠴᠠᠭᠠᠨ ᠤ ᠵᠤᠭᠠᠴᠠᠨ ᠰᠤᠷᠤᠯᠴᠠᠬᠤ ᠠᠷᠭ᠎ᠠ ᠮᠠᠶ᠋ᠢᠭ ᠢᠶᠠᠨ | ᠪᠣᠯᠭᠤᠮᠵᠢᠲᠠᠢ ᠰᠣᠩᠭᠤᠵᠤ᠂ ᠬᠤᠪᠢ ᠬᠥᠮᠦᠨ ᠤ ᠨᠡᠷ᠎ᠡ ᠪᠠᠷ ᠬᠡᠦᠬᠡᠳ ᠲᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠡᠷᠭᠢᠯᠡᠭᠰᠡᠨ ᠭᠠᠳᠠᠭᠰᠢ ᠭᠠᠷᠴᠤ ᠵᠤᠭᠠᠴᠠᠨ ᠰᠤᠷᠤᠯᠴᠠᠬᠤ ᠠᠵᠢᠯᠯᠠᠭ᠎ᠠ ᠳᠤ ᠨᠡᠷ᠎ᠡ | ᠮᠡᠳᠡᠭᠦᠯᠬᠦ ᠳᠤ ᠪᠠᠨ᠂ ᠬᠢᠷᠢ ᠭᠡᠮ ᠲᠠᠢ᠂ ᠢᠲᠡᠭᠡᠯ ᠬᠦᠨᠳᠦ ᠲᠠᠢ ᠠᠵᠤ ᠠᠬᠤᠶᠢᠯᠠᠯ ᠢ ᠰᠣᠩᠭᠤᠬᠤ ᠶᠢᠨ ᠬᠠᠮᠲᠤ ᠠᠵᠤ | ᠠᠬᠤᠶᠢᠯᠠᠯ ᠯᠤᠭ᠎ᠠ ᠬᠡᠯᠡᠯᠴᠡᠭᠡᠷ ᠤᠨ ᠪᠢᠴᠢᠭ ᠲᠣᠭᠲᠠᠵᠤ᠂ ᠠᠵᠤ ᠠᠬᠤᠶᠢᠯᠠᠯ ᠪᠤᠶᠤ ᠪᠠᠶᠢᠭᠤᠯᠤᠮᠵᠢ ᠳᠤ ᠨᠠᠶᠢᠳᠠᠵᠤ | ᠡᠭᠦᠷᠭᠡᠯᠡᠭᠦᠯᠦᠭᠰᠡᠨ ᠰᠤᠷᠤᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠤᠷᠬᠠᠶᠢᠯᠠᠨ᠂ ᠲᠤᠰ ᠪᠡᠶ᠎ᠡ ᠶᠢᠨ | ᠠᠰᠢᠭ ᠲᠤᠰᠠ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠤ ᠬᠡᠷᠡᠭᠲᠡᠢ᠃ | | |