4 ᠰᠠᠷ᠎ᠠ ᠶᠢᠨ 22 ᠤᠨ ᠡᠳᠦᠷ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠳᠡᠭᠡᠳᠦ | ᠰᠤᠷᠭᠠᠭᠤᠯᠢ ᠶᠢᠨ ᠬᠤᠯᠪᠣᠭ᠎ᠠ 2025 ᠣᠨ ᠤ ᠪᠠᠶᠢᠩᠭᠤ ᠶᠢᠨ ᠬᠡᠷᠡᠭ ᠡᠷᠬᠢᠯᠡᠭᠴᠢ ᠨᠢᠭᠡᠴᠢ ︵ᠥᠷᠭᠡᠳᠬᠡᠭᠰᠡᠨ︶ ᠶᠢᠨ | ᠬᠤᠷᠠᠯ ᠵᠢᠴᠢ ᠬᠤᠳᠠᠯᠳᠤᠭᠠᠨ ᠤ ᠰᠢᠨᠵᠢᠯᠡᠬᠦ ᠤᠬᠠᠭᠠᠨ ᠤ ᠬᠤᠪᠢᠶᠠᠷᠢ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠢ | ᠪᠡᠭᠡᠵᠢᠩ ᠬᠤᠲᠠ ᠳᠤ ᠬᠤᠷᠠᠯᠳᠤᠭᠤᠯᠪᠠ᠃ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠬᠤᠷᠢᠶᠠᠨ ᠤ ᠭᠡᠰᠢᠭᠦᠨ᠂ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠳᠡᠳ᠋ ᠡᠷᠬᠢᠯᠡᠭᠴᠢ ᠵᠠᠩ | ᠶᠣᠣ ᠲᠢᠶᠠᠨ᠂ ᠲᠢᠶᠠᠨᠵᠢᠨ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ | ᠭᠡᠰᠢᠭᠦᠨ᠂ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠳᠡᠳ᠋ ᠡᠷᠬᠢᠯᠡᠭᠴᠢ ᠯᠦᠸᠧ ᠶᠠᠨ ᠠᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠶᠢᠦ ᠵᠢᠶᠦ᠋ᠨ ᠴᠧᠩ᠂ ᠾᠧᠪᠧᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠠ ᠬᠠᠢ ᠮᠢᠩ᠂ ᠪᠡᠭᠡᠵᠢᠩ ᠬᠤᠲᠠ ᠶᠢᠨ ᠹᠠᠩ ᠱᠠᠨ ᠲᠣᠭᠤᠷᠢᠭ | ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠯᠦ ᠬᠤᠷᠠᠯ ᠳᠤ | ᠣᠷᠣᠯᠴᠠᠪᠠ᠃ ᠪᠡᠭᠡᠵᠢᠩ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ | ᠱᠧᠨ ᠴᠢᠶᠠᠨ ᠹᠠᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠨᠠᠮ ᠤᠨ ᠬᠤᠷᠢᠶᠠᠨ ᠤ ᠳᠡᠳ᠋ | ᠱᠦᠵᠢ᠂ ᠰᠤᠷᠭᠠᠭᠤᠯᠢ ᠶᠢᠨ ᠵᠠᠬᠢᠷᠤᠯ ᠭᠦᠸᠧ ᠵᠢᠶᠠᠨ ᠬᠤᠸᠠ ᠬᠤᠳᠠᠯᠳᠤᠭᠠᠨ ᠤ ᠰᠢᠨᠵᠢᠯᠡᠬᠦ ᠤᠬᠠᠭᠠᠨ ᠤ ᠬᠤᠪᠢᠶᠠᠷᠢ | ᠬᠤᠯᠪᠣᠭᠠᠨ ᠤ ᠡᠷᠬᠢᠯᠡᠭᠴᠢ ᠬᠡᠰᠢᠭᠦᠨ ᠨᠢᠭᠡᠴᠢ ᠶᠢ ᠲᠥᠯᠥᠭᠡᠯᠡᠨ ᠶᠠᠷᠢᠶ᠎ᠠ ᠲᠠᠯᠪᠢᠪᠠ᠃ ᠬᠤᠯᠪᠣᠭᠠᠨ ᠤ ᠬᠡᠷᠡᠭ | ᠡᠷᠬᠢᠯᠡᠭᠴᠢᠳ ᠤᠨ ᠳᠠᠷᠤᠭ᠎ᠠ ᠨᠢᠭᠡᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠰᠤᠷᠭᠠᠭᠤᠯᠢ ᠶᠢᠨ ᠵᠠᠬᠢᠷᠤᠯ ᠡᠤ ᠯᠢ ᠮᠢᠨ ᠶᠠᠷᠢᠶ᠎ᠠ ᠲᠠᠯᠪᠢᠪᠠ᠃ | | | | | | ᠬᠤᠷᠠᠯ ᠠᠴᠠ ᠡᠮᠦᠨ᠎ᠡ᠂ ᠡᠯ᠎ᠡ ᠬᠤᠪᠢᠶᠠᠷᠢ ᠬᠤᠯᠪᠣᠭᠠᠨ ᠤ ᠳᠡᠭᠡᠳᠦ ᠰᠤᠷᠭᠠᠭᠤᠯᠢ 2025 ᠣᠨ ᠤ | ᠠᠵᠢᠯ ᠤᠨ ᠲᠥᠯᠥᠪᠯᠡᠭᠡ ᠶᠢ ᠶᠠᠷᠢᠯᠴᠠᠪᠠ᠃ ᠬᠤᠷᠠᠯ ᠳᠡᠭᠡᠷ᠎ᠡ᠂ ᠡᠯ᠎ᠡ ᠬᠤᠪᠢᠶᠠᠷᠢ ᠬᠤᠯᠪᠣᠭᠠᠨ ᠤ ᠡᠷᠬᠢᠯᠡᠭᠴᠢ | ᠭᠡᠰᠢᠭᠦᠨ ᠨᠢᠭᠡᠴᠢ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠬᠦ᠂ | ᠰᠤᠷᠤᠭᠴᠢᠳ ᠢ ᠬᠠᠮᠲᠤᠷᠠᠨ ᠬᠥᠮᠦᠵᠢᠭᠦᠯᠬᠦ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠶᠠᠷᠢᠶᠠᠨ ᠤ | ᠲᠠᠪᠴᠠᠩ ᠵᠢᠴᠢ ᠤᠷᠢᠬᠤ ᠠᠵᠢᠯᠯᠠᠭ᠎ᠠ ᠶᠢ ᠬᠠᠮᠲᠤᠷᠠᠨ ᠡᠷᠬᠢᠯᠡᠬᠦ ᠵᠡᠷᠭᠡ 2025 ᠣᠨ ᠤ ᠭᠤᠣᠯᠳᠠᠯᠭ᠎ᠠ ᠲᠠᠢ | ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠬᠦ ᠶᠢᠨ ᠬᠠᠮᠲᠤ᠂ ᠵᠠᠯᠭᠠᠭᠠᠳ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠣᠳᠤᠯᠭᠠᠨ ᠤ ᠰᠢᠨ᠎ᠡ ᠶᠢ ᠡᠭᠦᠳᠬᠦ᠂ ᠪᠠᠭᠰᠢ ᠶᠢᠨ ᠰᠤᠷᠤᠯᠭ᠎ᠠ ᠶᠢᠨ | ᠨᠠᠮᠲᠠᠷ ᠢ ᠳᠡᠭᠡᠭᠰᠢᠯᠡᠭᠦᠯᠬᠦ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠭᠡᠵᠢᠩ | ᠲᠢᠶᠠᠨᠵᠢᠨ ᠾᠧᠪᠧᠶ ᠥᠪᠥᠷ ᠮᠣᠩᠭᠤᠯ ᠤᠨ ᠣᠷᠣᠨ ᠪᠦᠰᠡ ᠬᠠᠮᠵᠢᠯᠴᠠᠨ ᠬᠥᠭᠵᠢᠭᠦᠯᠬᠦ ᠳᠤ ᠬᠦᠴᠦᠨ ᠨᠡᠮᠡᠷᠢᠯᠡᠨ᠎ᠡ | ᠭᠡᠵᠡᠭᠡᠪᠡ᠃ | | | | | | | ᠬᠤᠷᠠᠯ ᠤᠨ ᠬᠤᠭᠤᠴᠠᠭᠠᠨ ᠳᠤ᠂ ᠬᠤᠳᠠᠯᠳᠤᠭᠠᠨ ᠤ ᠰᠢᠨᠵᠢᠯᠡᠬᠦ ᠤᠬᠠᠭᠠᠨ ᠤ ᠬᠤᠪᠢᠶᠠᠷᠢ ᠬᠤᠯᠪᠣᠭ᠎ᠠ | ᠪᠠᠶᠢᠭᠤᠯᠤᠭᠳᠠᠬᠤ ᠶᠣᠰᠣᠯᠠᠯ ᠢ ᠶᠠᠪᠤᠭᠤᠯᠵᠤ᠂ ᠲᠢᠶᠠᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ᠂ ᠾᠧᠪᠧᠢ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ᠂ ᠪᠡᠭᠡᠵᠢᠩ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠡᠯ᠎ᠡ ᠳᠡᠭᠡᠳᠦ ᠰᠤᠷᠭᠠᠭᠤᠯᠢ ᠶᠢᠨ | ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠢᠯᠡᠴᠢᠯᠡᠭᠰᠡᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃ | | | | | | ᠶᠠᠷᠢᠶᠠᠨ ᠤ ᠲᠠᠪᠴᠠᠩ ᠤᠨ ᠭᠤᠭᠴᠤᠭ᠎ᠠ ᠳᠤ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ | ᠲᠢᠶᠠᠨᠵᠢᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠾᠧᠪᠧᠢ ᠠᠵᠤ ᠠᠬᠤᠢ ᠠᠷᠠᠯᠵᠢᠶᠠᠨ ᠤ ᠶᠡᠭᠡ | ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠪᠡᠭᠡᠵᠢᠩ | ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠶᠢᠨ 6 ᠲᠤᠰᠬᠠᠢ ᠮᠡᠷᠭᠡᠵᠢᠯᠲᠡᠨ ︽ᠲᠣᠭᠠᠵᠢᠭᠤᠯᠤᠭᠰᠠᠨ ᠪᠠ | ᠣᠶᠤᠨᠴᠢᠯᠠᠭᠰᠠᠨ ᠴᠠᠭ ᠦᠶ᠎ᠡ ᠶᠢᠨ ᠳᠡᠭᠡᠳᠦ ᠰᠤᠷᠭᠠᠭᠤᠯᠢ ᠶᠢᠨ ᠬᠤᠳᠠᠯᠳᠤᠭᠠᠨ ᠤ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠬᠡᠯᠪᠡᠷᠢ ᠶᠢ ᠬᠤᠪᠢᠷᠠᠭᠤᠯᠬᠤ ᠪᠠ ᠳᠠᠬᠢᠨ ᠴᠣᠭᠴᠠᠯᠠᠬᠤ︾ ᠭᠡᠬᠦ ᠭᠤᠣᠯ ᠰᠡᠳᠦᠪᠲᠦ ᠮᠡᠳᠡᠭᠦᠯᠦᠯᠲᠡ | ᠬᠢᠵᠦ᠂ ᠠᠭᠤᠯᠭ᠎ᠠ ᠨᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ | ᠡᠭᠦᠳᠬᠦ᠂ ᠬᠢᠮᠡᠯ ᠣᠶᠤᠨ ᠤ ᠡᠨᠧᠷᠭᠢ ᠣᠯᠭᠤᠵᠤ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ | ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠶᠢ ᠬᠠᠮᠤᠷᠴᠤ᠂ ᠬᠤᠳᠠᠯᠳᠤᠭᠠᠨ ᠤ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠣᠨᠣᠯ ᠪᠠ | ᠦᠢᠯᠡᠳᠦᠯᠭᠡ ᠶᠢᠨ ᠯᠠᠪᠯᠠᠯᠲᠠ ᠬᠠᠩᠭᠠᠪᠠ᠃ | ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠳᠡᠭᠡᠳᠦ ᠰᠤᠷᠭᠠᠭᠤᠯᠢ ᠶᠢᠨ ᠬᠤᠯᠪᠣᠭ᠎ᠠ 2024 | ᠣᠨ ᠤ 11 ᠰᠠᠷ᠎ᠠ ᠶᠢᠨ 5 ᠤ ᠡᠳᠦᠷ ᠬᠥᠬᠡᠬᠤᠲᠠ ᠳᠤ ᠪᠠᠶᠢᠭᠤᠯᠤᠭᠳᠠᠵᠤ᠂ 4 ᠭᠠᠵᠠᠷ ᠤᠨ ᠣᠷᠣᠨ ᠨᠤᠲᠤᠭ ᠤᠨ | ᠵᠢᠩᠬᠢᠨᠢ ᠠᠩᠭᠢᠲᠤ ᠳᠡᠭᠡᠳᠦ ᠰᠤᠷᠭᠠᠭᠤᠯᠢ 118 ᠶᠢ ᠪᠠᠭᠲᠠᠭᠠᠵᠤ᠂ ᠲᠧᠭᠨᠢᠭ ᠤᠨ ᠤᠬᠠᠭᠠᠨ᠂ ᠲᠠᠷᠢᠶᠠᠯᠠᠩ ᠤᠨ | ᠤᠬᠠᠭᠠᠨ᠂ ᠠᠨᠠᠭᠠᠬᠤ ᠤᠬᠠᠭᠠᠨ᠂ ᠪᠠᠭᠰᠢ ᠶᠢᠨ ᠰᠤᠷᠭᠠᠭᠤᠯᠢ ᠵᠡᠷᠭᠡ 4 ᠬᠤᠪᠢᠶᠠᠷᠢ ᠬᠤᠯᠪᠣᠭ᠎ᠠ ᠶᠢ ᠲᠤᠰ ᠲᠤᠰ | ᠪᠠᠶᠢᠭᠤᠯᠪᠠ᠂ ᠡᠨᠡ ᠤᠳᠠᠭ᠎ᠠ ᠰᠢᠨ᠎ᠡ ᠪᠠᠷ ᠪᠠᠶᠢᠭᠤᠯᠤᠭᠳᠠᠭᠰᠠᠨ ᠬᠤᠳᠠᠯᠳᠤᠭᠠᠨ ᠤ ᠰᠢᠨᠵᠢᠯᠡᠬᠦ ᠤᠬᠠᠭᠠᠨ ᠤ ᠬᠤᠪᠢᠶᠠᠷᠢ | ᠬᠤᠯᠪᠣᠭ᠎ᠠ ᠨᠢ ᠳᠥᠷᠪᠡᠨ ᠭᠠᠵᠠᠷ ᠤᠨ ᠬᠤᠳᠠᠯᠳᠤᠭᠠᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠰᠢᠨ᠎ᠡ ᠶᠢ ᠡᠭᠦᠳᠬᠦ ᠪᠠ | ᠴᠢᠨᠠᠷᠯᠢᠭ ᠬᠥᠭᠵᠢᠯᠲᠡ ᠶᠢ ᠠᠬᠢᠭᠤᠯᠬᠤ ᠪᠣᠯᠤᠨ᠎ᠠ᠃ | | | | | | | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠡᠭᠡᠵᠢᠩ ᠦᠢᠯᠡᠳᠪᠦᠷᠢ | ᠬᠤᠳᠠᠯᠳᠤᠭᠠᠨ ᠤ ᠶᠡᠭᠡ ᠰᠤᠷᠭᠠᠭᠤᠯᠢ ᠶᠢᠨ ᠵᠠᠳᠠᠷᠠᠬᠤᠶᠢᠴᠠ ᠠᠮᠢᠳᠤ ᠪᠣᠳᠠᠰ ᠤᠨ ᠰᠠᠭᠤᠷᠢ ᠮᠠᠲ᠋ᠧᠷᠢᠶᠠᠯ ᠢ ᠰᠤᠳᠤᠯᠤᠨ | ᠨᠡᠭᠡᠭᠡᠬᠦ ᠲᠥᠪ ᠵᠢᠴᠢ ᠵᠠᠰᠠᠯ ᠴᠢᠮᠡᠭᠯᠡᠯ ᠤᠨ ᠡᠳ᠋ ᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠲᠤᠬᠠᠢ ᠶᠢᠨ ᠭᠠᠵᠠᠷ | ᠲᠤ ᠨᠢ ᠪᠠᠶᠢᠴᠠᠭᠠᠨ ᠰᠣᠳᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ | ᠦᠢᠯᠡᠳᠦᠯᠭᠡ ᠶᠢ ᠣᠶᠢᠯᠠᠭᠠᠪᠠ᠃ | ᠳᠠᠷᠠᠭ᠎ᠠ ᠠᠯᠬᠤᠮ ᠳᠤ᠂ ᠳᠥᠷᠪᠡᠨ ᠭᠠᠵᠠᠷ ᠤᠨ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠵᠢᠯᠣᠭᠤᠳᠣᠯᠭ᠎ᠠ ᠪᠠᠷ᠂ ᠬᠤᠯᠪᠣᠭᠠᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠨᠡᠩ ᠪᠣᠳᠠᠲᠠᠢ ᠶᠢ | ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠤᠯᠪᠣᠭ᠎ᠠ ᠶᠢ ᠪᠠᠶᠢᠭᠤᠯᠬᠤ ᠪᠠ ᠬᠥᠭᠵᠢᠭᠦᠯᠬᠦ ᠳᠤ ᠣᠷᠣᠯᠴᠠᠵᠤ᠂ ᠡᠬᠢ ᠪᠠᠶᠠᠯᠢᠭ ᠢ | ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠦᠷᠭᠦᠯᠵᠢᠯᠡᠨ | ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ | ᠴᠢᠨᠠᠷᠯᠢᠭ ᠬᠥᠭᠵᠢᠯᠲᠡ ᠳᠤ ᠶᠡᠭᠡ ᠳᠡᠭᠡᠳᠦ ᠰᠤᠷᠭᠠᠭᠤᠯᠢ ᠶᠢᠨ ᠬᠦᠴᠦᠨ ᠴᠢᠳᠠᠯ ᠢᠶᠠᠨ ᠡᠷᠭᠦᠨ᠎ᠡ᠃ | ᠡᠨᠡ ᠤᠳᠠᠭ᠎ᠠ ᠶᠢᠨ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ᠂ ᠲᠢᠶᠠᠨᠵᠢᠨ ᠬᠤᠲᠠ ᠶᠢᠨ | ᠰᠤᠷᠭᠠᠨ ᠬᠥᠮᠦᠵᠢᠯ ᠤᠨ ᠵᠥᠪᠯᠡᠯ᠂ ᠾᠧᠪᠧᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ | ᠵᠢᠯᠣᠭᠤᠳᠴᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠤᠨ ᠪᠡᠭᠡᠵᠢᠩ ᠦᠢᠯᠡᠳᠪᠦᠷᠢ ᠬᠤᠳᠠᠯᠳᠤᠭᠠᠨ ᠤ ᠶᠡᠭᠡ | ᠰᠤᠷᠭᠠᠭᠤᠯᠢ ᠬᠤᠯᠪᠤᠭᠠᠯᠠᠨ ᠡᠷᠬᠢᠯᠡᠪᠡ᠃ ᠳᠥᠷᠪᠡᠨ ᠭᠠᠵᠠᠷ ᠤᠨ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠪᠣᠯᠤᠨ 57 ᠶᠡᠭᠡ ᠳᠡᠭᠡᠳᠦ ᠰᠤᠷᠭᠠᠭᠤᠯᠢ ᠶᠢᠨ 200 ᠰᠢᠬᠠᠮ ᠲᠥᠯᠥᠭᠡᠯᠡᠭᠴᠢ ᠬᠤᠷᠠᠯ ᠳᠤ | ᠣᠷᠣᠯᠴᠠᠪᠠ᠃ | | | |